ᠬᠤᠤᠯᠢᠩᠭᠤᠤᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠬᠤᠤᠯᠢᠩᠭᠤᠤᠯ ᠬᠤᠲᠠ ᠶᠢᠨ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠠᠶᠢᠨ ᠮᠠᠭᠤ ᠶᠢ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ | ᠶᠢᠨ ᠲᠤᠬᠠᠶ ᠮᠡᠳᠡᠭᠳᠡᠯ | | ᠬᠤᠤᠯᠢᠨ ᠠᠯᠪᠠᠨ ᠥᠰᠥᠭ ︹ 2020 ︺ 72 ᠳ᠋ᠤᠭᠠᠷ ᠲᠣᠭᠠᠲᠤ | | ᠲᠠᠯᠠᠶᠢᠬᠤᠰᠢᠭᠤ ᠰᠤᠮᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠠᠮᠢᠶᠠᠷᠤᠯᠲᠠ ᠶᠢᠨ ᠵᠥᠪᠯᠡᠯ | ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄ | ᠣᠳᠣ ︽ᠬᠤᠤᠯᠢᠩᠭᠤᠤᠯ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠠᠶᠢᠨ ᠮᠠᠭᠤ ᠶᠢ ᠦᠨᠡᠯᠡᠨ | ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠃ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ | 2020 ᠣᠨ ᠤ 10 ᠰᠠᠷ᠎ᠠ ᠶᠢᠨ 30 ᠤ ᠡᠳᠦᠷ | ᠬᠤᠤᠯᠢᠩᠭᠤᠤᠯ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠠᠶᠢᠨ ᠮᠠᠭᠤ ᠵᠥᠷᠢᠶᠡᠲᠦ | ᠦᠨᠡᠯᠡᠯᠲᠡ ᠶᠢ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶ | | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠦᠢᠯ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠪᠦᠬᠦ | ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︿ᠰᠠᠶᠢᠨ ᠮᠠᠭᠤ ᠶᠢ ᠦᠨᠡᠯᠡᠬᠦ﹀ | ᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶︾᠂ ᠲᠦᠩᠯᠢᠶᠣᠤ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠥᠪ ᠤᠨ ︿ᠰᠠᠶᠢᠨ ᠮᠠᠭᠤ ᠶᠢ ᠦᠨᠡᠯᠡᠬᠦ﹀ ᠠᠵᠢᠯ ᠤᠨ ᠬᠠᠮᠢᠶ᠎ᠠ ᠪᠦᠬᠦᠢ ᠳᠦᠷᠢᠮ ᠵᠡᠷᠭᠡ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠨᠢ ᠬᠤᠤᠯᠢᠩᠭᠤᠤᠯ ᠬᠤᠲᠠ ᠶᠢᠨ ᠡᠯ᠎ᠡ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠪᠠᠶᠢᠭᠤᠯᠤᠮᠵᠢ ︵ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ᠂ ᠡᠯ᠎ᠡ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠬᠤᠪᠢᠶᠠᠷᠢ ᠲᠢᠩᠬᠢᠮ᠂ ᠵᠡᠭᠡᠯᠢ ᠭᠤᠳᠤᠮᠵᠢ ︵ᠰᠤᠮᠤ︶ ᠶᠢᠨ ᠠᠷᠠᠳ ᠲᠤ ᠳᠥᠭᠦᠮ | ᠦᠵᠡᠭᠦᠯᠬᠦ ᠦᠢᠯᠡᠴᠢᠯᠡᠬᠡᠨ ᠤ ᠲᠥᠪ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠤᠨ ᠠᠷᠠᠳ ᠲᠤ ᠳᠥᠭᠦᠮ | ᠦᠵᠡᠭᠦᠯᠬᠦ ᠦᠢᠯᠡᠴᠢᠯᠡᠬᠡᠨ ᠤ ᠴᠢᠭ᠋ ᠢ ᠪᠠᠭᠲᠠᠭᠠᠨ᠎ᠠ᠂ ᠳᠣᠷᠣᠭᠰᠢ ᠠᠳᠠᠯᠢ︶᠂ ᠡᠯ᠎ᠡ ᠲᠥᠷᠥᠯ ᠤᠨ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠲᠠᠪᠴᠠᠩ ︵ᠰᠠᠯᠠᠭ᠎ᠠ ᠮᠦᠴᠢᠷ ᠤᠨ ᠥᠪᠡᠷ ᠢᠶᠠᠨ ᠪᠠᠶᠢᠭᠤᠯᠤᠭᠰᠠᠨ ᠲᠤᠬᠠᠶᠢᠯᠠᠭᠰᠠᠨ | ᠠᠵᠢᠯ ᠤᠨ ᠰᠢᠰᠲ᠋ᠧᠮ᠂ ᠬᠠᠯᠠᠭᠤᠨ ᠤᠲᠠᠰᠤ᠂ ᠰᠢᠯᠵᠢᠮᠡᠯ ᠦᠢᠯᠡᠴᠢᠯᠡᠬᠡᠨ ᠤ ᠦᠵᠦᠭᠦᠷ᠂ ᠥᠪᠡᠰᠦᠪᠡᠨ | ᠦᠢᠯᠡᠴᠢᠯᠡᠬᠦ ᠦᠵᠦᠭᠦᠷ ᠵᠡᠷᠭᠡ ᠪᠠᠭᠲᠠᠨ᠎ᠠ᠃ ᠳᠣᠷᠣᠭᠰᠢ ᠠᠳᠠᠯᠢ︶ ᠵᠢᠴᠢ ᠲᠡᠭᠦᠨ ᠤ ᠠᠵᠢᠯᠲᠠᠨ ᠤ ᠦᠨᠡᠯᠡᠯᠲᠡ᠃ | ᠭᠤᠷᠪᠠᠳᠤᠭᠠᠷ ᠵᠦᠢᠯ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠠᠶᠢᠨ ᠦᠨᠡᠯᠡᠬᠦ ᠠᠵᠢᠯ ᠳᠤ ᠠᠵᠤ | ᠠᠬᠤᠶᠢᠯᠠᠯ ᠪᠣᠯᠤᠨ ᠣᠯᠠᠨ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠠᠵᠢᠯ ᠶᠠᠪᠤᠳᠠᠯ ᠬᠦᠢᠴᠡᠳᠬᠡᠵᠦ | ᠪᠡᠶᠡᠴᠢᠯᠡᠨ ᠣᠶᠢᠯᠠᠭᠠᠬᠤ ᠪᠠᠷ ᠤᠳᠤᠷᠢᠳᠤᠮᠵᠢ ᠪᠣᠯᠭᠠᠵᠤ᠂ ᠪᠥᠬᠦ ᠲᠠᠯ᠎ᠠ ᠪᠠᠷ ᠵᠢᠷᠤᠮᠵᠢᠬᠰᠠᠨ᠂ ᠢᠯᠡ ᠪᠥᠭᠡᠳ | ᠭᠤᠤᠯᠴᠢ᠂ ᠳᠥᠭᠦᠮ ᠳᠥᠲᠡ ᠥᠨᠳᠥᠷ ᠪᠦᠲᠦᠮᠵᠢᠲᠡᠶ ᠪᠠᠶᠢᠬᠤ ᠵᠠᠷᠴᠢᠮ ᠢ ᠵᠢᠷᠤᠮᠯᠠᠨ᠎ᠠ᠃ | | ᠬᠤᠶᠠᠳᠤᠭᠠᠷ ᠪᠦᠯᠦᠭ ᠬᠠᠷᠢᠭᠤᠴᠠᠯᠭ᠎ᠠ ᠶᠢᠨ ᠬᠤᠪᠢᠶᠠᠷᠢᠯᠠᠯ | ᠳᠥᠷᠪᠡᠳᠦᠭᠡᠷ ᠵᠦᠢᠯ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠨ ᠪᠦᠬᠦ | ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠶᠢᠨ ᠮᠠᠭᠤ ᠦᠨᠡᠯᠡᠯᠲᠡ ᠶᠢᠨ ᠠᠵᠢᠯ ᠢ ᠵᠣᠬᠢᠶᠠᠨ ᠪᠠᠶ | ᠢᠭᠤᠯᠵᠤ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠰᠠᠶᠢᠨ ᠮᠠᠭᠤ ᠶᠢ ᠦᠨᠡᠯᠡᠬᠦ ᠠᠵᠢᠯ ᠤᠨ | ᠨᠢᠭᠡᠳᠦᠯᠲᠡᠶ ᠪᠠᠶ ᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠣᠰᠣᠭᠠᠷ᠂ ᠦᠨᠡᠯᠡᠬᠦ ᠪᠠᠷᠢᠮᠵᠢᠶ᠎ᠠ ᠶᠢ ᠤᠯᠠᠮ ᠨᠢᠭᠡ | ᠠᠯᠬᠤᠮ ᠵ᠊ ᠵᠢᠷᠤᠮᠵᠢᠭᠤᠯᠵᠦ᠂ ᠦᠨᠡᠯᠡᠬᠦ ᠠᠷᠭ᠎ᠠ ᠵᠠᠮ ᠢ ᠥᠷᠭᠡᠳᠬᠡᠵᠦ᠂ ᠬᠡᠷᠡᠭᠵᠢᠭᠦᠯᠬᠦ ᠠᠭᠤᠯᠭ᠎ᠠ ᠶᠢ | ᠨᠠᠷᠢᠯᠢᠭᠵᠢᠭᠤᠯᠤᠨ᠂ ᠢᠵᠢ ᠪᠦᠷᠢᠳᠦᠭᠰᠡᠨ ᠳᠦᠷᠢᠮ ᠢ ᠲᠡᠭᠦᠯᠳᠡᠷᠵᠢᠭᠦᠯᠵᠦ᠂ ᠳᠠᠬᠢᠨ ᠬᠢᠨᠠᠭᠰᠠᠨ ᠭᠤᠮᠣᠳᠠᠯ | ᠲᠣᠭᠠᠴᠢᠯᠲᠠ ᠶᠢ ᠬᠦᠯᠢᠶᠡᠨ ᠠᠪᠴᠤ ᠰᠢᠢᠳᠪᠦᠷᠢᠯᠡᠨ᠂ ᠬᠢᠨᠠᠨ ᠰᠢᠯᠭᠠᠬᠤ ᠬᠠᠮᠢᠶᠠᠷᠤᠯᠳᠠ ᠪᠠᠨ ᠴᠢᠩᠭᠠᠳᠬᠠᠵᠤ᠂ | ᠬᠢᠨᠠᠯᠲᠠ ᠲᠠᠯᠪᠢᠬᠤ ᠠᠵᠢᠯ ᠤᠨ ᠠᠵᠢᠯᠯᠠᠭᠠᠨ ᠢ ᠶᠠᠪᠤᠭᠳᠠᠭᠤᠯᠪᠠ᠃ | ᠲᠠᠪᠤᠳᠤᠭᠠᠷ ᠵᠦᠢᠯ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠪᠣᠯᠤᠨ ᠡᠯ᠎ᠡ ᠣᠷᠣᠵᠤ ᠰᠠᠭᠤᠬᠤ | ᠰᠠᠯᠠᠭ᠎ᠠ ᠮᠥᠴᠢᠷ ᠬᠠᠮᠲᠤᠪᠠᠷ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠵᠢᠴᠢ ᠡᠯ᠎ᠡ ᠬᠤᠪᠢᠶᠠᠷᠢ | ᠲᠢᠩᠬᠢᠮ ᠤᠨ ᠰᠠᠶᠢᠨ ᠪᠠ ᠠᠯᠪᠠᠨ ᠲᠤᠰᠢᠶᠠᠯ ᠤᠨ ᠦᠨᠡᠯᠡᠯᠲᠡ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ | ᠵᠡᠭᠡᠯᠢ ᠭᠤᠳᠤᠮᠵᠢ ︵ᠰᠤᠮᠤ︶ ᠨᠢ ᠲᠣᠰ ᠬᠠᠷᠢᠶ᠎ᠠ ᠣᠷᠣᠨ ᠤ ᠪᠠᠨ ᠠᠷᠠᠳ ᠲᠤ ᠳᠥᠭᠦᠮ ᠦᠵᠡᠭᠦᠯᠬᠦ | ᠦᠢᠯᠡᠴᠢᠯᠡᠬᠡᠨ ᠤ ᠲᠥᠪ ᠵᠢᠴᠢ ᠠᠷᠠᠳ ᠲᠤ ᠳᠥᠭᠦᠮ ᠦᠵᠡᠭᠦᠯᠬᠦ ᠦᠢᠯᠡᠴᠢᠯᠡᠬᠡᠨ ᠤ ᠴᠡᠭ ᠤᠨ ᠰᠠᠶᠢᠨ ᠪᠠ | ᠵᠥᠷᠢᠶᠡᠲᠦ ᠦᠨᠡᠯᠡᠯᠲᠡ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠬᠤ ᠶᠢ ᠬᠠᠷᠢᠭᠤᠴᠠᠨ᠎ᠠ᠂ ᠡᠯ᠎ᠡ | ᠬᠠᠷᠢᠭᠤᠴᠠᠯᠭᠠᠲᠤ ᠨᠢᠭᠡᠴᠡ ᠪᠣᠳᠠᠲᠤ ᠪᠠᠶᠢᠳᠠᠯ ᠲᠠᠢ ᠤᠶᠠᠯᠳᠤᠭᠤᠯᠤᠨ ᠠᠷᠭ᠎ᠠ ᠶᠢᠨ ᠲᠣᠭᠲᠠᠭᠠᠯ ᠢ ᠨᠠᠷᠢᠰᠬᠠᠵᠤ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠵᠤ᠂ | ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠶᠢ ᠨᠠᠶᠢᠳᠠᠪᠤᠷᠢᠵᠢᠭᠤᠯᠪᠠ᠃ | ᠵᠢᠷᠭᠤᠳᠤᠭᠠᠷ ᠵᠦᠢᠯ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠨ | ᠲᠣᠰ ᠬᠠᠷᠢᠶ᠎ᠠ ᠣᠷᠣᠨ ᠤ ᠪᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠶᠢᠨ ᠪᠠ ᠵᠥᠷᠢᠶᠡᠲᠦ ᠦᠨᠡᠯᠡᠯᠲᠡ ᠶᠢᠨ | ᠠᠵᠢᠯ ᠢ ᠵᠣᠬᠢᠶᠠᠨ ᠪᠠᠶᠢᠭᠤᠯᠵᠤ᠂ ᠳᠠᠬᠢᠨ ᠬᠢᠨᠠᠭᠰᠠᠨ ᠭᠤᠮᠣᠳᠠᠯ ᠲᠣᠭᠠᠴᠢᠯᠲᠠ ᠶᠢ ᠬᠦᠯᠢᠶᠡᠨ ᠠᠪᠴᠤ ᠰᠢᠢᠳᠪᠦᠷᠢᠯᠡᠨ | ᠂ ᠬᠠᠮᠢᠶᠠᠷᠤᠯᠲᠠ ᠶᠢᠨ ᠬᠢᠨᠠᠨ ᠰᠢᠯᠭᠠᠯᠳᠠ ᠶᠢ ᠴᠢᠩᠭᠠᠳᠬᠠᠵᠤ᠂ ᠠᠵᠢᠯ ᠤᠨ ᠠᠵᠢᠯᠯᠠᠭᠠᠨ ᠳᠤ ᠬᠢᠨᠠᠯᠲᠠ ᠲᠠᠯᠪᠢᠪᠠ᠃ | ᠳᠣᠯᠣᠳᠤᠭᠠᠷ ᠵᠦᠢᠯ ᠡᠯ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠣᠳᠠᠲᠠᠢ ᠬᠦᠯᠢᠶᠡᠨ ᠠᠪᠴᠤ ᠰᠢᠢᠳᠪᠦᠷᠢᠯᠡᠵᠦ᠂ ᠳᠣᠲᠣᠭᠠᠳᠤ | ᠬᠠᠮᠢᠶᠠᠷᠤᠯᠲᠠ ᠪᠠᠨ ᠴᠢᠩᠭᠠᠳᠬᠠᠵᠤ᠂ ᠡᠷᠬᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠲᠤᠳᠤᠷᠬᠠᠶᠢᠯᠠᠵᠦ᠂ ᠠᠵᠤ | ᠠᠬᠤᠶᠢᠯᠠᠯ ᠪᠣᠯᠤᠨ ᠣᠯᠠᠨ ᠲᠦᠮᠡᠨ ᠤ ᠦᠨᠡᠯᠡᠯᠲᠡ ᠶᠢ ᠬᠦᠯᠢᠶᠡᠵᠦ᠂ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠵᠤ᠂ ᠦᠢᠯᠡᠴᠢᠯᠡᠬᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠨᠠᠢᠮᠠᠳᠤᠭᠠᠷ ᠵᠦᠢᠯ ᠵᠡᠭᠡᠯᠢ ᠭᠤᠳᠤᠮᠵᠢ ︵ᠰᠤᠮᠤ︶ ᠶᠢᠨ ᠠᠷᠠᠳ ᠲᠤ ᠳᠥᠭᠦᠮ ᠦᠵᠡᠭᠦᠯᠬᠦ | ᠦᠢᠯᠡᠴᠢᠯᠡᠬᠡᠨ ᠤ ᠲᠥᠪ ᠪᠣᠯᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠤᠨ ᠠᠷᠠᠳ ᠲᠤ ᠳᠥᠭᠦᠮ | ᠦᠵᠡᠭᠦᠯᠬᠦ ᠦᠢᠯᠡᠴᠢᠯᠡᠬᠡᠨ ᠤ ᠴᠢᠭ᠋ ᠢ ᠬᠦᠯᠢᠶᠡᠨ ᠠᠪᠴᠤ ᠰᠢᠢᠳᠪᠦᠷᠢᠯᠡᠬᠦ ᠪᠠ ᠦᠨᠳᠦᠰᠦᠨ ᠱᠠᠲᠤᠨ ᠤ | ᠦᠢᠯᠡᠴᠢᠯᠡᠬᠡᠨ ᠤ ᠵᠦᠢᠯᠡᠰ ᠢ ᠬᠦᠢᠴᠡᠳᠬᠡᠨ᠎ᠡ᠃ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ | ᠠᠵᠢᠯᠲᠠᠨ ᠤ ᠬᠡᠪ ᠴᠢᠨᠠᠷ ᠢ ᠲᠡᠭᠡᠭᠰᠢᠯᠡᠬᠦᠯᠵᠦ᠂ ᠣᠯᠠᠨ ᠲᠦᠮᠡᠨ ᠤ ᠦᠨᠡᠯᠡᠯᠲᠡ ᠶᠢ ᠬᠦᠯᠢᠶᠡᠨ ᠠᠪᠴᠤ᠂ ᠰᠠᠨᠠᠯ | ᠰᠠᠨᠠᠭᠤᠯᠭ᠎ᠠ ᠶᠢ ᠴᠤᠭᠯᠠᠭᠤᠯᠵᠤ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ ᠬᠠᠷᠢᠭᠤ ᠲᠤᠰᠬᠠᠪᠠ᠃ | ᠶᠢᠰᠦᠳᠦᠭᠡᠷ ᠵᠦᠢᠯ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠨᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ᠂ ᠠᠵᠢᠯ ᠶᠠᠪᠤᠳᠠᠯ | ᠬᠦᠢᠴᠡᠳᠬᠡᠬᠦ ᠵᠦᠭᠯᠡᠭᠦᠷ ᠢᠶᠠᠨ ᠲᠡᠭᠦᠯᠳᠡᠷᠵᠢᠭᠦᠯᠵᠦ᠂ ᠠᠵᠢᠯ ᠶᠠᠪᠤᠳᠠᠯ ᠬᠦᠢᠴᠡᠳᠬᠡᠬᠦ ᠶᠠᠪᠤᠴᠠ ᠪᠠᠨ | ᠰᠢᠯᠢᠳᠡᠭᠵᠢᠭᠦᠯᠵᠦ᠂ ᠦᠨᠡᠯᠡᠬᠦ ᠠᠷᠭ᠎ᠠ ᠵᠠᠮ ᠢᠶᠠᠨ ᠰᠢᠯᠤᠭᠤᠳᠬᠠᠵᠤ᠂ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠵᠤ᠂ ᠳᠥᠭᠦᠮ ᠳᠥᠲᠡ ᠦᠢᠯᠡᠴᠢᠯᠡᠭᠡ ᠬᠠᠩᠭᠠᠨ᠎ᠠ᠃ | | ᠭᠤᠷᠪᠠᠳᠤᠭᠠᠷ ᠪᠦᠯᠦᠭ ᠦᠨᠡᠯᠡᠬᠦ ᠪᠠᠷᠢᠮᠵᠢᠶ᠎ᠠ ᠪᠠ ᠱᠠᠭᠠᠷᠳᠠᠯᠭ᠎ᠠ | ᠠᠷᠪᠠᠳᠤᠭᠠᠷ ᠵᠦᠢᠯ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ | ᠲᠦᠰᠢᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠶᠢᠨ ᠮᠠᠭᠤ ᠶᠢ ᠦᠨᠡᠯᠡᠬᠦ ᠰᠢᠰᠲ᠋ᠧᠮ ᠢ | ᠲᠡᠭᠦᠯᠳᠡᠷᠵᠢᠭᠦᠯᠦᠨ᠎ᠡ᠃ ᠦᠨᠡᠯᠡᠬᠦ ᠪᠠᠷᠢᠮᠵᠢᠶ᠎ᠠ ᠶᠢ ᠨᠢᠭᠡᠳᠬᠡᠵᠦ᠂ ᠦᠨᠡᠯᠡᠬᠦ ᠠᠷᠭ᠎ᠠ ᠵᠠᠮ ᠢ ᠠᠭᠤᠰᠤᠯᠴᠠᠭᠤᠯᠤᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠶᠢᠨ ᠵᠥᠷᠢᠶᠡᠲᠦ ᠦᠨᠡᠯᠡᠯᠲᠡ ᠶᠢᠨ ᠲᠦᠷᠢᠮ ᠤᠨ ᠬᠠᠮᠢᠶᠠᠷᠤᠯᠲᠠ ᠶᠢᠨ | ᠰᠢᠰᠲ᠋ᠧᠮᠵᠢ ᠵᠢᠪᠦ᠋ᠬᠦ ᠲᠠᠯ᠎ᠠ ᠪᠠᠷ ᠪᠠᠶᠢᠭᠤᠯᠤᠨ᠎ᠠ᠃ | ᠠᠷᠪᠠᠨ ᠨᠢᠭᠡᠳᠦᠭᠡᠷ ᠵᠦᠢᠯ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠳᠤ ᠲᠦᠰᠢᠭᠯᠡᠨ᠂ ᠡᠯ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠪᠢᠶᠠᠷᠢ ᠲᠢᠩᠬᠢᠮ᠂ | ᠦᠨᠳᠦᠰᠦᠨ ᠱᠠᠲᠤᠨ ᠤ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠥᠪ᠂ ᠠᠷᠠᠳ ᠲᠤ ᠳᠥᠭᠦᠮ | ᠦᠵᠡᠭᠦᠯᠬᠦ ᠦᠢᠯᠡᠴᠢᠯᠡᠭᠡᠨ ᠤ ᠴᠢᠭ ᠤᠨ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠬᠤᠲᠠ᠂ ᠵᠡᠭᠡᠯᠢ | ᠭᠤᠳᠤᠮᠵᠢ ︵ᠰᠤᠮᠤ︶᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠤᠨ ᠦᠢᠯᠡᠴᠢᠯᠡᠭᠡᠨ ᠤ ᠵᠦᠢᠯ᠂ | ᠦᠢᠯᠡᠴᠢᠯᠡᠭᠡᠨ ᠤ ᠠᠷᠭ᠎ᠠ ᠵᠠᠮ ᠢ ᠪᠦᠬᠦᠨ ᠢ ᠬᠠᠮᠤᠭᠤᠷᠠᠭᠤᠯᠬᠤ ᠶᠢ ᠨᠢᠭᠡᠳᠦᠯᠲᠡᠶ ᠲᠥᠯᠥᠪᠯᠡᠨ ᠲᠦᠯᠬᠢᠨ | ᠠᠬᠢᠭᠤᠯᠤᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠪᠦᠬᠦᠨ ᠢ ᠠᠭᠤᠰᠤᠯᠴᠠᠭᠤᠯᠵᠤ᠂ ᠲᠤᠭ᠎ᠠ | ᠪᠠᠷᠢᠮᠲᠠ ᠶᠢᠨ ᠪᠦᠬᠦ ᠲᠠᠯ᠎ᠠ ᠶᠢᠨ᠂ ᠴᠠᠭ ᠲᠤᠬᠠᠶ ᠳᠤᠨᠢ᠂ ᠵᠥᠪ ᠣᠨᠣᠪᠴᠢᠲᠠᠶ ᠪᠠᠶᠢᠬᠤ ᠶᠢ ᠪᠠᠲᠤᠯᠠᠨ᠎ᠠ᠃ | ᠠᠷᠪᠠᠨ ᠬᠤᠶᠠᠳᠤᠭᠠᠷ ᠵᠦᠢᠯ ᠪᠦᠬᠦ ᠬᠤᠲᠠ ᠶᠢᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢᠨ ᠵᠦᠢᠯᠡᠰ ᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠤᠨ ᠨᠠᠷᠢᠨ ᠳᠠᠩᠰᠠ ᠶᠢᠨ ᠬᠥᠳᠡᠯᠦᠩᠭᠦᠢ | ᠬᠠᠮᠢᠶᠠᠷᠤᠯᠳᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠡᠷᠡᠭᠵᠢᠭᠦᠯᠬᠦ ᠨᠠᠷᠢᠨ | ᠬᠠᠭᠤᠳᠠᠰᠤ ᠶᠢᠨ ᠡᠯ᠎ᠡ ᠵᠦᠢᠯ ᠤᠨ ᠦᠨᠳᠦᠰᠦᠨ ᠡᠯᠧᠮᠧᠨ᠋ᠲ ᠢ ᠡᠮᠬᠢᠯᠡᠵᠦ ᠲᠡᠭᠦᠯᠳᠡᠷᠵᠢᠭᠦᠯᠪᠡ᠃ ᠠᠳᠠᠯᠢ ᠨᠢᠭᠡᠨ | ᠬᠡᠷᠡᠭ ᠶᠠᠪᠤᠳᠠᠯ ᠢ ᠢᠯᠭᠠᠭ᠎ᠠ ᠥᠬᠡᠶ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ | ᠰᠢᠢᠳᠪᠦᠷᠢᠯᠡᠬᠦ ᠶᠢ ᠠᠬᠢᠭᠤᠯᠤᠨ᠎ᠠ᠃ | ᠠᠷᠪᠠᠨ ᠭᠤᠷᠪᠠᠳᠤᠭᠠᠷ ᠵᠦᠢᠯ ᠠᠵᠢᠯ ᠶᠠᠪᠤᠳᠠᠯ ᠬᠦᠢᠴᠡᠳᠬᠡᠬᠦ ᠴᠤᠪᠤᠷᠠᠯ ᠢ ᠦᠷᠭᠦᠯᠵᠢᠯᠡᠨ | ᠰᠢᠯᠢᠳᠡᠭᠵᠢᠭᠦᠯᠵᠦ᠂ ᠬᠦᠢᠴᠡᠳᠬᠡᠬᠦ ᠭᠤᠭᠴᠤᠭ᠎ᠠ ᠶᠢ ᠴᠥᠭᠡᠳᠬᠡᠨ᠂ ᠬᠦᠢᠴᠡᠳᠬᠡᠬᠦ ᠴᠠᠭ ᠤᠨ ᠬᠢᠵᠠᠭᠠᠷ ᠢ | ᠪᠠᠭᠠᠰᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ ᠬᠠᠮᠲᠤᠪᠠᠷ ᠡᠳ᠋ᠯᠡᠬᠦ ᠶᠢ ᠴᠢᠩᠭᠠᠳᠬᠠᠨ᠎ᠠ᠃ | ᠠᠷᠪᠠᠨ ᠳᠥᠷᠪᠡᠳᠦᠭᠡᠷ ᠵᠦᠢᠯ ᠠᠭᠤᠯᠵᠠᠬᠤ ᠦᠭᠡᠢ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ ᠶᠡᠬᠡᠪᠡᠷ | ᠲᠦᠯᠬᠢᠨ ᠠᠬᠢᠭᠤᠯᠵᠤ᠂ ᠰᠦᠯᠵᠢᠶᠡᠨ ᠳᠡᠭᠡᠷᠡᠬᠢ ᠦᠢᠯᠡᠴᠢᠯᠡᠬᠡᠨ ᠤ ᠴᠤᠪᠤᠷᠠᠯ ᠢ ᠲᠡᠭᠦᠯᠳᠡᠷᠵᠢᠭᠦᠯᠵᠦ᠂ ᠨᠠᠩ ᠣᠯᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠠᠰᠠᠭᠤᠨ ᠯᠠᠪᠯᠠᠬᠤ᠂ ᠭᠥᠯᠢᠶᠡᠨ | ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ ᠶᠢ ᠳᠥᠯᠭᠢᠨ ᠠᠬᠢᠭᠤᠯᠵᠤ᠂ ᠰᠦᠯᠵᠢᠶᠡᠨ ᠳᠡᠭᠡᠷ᠎ᠡ ᠠᠵᠢᠯ ᠶᠠᠪᠤᠳᠠᠯ | ᠬᠦᠢᠴᠡᠳᠬᠡᠬᠦ ᠶᠠᠪᠤᠴᠠ ᠨᠢ ᠲᠣᠳᠣᠷᠬᠠᠶ᠂ ᠠᠵᠢᠯᠯᠠᠭᠤᠯᠬᠤ ᠨᠢ ᠳᠥᠭᠦᠮ ᠳᠥᠲᠡ᠂ ᠨᠡᠪᠲᠡᠷᠡᠯᠴᠡᠭᠡ ᠨᠢ ᠤᠷᠤᠭᠰᠢᠲᠠᠶ | ᠪᠠᠶᠢᠬᠤ ᠶᠢ ᠪᠡᠶᠡᠯᠡᠭᠦᠯᠦᠨ᠎ᠡ᠃ | ᠠᠷᠪᠠᠨ ᠲᠠᠪᠤᠳᠤᠭᠠᠷ ᠵᠦᠢᠯ ᠦᠨᠡᠯᠡᠭᠴᠢ ᠶᠢ ᠦᠨᠡᠯᠡᠵᠦ ᠬᠠᠮᠠᠭᠠᠯᠠᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠬᠦᠯᠵᠦ᠂ ᠦᠨᠡᠯᠡᠭᠴᠢ ᠶᠢᠨ ᠦᠨᠡᠯᠡᠯᠲᠡ ᠶᠢ ᠬᠠᠭᠤᠷᠤᠨ ᠮᠡᠬᠡᠯᠡᠬᠦ᠂ ᠬᠠᠷᠰᠢᠯᠠᠬᠤ᠂ ᠬᠤᠷᠢᠭᠯᠠᠬᠤ | ᠪᠠᠶᠢᠳᠠᠯ ᠢ ᠴᠢᠩᠭ᠎ᠠ ᠰᠡᠷᠭᠡᠶᠢᠯᠡᠵᠦ᠂ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠡᠷᠬᠡ ᠮᠡᠳᠡᠯ ᠢ ᠴᠢᠩᠭ᠎ᠠ | ᠵᠢᠷᠤᠮᠵᠢᠭᠤᠯᠵᠤ᠂ ᠦᠨᠡᠯᠡᠭᠴᠢ ᠶᠢᠨ ᠮᠡᠳᠡᠭᠡ ᠵᠠᠩᠭᠢ ᠶᠢ ᠵᠠᠳᠠᠷᠠᠭᠤᠯᠤᠭᠰᠠᠨ᠂ ᠦᠨᠡᠯᠡᠭᠴᠢ ᠳᠤ ᠴᠣᠬᠢᠯᠲᠠ ᠥᠭᠴᠦ | ᠥᠰᠢᠶ᠎ᠡ ᠠᠪᠤᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠠᠷᠪᠠᠨ ᠵᠢᠷᠭᠤᠳᠤᠭᠠᠷ ᠵᠦᠢᠯ ᠦᠨᠡᠯᠡᠯᠲᠡ ᠤᠬᠠᠭᠤᠯᠭ᠎ᠠ ᠪᠠᠨ ᠴᠢᠩᠭᠠᠳᠬᠠᠵᠤ᠂ ᠨᠡᠶᠢᠭᠡᠮ ᠤᠨ ᠡᠯ᠎ᠡ | ᠡᠲᠡᠭᠡᠳ ᠤᠨ ᠰᠠᠨᠠᠭᠠᠴᠢᠯᠠᠭ᠎ᠠ ᠠᠴᠠ ᠪᠠᠨ ᠤᠴᠢᠷ ᠶᠠᠪᠤᠳᠠᠯ᠂ ᠪᠠᠶᠢᠭᠤᠯᠤᠮᠵᠢ᠂ ᠲᠠᠪᠴᠠᠩ ᠵᠢᠴᠢ ᠠᠵᠢᠯᠲᠠᠨ ᠤ | ᠦᠨᠡᠯᠡᠯᠲᠡ ᠳᠤ ᠣᠷᠣᠯᠴᠠᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠨᠡᠶᠢᠭᠡᠮ ᠤᠨ ᠬᠢᠨ ᠤ ᠬᠢᠨᠠᠯᠲᠠ | ᠲᠠᠯᠪᠢᠯᠲᠠ ᠶᠢ ᠬᠦᠯᠢᠶᠡᠨ᠎ᠡ᠃ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠰᠢᠢᠳᠪᠦᠷᠢᠯᠡᠭᠰᠡᠨ | ᠦᠷ᠎ᠡ ᠳ᠋ᠦᠩ ᠢ ᠬᠠᠷᠢᠭᠤ ᠲᠤᠰᠬᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | | ᠳᠥᠷᠪᠡᠳᠦᠭᠡᠷ ᠪᠦᠯᠦᠭ ᠦᠨᠡᠯᠡᠬᠦ ᠠᠷᠭ᠎ᠠ ᠵᠠᠮ᠂ ᠠᠭᠤᠯᠭ᠎ᠠ ᠪᠠ ᠬᠡᠷᠡᠭᠵᠢᠭᠦᠯᠬᠦ | ᠠᠷᠪᠠᠨ ᠳᠣᠯᠣᠳᠤᠭᠠᠷ ᠵᠦᠢᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠶᠢᠨ ᠮᠠᠭᠤ ᠶᠢ ᠦᠨᠡᠯᠡᠬᠦ | ᠰᠢᠰᠲ᠋ᠧᠮ ᠳᠤ ᠲᠦᠰᠢᠭᠯᠡᠨ ᠦᠨᠡᠯᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠰᠦᠯᠵᠢᠶᠡᠨ ᠳᠡᠭᠡᠷ᠎ᠡ ᠥᠪᠥᠷ | ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠤᠷ᠂ ᠥᠪᠥᠷ ᠮᠣᠩᠭᠤᠯ ᠤᠨ ᠲᠦᠷᠭᠡᠨ ᠬᠦᠢᠴᠡᠳᠬᠡᠬᠦ | APP᠂ ᠦᠢᠯᠡᠴᠢᠯᠡᠭᠡᠨ ᠤ ᠬᠠᠯᠠᠮᠰᠢᠯ ᠤᠲᠠᠰᠤ ᠵᠡᠷᠭᠡ ᠠᠷᠭ᠎ᠠ ᠵᠠᠮ ᠢᠶᠠᠷ ᠳᠡᠮᠵᠢᠨ ᠦᠨᠡᠯᠡᠯᠳᠡ ᠥᠷᠨᠢᠭᠦᠯᠵᠦ᠂ | ᠰᠦᠯᠵᠢᠶᠡᠨ ᠭᠠᠳᠠᠨ᠎ᠠ ᠪᠣᠳᠠᠲᠤ ᠴᠣᠭᠴᠠ ᠶᠢᠨ ᠶᠡᠭᠡ ᠲᠢᠩᠬᠢᠮ ᠤᠨ ᠦᠨᠡᠯᠡᠯᠲᠡ ᠶᠢᠨ ᠲᠦᠬᠦᠭᠡᠷᠦᠮᠵᠢ᠂ ᠥᠪᠡᠰᠦᠪᠡᠨ | ᠦᠢᠯᠡᠴᠢᠯᠡᠬᠦ ᠮᠠᠰᠢᠨ᠂ ᠰᠠᠨᠠᠯ ᠤᠨ ᠬᠠᠶᠢᠷᠴᠠᠭ᠂ ᠪᠢᠴᠢᠭ ᠤᠨ ᠦᠨᠡᠯᠡᠬᠦ ᠬᠦᠰᠦᠨᠦᠭᠳᠦ ᠵᠡᠷᠭᠡ ᠠᠷᠭ᠎ᠠ ᠮᠠᠶ᠋ᠢᠭ ᠢᠶᠠᠷ | ᠦᠨᠡᠯᠡᠯᠲᠡ ᠬᠢᠵᠦ ᠪᠣᠯᠤᠨ᠎ᠠ᠃ | ᠠᠷᠪᠠᠨ ᠨᠠᠢᠮᠠᠳᠤᠭᠠᠷ ᠵᠦᠢᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠶᠢᠨ ᠮᠠᠭᠤ ᠶᠢ ᠦᠨᠡᠯᠡᠬᠦ | ᠠᠭᠤᠯᠭ᠎ᠠ ᠳᠤ ᠦᠢᠯᠡᠴᠢᠯᠡᠭᠡᠨ ᠤ ᠣᠪᠣᠷ᠂ ᠠᠵᠢᠯ ᠡᠷᠬᠢᠯᠡᠬᠦ ᠦᠷ᠎ᠡ ᠪᠦᠲᠦᠮᠵᠢ᠂ ᠠᠵᠢᠯ ᠡᠷᠬᠢᠯᠡᠬᠦ ᠶᠠᠰᠤ ᠴᠢᠨᠠᠷ | ᠵᠡᠷᠭᠡ ᠲᠠᠯ᠎ᠠ ᠶᠢ ᠪᠠᠭᠲᠠᠭᠠᠬᠤ ᠬᠡᠷᠡᠭᠲᠡᠶ᠃ | ᠠᠷᠪᠠ ᠶᠢᠰᠦᠳᠦᠭᠡᠷ ᠵᠦᠢᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠶᠢᠨ ᠮᠠᠭᠤ ᠶᠢ ᠦᠨᠡᠯᠡᠬᠦ ᠵᠡᠷᠭᠡ | ᠳᠡᠰ ᠢ ᠲᠤᠩ ᠬᠠᠨᠤᠮᠵᠢᠲᠠᠶ᠂ ᠬᠠᠨᠤᠮᠵᠢᠲᠠᠶ᠂ ᠦᠨᠳᠦᠰᠦᠨ ᠳᠡᠭᠡᠨ ᠬᠠᠨᠤᠮᠵᠢᠲᠠᠶ᠂ ᠬᠠᠨᠤᠮᠵᠢ ᠦᠭᠡᠶ᠂ ᠲᠦᠢᠯ ᠤᠨ | ᠬᠠᠨᠤᠮᠵᠢ ᠦᠭᠡᠶ ᠭᠡᠬᠦ ᠲᠠᠪᠤᠨ ᠳᠡᠰ ᠬᠤᠪᠢᠶᠠᠵᠤ᠂ ᠬᠠᠨᠤᠮᠵᠢ ᠦᠭᠡᠢ᠂ ᠲᠤᠩ ᠬᠠᠨᠤᠮᠵᠢ ᠦᠭᠡᠢ ᠨᠢ ᠢᠯᠭᠠᠪᠤᠷᠢᠲᠤ | ᠦᠨᠡᠯᠡᠯᠲᠡ ᠪᠣᠯᠤᠨ᠎ᠠ᠃ | ᠬᠤᠷᠢᠳᠤᠭᠠᠷ ᠵᠦᠢᠯ ᠪᠢᠴᠢᠭ ᠮᠠᠲ᠋ᠧᠷᠢᠶᠠᠯ ᠬᠦᠢᠴᠡᠳᠬᠡᠬᠦ ᠠᠵᠢᠯᠲᠠᠨ ᠦᠢᠯᠡᠴᠢᠯᠡᠭᠡᠨ ᠳᠠᠭᠤᠰᠤᠭᠰᠠᠨ ᠤ | ᠳᠠᠷᠠᠭ᠎ᠠ ᠦᠨᠡᠯᠡᠯᠳᠡ ᠬᠢᠬᠦ ᠶᠢ ᠠᠵᠤ ᠠᠬᠤᠶᠢᠯᠠᠯ ᠪᠠ ᠣᠯᠠᠨ ᠲᠦᠮᠡᠨ ᠳᠤ ᠰᠠᠨᠠᠭᠠᠴᠢᠯᠠᠭ᠎ᠠ ᠠᠴᠠ ᠪᠠᠨ ᠰᠠᠨᠠᠭᠤᠯᠵᠤ᠂ | 7 ᠠᠵᠢᠯᠯᠠᠬᠤ ᠡᠳᠦᠷ ᠦᠨᠡᠯᠡᠯᠲᠡ ᠬᠢᠭᠰᠡᠨ ᠦᠭᠡᠢ ᠪᠠᠶᠢᠪᠠᠯ ᠦᠨᠳᠦᠰᠦᠨ ᠳᠡᠭᠡᠨ ᠬᠠᠨᠤᠮᠵᠢᠲᠠᠶ ᠪᠠᠶᠢᠬᠤ ᠪᠠᠷ | ᠪᠤᠳᠤᠨ᠎ᠠ᠃ | ᠬᠤᠷᠢᠨ ᠨᠢᠭᠡᠳᠦᠭᠡᠷ ᠵᠦᠢᠯ ᠰᠦᠯᠵᠢᠶᠡᠨ ᠳᠡᠭᠡᠷᠡᠬᠢ ᠦᠢᠯᠡᠴᠢᠯᠡᠭᠡ ᠳᠤ ᠨᠢᠭᠡ ᠶᠠᠪᠤᠳᠠᠯ ᠢ ᠨᠢᠭᠡ ᠦᠨᠡᠯᠡᠬᠦ ᠶᠢ | ᠬᠡᠷᠡᠭᠵᠢᠭᠦᠯᠵᠦ᠂ ᠲᠣᠰ ᠰᠠᠯᠠᠭ᠎ᠠ ᠮᠥᠴᠢᠷ ᠤᠨ ᠬᠦᠢᠴᠡᠳᠭᠡᠭᠰᠡᠨ ᠪᠠᠶᠢᠳᠠᠯ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ | ᠴᠠᠭ ᠲᠤᠬᠠᠶ ᠳᠤᠨᠢ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ | ᠲᠥᠪᠯᠡᠷᠡᠭᠦᠯᠵᠦ᠂ ᠤᠯᠠᠨ ᠲᠦᠮᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ᠥᠪᠥᠷ ᠮᠣᠩᠭᠤᠯ ᠤᠨ | ᠲᠦᠷᠭᠡᠨ ᠬᠦᠢᠴᠡᠳᠬᠡᠬᠦ APP᠂ ᠤᠲᠠᠰᠤ ᠪᠠᠷ ᠬᠠᠷᠢᠭᠤ ᠰᠤᠷᠪᠤᠯᠵᠢᠯᠠᠬᠤ ᠵᠡᠷᠭᠡ ᠪᠠᠷ ᠳᠠᠮᠵᠢᠭᠤᠯᠤᠨ ᠲᠣᠰ | ᠬᠥᠮᠦᠨ ᠤ ᠨᠢᠭᠡᠨᠲᠡ ᠬᠦᠢᠴᠡᠳᠬᠡᠵᠦ ᠳᠠᠭᠤᠰᠬᠠᠭᠰᠠᠨ ᠵᠦᠢᠯᠡᠰ ᠲᠤ ᠣᠯᠠᠨ ᠬᠡᠮᠵᠢᠯᠳᠦ ᠦᠨᠡᠯᠡᠯᠲᠡ ᠬᠢᠵᠦ ᠪᠣᠯᠤᠨ᠎ᠠ᠃ | | ᠬᠤᠷᠢᠨ ᠬᠤᠶᠠᠳᠤᠭᠠᠷ ᠵᠦᠢᠯ ᠰᠦᠯᠵᠢᠶᠡᠨ ᠭᠠᠳᠠᠨᠠᠬᠢ ᠦᠢᠯᠡᠴᠢᠯᠡᠭᠡ ᠳᠤ ᠨᠢᠭᠡ ᠤᠳᠠᠭ᠎ᠠ ᠳᠤ ᠨᠢᠭᠡ | ᠤᠳᠠᠭ᠎ᠠ ᠦᠨᠡᠯᠡᠬᠦ ᠶᠢ ᠬᠡᠷᠡᠭᠵᠢᠭᠦᠯᠵᠦ᠂ ᠨᠢᠭᠡᠳᠦᠯᠲᠡᠶ ᠦᠨᠡᠯᠡᠬᠦ ᠪᠠᠷᠢᠮᠵᠢᠶ᠎ᠠ ᠶᠣᠰᠣᠭᠠᠷ᠂ ᠴᠣᠩᠬᠤᠨ ᠳᠤ ᠦᠨᠡᠯᠡᠯᠲᠡ | ᠬᠢᠬᠦ ᠲᠥᠬᠦᠭᠡᠷᠦᠮᠵᠢ ᠪᠤᠶᠤ ᠦᠨᠡᠯᠡᠯᠲᠡ ᠬᠢᠬᠦ ᠬᠤᠶᠠᠷ ᠬᠡᠮᠵᠢᠯᠳᠦ ᠺᠣᠳ᠋ ᠲᠠᠯᠪᠢᠵᠤ ᠪᠤᠯᠤᠨ᠎ᠠ᠂ ᠦᠨᠡᠯᠡᠯᠲᠡ ᠬᠢᠬᠦ | ᠲᠤᠭ᠎ᠠ ᠪᠠᠷᠢᠮᠲᠠ ᠶᠢ ᠴᠠᠭ ᠲᠤᠬᠠᠶ ᠳᠤᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠥᠷᠢᠶᠡᠲᠦ ᠦᠨᠡᠯᠡᠯᠲᠡ ᠶᠢᠨ | ᠰᠢᠰᠲ᠋ᠧᠮ ᠳᠤ ᠴᠤᠭᠯᠠᠭᠤᠯᠬᠤ ᠬᠡᠷᠡᠭᠲᠡᠶ᠃ ᠲᠦᠷ ᠴᠠᠭ ᠨᠥᠬᠦᠴᠡᠯ ᠪᠦᠷᠢᠯᠳᠦᠭᠦᠯᠦᠭᠡᠳᠦᠶ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠶᠢᠭᠤᠯᠤᠮᠵᠢ ᠨᠢ ᠦᠨᠡᠯᠡᠯᠳᠡ ᠶᠢᠨ ᠪᠢᠴᠢᠭᠯᠡᠭᠰᠡᠨ ᠬᠦᠰᠦᠨᠦᠭᠲᠦ ᠬᠠᠩᠭᠠᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠪᠠᠶᠢᠴᠠᠭᠠᠯᠲᠠ ᠶᠢ ᠢᠳᠡᠪᠬᠢᠲᠡᠢ | ᠦᠷᠨᠢᠬᠦᠯᠵᠦ᠂ ᠡᠯ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠪᠠᠷ ᠪᠠᠲᠤᠯᠠᠭᠤᠯᠵᠤ ᠪᠣᠯᠤᠨ᠎ᠠ᠃ | | ᠲᠠᠪᠤᠳᠤᠭᠠᠷ ᠪᠦᠯᠦᠭ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ | ᠬᠤᠷᠢᠨ ᠳᠥᠷᠪᠡᠳᠦᠭᠡᠷ ᠵᠦᠢᠯ ᠵᠥᠷᠢᠶ᠎ᠡ ᠶᠢ ᠦᠨᠡᠯᠡᠨ ᠬᠢᠨᠠᠨ ᠬᠠᠷᠭᠤᠭᠤᠯᠬᠤ᠂ ᠴᠡᠭᠴᠡᠯᠡᠨ | ᠰᠠᠶᠢᠵᠢᠷᠠᠭᠤᠯᠬᠤ᠂ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠵᠥᠷᠢᠶ᠎ᠡ ᠶᠢ ᠦᠨᠡᠯᠡᠨ ᠲᠣᠭᠲᠠᠭᠠᠬᠤ ᠶᠢ | 100% ᠪᠠᠷ ᠴᠡᠭᠴᠡᠯᠡᠨ ᠰᠠᠶᠢᠵᠢᠷᠠᠭᠤᠯᠬᠤ ᠶᠢᠨ ᠬᠠᠷᠢᠭᠤ ᠲᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠢᠯᠭᠠᠪᠤᠷᠢᠲᠤ ᠦᠨᠡᠯᠡᠯᠲᠡ ᠶᠢ ᠣᠯᠤᠭᠰᠠᠨ ᠤ ᠳᠠᠷᠠᠭ᠎ᠠ᠂ ᠬᠡᠨ ᠬᠢᠪᠡᠯ ᠬᠡᠨ ᠬᠠᠷᠢᠭᠤᠴᠠᠬᠤ ᠵᠠᠷᠴᠢᠮ ᠶᠣᠰᠣᠭᠠᠷ᠂ ᠴᠠᠭ | ᠲᠤᠬᠠᠶ ᠳᠤᠨᠢ ᠲᠤᠰᠬᠠᠶ ᠬᠥᠮᠦᠨ ᠢᠶᠠᠷ ᠪᠠᠶᠢᠳᠠᠯ ᠢ ᠬᠢᠨᠠᠨ ᠬᠠᠷᠭᠤᠭᠤᠯᠤᠭᠠᠳ᠂ ᠪᠠᠶᠢᠳᠠᠯ ᠨᠢ ᠲᠣᠳᠣᠷᠬᠠᠶ᠂ ᠭᠤᠮᠣᠳᠠᠯ | ᠱᠠᠭᠠᠷᠳᠠᠯᠭ᠎ᠠ ᠨᠢ ᠵᠦᠶ ᠵᠣᠬᠢᠰᠲᠠᠶ ᠪᠠᠶᠢᠬᠤ ᠠᠰᠠᠭᠤᠳᠠᠯ ᠤᠨ ᠲᠤᠬᠠᠶ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ᠂ | ᠪᠠᠶᠢᠳᠠᠯ ᠨᠢ ᠪᠤᠳᠤᠯᠢᠶᠠᠨᠲᠠᠶ᠂ ᠲᠦᠷ ᠴᠠᠭ ᠰᠢᠢᠳᠪᠦᠷᠢᠯᠡᠬᠦ ᠳᠤ ᠬᠦᠴᠢᠷᠲᠡᠶ 5 ᠠᠵᠢᠯᠯᠠᠬᠤ ᠡᠳᠦᠷ ᠤᠨ ᠳᠣᠲᠣᠷ᠎ᠠ | ᠴᠡᠭᠴᠡᠯᠡᠨ ᠰᠠᠶᠢᠵᠢᠷᠠᠭᠤᠯᠵᠤ᠂ ᠴᠠᠭ ᠬᠤᠭᠤᠴᠠᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠣᠯ | ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠰᠢᠯᠲᠠᠭᠠᠨ ᠢ ᠲᠣᠳᠣᠷᠬᠠᠶᠢᠯᠠᠵᠤ᠂ ᠠᠵᠤ | ᠠᠬᠤᠶᠢᠯᠠᠯ ᠪᠤᠶᠤ ᠣᠯᠠᠨ ᠲᠦᠮᠡᠨ ᠳᠤ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠵᠥᠪᠰᠢᠶᠡᠷᠡᠭᠰᠡᠨ ᠤ ᠳᠠᠷᠠᠭ᠎ᠠ | ᠬᠤᠭᠤᠴᠠᠭ᠎ᠠ ᠬᠤᠶᠢᠰᠢᠯᠠᠭᠤᠯᠤᠨ ᠴᠡᠭᠴᠡᠯᠡᠨ ᠰᠠᠶᠢᠵᠢᠷᠠᠭᠤᠯᠵᠤ᠂ ᠵᠠᠷᠴᠢᠮ ᠳᠡᠭᠡᠷ᠎ᠡ ᠪᠠᠨ 2 ᠠᠵᠢᠯᠯᠠᠬᠤ ᠡᠳᠦᠷ ᠠᠴᠠ | ᠬᠡᠲᠦᠷᠡᠭᠦᠯᠵᠦ ᠪᠣᠯᠬᠤ ᠥᠬᠡᠶ᠃ ᠬᠠᠤᠯᠢ ᠪᠠᠷ ᠲᠣᠭᠲᠠᠭᠠᠭᠰᠠᠨ ᠦᠨᠳᠦᠰᠦᠯᠡᠯ ᠢᠶᠠᠷ ᠳᠤᠲᠠᠮᠠᠭ ᠪᠣᠯ ᠲᠠᠶᠢᠯᠪᠤᠷᠢᠯᠠᠨ | ᠲᠣᠳᠣᠷᠬᠠᠶᠢᠯᠠᠬᠤ ᠶᠢ ᠰᠠᠶᠢᠲᠤᠷ ᠬᠢᠬᠦ ᠬᠡᠷᠡᠭᠲᠡᠶ᠃ ᠵᠥᠷᠢᠶ᠎ᠡ ᠶᠢᠨ ᠦᠨᠡᠯᠡᠨ ᠲᠣᠭᠲᠠᠭᠠᠵᠤ ᠴᠡᠭᠴᠡᠯᠡᠨ | ᠥᠭᠡᠷᠡᠴᠢᠯᠡᠭᠰᠡᠨ ᠤ ᠳᠠᠷᠠᠭ᠎ᠠ᠂ ᠵᠥᠷᠢᠶ᠎ᠡ ᠶᠢᠨ ᠦᠨᠡᠯᠡᠨ ᠰᠢᠢᠳᠪᠦᠷᠢᠯᠡᠭᠰᠡᠨ ᠬᠥᠮᠦᠰ ᠠᠴᠠ ᠠᠵᠤ ᠠᠬᠤᠶᠢᠯᠠᠯ ᠪᠠ | ᠣᠯᠠᠨ ᠲᠦᠮᠡᠨ ᠳᠤ ᠰᠢᠢᠳᠪᠦᠷᠢᠯᠡᠭᠰᠡᠨ ᠪᠠᠶᠢᠳᠠᠯ ᠢᠶᠠᠨ ᠬᠠᠷᠢᠭᠤ ᠲᠤᠰᠬᠠᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ ᠮᠠᠷᠭᠤᠭᠠᠨ ᠲᠠᠢ ᠵᠥᠷᠢᠶᠡᠲᠦ ᠦᠨᠡᠯᠡᠯᠲᠡ ᠶᠢᠨ ᠠᠭᠤᠯᠭ᠎ᠠ ᠶᠢ ᠦᠨᠳᠦᠰᠦᠯᠡᠨ᠂ | ᠪᠤᠰᠤᠳᠴᠢ ᠲᠥᠪ ᠭᠤᠤᠯᠴᠢ ᠪᠠᠶᠢᠬᠤ ᠵᠠᠷᠴᠢᠮ ᠤᠨ ᠶᠣᠰᠣᠭᠠᠷ ᠳᠠᠬᠢᠨ ᠬᠢᠨᠠᠵᠤ᠂ ᠪᠤᠷᠤᠭᠤ ᠦᠨᠡᠯᠡᠭᠰᠡᠨ ᠪᠤᠶᠤ | ᠮᠠᠭᠤ ᠰᠠᠨᠠᠭᠠᠳᠠᠢ ᠪᠤᠷᠤᠭᠤ ᠦᠨᠡᠯᠡᠭᠰᠡᠨ ᠦᠷ᠎ᠡ ᠳ᠋ᠦᠩ ᠢ ᠬᠦᠯᠢᠶᠡᠨ ᠠᠪᠴᠤ ᠬᠡᠷᠡᠭᠯᠡᠬᠦ ᠦᠭᠡᠢ᠂ ᠦᠨᠡᠯᠡᠭᠳᠡᠭᠰᠡᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠤ ᠬᠡᠷᠡᠴᠢ ᠳᠤᠷᠠᠳᠴᠤ | ᠲᠠᠶᠢᠯᠪᠤᠷᠢᠯᠠᠯᠲᠠ ᠬᠢᠬᠦ ᠪᠠ ᠭᠤᠮᠣᠳᠠᠯ ᠲᠣᠭᠠᠴᠢᠵᠤ ᠵᠥᠪᠲᠦᠭᠡᠬᠦ ᠡᠷᠬᠡ ᠠᠰᠢᠭ ᠢ ᠪᠠᠲᠤᠯᠠᠨ᠎ᠠ᠃ ᠠᠵᠢᠯᠲᠠᠨ | ᠵᠥᠷᠢᠶ᠎ᠡ ᠶᠢᠨ ᠦᠨᠡᠯᠡᠯᠲᠡ ᠳᠤ ᠣᠨᠳᠣᠤ ᠰᠠᠨᠠᠯ ᠲᠠᠢ ᠪᠣᠯ᠂ ᠵᠥᠷᠢᠶ᠎ᠡ ᠶᠢᠨ ᠦᠨᠡᠯᠡᠯᠲᠡ ᠶᠢ ᠣᠯᠤᠭᠰᠠᠨ 2 ᠠᠵᠢᠯᠯᠠᠬᠤ | ᠡᠳᠦᠷ ᠤᠨ ᠳᠣᠲᠣᠷ᠎ᠠ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠵᠦᠷᠢᠶ᠎ᠠ ᠶᠢᠨ | ᠦᠨᠡᠯᠡᠯᠲᠡ ᠶᠢ ᠳᠠᠬᠢᠨ ᠬᠢᠨᠠᠭᠤᠯᠬᠤ ᠪᠠᠷ ᠪᠢᠴᠢᠭ ᠢᠶᠠᠷ ᠭᠤᠶᠤᠴᠢᠯᠠᠨ᠎ᠠ᠃ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ 5 ᠠᠵᠢᠯᠯᠠᠬᠤ ᠡᠳᠦᠷ ᠤᠨ ᠳᠣᠲᠣᠷ᠎ᠠ ᠪᠠᠶᠢᠴᠠᠭᠠᠯᠳᠠ ᠶᠢᠨ ᠠᠵᠢᠯ ᠢᠶᠠᠨ | ᠳᠠᠭᠤᠰᠬᠠᠬᠤ ᠶᠢᠨ ᠬᠠᠮᠲᠤ ᠭᠤᠶᠤᠴᠢᠯᠠᠭᠴᠢ ᠳᠤ ᠪᠠᠶᠢᠴᠠᠭᠠᠯᠲᠠ ᠶᠢᠨ ᠦᠷ᠎ᠡ ᠳ᠋ᠦᠩ ᠢ ᠮᠡᠳᠡᠭᠳᠡᠬᠦ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠦᠨᠡᠯᠡᠯᠲᠡ ᠶᠢᠨ ᠲᠤᠭ᠎ᠠ ᠪᠠᠷᠢᠮᠲᠠ ᠶᠢᠨ ᠵᠠᠳᠠᠯᠤᠯᠲᠠ ᠶᠢ ᠴᠢᠩᠭᠠᠳᠬᠠᠵᠤ᠂ | ᠠᠵᠤ ᠠᠬᠤᠶᠢᠯᠠᠯ ᠪᠠ ᠣᠯᠠᠨ ᠲᠦᠮᠡᠨ ᠤ ᠬᠦᠴᠢᠷ ᠠᠰᠠᠭᠤᠳᠠᠯ᠂ ᠲᠦᠭᠵᠢᠷᠡᠯ᠂ ᠬᠦᠰᠡᠯ ᠱᠠᠭᠠᠷᠳᠠᠯᠭ᠎ᠠ ᠪᠠ ᠬᠦᠰᠡᠯ | ᠡᠷᠡᠮᠡᠯᠵᠡᠯ ᠢ ᠴᠠᠭ ᠲᠤᠬᠠᠶ ᠳᠤᠨᠢ ᠢᠯᠡᠷᠡᠭᠦᠯᠵᠦ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ | ᠦᠢᠯᠡᠴᠢᠯᠡᠭᠡ ᠶᠢ ᠰᠠᠶᠢᠵᠢᠷᠠᠭᠤᠯᠤᠨ᠎ᠠ᠃ | ᠬᠤᠷᠢᠨ ᠳᠣᠯᠣᠳᠤᠭᠠᠷ ᠵᠦᠢᠯ ᠦᠨᠡᠯᠡᠯᠲᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ᠂ | ᠬᠠᠤᠯᠢ ᠶᠣᠰᠣᠭᠠᠷ ᠢᠯᠡ ᠪᠣᠯᠭᠠᠵᠤ ᠪᠣᠯᠬᠤ ᠦᠭᠡᠶ ᠮᠡᠳᠡᠭᠡ ᠵᠠᠩᠭᠢ ᠶᠢ ᠭᠠᠷᠭᠠᠪᠠᠯ᠂ ᠦᠨᠡᠯᠡᠯᠲᠡ ᠶᠢᠨ ᠪᠠᠶᠢᠳᠠᠯ ᠢ | ᠨᠡᠶᠢᠭᠡᠮ ᠳᠤ ᠬᠠᠨᠳᠤᠭᠤᠯᠤᠨ ᠢᠯᠡ ᠪᠣᠯᠭᠠᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠰᠠᠶᠢᠨ ᠮᠠᠭᠤ ᠦᠨᠡᠯᠡᠯᠲᠡ ᠶᠢᠨ ᠠᠵᠢᠯ ᠳᠤ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠬᠢᠨᠠᠯᠲᠠ ᠪᠠᠶᠢᠴᠠᠭᠠᠯᠲᠠ ᠬᠢᠵᠦ᠂ ᠵᠥᠷᠢᠶᠡᠲᠦ ᠦᠨᠡᠯᠡᠯᠲᠡ ᠬᠢᠵᠦ ᠴᠡᠭᠴᠡᠯᠡᠨ | ᠰᠠᠶᠢᠵᠢᠷᠠᠭᠤᠯᠤᠭᠰᠠᠨ ᠨᠢ ᠬᠦᠷᠦᠯᠴᠡᠬᠦ ᠦᠭᠡᠢ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠪᠠᠶᠢᠬᠤ ᠶᠢ ᠣᠯᠵᠤ | ᠮᠡᠳᠡᠪᠡᠯ᠂ ᠴᠢᠩᠭ᠎ᠠ ᠰᠢᠢᠳᠪᠦᠷᠢᠯᠡᠬᠦ ᠶᠢᠨ ᠬᠠᠮᠲᠤ ᠨᠡᠪᠲᠡᠷᠡᠭᠦᠯᠦᠨ ᠰᠢᠭᠦᠮᠵᠢᠯᠡᠬᠦ ᠬᠡᠷᠡᠭᠲᠡᠶ᠃ | ᠬᠤᠷᠢ ᠶᠢᠰᠦᠳᠦᠭᠡᠷ ᠵᠦᠢᠯ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠶᠢᠨ ᠦᠨᠡᠯᠡᠯᠲᠡ ᠶᠢᠨ ᠪᠠᠶᠢᠳᠠᠯ ᠢ ᠠᠮᠵᠢᠯᠲᠠ ᠪᠦᠲᠦᠮᠵᠢ ᠶᠢᠨ ᠬᠢᠨᠠᠨ | ᠰᠢᠯᠭᠠᠯᠲᠠ ᠶᠢᠨ ᠬᠡᠪᠴᠢᠶᠡᠨ ᠳᠤ ᠣᠷᠣᠭᠤᠯᠵᠤ᠂ ᠦᠨᠡᠯᠡᠯᠲᠡ ᠶᠢᠨ ᠵᠥᠷᠢᠶ᠎ᠡ ᠶᠢ ᠲᠥᠪᠯᠡᠷᠡᠭᠦᠯᠦᠨ ᠬᠦᠮᠦᠰ ᠢ | ᠲᠥᠪᠯᠡᠷᠡᠭᠦᠯᠦᠨ᠎ᠡ᠃ ᠰᠤᠷᠭᠠᠨ ᠬᠥᠮᠦᠵᠢᠯ ᠢ ᠴᠢᠩᠭᠠᠳᠬᠠᠬᠤ ᠬᠡᠷᠡᠭᠲᠡᠶ᠂ ᠰᠤᠷᠭᠠᠨ ᠬᠥᠮᠦᠵᠢᠭᠦᠯᠬᠦ ᠪᠠᠷ ᠳᠠᠮᠵᠢᠭᠠᠳ | ᠢᠯᠡᠳᠲᠡ ᠰᠠᠶᠢᠵᠢᠷᠠ ᠭᠤᠯᠤᠭᠰᠠᠨ ᠦᠭᠡᠢ ᠪᠠᠶᠢᠪᠠᠯ᠂ ᠲᠡᠭᠦᠨ ᠤ ᠠᠵᠢᠯ ᠤᠨ ᠪᠠᠶᠢᠷᠢ ᠳᠤ ᠲᠤᠬᠢᠷᠠᠭᠤᠯᠤᠯᠳᠠ ᠬᠢᠵᠦ | ᠂ ᠮᠠᠭᠤ ᠨᠥᠯᠥᠭᠡ ᠭᠠᠷᠭᠠᠭᠰᠠᠨ ᠪᠠᠶᠢᠪᠠᠯ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠰᠠᠶᠢᠨ ᠦᠨᠡᠯᠡᠭᠰᠡᠨ ᠢᠶᠠᠷ | ᠲᠤᠪᠤᠶᠢᠮ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠪᠤᠶᠤ ᠠᠵᠢᠯᠳᠠᠨ ᠤ ᠲᠤᠷᠰᠢᠯᠭ᠎ᠠ ᠠᠷᠭ᠎ᠠ | ᠬᠢᠳᠡᠯ ᠢ ᠱᠠᠩᠨᠠᠵᠤ᠂ ᠳ᠋ᠦᠩᠨᠡᠵᠦ᠂ ᠳᠡᠯᠭᠡᠷᠡᠭᠦᠯᠵᠦ᠂ ᠨᠡᠶᠢᠲᠡᠯᠢᠭ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠎ᠠ᠃ | | | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠭᠤᠴᠢᠳᠤᠭᠠᠷ ᠵᠦᠢᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠡᠭᠦᠷᠭᠡᠯᠡᠭᠰᠡᠨ | ᠪᠤᠯᠪᠠᠴᠦ ᠶᠡᠷᠦᠩᠬᠡᠶᠢᠯᠡᠭᠰᠡᠨ ᠴᠢᠨᠠᠷᠲᠠᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠤᠷ ᠰᠦᠯᠵᠢᠶ᠎ᠡ᠂ ᠮᠣᠩᠭᠤᠯ ᠲᠦᠷᠭᠡᠨ ᠬᠦᠢᠴᠡᠳᠬᠡᠬᠦ APP᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠭᠰᠠᠨ | ᠦᠭᠡᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠡᠯ᠎ᠡ ᠲᠥᠷᠥᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠲᠤᠰ ᠠᠷᠭ᠎ᠠ ᠶᠢ ᠦᠨᠳᠦᠰᠦᠯᠡᠬᠦ ᠶᠢᠨ ᠬᠠᠮᠲᠤ ᠠᠵᠢᠯ ᠤᠨ | ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠵᠣᠬᠢᠴᠠᠩᠭᠤᠶ ᠰᠠᠶᠢᠨ ᠮᠠᠭᠤ ᠶᠢ ᠦᠨᠡᠯᠡᠬᠦ ᠲᠥᠰᠦᠯ ᠢ ᠲᠣᠭᠲᠠᠭᠠᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠶᠢᠨ ᠮᠠᠭᠤ ᠶᠢ ᠦᠨᠡᠯᠡᠬᠦ ᠰᠢᠰᠲ᠋ᠧᠮ ᠢ ᠪᠠᠶᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠳᠤ ᠰᠠᠶᠢᠨ ᠪᠠ ᠵᠦᠷᠢᠶ᠎ᠡ ᠶᠢ ᠦᠨᠡᠯᠡᠬᠦ ᠠᠵᠢᠯ ᠢ ᠥᠷᠨᠢᠭᠦᠯᠵᠦ᠂ ᠪᠦᠬᠦ ᠬᠤᠲᠠ ᠶᠢᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠶᠢᠨ ᠪᠠ ᠵᠦᠷᠢᠶ᠎ᠡ ᠶᠢ ᠦᠨᠡᠯᠡᠬᠦ ᠰᠢᠰᠲ᠋ᠧᠮ ᠳᠤ ᠤᠷᠤᠭᠤᠯᠤᠨ᠎ᠠ᠃ | ᠭᠤᠴᠢᠨ ᠨᠢᠭᠡᠳᠦᠭᠡᠷ ᠵᠦᠢᠯ ᠡᠯ᠎ᠡ ᠰᠠᠯᠠᠭ᠎ᠠ ᠮᠥᠴᠢᠷ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ | ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠦᠨᠡᠯᠡᠬᠦ ᠠᠵᠢᠯ ᠢ ᠴᠢᠯᠥᠭᠡᠲᠡᠶ ᠲᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠵᠠᠰᠠᠭ ᠤᠨ ᠶᠠᠪᠤᠳᠠᠯ ᠤᠨ ᠦᠢᠯᠡᠳᠦᠯ ᠴᠢᠳᠠᠪᠤᠷᠢ ᠶᠢ ᠲᠡᠭᠡᠭᠰᠢᠯᠡᠬᠦᠯᠬᠦ ᠴᠢᠬᠤᠯᠠ ᠠᠷᠭ᠎ᠠ ᠪᠠᠷᠢᠯ ᠪᠣᠯᠭᠠᠵᠤ᠂ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠠᠢ᠃ ᠵᠥᠷᠢᠶᠡᠲᠦ ᠦᠨᠡᠯᠡᠯᠲᠡ ᠶᠢᠨ ᠠᠵᠢᠯ ᠢ ᠰᠠᠶᠢᠲᠤᠷ ᠪᠣᠳᠠᠲᠠᠶ | ᠠᠳᠬᠤᠵᠤ᠂ ᠨᠠᠷᠢᠯᠢᠭ ᠠᠳᠬᠤᠵᠤ᠂ ᠦᠷ᠎ᠡ ᠪᠦᠲᠦᠮᠵᠢ ᠭᠠᠷᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ | | | | | | |