ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠶᠠᠰᠤ ᠴᠢᠨᠠᠷ ᠢ | ᠲᠡᠭᠡᠭᠰᠢᠯᠡᠬᠦᠯᠵᠦ᠂ ᠰᠡᠷᠭᠡᠶᠢᠯᠡᠨ ᠡᠵᠡᠮᠳᠡᠬᠦ ᠶᠢ ᠠᠳᠬᠤᠵᠤ᠂ ᠠᠮᠤᠷ ᠲᠦᠪᠰᠢᠨ ᠢ ᠪᠠᠲᠤᠯᠠᠨ᠎ᠠ | | | | | ᠰᠤᠷᠪᠤᠯᠵᠢᠯᠠᠭ᠎ᠠ ᠶᠢᠨ ᠨᠡᠷᠡᠶᠢᠳᠦᠯ᠄ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠢᠯᠡᠴᠢᠯᠡᠭᠡ ᠶᠢ | ᠰᠢᠯᠢᠳᠡᠭᠵᠢᠭᠦᠯᠵᠦ᠂ ᠶᠠᠰᠤ ᠴᠢᠨᠠᠷ ᠢ ᠲᠡᠭᠡᠭᠰᠢᠯᠡᠬᠦᠯᠵᠦ᠂ ᠰᠡᠷᠭᠡᠶᠢᠯᠡᠨ ᠡᠵᠡᠮᠳᠡᠬᠦ ᠶᠢ ᠠᠳᠬᠤᠵᠤ᠂ ᠠᠮᠤᠷ | ᠲᠦᠪᠰᠢᠨ ᠢ ᠪᠠᠲᠤᠯᠠᠨ᠎ᠠ | ᠰᠤᠷᠪᠤᠯᠵᠢᠯᠠᠭᠰᠠᠨ ᠴᠠᠭ᠄ 2020 — 12 — 01 7᠄ 21 | ᠰᠤᠷᠪᠤᠯᠵᠢᠯᠠᠭᠰᠠᠨ ᠵᠣᠴᠢᠨ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠲᠤᠪᠴᠢᠶᠠᠨ | ᠳᠠᠷᠤᠭ᠎ᠠ ᠬᠦᠷᠡᠯ | ᠭᠤᠣᠯ ᠠᠭᠤᠯᠭ᠎ᠠ᠄ ᠲᠤᠰ ᠬᠤᠭᠤᠴᠠᠭᠠᠨ ᠤ ᠫᠷᠤᠭ᠍ᠷᠠᠮ ᠤᠨ ᠲᠤᠬᠠᠢ ᠶᠢᠨ ᠲᠠᠯᠠᠪᠠᠢ ᠳᠤ᠂ ᠪᠢᠳᠡ | ᠬᠤᠤᠯᠢᠩᠭᠤᠤᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠪᠴᠢᠶᠠᠨ | ᠲᠠᠷᠤᠭ᠎ᠠ ᠬᠦᠷᠡᠯ ᠢ ᠤᠷᠢᠵᠤ᠂ ᠡᠨᠡ ᠵᠢᠯ ᠲᠡᠳᠡ ᠶᠠᠮᠠᠷ ᠶᠠᠮᠠᠷ ᠠᠵᠢᠯ ᠬᠢᠭᠰᠡᠨ ᠲᠤᠬᠠᠶ ᠶᠠᠷᠢᠯᠴᠠᠪᠠ ᠃ | | | ᠬᠥᠲᠥᠯᠥᠭᠴᠢ᠄ 2020 ᠣᠨ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠠᠮᠠᠷ | ᠶᠠᠮᠠᠷ ᠭᠤᠤᠯ ᠠᠵᠢᠯ ᠬᠢᠭᠰᠡᠨ ᠢ ᠨᠠᠷᠢᠨ ᠲᠠᠨᠢᠯᠴᠠᠭᠤᠯᠤᠭᠠᠳ ᠥᠭᠭᠦᠨ᠎ᠡ ᠤᠤ︖ | [ ᠬᠦᠷᠡᠯ ᠲᠣᠪᠴᠢᠶᠠᠨ ᠳᠠᠷᠤᠭ᠎ᠠ ] 2020 ᠣᠨ ᠳᠤ ᠬᠤᠤᠯᠢᠩᠭᠤᠤᠯ ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠦ᠂ ᠦᠢᠯᠡᠴᠢᠯᠡᠭᠡ ᠶᠢ ᠰᠢᠯᠢᠳᠡᠭᠵᠢᠭᠦᠯᠦᠨ᠂ ᠶᠠᠰᠤ ᠴᠢᠨᠠᠷ ᠢ | ᠳᠡᠭᠡᠭᠰᠢᠯᠡᠭᠦᠯᠦᠨ᠂ ᠰᠡᠷᠭᠡᠶᠢᠯᠡᠨ ᠡᠵᠡᠮᠳᠡᠬᠦ ᠶᠢ ᠠᠳᠬᠤᠵᠤ᠂ ᠠᠮᠤᠷ ᠲᠦᠪᠰᠢᠨ ᠢ ᠪᠠᠲᠤᠯᠠᠬᠤ︾ ᠰᠡᠳᠬᠢᠴᠡ ᠶᠢᠨ | ᠲᠣᠭᠤᠷᠢᠨ ᠳᠤ ᠪᠦᠬᠦ ᠲᠠᠯ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠨᠠᠨ ᠬᠠᠮᠢᠶᠠᠷᠬᠤ ᠠᠷᠭ᠎ᠠ | ᠬᠡᠮᠵᠢᠶ᠎ᠡ ᠪᠠᠨ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢᠯᠡᠳᠲᠡ ᠦᠷ᠎ᠡ ᠪᠦᠲᠦᠮᠵᠢ ᠤᠯᠪᠠ᠃ | ᠶᠡᠷᠦᠩᠬᠡᠶ ᠳᠤᠨᠢ ᠠᠪᠴᠤ ᠦᠵᠡᠪᠡᠯ᠂ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠠᠵᠢᠯ ᠳᠤ ᠡᠶᠢᠮᠦ ᠬᠡᠳᠦᠨ ᠣᠨᠴᠠᠯᠢᠭ ᠢᠯᠡᠷᠡᠪᠡ᠄ ᠨᠢᠭᠡ ᠳᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠢ ᠳᠠᠩᠰᠠᠯᠠᠨ ᠲᠡᠮᠳᠡᠭᠯᠡᠬᠦ ᠪᠠ ᠳᠥᠭᠦᠮ ᠳᠥᠲᠡ ᠬᠦᠴᠦᠨ | ᠦᠭᠡᠢ ᠪᠣᠯᠭᠠᠬᠤ ᠶᠢ ᠳᠥᠭᠦᠮ ᠳᠥᠲᠡ ᠪᠣᠯᠭᠠᠬᠤ ᠵᠢᠴᠢ ︽ᠭᠤᠴᠢᠨ ᠭᠤᠷᠪᠠᠨ ᠦᠨᠡᠮᠯᠡᠯ ᠢ ᠨᠢᠭᠡᠳᠬᠡᠬᠦ︾ | ᠳᠠᠩᠰᠠᠯᠠᠨ ᠲᠡᠮᠳᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠲᠠᠰᠤᠷᠠᠯᠲᠠ ᠦᠭᠡᠢ ᠲᠦᠯᠬᠢᠨ ᠠᠬᠢᠭᠤᠯᠤᠨ᠎ᠠ᠃ | ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠦᠢᠯᠡᠴᠢᠯᠡᠭᠡ ᠬᠠᠩᠭᠠᠬᠤ᠂ ᠠᠵᠤ ᠠᠬᠤᠶᠢᠯᠠᠯ ᠡᠷᠬᠢᠯᠡᠬᠦ ᠴᠠᠭ ᠢ | ᠪᠠᠭᠠᠰᠬᠠᠬᠤ ᠵᠡᠷᠭᠡ ᠠᠷᠠᠳ ᠲᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ | ᠨᠡᠭᠡᠭᠡᠨ ᠡᠷᠬᠢᠯᠡᠬᠦ ᠳᠤ ᠬᠤᠯᠪᠣᠭᠳᠠᠭᠰᠠᠨ ︽ᠠᠵᠤ ᠠᠬᠤᠶᠢᠯᠠᠯ ᠳᠠᠩᠰᠠᠯᠠᠬᠤ᠂ ᠲᠠᠮᠠᠭ᠎ᠠ ᠰᠡᠶᠢᠯᠦᠨ ᠦᠢᠯᠡᠳᠬᠦ᠂ | ᠪᠠᠷᠢᠮᠲᠠ ᠭᠤᠶᠤᠴᠢᠯᠠᠨ ᠠᠪᠬᠤ︾ ᠭᠤᠷᠪᠠᠨ ᠭᠤᠭᠴᠤᠭ᠎ᠠ ᠶᠢ ᠬᠦᠢᠴᠡᠳᠬᠡᠬᠦ ᠴᠠᠭ ᠢ 1 ᠴᠠᠭ ᠪᠣᠯᠭᠠᠨ | ᠪᠣᠭᠤᠨᠢᠰᠬᠠᠪᠠ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠲᠤᠶᠢᠯ ᠤᠨ ᠶᠡᠭᠡ ᠰᠠᠶᠢᠵᠢᠷᠠᠬᠤ ᠶᠢ ᠳᠠᠭᠠᠯᠳᠤᠨ | ᠂ ᠮᠠᠨ ᠤ ᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠲᠣᠭᠲᠠᠭᠤᠨ ᠢᠶᠠᠷ ᠨᠡᠮᠡᠭᠳᠡᠵᠦ᠂ ᠪᠦᠬᠦ ᠵᠢᠯ ᠳᠤ ᠵᠠᠬ᠎ᠠ | ᠳᠡᠯᠭᠡᠭᠦᠷ ᠤᠨ ᠭᠤᠣᠯ ᠴᠣᠭᠴᠠ 1560 ᠡᠷᠦᠬᠡ ᠶᠢ ᠰᠢᠨ᠎ᠡ ᠪᠠᠷ ᠨᠡᠮᠡᠭᠳᠡᠭᠦᠯᠵᠦ᠂ ᠲᠠᠩᠰᠠᠯᠠᠭᠤᠯᠤᠬᠰᠠᠨ ᠬᠥᠷᠥᠩᠭᠡ | 121321 ᠲᠦᠮᠡᠨ ᠲᠥᠭᠦᠷᠢᠭ ᠰᠢᠨ᠎ᠡ ᠪᠠᠷ ᠨᠡᠮᠡᠭᠳᠡᠪᠡ᠃ ᠬᠤᠶᠠᠷ ᠲᠤ᠄ ᠵᠠᠬ᠎ᠠ ᠳᠡᠯᠭᠡᠭᠦᠷ ᠤᠨ ᠡᠮᠬᠢ ᠵᠢᠷᠤᠮ ᠢ | ᠨᠡᠩ ᠵᠢᠷᠤᠮᠵᠢᠭᠤᠯᠤᠨ᠎ᠠ᠃ ᠠᠷᠠᠳ ᠣᠯᠠᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ | ᠬᠠᠷᠢᠭᠤᠯᠲᠠ ᠥᠭᠴᠦ᠂ ᠵᠠᠭᠠᠯᠳᠤᠵᠦ ᠢᠯᠡᠴᠢᠯᠡᠨ ᠮᠡᠳᠡᠭᠦᠯᠦᠭᠰᠡᠨ ᠢ ᠰᠢᠢᠳᠪᠦᠷᠢᠯᠡᠬᠦ ᠡᠷᠴᠢᠮ ᠪᠠ ᠬᠤᠷᠳᠤᠴᠠ ᠪᠠᠨ | ᠲᠦᠷᠭᠡᠳᠬᠡᠵᠦ᠂ ᠪᠦᠬᠦ ᠵᠢᠯ ᠳᠤ 300 ᠭᠠᠷᠤᠶ ᠬᠡᠷᠡᠭ ᠢ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ | ᠬᠠᠷᠢᠭᠤᠯᠲᠠ ᠥᠭᠬᠦ ᠨᠣᠷᠮ᠎ᠠ ᠵᠠᠭᠤᠨ ᠤ ᠵᠠᠭᠤ ᠪᠠᠷ᠂ ᠲᠥᠪ ᠭᠤᠤᠯᠴᠢ ᠪᠥᠭᠡᠳ ᠵᠢᠷᠤᠮᠵᠢᠯ ᠲᠠᠢ᠂ ᠠᠮᠤᠷ ᠲᠦᠪᠰᠢᠨ | ᠪᠥᠭᠡᠳ ᠰᠠᠨᠠᠭ᠎ᠠ ᠠᠮᠤᠷ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠪᠠ᠃ ᠭᠤᠷᠪᠠ ᠳᠤ᠂ ᠠᠮᠤᠷ | ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠢᠳᠡᠭᠡᠨ ᠤ ᠵᠦᠢᠯ᠂ ᠡᠮ ᠤᠨ ᠵᠦᠢᠯ᠂ ᠣᠨᠴᠠ | ᠲᠥᠷᠥᠯ ᠤᠨ ᠲᠥᠬᠦᠭᠡᠷᠦᠮᠵᠢ᠂ ᠦᠢᠯᠡᠳᠬᠦᠨ ᠤ ᠶᠠᠰᠤ ᠴᠢᠨᠠᠷ ᠢᠶᠠᠷ ᠭᠤᠣᠯᠳᠠᠯᠭ᠎ᠠ ᠪᠣᠯᠭᠠᠵᠤ᠂ ᠡᠳᠦᠷ ᠲᠤᠲᠤᠮ ᠤᠨ | ᠬᠢᠨᠠᠯᠲᠠ ᠬᠠᠮᠢᠶᠠᠷᠤᠯᠲᠠ᠂ ᠲᠤᠰᠬᠠᠶ ᠴᠡᠭᠴᠡᠯᠡᠨ ᠵᠠᠰᠠᠯᠲᠠ᠂ ︽ᠬᠤᠶᠠᠷ ᠢ ᠲᠣᠬᠢᠶᠠᠯᠳᠤᠭᠤᠯᠤᠨ᠂ ᠨᠢᠭᠡ ᠶᠢ ᠢᠯᠡ | ᠪᠣᠯᠭᠠᠬᠤ︾ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ | ᠵᠠᠭᠠᠯᠳᠤᠵᠤ ᠢᠯᠡᠴᠢᠯᠡᠨ ᠮᠡᠳᠡᠭᠦᠯᠬᠦ ᠪᠠᠷ ᠭᠤᠤᠯ ᠭᠠᠷᠳᠠᠴᠠ ᠪᠣᠯᠭᠠᠵᠤ᠂ ᠵᠠᠬ᠎ᠠ ᠲᠡᠯᠬᠡᠬᠦᠷ ᠤᠨ ᠬᠢᠨᠠᠯᠲᠠ | ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠠᠷᠠᠳ ᠢᠷᠭᠡᠳ ᠤᠨ ᠢᠳᠡᠵᠦ ᠡᠮᠦᠰᠬᠦ ᠶᠠᠪᠤᠵᠤ ᠰᠠᠭᠤᠬᠤ | ᠠᠮᠤᠷ ᠲᠦᠪᠰᠢᠨ ᠢ ᠪᠠᠲᠤᠯᠠᠨ᠎ᠠ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠨᠡᠶᠢᠲᠡ 4000 | ᠭᠠᠷᠤᠶ ᠡᠷᠦᠬᠡ ᠤᠳᠠᠭ᠎ᠠ ᠪᠠᠶᠢᠴᠠᠭᠠᠵᠦ᠂ 20 ᠭᠠᠷᠤᠶ ᠤᠳᠠᠭ᠎ᠠ ᠬᠡᠷᠡᠭ ᠪᠣᠯᠭᠠᠨ ᠳᠡᠩᠰᠡᠯᠡᠵᠦ᠂ 20 ᠭᠠᠷᠤᠶ | ᠲᠦᠮᠡᠨ ᠲᠥᠭᠦᠷᠢᠭ ᠤᠨ ᠲᠣᠷᠭᠠᠵᠤ ᠬᠤᠷᠢᠶᠠᠨ ᠠᠪᠴᠠᠶ᠃ ᠳᠥᠷᠪᠡ ᠳᠤ᠂ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠨ᠎ᠡ᠃ ᠲᠦᠭᠰᠢᠭᠦᠷᠢ ᠶᠢ | ᠱᠠᠲᠤ ᠬᠤᠪᠢᠶᠠᠨ ᠬᠠᠮᠢᠶᠠᠷᠤᠨ ᠡᠵᠡᠮᠳᠡᠬᠦ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠵᠤ᠂ | ᠵᠢᠯ ᠤᠨ ᠳᠣᠲᠣᠷ᠎ᠠ 10114 ᠰᠠᠭᠤᠷᠢ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠵᠤ᠂ ᠪᠦᠬᠦ ᠵᠢᠯ ᠳᠤ | ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠶ ᠶᠢᠨ ᠬᠡᠷᠡᠭ ᠭᠠᠷᠤᠭᠰᠠᠨ ᠦᠭᠡᠢ᠃ ᠲᠠᠪᠤ ᠳᠤ᠂ ︽ | ᠬᠤᠶᠠᠷ ᠢ ᠲᠤᠬᠢᠶᠠᠯᠳᠤᠭᠤᠯᠤᠨ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠲᠤᠬᠳᠠᠴᠠ ᠶᠢ | ᠪᠦᠷᠢᠨᠰᠢᠬᠦᠯᠵᠦ᠂ ᠰᠠᠯᠠᠭ᠎ᠠ ᠮᠥᠴᠢᠷ ᠠᠯᠤᠰᠯᠠᠭᠰᠠᠨ ︽ᠬᠤᠶᠠᠷ ᠢ ᠲᠤᠬᠢᠶᠠᠯᠳᠤᠭᠤᠯᠤᠨ᠂ ᠨᠢᠭᠡ ᠶᠢ ᠢᠯᠡ ᠪᠣᠯᠭᠠᠬᠤ︾ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 25 ᠤᠳᠠᠭ᠎ᠠ ᠥᠷᠨᠢᠭᠦᠯᠵᠦ᠂ 136 ᠡᠷᠦᠬᠡ ᠶᠢ ᠪᠠᠶᠢᠴᠠᠭᠠᠪᠠ᠃ | ᠮᠠᠨ ᠤ ᠲᠣᠪᠴᠢᠶ᠎ᠠ ᠳᠣᠲᠣᠭᠠᠳᠤ ᠶᠢᠨ ︽ᠬᠤᠶᠠᠷ ᠢᠲ᠋ᠤᠬᠢᠶᠠᠯᠳᠤᠭᠤᠯᠤᠨ᠂ ᠨᠢᠭᠡ ᠶᠢ ᠢᠯᠡ ᠪᠣᠯᠭᠠᠬᠤ︾ ᠬᠠᠤᠯᠢ | ᠬᠡᠷᠡᠭᠵᠢᠬᠦᠯᠦᠯᠳᠡ ᠶᠢᠨ ᠪᠠᠶᠢᠴᠠᠭᠠᠯᠲᠠ ᠶᠢ 8 ᠪᠦᠯᠦᠭ ᠤᠳᠠᠭ᠎ᠠ ᠥᠷᠨᠢᠭᠦᠯᠵᠦ᠂ 99 ᠡᠷᠦᠬᠡ ᠶᠢ ᠪᠠᠶᠢᠴᠠᠭᠠᠪᠠ᠃ | ᠵᠢᠷᠭᠤᠭ᠎ᠠ ᠳᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠ ᠬᠢᠨᠠᠨ ᠬᠠᠮᠢᠶᠠᠷᠴᠤ ᠬᠠᠤᠯᠢ ᠬᠡᠷᠡᠭᠵᠢᠬᠦᠯᠬᠦ ᠶᠢ | ᠵᠡᠷᠭᠡᠪᠡᠷ ᠬᠢᠵᠦ᠂ ᠬᠠᠷᠢᠯᠴᠠᠨ ᠠᠬᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠬᠦᠢᠴᠡᠳ | ᠠᠰᠢᠭᠯᠠᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ ᠢ ᠪᠠᠲᠤᠯᠠᠨ᠎ᠠ᠃ ᠨᠡᠶᠢᠲᠡ 344 ᠪᠦᠯᠦᠭ ᠤᠳᠠᠭ᠎ᠠ ᠬᠢᠨᠠᠯᠲᠠ ᠲᠠᠯᠪᠢᠵᠤ ᠰᠤᠭᠤᠴᠢᠨ | ᠪᠠᠶᠢᠴᠠᠭᠠᠵᠤ᠂ ᠡᠭᠦᠨ ᠤ ᠳᠣᠲᠣᠷ᠎ᠠ 330 ᠪᠦᠯᠦᠭ ᠤᠳᠠᠭ᠎ᠠ ᠬᠢᠷᠢ ᠲᠡᠩᠴᠡᠵᠦ᠂ ᠬᠢᠷᠢ ᠲᠡᠩᠴᠡᠭᠰᠡᠨ ᠨᠤᠷᠮ᠎ᠠ 95. | 9%᠃ ᠨᠡᠶᠢᠲᠡ 1264 ᠪᠦᠯᠦᠭ ᠲᠦᠷᠭᠡᠨ ᠪᠠᠶᠢᠴᠠᠭᠠᠯᠲᠠ ᠬᠢᠵᠦ᠂ ᠪᠦᠬᠦᠨ ᠢᠶᠠᠷ ᠢᠶᠠᠨ ᠪᠢᠯᠢᠭ ᠴᠢᠨᠠᠷ ︵ᠬᠢᠷᠢ | ᠲᠡᠩᠴᠡᠭᠰᠡᠨ︶ ᠲᠠᠢ ᠪᠠᠶᠢᠵᠤ᠂ ᠡᠮ ᠤᠨ ᠵᠦᠢᠯ ᠳᠤ ᠬᠢᠨᠠᠯᠲᠠ ᠲᠠᠯᠪᠢᠵᠦ 36 ᠪᠦᠯᠦᠭ ᠤᠳᠠᠭ᠎ᠠ ᠰᠤᠭᠤᠴᠢᠨ | ᠪᠠᠶᠢᠴᠠᠭᠠᠯᠲᠠ ᠬᠢᠵᠦ᠂ ᠣᠳᠣ ᠶᠠᠭ ᠰᠢᠯᠭᠠᠨ ᠪᠠᠶᠢᠴᠠᠭᠠᠵᠤ ᠪᠠᠶᠢᠨ᠎ᠠ᠃ ᠳᠣᠯᠤᠭ᠎ᠠ ᠳᠤ᠄ ᠲᠠᠸᠠᠷ ᠤᠨ ᠲᠡᠮᠳᠡᠭ ᠤᠨ | ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ ᠠᠵᠤ | ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠤᠨ᠎ᠠ᠃ ᠮᠠᠨ ᠤ ᠬᠤᠲᠠ ᠶᠢᠨ ᠬᠦᠴᠦᠨ ᠪᠦᠬᠦᠢ | ᠲᠠᠸᠠᠷ ᠤᠨ ᠲᠡᠮᠳᠡᠭ 313 ᠬᠤᠪᠢ᠂ ᠬᠦᠴᠦᠨ ᠲᠠᠢ ᠲᠤᠰᠬᠠᠶ ᠠᠰᠢᠭ ᠤᠨ ᠲᠤᠭ᠎ᠠ 234 ᠬᠤᠪᠢ ᠪᠠᠶᠢᠵᠤ᠂ | 2019 ᠣᠨ ᠤ ᠬᠢ ᠲᠠᠢ ᠬᠠᠷᠢᠴᠠᠭᠤᠯᠪᠠᠯ 120 ᠬᠤᠪᠢ ᠨᠡᠮᠡᠭᠳᠡᠵᠦ᠂ ᠥᠰᠥᠯᠲᠡ ᠶᠢᠨ ᠨᠤᠷᠮ᠎ᠠ ᠨᠢ 105.3 | ᠪᠣᠯᠤᠨ᠎ᠠ᠃ | ᠬᠥᠲᠥᠯᠥᠭᠴᠢ᠄ ᠣᠳᠣᠬᠠᠨ ᠳᠤ ᠪᠥᠬᠦ ᠤᠯᠤᠰ ᠢᠶᠠᠷ ᠢᠶᠠᠨ ᠴᠥᠮ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠤᠷᠢᠭᠯᠠᠨ ᠴᠣᠬᠢᠬᠤ ᠪᠠᠶᠢᠯᠳᠤᠭᠠᠨ ᠬᠢᠵᠦ ᠪᠠᠶᠢᠨ᠎ᠠ᠃ | ᠲᠡᠭᠡᠪᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠤᠯᠪᠣᠭᠳᠠᠯ ᠪᠥᠬᠦᠶ ᠠᠵᠢᠯ ᠤᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖ | ᠲᠣᠪᠴᠢᠶᠠᠨ ᠳᠠᠷᠤᠭ᠎ᠠ ᠬᠦᠷᠡᠯ᠄ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠦᠨᠳᠦ ᠬᠡᠴᠡᠭᠦᠤ | ᠪᠠᠶᠢᠳᠠᠯ ᠤᠨ ᠡᠮᠦᠨ᠎ᠡ᠂ ᠮᠠᠨ ᠤ ᠲᠣᠪᠴᠢᠶ᠎ᠠ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠳᠲᠡᠷ ᠲᠦᠷᠭᠡᠨ | ᠬᠥᠳᠡᠯᠦᠯᠴᠡᠵᠦ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠴᠢᠩᠬ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤᠷᠢᠳᠤᠯᠭ᠎ᠠ ᠪᠠᠨ ᠴᠢᠩᠭᠠᠳᠬᠠᠨ᠂ ᠲᠣᠭᠲᠠᠴᠠ ᠶᠢ | ᠲᠡᠭᠦᠯᠳᠡᠷᠵᠢᠭᠦᠯᠵᠡᠶ᠃ ᠬᠠᠷᠢᠭᠤᠴᠠᠯᠭ᠎ᠠ ᠶᠢ ᠪᠠᠲᠤᠳᠬᠠᠨ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠠᠵᠢᠯ ᠤᠨ | ᠰᠤᠷᠲᠠᠯ ᠢᠶᠠᠨ ᠬᠤᠪᠢᠷᠠᠭᠤᠯᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠮᠠᠨ ᠤ ᠲᠣᠪᠴᠢᠶ᠎ᠠ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠰᠢᠨ᠎ᠡ ᠪᠠᠶᠢᠳᠠᠯ ᠪᠣᠯᠤᠨ ᠰᠢᠨ᠎ᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ | ᠬᠥᠯᠳᠡᠭᠡᠭᠰᠡᠨ ᠮᠢᠬᠠᠨ ᠤ ᠵᠦᠢᠯ᠂ ᠬᠥᠯᠳᠡᠭᠡᠭᠰᠡᠨ ᠲᠡᠯᠡᠶ ᠶᠢᠨ ᠢᠳᠡᠭᠡᠨ᠂ ᠭᠠᠳᠠᠭᠠᠳᠤ ᠠᠴᠠ ᠣᠷᠣᠭᠤᠯᠤᠭᠰᠠᠨ | ᠵᠢᠭᠠᠰᠤ ᠶᠢ ᠲᠤᠰᠬᠠᠶ ᠪᠠᠶᠢᠴᠠᠭᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠦᠷᠨᠢᠬᠦᠯᠵᠦ᠂ ᠰᠢᠨ᠎ᠡ ᠲᠢᠳᠢᠮᠯᠢᠭ | ᠸᠢᠷᠦ᠋ᠰ ᠲᠤ ᠪᠣᠬᠢᠷᠲᠤᠭᠰᠠᠨ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ᠂ ᠪᠥᠬᠦ ᠵᠢᠯ ᠳᠤ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠲᠥᠪ ᠲᠠᠢ ᠬᠠᠮᠲᠤᠷᠠᠨ 263 ᠥᠯᠢᠭᠡᠷ ᠡᠳ᠋᠂ 44 ᠵᠠᠬ᠎ᠠ ᠳᠡᠯᠭᠡᠭᠦᠷ ᠤᠨ ᠪᠡᠶᠡᠴᠢ | ᠴᠣᠭᠴᠠ᠂ 262 ᠠᠵᠢᠯᠯᠠᠭᠰᠠᠳ ᠲᠤ ᠴᠥᠮ᠎ᠡ ᠶᠢᠨ ᠬᠦᠴᠢᠯ ᠤᠨ ᠪᠠᠶᠢᠴᠠᠭᠠᠨ ᠰᠢᠯᠭᠠᠯᠳᠠ ᠬᠢᠵᠦ᠂ ᠰᠢᠯᠭᠠᠨ | ᠪᠠᠶᠢᠴᠠᠭᠠᠭᠰᠠᠨ ᠦᠷ᠎ᠡ ᠳ᠋ᠦᠩ ᠨᠢ ᠴᠥᠮ ᠪᠢᠯᠢᠭ ᠴᠢᠨᠠᠷ ᠪᠣᠯᠤᠨ᠎ᠠ᠃ ᠣᠳᠣᠬᠠᠨ ᠳᠤ᠂ ᠪᠥᠬᠦ ᠬᠤᠲᠠ ᠶᠢᠨ ᠵᠠᠬ᠎ᠠ | ᠳᠡᠯᠭᠡᠭᠦᠷ ᠤᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠪᠠᠶᠢᠵᠦ᠂ ᠪᠠᠷᠠᠭᠠᠨ ᠤ ᠦᠨ᠎ᠡ ᠶᠢ ᠳᠦᠷᠬᠢᠷᠡᠨ | ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠣᠯᠵᠤ ᠮᠡᠳᠡᠭᠰᠡᠨ ᠥᠬᠡᠶ᠃ | ᠬᠥᠲᠥᠯᠥᠭᠴᠢ᠄ ᠡᠨᠡ ᠠᠵᠢᠯ ᠢ ᠥᠷᠨᠢᠭᠦᠯᠬᠦ ᠳᠤ ᠶᠠᠮᠠᠷ ᠶᠠᠮᠠᠷ ᠰᠠᠶᠢᠨ ᠲᠠᠯ᠎ᠠ ᠲᠠᠢ ᠪᠤᠢ︖ | ᠲᠣᠪᠴᠢᠶᠠᠨ ᠳᠠᠷᠤᠭ᠎ᠠ ᠬᠦᠷᠡᠯ᠄ ᠮᠠᠨ ᠤ ᠲᠣᠪᠴᠢᠶ᠎ᠠ ︽ᠲᠣᠣᠷ ᠴᠡᠪᠡᠷᠯᠡᠬᠦ ᠠᠵᠢᠯᠯᠠᠭ᠎ᠠ︾ ᠶᠢ ᠪᠦᠬᠦ ᠲᠠᠯ᠎ᠠ ᠪᠠᠷ | ᠥᠷᠨᠢᠭᠦᠯᠵᠦ᠂ ᠦᠨᠡᠮᠯᠡᠯ ᠪᠦᠷᠢᠨ ᠪᠤᠰᠤ᠂ ᠬᠠᠭᠤᠷᠮᠠᠭ ᠦᠨᠡᠮᠯᠡᠯ ᠲᠠᠢ ᠢᠳᠡᠭᠡᠨ ᠤᠮᠳᠠᠭᠠᠨ ᠤ ᠬᠤᠳᠠᠯᠳᠤᠭᠠᠴᠢᠨ ᠢ | ᠢᠯᠭᠠᠷᠠᠭᠤᠯᠤᠨ ᠴᠡᠪᠡᠷᠯᠡᠵᠦ᠂ ᠬᠤᠳᠠᠯᠳᠤᠭᠠᠨ ᠤ ᠡᠷᠦᠬᠡ ᠶᠢᠨ ᠭᠡᠷᠡᠴᠢ ᠦᠨᠡᠮᠯᠡᠯ᠂ ᠬᠡᠮᠵᠢᠶᠡᠵᠢᠭᠦᠯᠦᠭᠰᠡᠨ ᠲᠠᠰ | ᠢᠯᠭᠠᠯ ᠢ ᠬᠠᠤᠯᠢ ᠶᠣᠰᠣᠭᠠᠷ ᠢᠯᠡ ᠨᠡᠶᠢᠲᠡᠯᠡᠨ᠎ᠡ᠃ ᠢᠳᠡᠭᠡᠨ ᠲᠤᠬᠢᠷᠠᠭᠤᠯᠤᠨ ᠬᠦᠷᠭᠡᠬᠦ ᠳᠤ ︽ᠪᠢᠲᠡᠭᠦᠮᠵᠢᠯᠡᠨ | ᠭᠠᠷ ᠤᠨ ᠦᠰᠦᠭ ᠵᠢᠷᠤᠵᠤ ᠬᠦᠷᠭᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ︽ᠭᠠᠷ ᠤᠨ ᠦᠰᠦᠭ ᠵᠢᠷᠤᠵᠤ | ᠬᠦᠷᠭᠡᠬᠦ︾ ᠱᠠᠭᠠᠷᠳᠠᠯᠭ᠎ᠠ ᠨᠢ ᠬᠤᠳᠠᠯᠳᠤᠭᠠᠴᠢᠨ ᠬᠤᠭᠤᠯᠠᠨ ᠭᠡᠷ ᠠᠴᠠ ᠭᠠᠷᠤᠭᠰᠠᠨ ᠤ ᠳᠠᠷᠠᠭ᠎ᠠ᠂ ᠨᠢᠭᠡᠳᠦᠯᠲᠡᠶ | ᠪᠢᠲᠡᠭᠦᠮᠵᠢᠯᠡᠯᠲᠡ ᠪᠠᠷ ᠢᠳᠡᠭᠡᠨ ᠤ ᠵᠦᠢᠯ ᠢ ᠪᠢᠲᠡᠭᠦᠮᠵᠢᠯᠡᠵᠦ᠂ ᠬᠦᠷᠭᠡᠳᠡᠭ ᠬᠤᠭᠤᠯᠠ ᠬᠦᠷᠭᠡᠭᠴᠢ ᠠᠴᠠ ᠬᠤᠭᠤᠯᠠ | ᠠᠪᠬᠤ ᠠᠴᠠ ᠬᠡᠷᠡᠭᠯᠡᠭᠴᠢᠳ ᠤᠨ ᠭᠠᠷ ᠲᠤ ᠬᠦᠷᠭᠡᠬᠦ ᠬᠦᠷᠲᠡᠯᠡᠬᠢ ᠶᠠᠪᠤᠴᠠ ᠶᠢ ᠪᠠᠳᠤᠯᠠᠨ᠎ᠠ᠃ ᠡᠷᠭᠦᠮᠵᠢᠯᠡᠯ ᠤᠨ | ᠪᠢᠴᠢᠭ ᠢ ᠵᠠᠳᠠᠯᠤᠭᠰᠠᠨ ᠦᠭᠡᠢ᠂ ᠡᠪᠳᠡᠷᠡᠭᠰᠡᠨ ᠦᠭᠡᠢ᠂ ᠬᠦᠷᠭᠡᠳᠡᠭ ᠬᠤᠭᠤᠯᠠ ᠶᠢ ᠭᠤᠭᠤᠵᠢᠭᠤᠯᠬᠤ ᠦᠭᠡᠶ᠂ | ᠪᠣᠭᠤᠳᠠᠯ ᠢ ᠨᠢ ᠭᠤᠭᠤᠵᠢᠭᠤᠯᠬᠤ ᠦᠭᠡᠶ᠂ ᠨᠡᠮᠡᠬᠦ ᠦᠭᠡᠶ᠂ ᠲᠣᠬᠢᠷᠠᠭᠤᠯᠤᠨ ᠬᠦᠷᠭᠡᠬᠦ ᠶᠠᠪᠤᠴᠠ ᠳᠠᠬᠢ ᠢᠳᠡᠭᠡᠨ ᠤ | ᠪᠣᠬᠢᠷᠲᠤᠯ ᠢ ᠬᠤᠷᠢᠭᠯᠠᠬᠤ ᠬᠡᠷᠡᠭᠲᠡᠶ᠃ ᠬᠦᠷᠭᠡᠳᠡᠭ ᠬᠤᠭᠤᠯᠠ ᠶᠢ ᠨᠢᠭᠡ ᠵᠤᠷᠪᠤᠰ ︽ᠠᠶᠤᠯᠭᠦᠶ ᠪᠦᠰᠡ︾ | ᠪᠦᠰᠡᠯᠡᠵᠦ ᠥᠭᠭᠦᠭᠰᠡᠨ ᠲᠠᠢ ᠠᠳᠠᠯᠢ᠂ ᠡᠨᠡ ᠨᠢ ᠰᠦᠯᠵᠢᠶᠡᠨ ᠤ ᠢᠳᠡᠭᠡᠨ ᠤᠮᠳᠠᠭᠠᠨ ᠡᠵᠡᠩᠨᠡᠭᠴᠢᠳ ᠤᠨ ᠢᠳᠡᠭᠡᠨ | ᠤᠮᠳᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠬᠦ ᠳᠤ ᠠᠰᠢᠭᠲᠠᠶ ᠶᠤᠮ᠃ ᠰᠦᠯᠵᠢᠶᠡᠨ ᠤ | ᠢᠳᠡᠭᠡᠨ ᠤᠮᠳᠠᠭᠠᠨ ᠤ ᠵᠠᠬ᠎ᠠ ᠳᠡᠯᠭᠡᠭᠦᠷ ᠤᠨ ᠡᠮᠬᠢ ᠵᠢᠷᠤᠮ ᠲᠠᠢ ᠬᠥᠭᠵᠢᠯᠲᠡ ᠶᠢ ᠵᠢᠷᠤᠮᠵᠢᠭᠤᠯᠤᠨ᠎ᠠ᠃ ᠣᠲᠣ | ᠪᠣᠯᠲᠠᠯ᠎ᠠ᠂ ᠡᠯ᠎ᠡ ᠲᠠᠪᠴᠠᠩ ᠤᠨ ᠰᠦᠯᠵᠢᠶᠡᠨ ᠳᠤ ᠤᠷᠤᠭᠰᠠᠨ ᠠᠵᠤ ᠠᠬᠤᠶᠢᠯᠠᠯ ᠤᠨ | ᠪᠢᠲᠡᠭᠦᠮᠵᠢᠯᠡᠯᠲᠡ ᠶᠢᠨ ᠪᠦᠷᠬᠦᠴᠡ ᠶᠢᠨ ᠨᠣᠷᠮ᠎ᠠ ᠵᠠᠭᠤᠨ ᠤ ᠵᠠᠭᠤ ᠳᠤ ᠬᠦᠷᠴᠦ᠂ ᠨᠢᠭᠡᠨᠲᠡ 5 ᠲᠦᠮᠡ ᠭᠠᠷᠤᠶ | ᠪᠢᠲᠡᠭᠦᠮᠵᠢᠯᠡᠯᠳᠦ ᠭᠠᠷ ᠤᠨ ᠥᠰᠥᠭ ᠵᠢᠷᠤᠵᠠᠶ᠃ | ᠬᠥᠲᠥᠯᠥᠭᠴᠢ᠄ ᠲᠠ ︽ᠲᠦᠩᠯᠢᠶᠣᠤ ᠶᠢᠨ ᠰᠠᠶᠢᠨ ᠲᠣᠭᠤᠭᠠᠨ ᠬᠡᠷ︾ ᠤᠨ ᠨᠡᠷᠡᠨ ᠭᠡᠷᠡᠯᠲᠦ ᠢᠳᠡᠭᠡᠨ | ᠤᠮᠳᠠᠭᠠᠨ ᠤ APP ᠤᠨ ᠠᠬᠢᠯᠲᠠ ᠶᠢᠨ ᠪᠠᠶᠢᠳᠠᠯ ᠵᠢᠴᠢ ᠦᠢᠯᠡᠳᠦᠯ ᠢ ᠲᠠᠨᠢᠯᠴᠠᠭᠤᠯᠤᠭᠠᠳ ᠥᠭᠭᠦᠨ᠎ᠡ ᠤᠤ︖ | 2019 ᠣᠨ ᠤ 6 ᠳ᠋ᠤᠭᠠᠷ ᠰᠠᠷ᠎ᠠ ᠳᠤ᠂ ᠮᠠᠨ ᠤ ᠬᠤᠲᠠ ︽ᠲᠦᠩᠯᠢᠶᠣᠤ ᠶᠢᠨ ᠰᠠᠶᠢᠨ ᠲᠣᠭᠤᠭᠠᠨ ᠭᠡᠷ︾ ᠤᠨ | ᠨᠡᠷᠡᠨ ᠭᠡᠷᠡᠯᠲᠦ ᠢᠳᠡᠭᠡᠨ ᠤᠮᠳᠠᠭᠠᠨ ᠤ ᠢᠨᠵᠧᠨᠧᠷᠢᠩ ᠢ ᠵᠢᠩᠬᠢᠨᠢ ᠪᠠᠷ ᠡᠬᠢᠯᠡᠨ ᠬᠡᠷᠡᠭᠵᠢᠭᠦᠯᠪᠡ᠂ ᠣᠳᠣ ᠪᠣᠯᠲᠠᠯ᠎ᠠ | ᠪᠦᠬᠦ ᠬᠤᠲᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠶᠢ 594 ᠤᠭᠰᠠᠷᠠᠨ᠂ ᠪᠥᠬᠦ ᠬᠤᠲᠠ ᠶᠢᠨ | ᠡᠵᠡᠯᠡᠬᠦ ᠬᠠᠷᠢᠴᠠᠯ ᠵᠠᠭᠤᠨ ᠤ 70% ᠶᠢ ᠡᠵᠡᠯᠡᠵᠦ᠂ ᠡᠭᠦᠨ ᠤ ᠳᠣᠲᠣᠷ᠎ᠠ 59 ᠠᠯᠪᠠᠨ ᠤ ᠪᠠ ᠬᠤᠪᠢ ᠶᠢᠨ | ᠲᠥᠷᠥᠯ ᠤᠨ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠤᠭᠤᠯᠠᠨ ᠬᠡᠷ ᠨᠢᠭᠡᠨᠲᠡ ︽ᠨᠡᠷᠡᠨ ᠭᠡᠷᠡᠯᠲᠦ ᠢᠳᠡᠭᠡᠨ | ᠤᠮᠳᠠᠭᠠᠨ︾ ᠤ ᠪᠦᠷᠬᠦᠴᠡ ᠶᠢᠨ ᠨᠣᠷᠮ᠎ᠠ ᠶᠢ ᠵᠠᠭᠤᠨ ᠤ ᠵᠠᠭᠤ ᠪᠠᠷ ᠪᠡᠶᠡᠯᠡᠭᠦᠯᠪᠡ᠃ ︽ᠲᠦᠩᠯᠢᠶᠣᠤ ᠶᠢᠨ ᠰᠠᠶᠢᠨ | ᠲᠣᠭᠤᠭᠠᠨ ᠭᠡᠷ︾ ᠤᠨ ᠨᠡᠷᠡᠨ ᠭᠡᠷᠡᠯᠲᠦ ᠢᠳᠡᠭᠡᠨ ᠤᠮᠳᠠᠭᠠᠨ ᠪᠣᠯ ︽ᠣᠶᠤᠨᠴᠢ ᠬᠤᠲᠠ ᠶᠢᠨ ᠪᠦᠲᠦᠭᠡᠨ | ᠪᠠᠶᠢᠭᠤᠯᠤᠯᠲᠠ︾ ᠶᠢᠨ ᠴᠢᠬᠤᠯᠠ ᠠᠭᠤᠯᠭ᠎ᠠ ᠪᠣᠯᠤᠨ᠎ᠠ᠂ ᠬᠡᠷᠡᠭᠯᠡᠭᠴᠢᠳ ︽ᠨᠡᠷᠡᠨ ᠭᠡᠷᠡᠯᠲᠦ ᠢᠳᠡᠭᠡᠨ ᠤᠮᠳᠠᠭᠠᠨ︾ | APP ᠪᠠᠷ ᠳᠠᠮᠵᠢᠭᠤᠯᠤᠨ ᠳᠡᠯᠭᠡᠭᠦᠷ ᠫᠦᠰᠡ ᠶᠢᠨ ᠵᠠᠷᠯᠠᠬᠰᠠᠨ ᠮᠡᠳᠡᠭᠡ ᠵᠠᠩᠭᠢ ᠪᠣᠯᠤᠨ ᠠᠷᠤ ᠲᠣᠭᠤᠭᠠᠨ ᠭᠡᠷ ᠤᠨ | ᠬᠠᠷᠠᠭᠠᠨ ᠳᠠᠪᠲᠠᠮᠵᠢ ᠶᠢᠨ ᠰᠢᠭᠤᠳ ᠨᠡᠪᠲᠡᠷᠡᠭᠦᠯᠭᠡ ᠶᠢ ᠪᠠᠶᠢᠴᠠᠭᠠᠨ ᠦᠵᠡᠵᠦ ᠪᠣᠯᠤᠨ᠎ᠠ᠃ ᠲᠣᠭᠤᠭᠠᠨ ᠭᠡᠷ ᠢ ︽ | ᠦᠵᠡᠭᠳᠡᠬᠦ᠋ᠢᠴᠡ ᠪᠣᠯᠭᠠᠬᠤ︾᠂ ︽ᠢᠯᠡ ᠲᠣᠳᠣ ᠪᠣᠯᠭᠠᠬᠤ︾ ᠪᠣᠯᠭᠠᠨ᠎ᠠ᠃ ︽ᠨᠡᠷᠡᠨ ᠭᠡᠷᠡᠯᠲᠦ ᠢᠳᠡᠭᠡᠨ | ᠤᠮᠳᠠᠭᠠᠨ︾ APP ᠶᠢ ᠳᠡᠯᠭᠡᠷᠡᠭᠦᠯᠦᠨ ᠬᠡᠷᠡᠭᠯᠡᠵᠦ᠂ ︽ᠮᠡᠳᠡᠭᠡ ᠵᠠᠩᠭᠢ ᠶᠢᠨ ᠠᠮᠠᠯᠠᠯᠲᠠ ᠶᠢ ᠪᠠᠶᠢᠴᠠᠭᠠᠵᠤ ᠪᠣᠯᠬᠤ᠂ | ᠲᠦᠭᠦᠬᠡᠶ ᠮᠠᠲ᠋ᠧᠷᠢᠶᠠᠯ ᠤᠨ ᠢᠷᠡᠯᠲᠡ ᠶᠢ ᠨᠡᠪᠳᠡᠷᠡᠬᠦᠯᠵᠦ ᠪᠣᠯᠬᠤ᠂ ᠠᠵᠢᠯᠯᠠᠬᠤ ᠶᠠᠪᠤᠴᠠ ᠶᠢ ᠦᠵᠡᠵᠦ ᠪᠣᠯᠬᠤ᠂ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠨᠢ ᠪᠠᠶᠢᠴᠠᠭᠠᠵᠤ ᠪᠣᠯᠬᠤ᠂ ᠠᠷᠠᠳ ᠣᠯᠠᠨ ᠤ ᠲᠥᠷᠥᠭᠳᠡᠯ ᠢ | ᠦᠨᠡᠯᠡᠵᠦ ᠪᠣᠯᠬᠤ︾ ᠢᠳᠡᠭᠡᠨ ᠤ ᠠᠮᠤᠷ ᠲᠦᠪᠰᠢᠨ ᠤ ᠬᠢᠨᠠᠯᠳᠠ ᠬᠠᠮᠢᠶᠠᠷᠤᠯᠲᠠ ᠶᠢᠨ ᠬᠠᠷᠠᠯᠲᠠ ᠶᠢ ᠪᠡᠶᠡᠯᠡᠭᠦᠯᠵᠦ᠂ | ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ᠂ ᠬᠢᠨᠠᠯᠲᠠ ᠬᠠᠮᠢᠶᠠᠷᠤᠯᠲᠠ ᠶᠢ ᠢᠯᠡ ᠲᠣᠳᠣ ᠪᠠᠶᠢᠯᠭᠠᠬᠤ᠂ ᠣᠯᠠᠨ | ᠲᠦᠮᠡᠨ ᠬᠢᠨᠠᠯᠲᠠ ᠲᠠᠯᠪᠢᠬᠤ᠂ ᠨᠡᠶᠢᠭᠡᠮ ᠢᠶᠠᠷ ᠢᠶᠠᠨ ᠬᠠᠮᠲᠤᠪᠠᠷ ᠵᠠᠰᠠᠬᠤ ᠢᠳᠡᠭᠡᠨ ᠤ ᠠᠮᠤᠷ ᠲᠦᠪᠰᠢᠨ ᠤ | ᠪᠠᠶᠢᠷᠢᠰᠢᠯ ᠢ ᠪᠤᠢ ᠪᠣᠯᠭᠠᠬᠤ ᠳᠤ ᠠᠰᠢᠭᠲᠠᠶ ᠶᠤᠮ᠃ | ᠬᠥᠲᠥᠯᠥᠭᠴᠢ᠄ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ᠢᠳᠡᠭᠡᠨ ᠤᠮᠳᠠᠭᠠᠨ ᠪᠦᠷᠢᠯᠭᠡᠬᠦ ᠶᠢ | ᠡᠷᠡᠰ ᠬᠤᠷᠢᠭᠯᠠᠬᠤ ᠲᠤᠬᠠᠶ ᠵᠢᠭᠠᠪᠤᠷᠢ ᠱᠠᠭᠠᠷᠳᠠᠯᠭ᠎ᠠ᠂ ᠪᠢᠳᠡ ᠶᠠᠭᠠᠬᠢᠵᠤ ᠨᠠᠶᠢᠳᠠᠪᠤᠷᠢᠵᠢᠭᠤᠯᠤᠭᠰᠠᠨ ᠪᠣᠶ︖ | ᠶᠡᠷᠦᠩᠬᠡᠶ ᠱᠦᠵᠢ ᠰᠢ ᠶᠢᠨ ᠫᠢᠩ ᠤᠨ ᠢᠳᠡᠭᠡᠨ ᠤᠮᠳᠠᠭᠠᠨ ᠤ ᠪᠦᠷᠢᠯᠭᠡᠯᠲᠡ ᠶᠢ ᠬᠤᠷᠢᠭᠯᠠᠨ ᠵᠣᠭᠰᠣᠭᠠᠬᠤ | ᠲᠤᠬᠠᠶ ᠴᠢᠬᠤᠯᠠ ᠵᠢᠭᠠᠪᠤᠷᠢ᠂ ᠮᠠᠨ ᠤ ᠨᠠᠮ ᠤᠨ ᠠᠵᠢᠯᠴᠢ ᠠᠷᠪᠢᠴᠢ ᠠᠷᠪᠢᠯᠠᠨ ᠭᠠᠮᠨᠠᠵᠤ ᠪᠦᠷᠢᠯᠭᠡᠨ ᠰᠦᠢᠳᠭᠡᠭᠦ ᠶᠢ | ᠡᠰᠡᠷᠭᠦᠴᠡᠬᠦ ᠢᠯᠡ ᠲᠣᠳᠣ ᠣᠪᠣᠷ ᠪᠣᠯᠤᠨ ᠡᠷᠡᠰ ᠪᠠᠲᠤ ᠵᠣᠷᠢᠭ ᠢ ᠬᠠᠷᠠᠭᠤᠯᠵᠠᠶ᠃ ᠰᠢ ᠶᠢᠨ ᠫᠢᠩ ᠨᠥᠬᠦᠷ ᠢᠶᠠᠷ | ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠠᠮᠤ ᠪᠤᠳᠠᠭᠠᠨ ᠤ ᠠᠮᠤᠷ ᠲᠦᠪᠰᠢᠨ ᠢ ᠲᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠤᠯᠠᠨ ᠲᠦᠮᠡᠨ ᠤ ᠠᠮᠢᠳᠤᠷᠠᠯ ᠢ ᠭᠦᠨ ᠬᠠᠯᠠᠮᠵᠢᠯᠠᠭᠰᠠᠨ ᠠᠷᠠᠳ ᠲᠦᠮᠡᠨ ᠤ ᠬᠠᠶᠢᠷ᠎ᠠ | ᠰᠡᠳᠬᠢᠯᠭᠡ ᠶᠢ ᠢᠯᠡᠷᠡᠭᠦᠯᠵᠡᠶ᠃ ᠡᠶᠢᠮᠦ ᠠᠴᠠ ᠮᠠᠨ ᠤ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠦᠳᠲᠡᠷ ᠲᠦᠷᠭᠡᠨ ᠬᠥᠳᠡᠯᠦᠯᠴᠡᠵᠦ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ︽ | ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠬᠦᠯᠬᠦ︾ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠰᠢᠷᠢᠰ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠪᠡ᠃ ᠨᠢᠭᠡ ᠳᠤ᠂ ᠣᠯᠠᠨ ᠠᠷᠭ᠎ᠠ ᠬᠡᠯᠪᠡᠷᠢ᠂ ᠣᠯᠠᠨ ᠶᠠᠩᠵᠤ ᠬᠡᠯᠪᠡᠷᠢ᠂ ᠣᠯᠠᠨ ᠠᠷᠭ᠎ᠠ | ᠵᠠᠮ ᠢᠶᠠᠷ ︽ᠢᠳᠡᠭᠡᠨ ᠤᠮᠳᠠᠭᠠᠨ ᠤ ᠪᠦᠷᠢᠯᠭᠡᠬᠦ ᠶᠢ ᠬᠤᠷᠢᠭᠯᠠᠨ ᠵᠣᠭᠰᠣᠭᠠᠵᠤ᠂ ᠠᠵᠢᠯᠴᠢ ᠠᠷᠪᠢᠴᠢ ᠪᠠᠷ ᠠᠷᠪᠢᠯᠠᠨ | ᠭᠠᠮᠨᠠᠬᠤ ᠶᠢ ᠴᠢᠩᠭ᠎ᠠ ᠶᠠᠪᠤᠭᠤᠯᠬᠤ︾ ᠵᠣᠷᠢᠭ ᠰᠠᠨᠠᠭ᠎ᠠ ᠶᠢ ᠬᠡᠷᠡᠭᠵᠢᠭᠦᠯᠵᠦ᠂ ᠨᠡᠶᠢᠭᠡᠮ ᠨᠡᠶᠢᠲᠡ ᠶᠢ ᠬᠥᠲᠥᠯᠥᠨ | ᠵᠢᠯᠣᠭᠤᠳᠴᠤ ᠪᠠᠶᠢᠭᠠᠳ ᠢᠳᠡᠭᠡᠨ ᠤᠮᠳᠠᠭᠠᠨ ᠤ ᠪᠦᠷᠢᠯᠭᠡᠬᠦ ᠶᠢ ᠡᠷᠡᠰ ᠬᠤᠷᠢᠭᠯᠠᠨ ᠵᠣᠭᠰᠣᠭᠠᠬᠤ ᠤᠬᠠᠭᠤᠯᠤᠭᠴᠢ᠂ | ᠦᠢᠯᠡᠳᠦᠯᠬᠡᠵᠢᠬᠦᠯᠦᠭᠴᠢ ᠪᠠ ᠬᠢᠨᠠᠯᠲᠠ ᠲᠠᠯᠪᠢᠭᠴᠢ ᠪᠣᠯᠭᠠᠬᠤ ᠬᠡᠷᠡᠭᠲᠡᠶ᠃ ᠬᠤᠶᠠᠷ ᠲᠤ᠂ ︽ᠪᠣᠯᠪᠠᠰᠤᠨ ᠬᠤᠭᠤᠯᠠᠨ | ᠰᠢᠷᠡᠭᠡ︾ ︽ᠬᠤᠭᠤᠰᠣᠨ ᠫᠢᠯᠠ ᠶᠢᠨ ᠠᠵᠢᠯᠯᠠᠭ᠎ᠠ︾ ᠶᠢ ᠦᠷᠭᠦᠯᠵᠢᠯᠡᠨ ᠠᠬᠢᠭᠤᠯᠵᠤ᠂ ᠡᠵᠡᠩᠨᠡᠯᠲᠡ ᠶᠢᠨ ᠲᠠᠯᠠᠪᠤᠷ | ᠭᠠᠵᠠᠷ ᠤᠨ ᠢᠯᠡᠷᠬᠡᠶ ᠪᠠᠶᠢᠷᠢᠨ ᠳᠤ ︽ᠪᠣᠯᠪᠠᠰᠤᠨ ᠬᠤᠭᠤᠯᠠᠨ ᠰᠢᠷᠡᠭᠡ︾ ︽ᠬᠤᠭᠤᠰᠣᠨ ᠫᠢᠯᠠ ᠶᠢᠨ ᠠᠵᠢᠯᠯᠠᠭ᠎ᠠ︾ | ᠶᠢᠨ ᠤᠬᠠᠭᠤᠯᠭ᠎ᠠ ᠶᠢᠨ ᠬᠡᠯᠡᠯᠭᠡ ᠪᠠ ᠵᠠᠷᠯᠠᠯ ᠨᠠᠭᠠᠬᠤ ᠬᠡᠷᠡᠭᠲᠡᠶ᠃ ᠭᠤᠷᠪᠠ ᠳᠤ᠄ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ᠂ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ᠂ ᠵᠠᠭᠠᠯᠳᠤᠵᠦ ᠢᠯᠡᠴᠢᠯᠡᠨ ᠮᠡᠳᠡᠭᠦᠯᠬᠦ ᠵᠡᠷᠭᠡ ᠠᠷᠭ᠎ᠠ | ᠪᠠᠷᠢᠯ ᠢ ᠬᠦᠢᠴᠡᠳ ᠠᠰᠢᠭᠯᠠᠵᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠦᠵᠡᠭᠳᠡᠯ ᠢ ᠴᠠᠭ ᠲᠤᠬᠠᠶ ᠳᠤᠨᠢ | ᠢᠯᠡᠷᠡᠭᠦᠯᠬᠦ ᠶᠢᠨ ᠬᠠᠮᠲᠤ ᠬᠤᠷᠢᠭᠯᠠᠬᠤ ᠬᠡᠷᠡᠭᠲᠡᠶ᠃ | ᠬᠥᠲᠥᠯᠥᠭᠴᠢ᠄ ᠬᠦᠷᠡᠯ ᠲᠣᠪᠴᠢᠶᠠᠨ ᠳᠠᠷᠤᠭ᠎ᠠ ᠥᠨᠥᠳᠦᠷ ᠪᠢᠳᠡᠨ ᠤ ᠰᠤᠷᠪᠤᠯᠵᠢᠯᠠᠭ᠎ᠠ ᠶᠢ ᠬᠦᠯᠢᠶᠡᠭᠰᠡᠨ ᠳᠤ | ᠲᠠᠯᠠᠷᠬᠠᠵᠤ ᠪᠠᠶᠢᠨ᠎ᠠ᠃ | ᠬᠦᠷᠡᠯ ᠲᠣᠪᠴᠢᠶᠠᠨ ᠳᠠᠷᠤᠭ᠎ᠠ᠄ ᠪᠢ ᠪᠦᠬᠦ ᠬᠤᠲᠠ ᠶᠢᠨ ᠪᠣᠶ ᠪᠦᠬᠦᠢ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠠᠵᠢᠯᠲᠠᠨ ᠢ ᠲᠦᠯᠦᠬᠡᠯᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠮᠠᠨ ᠤ ᠠᠵᠢᠯ ᠳᠤ | ᠦᠵᠡᠭᠦᠯᠦᠭᠰᠡᠨ ᠳᠡᠮᠵᠢᠯᠭᠡ ᠳᠤ ᠲᠠᠯᠠᠷᠬᠠᠬᠤ ᠶᠢᠨ ᠬᠠᠮᠲᠤ ᠣᠯᠠᠨ ᠢᠶᠠᠷ ᠢᠶᠠᠨ ᠮᠠᠨ ᠤ ᠬᠤᠲᠠ ᠶᠢᠨ ᠵᠠᠬ᠎ᠠ ᠳᠡᠯᠭᠡᠭᠦᠷ ᠢ | ᠬᠢᠨᠠᠨ ᠬᠠᠮᠢᠶᠠᠷᠬᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠬᠤ ᠶᠢ ᠴᠢᠩ ᠰᠡᠳᠬᠢᠯ ᠠᠴᠠ ᠪᠠᠶᠠᠷᠯᠠᠨ | ᠤᠭᠲᠤᠵᠤ ᠪᠠᠶᠢᠨ᠎ᠠ᠃ ᠪᠢᠳᠡ ᠢᠳᠡᠪᠬᠢᠲᠡᠢ ᠪᠠᠷ ᠬᠦᠯᠢᠶᠡᠨ ᠠᠪᠴᠤ ᠥᠭᠡᠷᠡᠴᠢᠯᠡᠨ ᠰᠠᠶᠢᠵᠢᠷᠠᠭᠤᠯᠵᠤ᠂ ᠮᠠᠨ ᠤ | ᠬᠤᠲᠠ ᠶᠢᠨ ᠠᠵᠤ ᠠᠬᠤᠢ᠂ ᠨᠡᠶᠢᠭᠡᠮ ᠤᠨ ᠲᠦᠷᠭᠡᠨ ᠬᠥᠭᠵᠢᠯᠲᠡ ᠳᠤ ᠨᠠᠩ ᠰᠠᠶᠢᠨ ᠠᠮᠤᠷ ᠲᠦᠪᠰᠢᠨ ᠤ | ᠪᠠᠲᠤᠯᠠᠭ᠎ᠠ ᠬᠠᠩᠭᠠᠨ᠎ᠠ᠃ | | | | | | | | |