ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠲᠤᠭᠤᠶᠢᠯᠠᠩ 2020 ᠣᠨ ᠤ 12 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/18
ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠲᠤᠭᠤᠶᠢᠯᠠᠩ 2020 ᠣᠨ ᠤ 12 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ

   11 ᠳ᠋ᠤᠭᠡᠷ ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ

ᠳᠤᠭᠤᠶᠢᠯᠠᠩ 2020 ᠤᠨ ᠤ 12 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂

ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠳᠠᠷᠤᠭ᠎ᠠ ᠰᠢᠤᠸᠠᠨ ᠳ᠋ᠦᠩ ᠱᠧᠩ

ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ

ᠲᠥᠪ ᠤᠨ ᠪᠦᠷᠢᠯᠳᠦᠬᠦᠨ ᠬᠤᠷᠠᠯ ᠳᠤ ᠣᠷᠣᠯᠴᠠᠪᠠ᠃

    ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ

ᠥᠪᠡᠷᠲᠡᠭᠡᠨ ᠵᠠᠰᠠᠬᠤ ᠬᠠᠤᠯᠢ︾᠂ ᠦᠵᠡᠯ ᠤᠬᠠᠮᠰᠠᠷ ᠤᠨ ᠬᠡᠯᠪᠡᠷᠢ ᠪᠠ ᠦᠨᠳᠦᠰᠦᠲᠡᠨ ᠤ ᠠᠵᠢᠯ ᠤᠨ ᠬᠤᠯᠪᠣᠭᠳᠠᠯ

ᠪᠥᠬᠦᠶ ᠣᠨᠣᠯ ᠲᠥᠷᠥ ᠶᠢᠨ ᠪᠣᠳᠣᠯᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ

ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ᠵᠢᠴᠢ ︽ᠨᠠᠮ ᠤᠨ ᠦᠨᠳᠦᠰᠦᠲᠡᠨ ᠤ ᠲᠥᠷᠥ ᠶᠢᠨ

ᠪᠣᠳᠣᠯᠭ᠎ᠠ ᠶᠢ ᠲᠤᠤᠱᠯᠠᠭᠤᠯᠤᠨ ᠬᠡᠷᠡᠭᠵᠢᠬᠦᠯᠵᠦ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠪᠥᠬᠦ

ᠬᠦᠴᠦᠨ ᠢᠶᠠᠷ ᠢᠶᠠᠨ ᠰᠠᠶᠢᠲᠤᠷ ᠬᠢᠬᠦ︾ ᠲᠠᠶᠢᠯᠤᠮᠵᠢ ᠬᠢᠪᠠ᠃ ︽ᠰᠢ ᠶᠢᠨ ᠫᠢᠩ ᠦᠨᠳᠦᠰᠦᠲᠡᠨ ᠤ ᠠᠵᠢᠯ ︵

2020 ᠣᠨ︶︾ ︽ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ

ᠦᠰᠦᠭ ᠪᠢᠴᠢᠭ ᠤᠨ ᠰᠤᠷᠭᠠᠨ ᠬᠥᠮᠦᠵᠢᠯ ᠢ ᠠᠬᠢᠭᠤᠯᠬᠤ ᠲᠤᠬᠠᠢ ᠴᠢᠬᠤᠯᠠ ᠥᠭᠦᠯᠡᠯᠲᠡ︾᠂ ︽2019 ᠣᠨ ᠤ

ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ

ᠳᠡᠭᠡᠷᠡᠬᠢ ᠶᠠᠷᠢᠶ᠎ᠠ︾᠂ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠶᠡᠷᠦᠩᠬᠡᠢ ᠱᠦᠵᠢ ᠰᠢ

 ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ︾᠂ ︽ᠦᠨᠳᠦᠰᠦᠲᠡᠨ ᠤ ᠪᠦᠯᠬᠦᠮᠳᠡᠯ

ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠬᠦ

ᠲᠤᠬᠠᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ

ᠲᠤᠬᠠᠢ ᠰᠠᠨᠠᠯ︾ ᠢ ᠤᠯᠠᠮᠵᠢᠯᠠᠨ ᠰᠤᠷᠤᠯᠴᠠᠪᠠ᠃

    ᠬᠤᠷᠠᠯ ᠠᠴᠠ ᠲᠣᠰ ᠤᠳᠠᠭᠠᠨ ᠤ ᠰᠤᠷᠤᠯᠴᠠᠯᠭ᠎ᠠ ᠶᠢᠨ ᠵᠣᠷᠢᠯᠭ᠎ᠠ ᠨᠢ ᠶᠡᠷᠦᠩᠬᠡᠶ ᠱᠦᠵᠢ ᠰᠢ ᠶᠢᠨ ᠫᠢᠩ ᠤᠨ

ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠴᠢᠬᠤᠯᠠ ᠵᠢᠭᠠᠪᠤᠷᠢ

ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠣᠶᠢᠯᠠᠭᠠᠵᠤ᠂ ᠤᠯᠤᠰ ᠤᠨ

ᠨᠢᠭᠡᠳᠦᠯᠲᠡᠶ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠠᠬᠢᠭᠤᠯᠬᠤ ᠰᠢᠢᠳᠪᠦᠷᠢᠳᠦ

ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠡᠷᠡᠰ ᠭᠤᠶᠢᠪᠢᠰᠢ ᠥᠬᠡᠶ ᠰᠠᠶᠢᠲᠤᠷ ᠪᠡᠶᠡᠯᠡᠭᠦᠯᠬᠦ ᠶᠢᠨ ᠲᠥᠯᠥᠭᠡ ᠶᠤᠮ᠃

ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠯ᠎ᠡ ᠵᠦᠢᠯ ᠤᠨ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂

ᠶᠡᠷᠦᠩᠬᠡᠢ ᠱᠦᠵᠢ ᠶᠢᠨ ᠳᠤᠷᠠᠳᠤᠭᠰᠠᠨ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠴᠢᠬᠤᠯᠠ

ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠤᠯᠠᠨ

ᠲᠦᠮᠡᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠬᠤᠷᠠᠯ ᠠᠴᠠ ᠱᠠᠭᠠᠷᠳᠠᠵᠠᠢ᠃

    ᠬᠤᠷᠠᠯ ᠠᠴᠠ᠂ ᠡᠨᠡ ᠤᠳᠠᠭᠠᠨ ᠤ ᠰᠤᠷᠤᠯᠴᠠᠯᠭ᠎ᠠ ᠪᠠ ᠤᠶᠢᠯᠭᠠᠯᠳᠠ ᠶᠢᠨ ᠰᠠᠭᠤᠷᠢᠨ ᠳᠡᠭᠡᠷ᠎ᠡ᠂ ᠬᠤᠲᠠ ᠶᠢᠨ

ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠦᠵᠡᠯ ᠰᠠᠨᠠᠭ᠎ᠠ ᠪᠠᠨ ᠤᠯᠠᠮ ᠨᠢᠭᠡ

ᠠᠯᠬᠤᠮ ᠨᠢᠭᠡᠳᠬᠡᠨ᠂  ᠤᠬᠠᠮᠰᠠᠷ ᠢᠶᠠᠨ ᠳᠡᠭᠡᠭᠰᠢᠯᠡᠭᠦᠯᠵᠦ᠂ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ

ᠬᠤᠷᠠᠯ ᠢ ᠰᠠᠶᠢᠲᠤᠷ ᠬᠢᠬᠦ ᠳᠤ ᠦᠵᠡᠯ ᠰᠠᠨᠠᠭᠠᠨ ᠤ ᠰᠠᠭᠤᠷᠢ ᠲᠠᠯᠪᠢᠬᠤ ᠬᠡᠷᠡᠭᠲᠡᠶ᠃ ᠭᠦᠢᠴᠡᠳ ᠪᠡᠯᠡᠳᠬᠡᠯ ᠬᠢᠨ᠎ᠡ᠃

ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠤᠯᠠᠮ ᠨᠢᠭᠡ ᠠᠯᠬᠤᠮ ᠪᠢᠴᠢᠵᠦ᠂ ᠰᠠᠶᠢᠲᠤᠷ

ᠵᠠᠰᠠᠵᠦ᠂ ᠥᠪᠡᠷ ᠢ ᠪᠠᠨ ᠵᠠᠳᠠᠯᠤᠨ ᠰᠢᠨᠵᠢᠬᠦ ᠶᠢ ᠭᠦᠨᠵᠡᠭᠡᠶ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠴᠡᠭᠴᠡᠯᠡᠨ

ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠶ ᠪᠥᠭᠡᠳ ᠶᠠᠪᠤᠭᠳᠠᠭᠤᠰᠢᠲᠠᠶ ᠪᠠᠶᠢᠯᠭᠠᠬᠤ ᠬᠡᠷᠡᠭᠲᠡᠶ᠃ ᠰᠡᠳᠬᠢᠯ ᠤᠨ

ᠦᠭᠡ ᠪᠠᠨ ᠶᠠᠷᠢᠯᠴᠠᠬᠤ ᠪᠠ ᠰᠠᠨᠠᠯ ᠬᠤᠷᠢᠶᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠦᠷᠨᠢᠬᠦᠯᠵᠦ᠂

ᠨᠢᠭᠡ ᠳᠤᠨᠢ ᠬᠠᠨᠳᠤᠬᠤ᠂ ᠬᠢᠨᠠᠮᠠᠭᠠᠶ ᠶᠠᠷᠢᠯᠴᠠᠬᠤ᠂ ᠭᠦᠨᠵᠡᠭᠡᠶ ᠶᠠᠷᠢᠯᠴᠠᠬᠤ᠂ ᠴᠢᠩ ᠦᠨᠡᠨᠴᠢ ᠪᠠᠷ ᠶᠠᠷᠢᠯᠴᠠᠬᠤ ᠶᠢ

ᠪᠡᠶᠡᠯᠡᠭᠦᠯᠵᠦ᠂ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ᠂

ᠪᠤᠳᠠᠳᠠᠢ ᠬᠢᠬᠦ᠂ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠦ ᠱᠠᠭᠠᠷᠳᠠᠵᠠᠢ᠃

    ᠣᠶᠢᠯᠠᠭᠠᠭᠰᠠᠨ ᠢᠶᠠᠷ᠂ ᠲᠤᠰ ᠤᠳᠠᠭᠠᠨ ᠤ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ

ᠳᠤᠭᠤᠶᠢᠯᠠᠩ 2020 ᠤᠨ ᠤ 12 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ 11 ᠳ᠋ᠤᠭᠡᠷ

ᠰᠠᠷ᠎ᠠ ᠶᠢᠨ 15 ᠠᠴᠠ ᠡᠬᠢᠯᠡᠵᠦ᠂ 11 ᠳ᠋ᠤᠭᠡᠷ ᠰᠠᠷ᠎ᠠ ᠶᠢᠨ 16 ᠤ ᠡᠳᠦᠷ ᠲᠡᠭᠦᠰᠪᠡ᠃ ᠨᠢᠭᠡ ᠡᠳᠦᠷ ᠬᠠᠭᠠᠰ

ᠬᠤᠷᠠᠯ ᠬᠢᠵᠠᠢ᠃

 
ᠢᠷᠡᠯᠲᠡ᠄ ᠵᠠᠰᠠᠭ ᠤᠨ ᠣᠷᠳᠣᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号