ᠬᠤᠤᠯᠢᠩᠭᠤᠤᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠬᠤᠤᠯᠢᠩᠭᠤᠤᠯ ᠬᠤᠲᠠ ᠶᠢᠨ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠨᠢᠭᠡ ᠤᠴᠢᠷ ᠢ ᠨᠢᠭᠡ ᠯᠡ ᠤᠳᠠᠭ᠎ᠠ ᠳᠤ ᠬᠦᠢᠴᠡᠳᠬᠡᠬᠦ︾ ᠠᠵᠢᠯ ᠤᠨ | ᠲᠥᠰᠦᠯ︾ ᠤᠨ ᠮᠡᠳᠡᠭᠳᠡᠯ | | | ᠬᠤᠤᠯᠢᠨ ᠵᠠᠰᠠᠭ ᠠᠯᠪᠠᠨ ᠥᠰᠥᠭ ︹ 2020 ︺ 73 ᠳ᠋ᠤᠭᠠᠷ ᠲᠣᠭᠠᠲᠤ | | ᠡᠯ᠎ᠡ ᠰᠤᠮᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ | ᠵᠠᠰᠠᠭ ᠤᠨ ᠣᠷᠳᠣᠨ ᠤ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄ | ᠣᠳᠣ ︽ᠬᠤᠤᠯᠢᠩᠭᠤᠤᠯ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ︽ᠨᠢᠭᠡ ᠶᠠᠪᠤᠳᠠᠯ ᠢ ᠨᠢᠭᠡ | ᠯᠡ ᠤᠳᠠᠭ᠎ᠠ ᠳᠤ ᠬᠦᠢᠴᠡᠳᠬᠡᠬᠦ︾ ᠠᠵᠢᠯ ᠤᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠃ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | 2020 ᠣᠨ ᠤ 10 ᠰᠠᠷ᠎ᠠ ᠶᠢᠨ 30 ᠤ ᠡᠳᠦᠷ | ᠬᠤᠤᠯᠢᠩᠭᠤᠤᠯ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ︽ᠨᠢᠭᠡ ᠶᠠᠪᠤᠳᠠᠯ ᠢ ᠨᠢᠭᠡ ᠯᠡ | ᠤᠳᠠᠭ᠎ᠠ ᠳᠤ ᠬᠦᠢᠴᠡᠳᠬᠡᠬᠦ︾ ᠠᠵᠢᠯ ᠤᠨ ᠲᠥᠰᠦᠯ | ︽ᠲᠦᠩᠯᠢᠶᠣᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠶᠢᠨ ᠬᠢᠨᠠᠨ | ᠵᠥᠪᠰᠢᠶᠡᠷᠡᠬᠦ ᠦᠢᠯᠡᠴᠢᠯᠡᠬᠡᠨ ᠤ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠵᠦ ︽ᠨᠢᠭᠡ ᠶᠠᠪᠤᠳᠠᠯ ᠢ ᠨᠢᠭᠡ ᠯᠡ | ᠤᠳᠠᠭ᠎ᠠ ᠰᠢᠢᠳᠪᠦᠷᠢᠯᠡᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠶᠢᠨ ᠤᠯᠠᠮᠵᠢᠯᠠᠨ | ᠲᠠᠷᠬᠠᠭᠠᠬᠤ ᠮᠡᠳᠡᠭᠳᠡᠯ︾ ︵ᠲᠦᠩᠯᠢᠶᠤᠤ ᠵᠠᠰᠠᠭ ᠤᠨ ᠶᠠᠪᠤᠳᠠᠯ ᠦᠰᠦᠭ︹ 2020 ︺ 4 ᠳ᠋ᠤᠭᠡᠷ ᠲᠣᠭᠠᠲᠤ︶ | ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠨᠢᠭᠡ ᠶᠠᠪᠤᠳᠠᠯ ᠢ | ᠨᠢᠭᠡ ᠯᠡ ᠳᠡᠭᠡᠷ᠎ᠡ ᠰᠢᠢᠳᠪᠦᠷᠢᠯᠡᠬᠦ︾ ᠥᠭᠡᠷᠡᠴᠢᠯᠡᠯᠲᠡ ᠶᠢᠨ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠦ᠂ | ᠮᠠᠨ ᠤ ᠬᠤᠲᠠ ᠶᠢᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ | ᠰᠢᠰᠲ᠋ᠧᠮ ᠲᠠᠢ ᠰᠡᠳᠬᠢᠬᠦᠶ ᠶᠢ ᠪᠠᠷᠢᠮᠲᠠᠯᠠᠵᠤ᠂ ︽ᠨᠢᠭᠡ ᠶᠠᠪᠤᠳᠠᠯ ᠢ ᠨᠢᠭᠡ ᠯᠡ ᠳᠡᠭᠡᠷ᠎ᠡ ᠬᠦᠢᠴᠡᠳᠬᠡᠬᠦ︾ ᠶᠢᠨ | ᠲᠣᠭᠤᠷᠢᠨ ᠳᠤ᠂ ᠪᠠᠷᠢᠮᠵᠢᠶ᠎ᠠ᠂ ᠲᠠᠪᠴᠠᠩ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠰᠢᠰᠲ᠋ᠧᠮ ᠢᠶᠠᠷ ᠢᠶᠠᠨ ᠬᠠᠮᠲᠤᠷᠠᠨ ᠬᠥᠳᠡᠯᠦᠯᠴᠡᠵᠦ᠂ ᠬᠠᠮᠵᠢᠯᠴᠠᠨ ᠬᠠᠮᠲᠤ ᠪᠠᠷ ᠡᠳ᠋ᠯᠡᠬᠦ | ᠲᠣᠭᠲᠠᠴᠠ ᠶᠢ ᠪᠠᠶᠢᠭᠤᠯᠵᠦ᠂ ᠬᠡᠷᠡᠭ ᠡᠷᠬᠢᠯᠡᠬᠦ ᠴᠤᠪᠤᠷᠠᠯ ᠢ ᠳᠠᠬᠢᠨ ᠪᠤᠢ ᠪᠣᠯᠭᠠᠵᠤ᠂ ᠬᠡᠷᠡᠭ ᠶᠠᠪᠤᠳᠠᠯ ᠤᠨ ᠪᠦᠬᠦ | ᠶᠠᠪᠤᠴᠠ ᠶᠢ ᠪᠠᠷᠢᠮᠵᠢᠶᠠᠵᠢᠭᠤᠯᠤᠨ ᠭᠦᠢᠴᠡᠳᠬᠡᠬᠦ᠂ ᠠᠵᠢᠯᠯᠠᠭᠠᠨ ᠤ ᠪᠦᠬᠦ ᠶᠠᠪᠤᠴᠠ ᠶᠢ ᠪᠠᠷᠢᠮᠵᠢᠶᠠᠵᠢᠭᠤᠯᠤᠨ ᠬᠢᠨᠠᠨ | ᠬᠠᠮᠢᠶᠠᠷᠬᠤ ᠶᠢ ᠪᠡᠶᠡᠯᠡᠭᠦᠯᠵᠦ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠪᠣᠳᠠᠲᠤ | ᠬᠦᠴᠦᠨ ᠢ ᠦᠷᠭᠦᠯᠵᠢᠯᠡᠨ ᠴᠢᠩᠭᠠᠷᠠᠭᠤᠯᠬᠤ᠂ ᠵᠠᠰᠠᠭ ᠤᠨ ᠶᠠᠪᠤᠳᠠᠯ ᠤᠨ ᠦᠷ᠎ᠡ ᠪᠦᠳᠦᠮᠵᠢ ᠶᠢ ᠦᠷᠭᠦᠯᠵᠢᠯᠡᠨ | ᠳᠡᠭᠡᠭᠰᠢᠯᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠬᠦᠯᠬᠦ᠂ ᠠᠷᠠᠳ | ᠣᠯᠠᠨ ᠤ ᠬᠦᠷᠲᠡᠮᠵᠢ ᠶᠢᠨ ᠲᠥᠷᠥᠭᠳᠡᠯ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠲᠡᠭᠡᠭᠰᠢᠯᠡᠬᠦᠯᠬᠦ ᠶᠢ ᠲᠦᠯᠬᠢᠨ | ᠠᠬᠢᠭᠤᠯᠤᠨ᠎ᠠ᠃ ᠮᠠᠨ ᠤ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠬᠤᠶᠠᠷ᠂ ᠭᠤᠣᠯ ᠡᠭᠦᠷᠭᠡ | ︵ᠨᠢᠭᠡ︶ ᠤᠴᠢᠷ ᠶᠠᠪᠤᠳᠠᠯ ᠤᠨ ᠨᠠᠷᠢᠨ ᠬᠠᠭᠤᠳᠠᠰᠤ ᠶᠢ ᠡᠮᠬᠢᠯᠡᠬᠦ ᠬᠡᠷᠡᠭᠲᠡᠶ᠃ ᠮᠠᠨ ᠤ ᠬᠤᠲᠠ ᠶᠢᠨ ᠵᠠᠰᠠᠭ | ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠥᠭᠭᠦᠯᠲᠡ᠂ ᠵᠠᠰᠠᠭ ᠵᠠᠬᠢᠷᠭᠠᠨ ᠤ ᠨᠤᠲᠠᠯᠠᠯᠲᠠ ᠵᠡᠷᠭᠡ ᠵᠠᠰᠠᠭ | ᠵᠠᠬᠢᠷᠭᠠᠨ ᠤ ᠡᠷᠬᠡ ᠶᠢᠨ ᠶᠣᠰᠣᠭᠠᠷ ᠭᠤᠶᠤᠴᠢᠯᠠᠭᠰᠠᠨ ᠵᠦᠢᠯᠡᠰ ᠪᠠ ᠣᠯᠠᠨ ᠨᠡᠶᠢᠳᠡ ᠶᠢᠨ ᠦᠢᠯᠡᠴᠢᠯᠡᠭᠡᠨ ᠤ | ᠵᠦᠢᠯᠡᠰ ᠲᠠᠢ ᠬᠠᠷᠢᠴᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠬᠠᠷᠠᠭᠠᠰᠤᠨ ᠳᠤ ᠰᠠᠭᠤᠷᠢᠯᠠᠵᠤ᠂ ︽ᠪᠢ | ᠬᠠᠭᠤᠴᠢᠨ ᠭᠡᠷ ᠬᠤᠳᠠᠯᠳᠤᠨ ᠠᠪᠤᠨ᠎ᠠ︾᠂ ︽ᠪᠢ ᠬᠤᠭᠤᠯᠠᠨ ᠭᠡᠷ ᠨᠡᠭᠡᠭᠡᠨ᠎ᠡ︾ ᠵᠡᠷᠭᠡ ᠬᠤᠯᠪᠣᠭᠳᠠᠬᠤ | ᠬᠡᠪᠴᠢᠶ᠎ᠠ ᠪᠠᠷ ᠥᠷᠭᠡᠨ ᠳᠡᠯᠭᠡᠷ ᠬᠢᠵᠦ ᠪᠠᠶᠢᠭ᠎ᠠ ᠥᠨᠳᠥᠷ ᠳᠠᠪᠲᠠᠮᠵᠢᠲᠤ ᠤᠴᠢᠷ ᠶᠠᠪᠤᠳᠠᠯ ᠤᠨ ᠲᠣᠭᠤᠷᠢᠨ ᠳᠤ᠂ | 2020 ᠤᠨ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ᠠᠴᠠ ᠲᠦᠷᠦᠭᠦᠯᠡᠨ ᠲᠦᠷᠦᠭᠦᠦ ᠪᠦᠯᠦᠭ ᠠᠳᠠᠭ ᠲᠠᠭᠠᠨ 15 ᠵᠦᠢᠯ ᠤᠨ ︽ᠨᠢᠭᠡ ᠶᠠᠪᠤᠳᠠᠯ ᠢ ᠨᠢᠭᠡ ᠯᠡ | ᠳᠡᠭᠡᠷ᠎ᠡ ᠭᠦᠢᠴᠡᠳᠬᠡᠬᠦ︾ ᠵᠦᠢᠯᠡᠰ ᠢ ᠡᠮᠬᠢᠯᠡᠨ ᠲᠣᠭᠲᠠᠭᠠᠵᠤ᠂ 2021 ᠣᠨ ᠤ 12 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ᠂ ᠠᠵᠤ ᠠᠬᠤᠶᠢᠯᠠᠯ ᠪᠠ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ | ᠬᠤᠯᠪᠣᠭ᠎ᠠ ᠲᠠᠢ ᠥᠨᠳᠥᠷ ᠳᠠᠪᠲᠠᠮᠵᠢᠲᠤ ᠵᠦᠢᠯᠡᠰ ᠢ ᠪᠦᠬᠦᠨ ᠢ ᠬᠠᠮᠤᠷᠬᠤ ᠶᠢ ᠪᠡᠶᠡᠯᠡᠬᠦᠯᠦᠨ᠎ᠡ᠃ | ︵ᠬᠤᠶᠠᠷ︶ ᠳᠠᠬᠢᠨ ᠦᠢᠯᠡᠳᠬᠦ ᠴᠤᠪᠤᠷᠠᠯ ᠢ ᠰᠢᠯᠢᠳᠡᠭᠵᠢᠭᠦᠯᠦᠨ᠎ᠡ᠃ ︽ᠨᠢᠭᠡ ᠶᠡᠪᠤᠳᠠᠯ︾ ᠤᠨ ᠪᠦᠬᠦ | ᠶᠠᠪᠤᠴᠠ ᠶᠢ ᠠᠳᠠᠯᠢ ᠨᠢᠭᠡᠨ ᠰᠠᠯᠠᠭ᠎ᠠ ᠮᠥᠴᠢᠷ ᠤᠨ ᠣᠯᠠᠨ ᠬᠤᠪᠢ ᠣᠷᠣᠭᠤᠯᠤᠭᠰᠠᠨ ᠲᠠᠰᠤᠭ ᠤᠨ ᠰᠢᠢᠳᠪᠦᠷᠢᠯᠡᠭᠰᠡᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠣᠲᠣᠭᠠᠳᠤ ᠶᠢᠨ ᠭᠦᠢᠴᠡᠳᠬᠡᠬᠦ ᠴᠤᠪᠤᠷᠠᠯ ᠢ ᠡᠮᠬᠢᠯᠡᠨ ᠨᠡᠶᠢᠯᠡᠭᠦᠯᠵᠦ᠂ | ᠴᠢᠬᠤᠯᠠ ᠪᠤᠰᠤ ᠬᠢᠨᠠᠨ ᠬᠠᠷᠭᠤᠭᠤᠯᠬᠤ ᠪᠣᠭᠤᠮᠲᠠ ᠶᠢ ᠬᠦᠴᠦᠨ ᠦᠭᠡᠢ ᠪᠣᠯᠭᠠᠵᠤ᠂ ︽ᠨᠢᠭᠡ ᠯᠡ ᠳᠡᠭᠡᠷ᠎ᠡ | ᠭᠠᠷᠭᠠᠵᠦ᠂ ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠵᠦ᠂ ᠨᠢᠭᠡ ᠯᠡ ᠤᠳᠠᠭ᠎ᠠ ᠳᠤ ᠰᠠᠶᠢᠲᠤᠷ ᠡᠷᠬᠢᠯᠡᠬᠦ︾ ᠶᠢ | ᠬᠡᠷᠡᠭᠵᠢᠬᠦᠯᠬᠦ ᠬᠡᠷᠡᠭᠲᠡᠶ᠃ ︽ᠨᠢᠭᠡ ᠤᠴᠢᠷ︾ ᠤᠨ ᠪᠦᠬᠦ ᠶᠠᠪᠤᠴᠠ ᠨᠢ ᠣᠯᠠᠨ ᠰᠠᠯᠠᠭ᠎ᠠ ᠮᠥᠴᠢᠷ ᠲᠤ | ᠬᠤᠯᠪᠣᠭᠳᠠᠵᠤ ᠂ ︽ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠬᠠᠰᠤᠬᠤ᠂ | ᠵᠠᠷᠤᠳᠠᠯ ᠢ ᠪᠠᠭᠠᠰᠬᠠᠬᠤ︾ ᠱᠠᠭᠠᠷᠳᠠᠯᠭ᠎ᠠ ᠶᠣᠰᠣᠭᠠᠷ᠂ ᠲᠤᠬᠠᠶᠢᠯᠠᠭᠰᠠᠨ ᠠᠵᠢᠯ ᠢ ᠡᠮᠬᠢᠯᠡᠨ ᠨᠡᠶᠢᠯᠡᠭᠦᠯᠬᠦ ᠪᠠ | ᠴᠤᠪᠤᠷᠠᠯ ᠢ ᠳᠠᠬᠢᠨ ᠵᠣᠬᠢᠶᠠᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠬᠤᠷᠠᠮᠠᠯ ᠦᠢᠯᠡᠴᠢᠯᠡᠭᠡ ᠶᠢ | ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠭᠤᠣᠯ ᠵᠠᠩᠭᠢᠯᠠᠭ᠎ᠠ ᠪᠤᠶᠤ ᠨᠢᠭᠡᠳᠦᠭᠡᠷ ᠭᠤᠭᠴᠤᠭ᠎ᠠ ᠶᠢ ᠬᠠᠷᠢᠭᠤᠴᠠᠨ | ᠭᠦᠢᠴᠡᠳᠬᠡᠬᠦ ᠰᠠᠯᠠᠭ᠎ᠠ ᠮᠥᠴᠢᠷ ᠨᠢ ᠲᠦᠷ ᠦᠭᠦᠯᠡᠬᠦ ᠨᠢᠭᠡᠴᠡ ᠶᠢᠨ ᠬᠤᠪᠢ ᠪᠠᠷ ᠢᠳᠡᠪᠬᠢᠲᠡᠢ ᠪᠥᠭᠡᠳ | ᠰᠠᠨᠠᠭᠠᠴᠢᠯᠠᠭ᠎ᠠ ᠠᠴᠠ ᠪᠠᠨ ᠲᠦᠯᠬᠢᠨ ᠠᠬᠢᠭᠤᠯᠵᠤ ᠬᠡᠷᠡᠭᠵᠢᠬᠦᠯᠬᠦ ᠬᠡᠷᠡᠭᠲᠡᠶ᠂ ᠪᠤᠰᠤᠳ ᠭᠤᠭᠴᠤᠭ᠎ᠠ ᠶᠢ ᠭᠦᠢᠴᠡᠳᠬᠡᠬᠦ | ᠰᠠᠯᠠᠭ᠎ᠠ ᠮᠥᠴᠢᠷ ᠲᠦᠷᠦᠭᠦᠯᠡᠨ ᠭᠦᠢᠴᠡᠳᠬᠡᠬᠦ ᠰᠠᠯᠠᠭ᠎ᠠ ᠮᠥᠴᠢᠷ ᠲᠠᠢ ᠬᠠᠮᠵᠢᠯᠴᠠᠨ᠂ ᠤᠴᠢᠷ ᠶᠠᠪᠤᠳᠠᠯ ᠢ | ᠰᠢᠢᠳᠪᠦᠷᠢᠯᠡᠬᠦ ᠬᠢᠨᠠᠨ ᠵᠥᠪᠰᠢᠶᠡᠷᠡᠬᠦ ᠨᠥᠬᠦᠴᠡᠯ᠂ ᠬᠡᠷᠡᠭᠰᠡᠬᠦ ᠮᠠᠲ᠋ᠧᠷᠢᠶᠠᠯ᠂ ᠭᠤᠶᠤᠴᠢᠯᠠᠯ ᠤᠨ ᠬᠦᠰᠦᠨᠦᠭᠲᠦ᠂ | ᠬᠦᠢᠴᠡᠳᠬᠡᠬᠦ ᠶᠠᠪᠤᠴᠠ᠂ ᠬᠦᠢᠴᠡᠳᠬᠡᠬᠦ ᠴᠠᠭ ᠤᠨ ᠬᠢᠵᠠᠭᠠᠷ ᠵᠡᠷᠭᠡ ᠬᠦᠴᠦᠨ ᠵᠦᠢᠯ ᠢ ᠡᠮᠬᠢᠯᠡᠨ ᠨᠡᠶᠢᠯᠡᠭᠦᠯᠬᠦ | ᠬᠦᠰᠦᠨᠦᠭᠲᠦ ᠶᠢᠨ ᠬᠠᠭᠤᠳᠠᠰᠤ ᠶᠢ ᠡᠮᠬᠢᠯᠡᠨ ᠨᠡᠶᠢᠯᠡᠭᠦᠯᠬᠦ᠂ ᠮᠠᠲ᠋ᠧᠷᠢᠶᠠᠯ ᠢ ᠴᠤᠮᠬᠠᠳᠬᠠᠬᠤ᠂ ᠴᠤᠪᠤᠷᠠᠯ ᠢ ᠪᠠᠭᠠᠰᠬᠠᠬᠤ | ᠂ ᠬᠦᠢᠴᠡᠳᠬᠡᠬᠦ ︽ᠨᠢᠭᠡ ᠶᠠᠪᠤᠳᠠᠯ︾ ᠤᠨ ᠲᠤᠬᠠᠶᠢᠯᠠᠭᠰᠠᠨ ᠠᠵᠢᠯ ᠢ ᠬᠠᠮᠵᠢᠯᠴᠠᠭᠤᠯᠬᠤ᠂ ᠰᠢᠰᠲ᠋ᠧᠮ ᠲᠠᠢ ᠪᠠᠷ | ᠡᠮᠬᠢᠯᠡᠨ ᠨᠡᠶᠢᠯᠡᠭᠦᠯᠬᠦ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠬᠤᠷᠠᠮᠠᠯ ᠦᠢᠯᠡᠴᠢᠯᠡᠭᠡ ᠶᠢ | ᠬᠡᠷᠡᠭᠵᠢᠭᠦᠯᠵᠦ᠂ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠨ᠂ ᠵᠡᠷᠭᠡᠪᠡᠷ ᠦᠨᠡᠯᠡᠨ ᠵᠢᠱᠢᠵᠦ᠂ ᠬᠠᠮᠲᠤᠷᠠᠨ | ᠬᠢᠨᠠᠨ ᠵᠥᠪᠰᠢᠶᠡᠷᠡᠵᠦ᠂ ᠨᠢᠭᠡ ᠯᠡ ᠶᠠᠪᠤᠴᠠ ᠳᠤ ᠮᠠᠲ᠋ᠧᠷᠢᠶᠠᠯ ᠭᠠᠷᠭᠠᠨ᠎ᠠ᠃ | ︵ᠭᠤᠷᠪᠠ︶ ᠠᠵᠢᠯ ᠶᠠᠪᠤᠳᠠᠯ ᠬᠦᠢᠴᠡᠳᠬᠡᠬᠦ ᠵᠦᠭᠯᠡᠭᠦᠷ ᠢ ᠨᠠᠶᠢᠷᠠᠭᠤᠯᠤᠨ ᠵᠣᠬᠢᠶᠠᠬᠤ ᠬᠡᠷᠡᠭᠲᠡᠶ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠲᠦᠷᠦᠭᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠵᠦ᠂ ︽ᠨᠢᠭᠡ | ᠤᠴᠢᠷ ᠢ ᠨᠢᠭᠡ ᠯᠡ ᠳᠡᠭᠡᠷ᠎ᠡ ᠬᠦᠢᠴᠡᠳᠬᠡᠬᠦ︾ ᠲᠠᠢ ᠬᠤᠯᠪᠣᠭᠳᠠᠭᠰᠠᠨ ᠣᠯᠠᠨ ᠬᠢᠨᠠᠨ ᠵᠥᠪᠰᠢᠶᠡᠷᠡᠬᠦ | ᠦᠢᠯᠡᠴᠢᠯᠡᠬᠡᠨ ᠤ ᠵᠦᠢᠯᠡᠰ ᠢ ᠬᠦᠢᠴᠡᠳᠬᠡᠬᠦ ᠦᠨᠳᠦᠰᠦᠯᠡᠯ᠂ ᠬᠦᠢᠴᠡᠳᠬᠡᠬᠦ ᠨᠥᠬᠦᠴᠡᠯ᠂ ᠭᠤᠶᠤᠴᠢᠯᠠᠬᠤ ᠮᠠᠲ᠋ᠧᠷᠢᠶᠠᠯ | ᠂ ᠰᠦᠢᠳᠬᠡᠯ ᠬᠤᠷᠢᠶᠠᠬᠤ ᠪᠠᠷᠢᠮᠵᠢᠶ᠎ᠠ᠂ ᠬᠦᠢᠴᠡᠳᠬᠡᠬᠦ ᠴᠠᠭ ᠤᠨ ᠬᠢᠵᠠᠭᠠᠷ ᠵᠡᠷᠭᠡ ᠶᠢ ᠡᠮᠬᠢᠯᠡᠨ ᠨᠡᠶᠢᠯᠡᠬᠦᠯᠦᠨ | ᠰᠢᠯᠢᠳᠡᠭᠵᠢᠭᠦᠯᠵᠦ᠂ ᠨᠡᠶᠢᠯᠡᠭᠦᠯᠦᠨ ᠳᠠᠪᠬᠤᠷᠳᠠᠭᠤᠯᠬᠤ ᠮᠠᠲ᠋ᠧᠷᠢᠶᠠᠯ ᠵᠢᠴᠢ ᠬᠦᠰᠦᠨᠦᠭᠲᠦ ᠶᠢ ᠴᠣᠮᠬᠠᠳᠬᠠᠨ᠂ | ᠬᠦᠢᠴᠡᠳᠬᠡᠬᠦ ᠴᠠᠭ ᠤᠨ ᠬᠢᠵᠠᠭᠠᠷ ᠢ ᠪᠠᠭᠠᠰᠬᠠᠵᠤ᠂ ᠠᠵᠢᠯ ᠶᠠᠪᠤᠳᠠᠯ ᠬᠦᠢᠴᠡᠳᠬᠡᠬᠦ ᠣᠯᠠᠨ ᠵᠦᠭᠯᠡᠭᠦᠷ ᠢ ᠨᠢᠭᠡ ᠪᠦᠬᠦ | ᠬᠡᠯᠬᠢᠶᠡᠰᠦ ᠪᠣᠯᠭᠠᠨ ᠡᠮᠬᠢᠯᠡᠨ ᠨᠡᠶᠢᠯᠡᠭᠦᠯᠵᠦ ᠪᠠᠶᠢᠭᠠᠳ ︽ᠨᠢᠭᠡ ᠬᠡᠷᠡᠭ ᠶᠠᠪᠤᠳᠠᠯ︾ ᠢ ᠬᠦᠢᠴᠡᠳᠬᠡᠬᠦ ᠵᠢᠬᠰᠠᠭᠠᠯ | ᠪᠣᠯᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠤᠴᠢᠷ ᠶᠠᠪᠤᠳᠠᠯ ᠢ ᠰᠢᠢᠳᠪᠦᠷᠢᠯᠡᠭᠰᠡᠨ ᠪᠠᠶᠢᠳᠠᠯ ᠢ | ᠬᠠᠮᠤᠭ ᠤᠨ ᠪᠠᠭ᠎ᠠ ᠮᠥᠬᠦᠯᠢᠭᠵᠢᠭᠦᠯᠦᠨ ᠵᠠᠳᠠᠷᠠᠭᠤᠯᠵᠤ᠂ ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ ᠪᠠ | ᠭᠤᠶᠤᠴᠢᠯᠠᠯ ᠤᠨ ᠮᠠᠲ᠋ᠧᠷᠢᠶᠠᠯ ᠳᠠᠬᠢ ᠪᠠᠯᠠᠷᠬᠠᠶ ᠵᠦᠢᠯ ᠵᠤᠷᠪᠤᠰ ᠢ ᠠᠷᠢᠯᠭᠠᠨ᠎ᠠ᠃ ᠶᠡᠭᠡ ᠲᠢᠩᠬᠢᠮ ᠤᠨ ᠵᠢᠭᠠᠯᠲᠠ | ᠫᠠᠶᠢᠰᠠ ᠪᠠᠷ ᠳᠠᠮᠵᠢᠭᠤᠯᠤᠨ ︽ᠨᠢᠭᠡ ᠤᠴᠢᠷ ᠢ ᠨᠢᠭᠡ ᠯᠡ ᠤᠳᠠᠭ᠎ᠠ ᠳᠤ ᠬᠦᠢᠴᠡᠳᠬᠡᠬᠦ︾ ᠠᠵᠢᠯ ᠤᠨ ᠵᠦᠭᠯᠡᠭᠦᠷ᠂ | ︽ᠨᠢᠭᠡ ᠯᠡ ᠤᠳᠠᠭ᠎ᠠ ᠳᠤ ᠮᠡᠳᠡᠭᠳᠡᠬᠦ︾ ︽ᠨᠢᠭᠡ ᠬᠦᠰᠦᠨᠦᠭᠲᠦ ᠪᠠᠷ ᠮᠡᠳᠡᠭᠦᠯᠬᠦ︾ ᠶᠢ ᠳᠡᠯᠭᠡᠨ ᠦᠵᠡᠭᠦᠯᠦᠨ᠎ᠡ᠃ | ︵ᠲᠦᠷᠪᠡ︶ ᠶᠡᠷᠦᠩᠬᠡᠶᠢᠯᠡᠭᠰᠡᠨ ᠴᠣᠩᠬᠤ ᠶᠢ ᠵᠦᠶ ᠵᠣᠬᠢᠰᠲᠠᠶ ᠲᠥᠯᠥᠪᠵᠢᠭᠦᠯᠬᠦ ᠬᠡᠷᠡᠭᠲᠡᠶ᠃ ᠨᠢᠭᠡ ᠳᠤ᠂ | ᠰᠦᠯᠵᠢᠶᠡᠨ ᠠᠴᠠ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠭᠡ ᠲᠢᠩᠬᠢᠮ ᠢ ᠵᠦᠶ ᠵᠤᠬᠢᠰᠳᠠᠢ | ᠲᠥᠯᠥᠪᠵᠢᠭᠦᠯᠬᠦ ᠶᠢᠨ ᠬᠠᠮᠲᠤ ︽ᠨᠢᠭᠡ ᠶᠠᠪᠤᠳᠠᠯ ᠢ ᠨᠢᠭᠡ ᠯᠡ ᠳᠡᠭᠡᠷ᠎ᠡ ᠬᠦᠢᠴᠡᠳᠬᠡᠬᠦ︾ ᠶᠡᠷᠦᠩᠬᠡᠶᠢᠯᠡᠭᠰᠡᠨ | ᠴᠣᠩᠬᠤᠪᠴᠢ ᠳᠣᠭᠢᠷᠠᠭᠤᠯᠤᠨ᠎ᠠ᠃ ︽ᠨᠢᠭᠡ ᠶᠠᠪᠤᠳᠠᠯ ᠢ ᠨᠢᠭᠡ ᠯᠡ ᠳᠡᠭᠡᠷ᠎ᠡ ᠬᠦᠢᠴᠡᠳᠬᠡᠬᠦ︾ ᠶᠡᠷᠦᠩᠬᠡᠶᠢᠯᠡᠭᠰᠡᠨ | ᠴᠣᠩᠬᠤᠨ ᠳᠤ ︽ᠡᠮᠦᠨ᠎ᠡ ᠲᠠᠪᠴᠠᠩ ᠢ ᠶᠡᠷᠦᠩᠬᠡᠶᠢᠯᠡᠨ ᠬᠦᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠢ | ᠲᠥᠷᠥᠯ ᠬᠤᠪᠢᠶᠠᠨ ᠬᠢᠨᠠᠨ ᠵᠦᠪᠰᠢᠶᠡᠷᠡᠬᠦ᠂ ᠶᠡᠷᠦᠩᠬᠡᠶᠢᠯᠡᠭᠰᠡᠨ ᠴᠣᠩᠬᠤᠨ ᠠᠴᠠ ᠭᠠᠷᠭᠠᠬᠤ︾ ᠪᠠ ᠳᠤᠲᠠᠭᠳᠠᠵᠤ | ᠪᠠᠶᠢᠭ᠎ᠠ ᠵᠦᠢᠯ ᠢ ᠬᠦᠯᠢᠶᠡᠨ ᠠᠪᠴᠤ ᠰᠢᠢᠳᠪᠦᠷᠢᠯᠡᠬᠦ᠂ ᠠᠮᠠᠯᠠᠨ ᠬᠦᠢᠴᠡᠳᠬᠡᠬᠦ᠂ ᠰᠦᠢᠳᠬᠡᠯ ᠬᠤᠷᠢᠶᠠᠬᠤ ᠦᠭᠡᠢ ᠪᠠᠷ | ᠣᠷᠣᠯᠠᠨ ᠦᠢᠯᠡᠴᠢᠯᠡᠬᠦ ᠵᠡᠷᠭᠡ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠪᠠ ᠤᠯᠠᠨ | ᠲᠦᠮᠡᠨ ᠤ ᠦᠢᠷ᠎ᠠ ᠬᠠᠪᠢ ᠳᠠᠭᠠᠨ ᠬᠦᠢᠴᠡᠳᠬᠡᠬᠦ ᠳᠤ ᠲᠦᠬᠦᠮ ᠦᠵᠡᠭᠦᠯᠦᠨ᠎ᠡ᠃ ᠬᠤᠶᠠᠷ ᠲᠤ᠂ ᠰᠦᠯᠵᠢᠶᠡᠨ | ᠳᠡᠭᠡᠷᠡᠬᠢ ᠦᠢᠯᠡᠴᠢᠯᠡᠭᠡᠨ ᠤ ᠴᠣᠩᠬᠤᠨ ᠳᠤ ︽ᠨᠢᠭᠡ ᠤᠴᠢᠷ ᠢ ᠨᠢᠭᠡ ᠯᠡ ᠳᠡᠭᠡᠷ᠎ᠡ ᠰᠢᠢᠳᠪᠦᠷᠢᠯᠡᠬᠦ︾ ᠲᠤᠰᠬᠠᠶ | ᠪᠤᠯᠤᠩ ᠭᠠᠷᠭᠠᠵᠤ᠂ ︽ᠨᠢᠭᠡ ᠶᠠᠪᠤᠳᠠᠯ︾ ᠢ ᠲᠦᠷᠦᠭᠦᠯᠡᠨ ᠬᠢᠬᠦ ᠨᠢᠭᠡᠴᠡ ᠪᠣᠯᠤᠨ ᠬᠠᠮᠵᠢᠯᠴᠠᠨ ᠬᠠᠮᠵᠢᠯᠴᠠᠬᠤ | ᠨᠢᠭᠡᠴᠡ ᠨᠢ ᠤᠤᠯ ᠤᠨ ᠠᠵᠢᠯ ᠶᠠᠪᠤᠳᠠᠯ ᠬᠦᠢᠴᠡᠳᠬᠡᠬᠦ ᠶᠠᠪᠤᠴᠠ ᠳᠠᠬᠢ ᠲᠤᠰ ᠲᠤᠰ ᠤᠨ ᠪᠡᠶ᠎ᠡ ᠪᠠᠨ ᠳᠠᠭᠠᠭᠠᠭᠰᠠᠨ | ᠠᠵᠢᠯ ᠬᠦᠢᠴᠡᠳᠬᠡᠬᠦ ᠰᠢᠰᠲ᠋ᠧᠮ ᠢ ᠰᠢᠰᠲ᠋ᠧᠮ ᠢᠶᠠᠷ ᠳᠠᠮᠵᠢᠭᠤᠯᠤᠨ ᠵᠣᠯᠭᠠᠭᠤᠯᠵᠤ᠂ ᠲᠤᠭ᠎ᠠ ᠪᠠᠷᠢᠮᠲᠠ ᠶᠢ ᠬᠠᠮᠲᠤᠪᠠᠷ | ᠡᠳ᠋ᠯᠡᠨ᠎ᠡ᠃ ︽ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠲᠤᠬᠠᠶᠢᠯᠠᠭᠰᠠᠨ ᠠᠵᠢᠯ ᠢ ᠬᠠᠮᠵᠢᠯᠴᠠᠭᠤᠯᠬᠤ | ᠂ ᠨᠢᠭᠡ ᠯᠡ ᠤᠳᠠᠭ᠎ᠠ ᠳᠤ ᠲᠡᠮᠳᠡᠭᠯᠡᠬᠦ᠂ ᠨᠢᠭᠡ ᠯᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠶᠢ ᠪᠡᠶᠡᠯᠡᠭᠦᠯᠦᠨ᠎ᠡ᠃ | ᠪᠣᠳᠠᠲᠤ ᠴᠣᠭᠴᠠ ᠶᠢᠨ ᠶᠡᠭᠡ ᠲᠢᠩᠬᠢᠮ ᠬᠢᠭᠡᠳ ᠰᠦᠯᠵᠢᠶᠡᠨ ᠳᠡᠭᠡᠷᠡᠬᠢ ᠲᠠᠪᠴᠠᠩ ᠤᠨ ᠭᠦᠨᠵᠡᠭᠡᠶ | ᠠᠭᠤᠰᠤᠯᠴᠠᠯ ᠢ ᠲᠦᠷᠭᠡᠳᠬᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠳᠠᠯᠢ ᠪᠠᠷᠢᠮᠵᠢᠶ᠎ᠠ᠂ ᠠᠳᠠᠯᠢ | ᠴᠤᠪᠤᠷᠠᠯ᠂ ᠠᠳᠠᠯᠢ ᠴᠢᠨᠠᠷ ᠤᠨ ᠦᠢᠯᠡᠴᠢᠯᠡᠭᠡ᠂ ᠨᠢᠭᠡ ᠴᠣᠭᠴᠠᠵᠢᠭᠤᠯᠤᠨᠬᠦ᠋ᠢᠴᠡᠳᠬᠡᠬᠦ ᠶᠢ ᠬᠡᠷᠡᠭᠵᠢᠭᠦᠯᠦᠨ᠎ᠡ᠃ | ︵ᠲᠠᠪᠤ︶ ᠠᠵᠢᠯᠲᠠᠨ ᠤ ᠲᠣᠬᠢᠷᠠᠭᠤᠯᠤᠯᠲᠠ ᠶᠢ ᠨᠡᠮᠡᠭᠳᠡᠭᠦᠯᠦᠨ᠎ᠡ᠃ ᠨᠢᠭᠡ ᠳᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠰᠢᠢᠳᠪᠦᠷᠢᠯᠡᠬᠦ︾ ᠶᠡᠷᠦᠩᠬᠡᠶᠢᠯᠡᠭᠰᠡᠨ | ᠴᠣᠩᠬᠤᠨ ᠳᠤ 3 — 5 ᠲᠤᠰᠬᠠᠢ ᠠᠵᠢᠯᠲᠠᠨ ᠲᠣᠬᠢᠷᠠᠭᠤᠯᠵᠤ᠂ ᠵᠠᠰᠠᠭ ᠤᠨ ᠣᠷᠳᠣᠨ ᠦᠢᠯᠡᠴᠢᠯᠡᠭᠡ | ᠬᠤᠳᠠᠯᠳᠤᠨ ᠠᠪᠬᠤ ᠠᠷᠭ᠎ᠠ ᠮᠠᠶ᠋ᠢᠭ ᠢ ᠠᠪᠴᠤ ᠡᠯᠰᠡᠨ ᠬᠡᠷᠡᠭᠯᠡᠵᠦ ᠪᠣᠯᠤᠨ᠎ᠠ᠃ ᠬᠤᠶᠠᠷ ᠲᠤ᠂ ᠴᠣᠩᠬᠤᠪᠴᠢ | ᠨᠢᠭᠡᠴᠡ ᠳᠤ ᠲᠣᠮᠢᠯᠠᠨ ᠰᠠᠭᠤᠯᠭᠠᠭᠰᠠᠨ ᠲᠤᠬᠠᠶᠢᠯᠠᠭᠰᠠᠨ ᠠᠵᠢᠯ ᠤᠨ ᠭᠤᠤᠯᠯᠠᠭᠴᠢ 10 — 15 ᠬᠥᠮᠦᠨ ᠢ | ᠲᠤᠰᠢᠶᠠᠯ ᠬᠠᠪᠰᠤᠷᠭᠠᠭᠰᠠᠨ ︽ᠨᠢᠭᠡ ᠶᠠᠪᠤᠳᠠᠯ ᠢ ᠨᠢᠭᠡ ᠯᠡ ᠳᠡᠭᠡᠷ᠎ᠡ ᠬᠦᠢᠴᠡᠳᠬᠡᠬᠦ︾ ᠡᠩᠨᠡᠭᠡ ᠶᠢ ᠵᠣᠬᠢᠶᠠᠨ | ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ︽ᠨᠢᠭᠡ ᠤᠴᠢᠷ ᠢ ᠨᠢᠭᠡ ᠯᠡ ᠳᠡᠭᠡᠷ᠎ᠡ ᠰᠢᠢᠳᠪᠦᠷᠢᠯᠡᠬᠦ︾ | ᠠᠵᠢᠯ ᠢ ᠵᠤᠬᠢᠴᠠᠭᠤᠯᠵᠦ᠂ ᠡᠨᠡᠬᠦ ᠠᠵᠢᠯ ᠳᠤ ᠴᠣᠩᠬᠤᠪᠴᠢ ᠨᠢᠭᠡᠴᠡ ᠳᠤ ᠣᠷᠣᠵᠤ ᠰᠠᠭᠤᠬᠤ ᠬᠡᠷᠡᠭᠲᠡᠶ᠂ | ᠢᠯᠠᠩᠭᠤᠶ᠎ᠠ ᠲᠤᠬᠠᠶᠢᠯᠠᠭᠰᠠᠨ ᠠᠵᠢᠯ ᠤᠨ ᠬᠡᠮᠵᠢᠶ᠎ᠡ ᠪᠠᠷ ᠨᠡᠯᠢᠶᠡᠳ ᠶᠡᠭᠡ ᠵᠠᠬ᠎ᠠ ᠳᠡᠯᠭᠡᠭᠦᠷ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠥᠯᠥ ᠬᠥᠳᠡᠯᠬᠦ ᠬᠥᠷᠥᠩᠭᠡ᠂ ᠡᠮᠴᠢᠯᠡᠭᠡᠨ ᠤ ᠳᠠᠭᠠᠳᠬᠠᠯ᠂ | ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠲᠤᠬᠠᠶᠢᠯᠠᠭᠰᠠᠨ ᠠᠵᠢᠯ ᠤᠨ ᠨᠢᠷᠤᠭᠤᠪᠴᠢ ᠬᠥᠮᠦᠰ ᠢ | ᠲᠠᠨᠢᠯᠴᠠᠭᠤᠯᠬᠤ ᠲᠢᠩᠬᠢᠮ ᠳᠤ ᠢᠳᠡᠪᠬᠢᠳᠠᠢ ᠪᠠᠷ ᠬᠠᠮᠵᠢᠯᠴᠠᠬᠤ ᠶᠢᠨ ᠬᠠᠮᠲᠤ ᠬᠦᠢᠴᠡᠳᠬᠡᠬᠦ ᠠᠵᠢᠯ ᠢ ᠡᠭᠦᠷᠭᠡᠯᠡᠬᠦ | ᠬᠡᠷᠡᠭᠲᠡᠶ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠨᠢᠭᠡᠳᠦᠯᠲᠡᠶ ᠲᠥᠯᠥᠪᠯᠡᠨ ᠤᠳᠤᠷᠢᠳᠬᠤ ᠪᠠᠨ ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠣᠪᠴᠢᠶ᠎ᠠ ᠪᠦᠬᠦ ᠬᠤᠲᠠ ᠶᠢᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠬᠦᠢᠴᠡᠳᠬᠡᠬᠦ︾ | ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠬᠠᠷᠢᠭᠤᠴᠠᠨ᠎ᠠ᠃ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠲᠥᠪ ᠨᠢ ᠪᠣᠳᠠᠲᠠᠶ ᠥᠭᠡᠷᠡᠴᠢᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠵᠢᠯᠴᠠᠨ ᠬᠠᠮᠵᠢᠯᠴᠠᠨ᠎ᠠ᠃ | ᠡᠯ᠎ᠡ ᠰᠠᠯᠠᠭ᠎ᠠ ᠮᠥᠴᠢᠷ ᠤᠨ ᠬᠢᠨ ︽ᠨᠢᠭᠡ ᠶᠠᠪᠤᠳᠠᠯ ᠢ ᠨᠢᠭᠡ ᠯᠡ ᠳᠡᠭᠡᠷ᠎ᠡ ᠭᠦᠢᠴᠡᠳᠬᠡᠬᠦ︾ ᠥᠭᠡᠷᠡᠴᠢᠯᠡᠯᠲᠡ ᠶᠢ | ᠠᠬᠢᠭᠤᠯᠬᠤ ᠨᠢ ᠪᠦᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ | ᠬᠦᠭᠵᠢᠯᠳᠡ ᠶᠢᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠢ ᠭᠦᠢᠴᠡᠳ | ᠲᠠᠨᠢᠵᠤ᠂ ᠲᠣᠰ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠲᠡᠭᠡᠳᠦ | ᠬᠡᠮᠵᠢᠶ᠎ᠡ ᠪᠠᠷ ᠴᠢᠬᠤᠯᠠᠴᠢᠯᠠᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠤᠯ | ᠬᠠᠷᠢᠭᠤᠴᠠᠯᠭᠠᠲᠠᠨ ᠨᠥᠬᠦᠳ ᠤᠳᠤᠷᠢᠳᠬᠤ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠬᠠᠷᠢᠭᠤᠴᠠᠯᠭ᠎ᠠ ᠶᠢᠨ | ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠡᠭᠦᠷᠭᠡ ᠶᠢ ᠪᠣᠳᠠᠲᠤ ᠭᠠᠵᠠᠷ ᠲᠤᠨᠢ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ | ︵ᠬᠤᠶᠠᠷ︶ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠢᠶᠠᠷ ᠬᠦᠢᠴᠡᠳᠬᠡᠬᠦ ᠶᠢ ᠥᠷᠨᠢᠭᠦᠯᠦᠨ᠎ᠡ᠃ ᠠᠵᠢᠯᠲᠠᠨ ᠢ | ᠵᠣᠬᠢᠶᠠᠨ ᠪᠠᠶᠢᠭᠤᠯᠤᠨ ︽ᠨᠢᠭᠡ ᠤᠴᠢᠷ ᠢ ᠨᠢᠭᠡ ᠯᠡ ᠳᠡᠭᠡᠷ᠎ᠡ ᠰᠢᠢᠳᠪᠦᠷᠢᠯᠡᠬᠦ︾ ᠤᠴᠢᠷ ᠶᠠᠪᠤᠳᠠᠯ ᠢ ᠪᠡᠶ᠎ᠡ ᠪᠠᠷ ᠢᠶᠠᠨ | ᠰᠢᠢᠳᠪᠦᠷᠢᠯᠡᠬᠦ ᠠᠵᠢᠯ ᠢ ᠥᠷᠨᠢᠭᠦᠯᠵᠦ᠂ ᠨᠢᠭᠡ ᠤᠳᠠᠭ᠎ᠠ ᠭᠠᠷ ᠭᠦᠢᠴᠡᠳᠬᠡᠯ ᠬᠢᠵᠦ᠂ ᠨᠢᠭᠡ ᠤᠳᠠᠭ᠎ᠠ ᠠᠯᠬᠤᠮ | ᠳᠠᠷᠠᠭ᠎ᠠ ᠲᠠᠢ ᠬᠢᠵᠦ᠂ ︽ᠲᠦᠭᠵᠢᠷᠡᠯ︾ ᠪᠠ ︽ᠡᠪᠡᠷᠰᠢᠶᠡᠯ︾ ᠢ ᠡᠷᠢᠵᠦ ᠣᠯᠵᠤ᠂ ᠲᠦᠷᠦᠭᠦᠯᠡᠨ ᠬᠠᠷᠢᠭᠤᠴᠠᠬᠤ | ᠨᠢᠭᠡᠴᠡ ᠪᠠ ᠬᠠᠮᠵᠢᠯᠴᠠᠨ ᠬᠠᠮᠵᠢᠯᠴᠠᠬᠤ ᠨᠢᠭᠡᠴᠡ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠨᠠᠷᠢᠨ ᠳᠠᠩᠰᠠ | ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠣᠯᠠᠨ ᠲᠦᠮᠡᠨ ᠳᠤ | ᠦᠢᠯᠡᠴᠢᠯᠡᠬᠦ ︽ ᠬᠠᠮᠤᠭ ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠰᠢᠢᠳᠪᠦᠷᠢᠯᠡᠨ᠎ᠡ᠃ | ︵ᠭᠤᠷᠪᠠ︶ ᠢᠳᠡᠪᠬᠢᠲᠡᠶ ᠪᠠᠷ ᠤᠬᠠᠭᠤᠯᠤᠨ ᠬᠥᠲᠥᠯᠥᠨ ᠵᠢᠯᠣᠭᠤᠳᠬᠤ ᠬᠡᠷᠡᠭᠲᠡᠶ᠃ ᠷᠠᠳᠢᠣ᠋᠂ ᠲᠧᠯᠸᠢᠰ᠂ | ᠰᠣᠨᠢᠨ ᠰᠡᠳᠬᠦᠯ᠂ ᠰᠦᠯᠵᠢᠶ᠎ᠡ᠂ ᠰᠢᠨ᠎ᠡ ᠵᠠᠭᠤᠴᠢᠯᠠᠭᠤᠷ ᠵᠡᠷᠭᠡ ᠠᠴᠢᠶᠠᠯᠠᠪᠤᠷᠢ ᠶᠢ ᠬᠦᠢᠴᠡᠳ ᠠᠰᠢᠭᠯᠠ᠂ ︽ᠨᠢᠭᠡ | ᠶᠠᠪᠤᠳᠠᠯ ᠢ ᠨᠢᠭᠡ ᠯᠡ ᠳᠡᠭᠡᠷ᠎ᠡ ᠬᠦᠢᠴᠡᠳᠬᠡᠬᠦ︾ ᠥᠭᠡᠷᠡᠴᠢᠯᠡᠯᠲᠡ ᠶᠢᠨ ᠨᠡᠶᠢᠲᠡᠯᠢᠭ ᠲᠤᠷᠰᠢᠯᠭ᠎ᠠ ᠪᠠ ᠠᠷᠭ᠎ᠠ ᠪᠠᠷᠢᠯ ᠢ | ᠢᠳᠡᠪᠬᠢᠲᠡᠢ ᠤᠬᠠᠭᠤᠯᠵᠤ᠂ ︽ᠨᠢᠭᠡ ᠶᠠᠪᠤᠳᠠᠯ ᠢ ᠨᠢᠭᠡ ᠯᠡ ᠳᠡᠭᠡᠷ᠎ᠡ ᠰᠢᠢᠳᠪᠦᠷᠢᠯᠡᠬᠦ︾ ᠥᠭᠡᠷᠡᠴᠢᠯᠡᠯᠲᠡ ᠳᠤ ᠣᠯᠠᠨ | ᠶᠠᠩᠵᠤ ᠶᠢᠨ ᠬᠡᠯᠪᠡᠷᠢ ᠪᠦᠬᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠡᠶᠢᠭᠡᠮ ᠤᠨ ᠪᠠᠶᠢᠳᠠᠯ ᠠᠷᠠᠳ ᠤᠨ | ᠰᠠᠨᠠᠭ᠎ᠠ ᠶᠢ ᠴᠠᠭ ᠲᠤᠬᠠᠶ ᠳᠤᠨᠢ ᠣᠶᠢᠯᠠᠭᠠᠵᠤ᠂ ᠨᠡᠶᠢᠭᠡᠮ ᠤᠨ ᠮᠡᠳᠡᠬᠦ ᠬᠡᠮᠵᠢᠶ᠎ᠡ ᠶᠢ ᠥᠷᠭᠡᠳᠬᠡᠬᠦ᠃ ︽ᠨᠢᠭᠡ | ᠤᠴᠢᠷ ᠢ ᠨᠢᠭᠡ ᠯᠡ ᠳᠡᠭᠡᠷ᠎ᠡ ᠬᠦᠢᠴᠡᠳᠬᠡᠬᠦ︾ ᠪᠦᠬᠦ ᠴᠤᠪᠤᠷᠠᠯ ᠤᠨ ᠠᠵᠢᠯᠯᠠᠭᠠᠨ ᠤ ᠵᠦᠭᠯᠡᠭᠦᠷ ᠢ ᠲᠠᠶᠢᠯᠪᠤᠷᠢᠯᠠᠵᠤ᠂ | ᠣᠯᠠᠨ ᠲᠦᠮᠡᠨ ᠳᠤ ᠠᠵᠢᠯᠯᠠᠬᠤ ᠠᠷᠭ᠎ᠠ ᠶᠢ ᠬᠡᠯᠡᠵᠦ ᠥᠭᠭᠦᠨ᠎ᠡ᠂ ᠣᠯᠠᠨ ᠨᠡᠶᠢᠲᠡ ᠶᠢᠨ ᠲᠠᠨᠢᠨ ᠮᠡᠳᠡᠬᠦᠢ ᠶᠢᠨ | ᠬᠡᠮᠵᠢᠶ᠎ᠡ ᠪᠠ ᠨᠡᠶᠢᠭᠡᠮ ᠤᠨ ᠬᠡᠷᠡᠭᠯᠡᠭᠡᠨ ᠤ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠦᠬᠦ | ᠨᠡᠶᠢᠭᠡᠮ ᠢᠶᠠᠷ ᠢᠶᠠᠨ ᠥᠭᠡᠷᠡᠴᠢᠯᠡᠯᠲᠡ ᠶᠢ ᠠᠩᠬᠠᠷᠬᠤ᠂ ᠣᠷᠣᠯᠴᠠᠬᠤ ᠪᠠ ᠳᠡᠮᠵᠢᠬᠦ ᠥᠳᠬᠡᠨ ᠵᠤᠵᠠᠭᠠᠨ ᠠᠭᠤᠷ | ᠠᠮᠢᠰᠬᠤᠯ ᠢ ᠪᠣᠢ ᠪᠣᠯᠭᠠᠨ᠎ᠠ᠃ | | | | | | | | |