ᠪᠤᠷᠤᠬᠤᠵᠢᠷ ᠵᠡᠭᠡᠯᠢ ᠭᠤᠳᠤᠮᠵᠢ ︽ᠪᠣᠳᠠᠲᠤ ᠠᠵᠢᠯᠯᠠᠭ᠎ᠠ ᠪᠠᠷ ᠢᠶᠠᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠦᠶ᠋ᠯᠡᠳᠦᠯᠭᠡᠵᠢᠭᠦᠯᠦᠨᠡ︾ | ᠰᠤᠷᠪᠤᠯᠵᠢᠯᠠᠭᠰᠠᠨ ᠴᠠᠭ᠄ 2020 — 02 — 05 | ᠰᠤᠷᠪᠤᠯᠵᠢᠯᠠᠭᠰᠠᠨ ᠵᠣᠴᠢᠨ᠄ ᠪᠤᠷᠤᠬᠤᠵᠢᠷ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ | ᠱᠦᠵᠢ ᠸᠠᠩ ᠵᠢᠶᠦ᠋ᠨ ᠭᠦᠸᠧ | | | | | | | ᠭᠤᠣᠯ ᠠᠭᠤᠯᠭ᠎ᠠ᠄ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠣᠷᠣ ᠬᠤᠵᠢᠷ ᠵᠡᠭᠡᠯᠢ | ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠤᠯᠤᠰ ᠲᠥᠷᠥ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ | ᠡᠭᠦᠷᠭᠡᠯᠡᠵᠦ᠂ ᠥᠨᠳᠥᠷ ᠡᠬᠢᠯᠡᠯᠲᠡ ᠶᠢᠨ ᠴᠢᠭ ᠢᠶᠠᠷ ᠲᠥᠰᠦᠪᠯᠡᠬᠦ ᠶᠢ ᠪᠠᠷᠢᠮᠲᠠᠯᠠᠨ᠋ ᠠ᠃ ᠥᠨᠳᠥᠷ ᠡᠬᠢᠯᠡᠯᠲᠡ ᠶᠢᠨ | ᠴᠡᠭ ᠢᠶᠠᠷ ᠵᠣᠬᠢᠶᠠᠨ ᠪᠠᠶᠢᠭᠤᠯᠵᠤ᠂ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠲᠣᠭᠲᠠᠭᠰᠠᠨ ᠬᠥᠳᠡᠯᠭᠡᠭᠡᠨ ᠢ ᠰᠠᠶᠢᠲᠤᠷ | ᠬᠢᠬᠦ ᠶᠢᠨ ᠬᠠᠮᠲᠤ᠂ ᠰᠢᠯᠢᠳᠡᠭ ᠥᠪᠡᠷᠲᠡᠭᠡᠨ ᠰᠣᠩᠭᠤᠬᠤ ᠬᠥᠳᠡᠯᠭᠡᠭᠡᠨ ᠢ ᠬᠢᠵᠦ᠂ ᠡᠯ᠎ᠡ ᠵᠦᠢᠯ ᠤᠨ ᠠᠵᠢᠯ ᠳᠤ ᠮᠠᠰᠢ | ᠤᠯᠠᠨ ᠬᠢᠯᠠᠰ ᠴᠡᠭ ᠢᠯᠡᠷᠡᠭᠰᠡᠨ ᠪᠠᠶᠢᠨ᠎ᠠ᠃ | ᠬᠥᠲᠥᠯᠥᠭᠴᠢ᠄ ᠣᠳᠣᠬᠠᠨ ᠳᠤ ᠪᠥᠬᠦ ᠤᠯᠤᠰ ᠢᠶᠠᠷ ᠢᠶᠠᠨ ᠴᠥᠮ ︽ᠣᠭ ᠰᠠᠨᠠᠭ᠎ᠠ ᠪᠠᠨ ᠥᠯᠥ ᠮᠠᠷᠲᠠᠵᠤ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠠᠬᠢᠭᠤᠯᠵᠤ ᠪᠠᠶᠢᠨ᠎ᠠ᠃ | ᠲᠡᠭᠡᠪᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠶᠠᠮᠠᠷ ᠶᠠᠮᠠᠷ ᠠᠵᠢᠯ ᠬᠢᠭᠰᠡᠨ ᠪᠤᠢ︖ | ᠡᠨᠡ ᠬᠤᠭᠤᠴᠠᠭᠠᠨ ᠤ ᠫᠷᠤᠭ᠍ᠷᠠᠮ ᠤᠨ ᠲᠤᠬᠠᠢ ᠶᠢᠨ ᠲᠠᠯᠠᠪᠠᠢ ᠳᠤ᠂ ᠪᠢᠳᠡ ᠬᠤᠤᠯᠢᠩᠭᠤᠤᠯ ᠬᠤᠲᠠ ᠶᠢᠨ | ᠪᠤᠷᠤᠬᠤᠵᠢᠷ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠸᠠᠩ ᠵᠢᠶᠦ᠋ᠨ ᠭᠦᠸᠧ ᠶᠢ ᠤᠷᠢᠵᠤ | ᠂ ᠲᠡᠳᠡ ᠶᠠᠮᠠᠷ ᠶᠠᠮᠠᠷ ᠠᠵᠢᠯ ᠬᠢᠭᠰᠡᠨ ᠢᠶᠠᠨ ᠣᠯᠠᠨ ᠳᠤ ᠶᠠᠷᠢᠭᠤᠯᠬᠤ ᠪᠣᠯᠪᠠᠤ︖ | ᠨᠢᠭᠡ ᠳᠤ᠄ ᠰᠤᠷᠤᠯᠴᠠᠯᠭ᠎ᠠ ᠬᠥᠮᠦᠵᠢᠯ ᠤᠨ ᠳᠤᠮᠳᠠ ᠤᠭ ᠰᠠᠨᠠᠭ᠎ᠠ ᠪᠠᠨ ᠰᠠᠬᠢᠨ᠎ᠠ᠃ ᠰᠠᠷ᠎ᠠ ᠶᠢᠨ ᠲᠥᠯᠥᠪᠯᠡᠭᠡ | ᠂ ᠭᠠᠷᠠᠭ ᠤᠨ ᠲᠣᠬᠢᠷᠠᠭᠤᠯᠤᠯᠲᠠ᠂ ᠨᠢᠬᠡ ᠡᠳᠦᠷ ᠤᠨ ᠠᠵᠢᠯ ᠤᠨ ᠲᠤᠭᠳᠠᠴᠠ ᠶᠢ ᠪᠠᠷᠢᠮᠲᠠᠯᠠᠵᠤ᠂ ᠭᠡᠷ ᠲᠦᠨᠢ | ᠬᠦᠷᠴᠦ ᠰᠤᠷᠤᠯᠴᠠᠬᠤ ᠳᠤ ᠳᠥᠭᠦᠮ ᠦᠵᠡᠭᠦᠯᠵᠦ᠂ ᠺᠠᠷᠲ ᠴᠤᠬᠢᠵᠦ ᠨᠣᠮ ᠤᠩᠰᠢᠬᠤ ᠳᠤ ᠬᠢᠨᠠᠯᠲᠠ ᠲᠠᠯᠪᠢᠵᠦ | ᠰᠤᠷᠬᠤ ᠪᠠᠷ ᠳᠠᠮᠵᠢᠭᠤᠯᠤᠨ᠂ ᠲᠤᠬᠠᠶ ᠶᠢᠨ ᠲᠠᠯᠠᠪᠤᠷ ᠲᠤ ᠨᠦᠯᠦᠬᠡᠯᠡᠭᠳᠡᠨ ᠪᠡᠶᠡᠴᠢᠯᠡᠨ ᠣᠶᠢᠯᠠᠭᠠᠬᠤ᠂ ᠡᠳᠦᠷ ᠪᠦᠷᠢ | ᠨᠢᠭᠡ ᠮᠥᠴᠡ ᠪᠠᠷ ᠰᠢᠯᠭᠠᠨ ᠪᠠᠶᠢᠴᠠᠭᠠᠬᠤ᠂ ᠠᠳᠠᠯᠢᠳᠬᠠᠨ ᠳᠠᠭᠤᠷᠢᠶᠠᠬᠤ ᠵᠡᠷᠭᠡ ᠲᠠᠪᠤᠨ ᠵᠦᠢᠯ ᠤᠨ ᠪᠦᠲᠦᠮᠵᠢᠲᠡᠢ | ᠵᠦᠪ ᠪᠤᠷᠤᠭᠤ ᠶᠢ ᠠᠳᠠᠯᠢᠳᠬᠠᠨ ᠦᠵᠡᠬᠦ ᠠᠷᠭ᠎ᠠ ᠪᠠᠷ ᠦᠷᠭᠡᠨ ᠤᠯᠠᠨ ᠨᠠᠮ ᠤᠨ ᠭᠡᠰᠢᠭᠦᠨ ᠢ ᠬᠦᠳᠦᠯᠦᠨ | ᠵᠢᠯᠣᠭᠤᠳᠴᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠭᠤᠯᠤᠨ ᠡᠪᠳᠡᠷᠡᠳᠡᠯᠡ ᠤᠢᠢᠯᠠᠭᠠᠭᠤᠯᠬᠤ ᠬᠡᠷᠡᠭᠲᠡᠢ᠃ | ᠬᠤᠶᠠᠷ ᠲᠤ᠄ ᠪᠠᠶᠢᠴᠠᠭᠠᠨ ᠰᠤᠳᠤᠯᠤᠯᠲᠠ ᠬᠢᠬᠦ ᠳᠤᠮᠳᠠ ᠡᠭᠦᠷᠭᠡ ᠡᠭᠦᠷᠭᠡᠯᠡᠨ᠎ᠡ᠃ ᠠᠵᠢᠯ ᠢ ᠠᠬᠢᠭᠤᠯᠬᠤ ᠪᠠᠷ | ᠴᠢᠬᠤᠯᠠ ᠡᠭᠦᠷᠭᠡ ᠪᠣᠯᠭᠠᠵᠤ᠂ ᠣᠯᠠᠨ ᠲᠦᠮᠡᠨ ᠤ ᠠᠰᠢᠭ ᠲᠤᠰᠠ ᠪᠠᠷ ᠤᠳᠤᠷᠢᠳᠤᠮᠵᠢ ᠪᠤᠯᠭᠠᠵᠦ᠂ ᠨᠠᠮ ᠤᠨ | ᠪᠠᠶᠢᠭᠤᠯᠤᠯᠲᠠ ᠪᠠᠷ ᠦᠨᠳᠦᠰᠦ ᠪᠣᠯᠭᠠᠵᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠳᠤ ᠣᠷᠣᠰᠢᠵᠤ | ᠪᠠᠶᠢᠭ᠎ᠠ ᠳᠣᠪᠤᠶᠢᠮ᠎ᠠ ᠠᠰᠠᠭᠤᠳᠠᠯ ᠪᠣᠯᠤᠨ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠯᠠᠮᠰᠢᠯ ᠠᠰᠠᠭᠤᠳᠠᠯ | ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠭᠤᠤᠯᠯᠠᠭᠤᠯᠵᠠᠶ᠃ ᠭᠤᠷᠪᠠ ᠶᠢ ᠣᠷᠣᠭᠤᠯᠵᠤ ᠭᠤᠷᠪᠠ ᠶᠢ ᠠᠰᠠᠭᠤᠵᠤ | ᠨᠢᠭᠡ ᠶᠢ ᠢᠳᠬᠠᠬᠤ ᠠᠵᠢᠯᠯᠠᠭ᠎ᠠ ᠪᠠᠷ ᠳᠠᠮᠵᠢᠭᠤᠯᠤᠨ᠂ ᠪᠠᠶᠢᠳᠠᠯ ᠢ ᠦᠨᠡᠨ ᠬᠦ ᠲᠣᠳᠣᠷᠬᠠᠶ ᠣᠶᠢᠯᠠᠭᠠᠵᠤ᠂ | ᠵᠠᠩᠭᠢᠯᠠᠭ᠎ᠠ ᠶᠢ ᠨᠢ ᠨᠡᠪᠲᠡ ᠵᠠᠳᠠᠯᠵᠤ᠂ ᠠᠰᠠᠭᠤᠳᠠᠯ ᠢ ᠰᠢᠢᠳᠪᠦᠷᠢᠯᠡᠬᠦ᠂ ᠠᠵᠢᠯ ᠢᠶᠠᠨ ᠰᠠᠶᠢᠵᠢᠷᠠᠭᠤᠯᠬᠤ ᠠᠷᠭ᠎ᠠ ᠪᠠ | ᠠᠷᠭ᠎ᠠ ᠬᠡᠮᠵᠢᠶ᠎ᠡ ᠶᠢ ᠰᠤᠳᠤᠯᠤᠨ ᠲᠤᠷᠠᠳᠴᠤ᠂ ᠬᠥᠭᠵᠢᠯᠲᠡ ᠶᠢᠨ ᠪᠣᠭᠤᠮᠢ ᠶᠢ ᠬᠦᠴᠦᠯᠡᠨ ᠰᠢᠢᠳᠪᠦᠷᠢᠯᠡᠨ᠎ᠡ᠃ | ᠭᠤᠷᠪᠠ ᠳᠤ᠄ ᠠᠰᠠᠭᠤᠳᠠᠯ ᠢ ᠪᠠᠶᠢᠴᠠᠭᠠᠨ ᠦᠵᠡᠬᠦ ᠳᠤᠮᠳᠠ ᠵᠥᠷᠢᠶ᠎ᠡ ᠪᠠᠨ ᠡᠷᠢᠨ᠎ᠡ᠃ ᠣᠯᠠᠨ ᠲᠦᠮᠡᠨ | ᠳᠤᠷᠠᠳᠴᠤ᠂ ᠥᠪᠡᠷ ᠢᠶᠠᠨ ᠡᠷᠢᠵᠦ᠂ ᠤᠳᠤᠷᠢᠳᠤᠯᠭ᠎ᠠ ᠲᠤᠷᠠᠳᠬᠤ᠂ ᠬᠠᠮᠲᠤ ᠪᠠᠷ ᠶᠠᠷᠢᠯᠴᠠᠵᠤ᠂ ︽ᠵᠡᠭᠡᠯᠢ | ᠭᠤᠳᠤᠮᠵᠢ ᠪᠠᠷ ᠱᠦᠭᠯᠦ ᠦᠯᠢᠶᠡᠵᠦ᠂ ᠰᠠᠯᠠᠭ᠎ᠠ ᠮᠥᠴᠢᠷ ᠤᠨ ᠬᠢᠨ ᠨᠡᠷ᠎ᠡ ᠮᠡᠳᠡᠭᠦᠯᠬᠦ︾ ᠲᠠᠪᠴᠠᠩ᠂ 12345 | ᠬᠤᠲᠠ ᠶᠢᠨ ᠠᠷᠠᠳ ᠤᠨ ᠤᠲᠠᠰᠤ ᠨᠡᠪᠲᠡᠷᠡᠬᠦ᠂ ᠡᠭᠦᠳᠡ ᠪᠠᠨ ᠨᠡᠭᠡᠭᠡᠵᠦ ᠢᠳᠬᠠᠯ ᠠᠪᠬᠤ ᠵᠡᠷᠭᠡ ᠠᠷᠭ᠎ᠠ ᠮᠠᠶ᠋ᠢᠭ᠃ | 224 ᠡᠷᠦᠬᠡ ᠶᠢ ᠰᠤᠷᠪᠤᠯᠵᠢᠯᠠᠵᠤ᠂ 99 ᠵᠤᠷᠪᠤᠰ ᠰᠠᠨᠠᠯ ᠰᠠᠨᠠᠭᠤᠯᠭ᠎ᠠ ᠬᠤᠷᠢᠶᠠᠵᠤ᠂ 41 ᠠᠰᠠᠭᠤᠳᠠᠯ ᠢ | ᠪᠠᠶᠢᠴᠠᠭᠠᠨ ᠥᠭᠡᠷᠡᠴᠢᠯᠡᠵᠦ᠂ 31 ᠴᠡᠭᠴᠡᠯᠡᠨ ᠰᠠᠶᠢᠵᠢᠷᠠᠭᠤᠯᠵᠤ᠂ 6 ᠤᠳᠠᠭ᠎ᠠ ᠰᠠᠶᠢᠨ ᠳᠤᠷ᠎ᠠ ᠶᠢᠨ | ᠦᠢᠯᠡᠴᠢᠯᠡᠬᠡᠨ ᠤ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠳᠤ 16 ᠬᠤᠪᠢ ᠰᠠᠶᠢᠨ ᠶᠠᠪᠤᠳᠠᠯ ᠪᠦᠲᠦᠭᠡᠵᠦ | ᠥᠭᠪᠡ᠃ | ᠳᠥᠷᠪᠡ ᠳᠤ᠄ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠳᠤᠮᠳᠠ ᠪᠣᠳᠠᠲᠤ ᠦᠷ᠎ᠡ ᠪᠦᠲᠦᠮᠵᠢ ᠶᠢ | ᠠᠳᠬᠤᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠢᠮᠠᠭᠲᠠ ᠲᠤᠤᠱᠯᠠᠭᠤᠯᠬᠤ | ᠱᠠᠭᠠᠷᠳᠠᠯᠭ᠎ᠠ ᠶᠣᠰᠣᠭᠠᠷ᠂ ᠠᠳᠠᠯᠢ ᠪᠡᠶᠡᠴᠢ ᠴᠣᠭᠴᠠ ᠶᠢᠨ ᠰᠤᠷᠭᠠᠨ ᠬᠥᠮᠦᠵᠢᠯ ᠢ ᠡᠬᠢᠯᠡᠭᠦᠯᠬᠦ ᠳᠤ ᠴᠡᠭᠴᠡᠯᠡᠨ | ᠰᠠᠶᠢᠵᠢᠷᠠᠭᠤᠯᠬᠤ ᠠᠵᠢᠯ ᠢ ᠠᠬᠢᠭᠤᠯᠵᠤ᠂ ᠣᠳᠣᠬᠠᠨ ᠤ ᠴᠡᠭᠴᠡᠯᠡᠨ ᠰᠠᠶᠢᠵᠢᠷᠠᠭᠤᠯᠤᠭᠰᠠᠨ ᠪᠤᠶᠤ ᠴᠡᠭᠴᠡᠯᠡᠨ | ᠰᠠᠶᠢᠵᠢᠷᠠᠭᠤᠯᠤᠭᠠᠳᠤᠶ ᠠᠰᠠᠭᠤᠳᠠᠯ ᠢ ᠡᠬᠡ ᠳᠠᠩᠰᠠ ᠵᠢᠭᠰᠠᠭᠠᠵᠤ᠂ ᠲᠥᠷᠥᠯ ᠬᠤᠪᠢᠶᠠᠨ ᠰᠢᠯᠵᠢᠭᠦᠯᠦᠨ | ᠬᠦᠢᠴᠡᠳᠬᠡᠵᠦ᠂ ᠪᠦᠬᠦ ᠶᠠᠪᠤᠴᠠ ᠶᠢ ᠬᠠᠮᠢᠶᠠᠷᠴᠤ᠂ ᠨᠠᠮ ᠤᠨ ᠪᠠᠶᠢᠭᠤᠯᠤᠯᠲᠠ ᠪᠠᠷ ᠳᠠᠮᠵᠢᠨ ᠠᠷᠠᠳ ᠤᠨ ᠰᠡᠳᠬᠢᠯ ᠢ | ᠨᠢᠭᠲᠠᠷᠠᠭᠤᠯᠵᠤ᠂ ᠵᠡᠭᠡᠯᠢ ᠭᠤᠳᠤᠮᠵᠢ ᠠᠷᠠᠳ ᠤᠨ ᠬᠦᠴᠢᠷᠳᠡᠯ ᠢ ᠰᠢᠢᠳᠪᠦᠷᠢᠯᠡᠵᠠᠢ᠃ ᠰᠠᠯᠠᠭ᠎ᠠ ᠮᠥᠴᠢᠷ | ᠬᠤᠯᠪᠣᠭᠠᠯᠠᠨ ᠬᠥᠳᠡᠯᠦᠯᠴᠡᠵᠦ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠰᠠᠭᠤᠭᠠᠯᠢ ᠲᠣᠭᠤᠷᠢᠭ ᠤᠨ ᠢᠯᠴᠢ | ᠬᠠᠩᠭᠠᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠠᠮ ᠤᠨ ᠳ᠋ᠧᠩ ᠤᠨ ᠡᠰᠢ ᠬᠡᠯᠪᠠᠶᠢᠬᠦ᠂ ᠱᠤᠤᠭᠢᠶᠠᠨ | ᠲᠠᠭᠤ ᠢᠶᠠᠷ ᠠᠷᠠᠳ ᠢ ᠦᠢᠮᠡᠬᠦᠯᠬᠦ ᠵᠡᠷᠭᠡ ᠡᠯ᠎ᠡ ᠵᠦᠢᠯ ᠤᠨ ᠠᠰᠠᠭᠤᠳᠠᠯ ᠢ ᠢᠳᠡᠪᠬᠢᠳᠠᠢ ᠵᠣᠬᠢᠴᠠᠭᠤᠯᠤᠨ | ᠰᠢᠢᠳᠪᠦᠷᠢᠯᠡᠵᠦ᠂ ᠠᠯᠬᠤᠮ ᠠᠯᠬᠤᠮ ᠢᠶᠠᠷ ᠴᠠᠭ ᠲᠤᠬᠠᠶ ᠳᠤᠨᠢ ᠢᠯᠡ ᠪᠣᠯᠭᠠᠨ᠎ᠠ᠃ ᠡᠳᠡᠭᠡᠷ ᠨᠢ ᠣᠯᠠᠨ ᠲᠦᠮᠡᠨ ᠤ | ᠰᠠᠶᠢᠨ ᠦᠨᠡᠯᠡᠯᠲᠡ ᠶᠢ ᠣᠯᠪᠠ᠃ | ᠬᠥᠲᠥᠯᠥᠭᠴᠢ᠄ ᠲᠠᠷᠠᠭᠠᠴᠢ ᠶᠢᠨ ᠠᠯᠬᠤᠮ ᠳᠤ ᠪᠤᠷᠤᠬᠤᠵᠢᠷ ᠵᠡᠭᠡᠯᠢ ᠭᠤᠳᠤᠮᠵᠢ ᠳᠤ ᠶᠠᠮᠠᠷ ᠠᠵᠢᠯ ᠤᠨ | ᠲᠤᠬᠢᠷᠠᠭᠤᠯᠤᠯᠳᠠ ᠲᠠᠢ ᠪᠣᠶ︖ | ᠪᠤᠷᠤᠬᠤᠵᠢᠷ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠸᠠᠩ ᠵᠢᠶᠦ᠋ᠨ ᠭᠦᠸᠧ | ᠲᠠᠷᠠᠭᠠᠴᠢ ᠶᠢᠨ ᠠᠯᠬᠤᠮ ᠳᠤ᠂ ᠵᠡᠭᠡᠯᠢ ᠭᠤᠳᠤᠮᠵᠢ ᠶᠢᠨ ᠨᠠᠮ ᠤᠨ ᠬᠤᠷᠢᠶ᠎ᠠ ᠬᠤᠲᠠ ᠶᠢᠨ ᠨᠠᠮ ᠤᠨ ᠬᠤᠷᠢᠶᠠᠨ ᠤ | ᠱᠠᠭᠠᠷᠳᠠᠯᠭ᠎ᠠ ᠶᠣᠰᠣᠭᠠᠷ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ ᠪᠠᠷ᠂ ᠭᠤᠤᠯ ᠰᠡᠳᠦᠪᠲᠦ | ᠬᠥᠮᠦᠵᠢᠯ ᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠦ᠂ ᠪᠣᠳᠠᠲᠤ | ᠠᠵᠢᠯᠯᠠᠭ᠎ᠠ ᠪᠠᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠵᠠᠢ᠃ | ᠦᠨᠡᠨ ᠪᠣᠳᠠᠲᠠᠢ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠠᠵᠢᠯ ᠪᠠ ᠴᠢᠷᠮᠠᠶᠢᠯᠭ᠎ᠠ ᠪᠠᠷ ᠪᠦᠬᠦ | ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ | | | | | |