ᠦᠵᠡᠰᠭᠦᠯᠡᠩ ᠭᠤᠸ᠎ᠠ ᠬᠤᠤᠯᠢᠩᠭᠤᠤᠯ — ᠲᠠᠨ ᠲᠠᠢ ᠪᠠᠨ ᠬᠠᠮᠲᠤ ᠲᠠᠯ᠎ᠠ ᠨᠤᠲᠤᠭ ᠢ ᠪᠠᠷᠠᠭᠠᠯᠠᠶᠠ | | ᠬᠤᠤᠯᠢᠩᠭᠤᠤᠯ ᠬᠤᠲᠠ ᠲᠦᠩᠯᠢᠶᠣᠤ ᠬᠤᠲᠠ ᠶᠢᠨ ᠬᠤᠶᠢᠲᠤ ᠦᠵᠦᠭᠦᠷ᠂ ᠤᠯᠠᠭᠠᠨᠬᠤᠲᠠ ᠶᠢᠨ ᠪᠠᠷᠠᠭᠤᠨ | ᠬᠡᠰᠡᠭ᠂ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠡᠰᠡᠭ᠂ ᠵᠡᠭᠦᠨ᠂ ᠡᠮᠦᠨ᠎ᠡ᠂ ᠪᠠᠷᠠᠭᠤᠨ ᠡᠮᠦᠨ᠎ᠡ ᠲᠠᠯ᠎ᠠ ᠨᠢ | ᠲᠦᠩᠯᠢᠶᠣᠤ ᠬᠤᠳᠠ ᠶᠢᠨ ᠵᠠᠷᠤᠳ ᠬᠤᠰᠢᠭᠤ ᠲᠠᠢ ᠵᠠᠬ᠎ᠠ ᠨᠡᠶᠢᠯᠡᠵᠦ᠂ ᠪᠠᠷᠠᠭᠤᠨ᠂ ᠪᠠᠷᠠᠭᠤᠨ ᠬᠤᠶᠢᠲᠤ᠂ ᠬᠤᠶᠢᠲᠤ | ᠲᠠᠯ᠎ᠠ ᠪᠠᠷ ᠢᠶᠠᠨ ᠰᠢᠯᠢ ᠶᠢᠨ ᠭᠤᠤᠯ ᠠᠶᠢᠮᠠᠭ ᠤᠨ ᠵᠡᠭᠦᠨ ᠦᠵᠦᠮᠦᠴᠢᠨ ᠬᠤᠰᠢᠭᠤ ᠲᠠᠢ ᠵᠠᠯᠭᠠᠯᠳᠤᠵᠦ᠂ ᠤᠮᠠᠷᠠᠰᠢ | ᠪᠠᠨ ᠮᠣᠩᠭᠤᠯ ᠤᠯᠤᠰ ᠲᠠᠢ ᠠᠰ ᠱᠤᠭᠤᠮ ᠤᠨ ᠵᠠᠢ 120 ᠺᠢᠯᠣᠮᠧᠲᠷ ᠪᠠᠶᠢᠳᠠᠭ᠃ ᠬᠤᠤᠯᠢᠩᠭᠤᠤᠯ ᠬᠤᠲᠠ ᠶᠢᠨ | ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢ ᠳᠠᠭᠠᠯᠳᠤᠨ᠂ ᠬᠤᠤᠯᠢᠩᠭᠤᠤᠯ ᠨᠢᠭᠡᠨᠲᠡ ︽ᠳᠤᠮᠳᠠᠳᠤ | ᠤᠯᠤᠰ ᠤᠨ ᠰᠢᠯᠢᠳᠡᠭ ᠵᠢᠭᠤᠯᠴᠢᠯᠠᠯ ᠤᠨ ᠬᠤᠲᠠ︾ ᠪᠣᠯᠵᠠᠶ᠃ | ᠣᠪᠣᠭᠠᠨ ᠠᠭᠤᠯᠵᠠᠯᠲᠠ ᠬᠠᠨ ᠠᠭᠤᠯᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ | ᠣᠪᠣᠭᠠᠨ ᠠᠭᠤᠯᠵᠠᠯᠳᠠ ᠬᠠᠭᠠᠨᠳᠦ ᠠᠭᠤᠯᠠ ᠶᠢᠨ ᠲᠠᠯ᠎ᠠ ᠨᠤᠲᠤᠭ ᠤᠨ ᠵᠤᠭᠠᠴᠠᠯ ᠤᠨ ᠣᠷᠣᠨ ᠬᠤᠤᠯᠢᠩᠭᠤᠤᠯ | ᠬᠤᠲᠠ ᠶᠢᠨ ᠲᠣᠭᠤᠷᠢᠭ ᠠᠴᠠ ᠤᠮᠠᠷᠠᠰᠢ 3 ᠺᠢᠯᠣᠮᠧᠲᠷ ᠤᠨ ᠵᠠᠶᠢᠳᠠᠢ ᠪᠠᠶᠢᠷᠢᠯᠠᠵᠤ᠂ ᠪᠠᠷᠤᠭ 5.4 ᠲᠦᠮᠡᠨ ᠮᠦ | ᠲᠠᠯᠠᠪᠠᠢ ᠡᠵᠡᠯᠡᠵᠦ᠂ ᠬᠤᠷᠴᠢᠨ ᠤ ᠲᠠᠯ᠎ᠠ ᠨᠤᠲᠤᠭ᠂ ᠰᠢᠯᠢ ᠶᠢᠨ ᠭᠤᠤᠯ ᠤᠨ ᠲᠠᠯ᠎ᠠ ᠨᠤᠲᠤᠭ ᠤᠨ ᠠᠭᠤᠯᠵᠠᠷ | ᠣᠷᠣᠨ ᠳᠤ ᠪᠠᠶᠢᠷᠢᠯᠠᠵᠤ᠂ ᠲᠠᠯ᠎ᠠ ᠨᠤᠲᠤᠭ᠂ ᠨᠠᠭᠤᠷ ᠴᠥᠭᠦᠷᠥᠮ᠂ ᠠᠭᠤᠯᠠ ᠨᠢᠷᠤᠭᠤ᠂ ᠣᠢ ᠰᠢᠭᠤᠶ᠂ ᠭᠤᠤᠯ | ᠮᠥᠷᠡᠨ ᠵᠡᠷᠭᠡ ᠦᠵᠡᠮᠵᠢ ᠶᠢᠨ ᠣᠷᠣᠨ ᠳᠤ ᠬᠠᠳᠠᠭᠠᠯᠠᠭᠳᠠᠵᠤ ᠪᠠᠶᠢᠭ᠎ᠠ ᠵᠢᠭᠤᠯᠴᠢᠯᠠᠯ ᠤᠨ ᠡᠯᠧᠮᠧᠨ᠋ᠲ ᠲᠠᠢ᠃ | 2014 ᠣᠨ ᠤ 10 ᠳ᠋ᠤᠭᠠᠷ ᠰᠠᠷ᠎ᠠ ᠳᠤ ᠤᠯᠤᠰ ᠤᠨ AAA ᠲᠠᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ ᠢᠶᠠᠷ ᠦᠨᠡᠯᠡᠭᠳᠡᠪᠡ᠃ | ᠦᠵᠡᠮᠵᠢ ᠶᠢᠨ ᠣᠷᠣᠨ ᠲᠤᠳᠤᠷᠠᠬᠢ ᠲᠦᠯᠦᠪᠵᠢᠬᠦᠯᠭᠡ ᠶᠢᠨ ᠪᠦᠳᠦᠬᠡᠨ ᠪᠠᠶᠢᠭᠤᠯᠤᠯᠳᠠ ᠳᠤ | ᠵᠢᠭᠤᠯᠴᠢᠯᠠᠭᠴᠢᠳ ᠤᠨ ᠦᠢᠯᠡᠴᠢᠯᠡᠬᠡᠨ ᠤ ᠲᠣᠭᠤᠷᠢᠭ᠂ ᠨᠠᠭᠤᠷ ᠲᠠᠭᠤ ᠵᠤᠭ᠎ᠠ ᠴᠡᠩᠭᠡᠯ ᠤᠨ ᠲᠣᠭᠤᠷᠢᠭ᠂ | ᠮᠠᠯᠵᠢᠯ ᠤᠨ ᠲᠠᠯᠠᠪᠠᠢ ᠶᠢᠨ ᠠᠮᠠᠷᠠᠯᠲᠠ ᠶᠢᠨ ᠲᠣᠭᠤᠷᠢᠭ᠂ ᠮᠣᠩᠭᠤᠯ᠂ ᠶᠤᠸᠠᠨ ᠤ ᠰᠣᠶᠣᠯ ᠢ ᠪᠡᠶᠡᠴᠢᠯᠡᠨ | ᠣᠶᠢᠯᠠᠭᠠᠬᠤ ᠣᠷᠣᠨ ᠵᠡᠷᠭᠡ ᠳᠥᠷᠪᠡᠨ ᠴᠢᠳᠠᠮᠵᠢᠲᠤ ᠣᠷᠣᠨ ᠲᠣᠭᠤᠷᠢᠭ ᠪᠠᠶᠢᠵᠦ᠂ | ᠣᠪᠣᠭᠠᠨ ᠠᠭᠤᠯᠵᠠᠯᠲᠠ ᠬᠠᠭᠠᠨᠳᠦ ᠠᠭᠤᠯᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ ᠢ ᠪᠥᠬᠦ | ᠤᠯᠤᠰ ᠲᠤ ᠠᠯᠳᠠᠷᠲᠠᠶ ᠮᠣᠩᠭᠤᠯ᠂ ᠶᠤᠸᠠᠨ ᠤ ᠰᠣᠶᠣᠯ ᠵᠢᠭᠤᠯᠴᠢᠯᠠᠯ ᠤᠨ ᠰᠣᠳᠣᠨ ᠭᠠᠵᠠᠷ ᠪᠣᠯᠭᠠᠬᠤ ᠪᠠᠷ | ᠬᠦᠴᠦᠯᠡᠨ ᠴᠢᠷᠮᠠᠶᠢᠵᠦ ᠪᠤᠢ᠃ | | | | | | | | | | | | | ᠬᠠᠯᠢᠭᠤᠨ ᠭᠠᠯᠠᠭᠤᠨ ᠨᠠᠭᠤᠷ ᠤᠨ ᠵᠢᠭᠤᠯᠴᠢᠯᠠᠯ ᠤᠨ ᠣᠷᠣᠨ | ᠬᠠᠯᠢᠭᠤᠨ ᠭᠠᠯᠠᠭᠤᠨ ᠨᠠᠭᠤᠷ ᠤᠨ ᠵᠢᠭᠤᠯᠴᠢᠯᠠᠯ ᠤᠨ ᠣᠷᠣᠨ ᠪᠣᠯ ᠬᠤᠤᠯᠢᠩᠭᠤᠤᠯ ᠬᠤᠲᠠ ᠠᠴᠠ ᠪᠠᠷᠠᠭᠤᠨ | ᠡᠮᠦᠨᠠᠰᠢ 30 ᠺᠢᠯᠤᠮᠧᠲᠷ ᠤᠨ ᠵᠠᠢ ᠳᠤ ᠪᠠᠶᠢᠷᠢᠯᠠᠵᠤ᠂ ᠲᠠᠯᠠᠪᠠᠶ ᠨᠢ ᠪᠠᠷᠤᠭ 26 ᠲᠡᠭᠰᠢ ᠳᠥᠷᠪᠡᠯᠵᠢᠨ ᠺᠢᠯᠣᠮᠧᠲᠷ | ᠪᠠᠶᠢᠵᠤ᠂ ᠬᠤᠶᠢᠳᠦ ᠵᠠᠬᠠᠨᠠᠭᠤᠷ᠂ ᠤᠳᠤᠨᠠᠭᠤᠷ ᠪᠣᠯᠤᠨ ᠵᠠᠬᠠᠨᠠᠭᠤᠷ ᠬᠡᠬᠦ ᠭᠤᠷᠪᠠᠨ ᠨᠠᠭᠤᠷ ᠤᠨ ᠨᠤᠭᠤ ᠭᠠᠵᠠᠷ ᠤᠨ | ᠬᠠᠮᠠᠭᠠᠯᠠᠯᠲᠠ ᠶᠢᠨ ᠣᠷᠣᠨ ᠲᠤᠳᠤᠷ᠎ᠠ ᠪᠠᠶᠢᠷᠢᠯᠠᠵᠤ᠂ 2008 ᠣᠨ ᠳᠤ ᠤᠯᠤᠰ ᠤᠨ AA ᠲᠠᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ᠃ ᠦᠵᠡᠮᠵᠢ ᠶᠢᠨ ᠣᠷᠣᠨ ᠳᠤ ᠣᠶ ᠰᠢᠭᠤᠶ᠂ ᠲᠠᠯ᠎ᠠ | ᠨᠤᠲᠤᠭ᠂ ᠨᠤᠭᠤ ᠭᠠᠵᠠᠷ᠂ ᠨᠠᠭᠤᠷ ᠴᠥᠭᠦᠷᠥᠮ ᠵᠡᠷᠭᠡ ᠵᠢᠭᠤᠯᠴᠢᠯᠠᠯ ᠤᠨ ᠡᠬᠢ ᠪᠠᠶᠠᠯᠢᠭ ᠢ ᠬᠠᠳᠠᠭᠠᠯᠠᠵᠤ᠂ ᠨᠠᠭᠤᠷ | ᠤᠨ ᠤᠰᠤᠨ ᠤ ᠬᠡᠮᠵᠢᠶ᠎ᠡ ᠬᠦᠢᠴᠡᠳ᠂ ᠪᠠᠶᠢᠭᠠᠯᠢ ᠶᠢᠨ ᠥᠩᠭᠡ ᠦᠵᠡᠮᠵᠢ ᠭᠤᠶᠢᠳᠠ ᠰᠠᠶᠢᠬᠠᠨ᠂ ᠲᠡᠭᠷᠢ ᠶᠢᠨ | ᠲᠤᠤᠷᠠᠬᠢ ᠬᠡᠰᠢᠭ ᠢ ᠭᠠᠭᠴᠠᠭᠠᠷ ᠬᠦᠷᠳᠡᠭᠰᠡᠨ ᠥᠪᠡᠷᠮᠢᠴᠡ ᠤᠨᠴᠠᠯᠢᠭ ᠲᠠᠢ ᠠᠮᠢ ᠠᠬᠤᠶ ᠶᠢᠨ ᠣᠷᠴᠢᠨ | ᠲᠣᠭᠤᠷᠢᠨ ᠲᠠᠢ ᠪᠤᠯᠬᠤᠷ ᠬᠠᠯᠢᠭᠤᠨ ᠭᠠᠯᠠᠭᠤ᠂ ᠬᠤᠨ ᠭᠠᠯᠠᠭᠤ᠂ ᠪᠣᠷᠣ ᠲᠣᠭᠤᠷᠤᠤ ᠶᠢ ᠪᠠᠭᠲᠠᠭᠠᠭᠰᠠᠨ ᠣᠯᠠᠨ | ᠵᠦᠢᠯ ᠤᠨ ᠰᠢᠪᠠᠭᠤᠳ ᠠᠳᠡ ᠨᠤᠳᠤᠭᠯᠠᠨ ᠠᠮᠢᠳᠤᠷᠠᠨ ᠦᠷᠡᠵᠢᠵᠦ᠂ ᠡᠶ᠎ᠡ ᠵᠣᠬᠢᠴᠠᠩᠭᠤᠶ᠂ ᠦᠵᠡᠰᠬᠦᠯᠡᠩᠲᠦ | ᠰᠠᠶᠢᠬᠠᠨ ᠪᠠᠶᠢᠭᠠᠯᠢ ᠶᠢᠨ ᠦᠵᠡᠮᠵᠢ ᠶᠢ ᠪᠦᠷᠢᠳᠦᠬᠦᠯᠵᠠᠢ᠃ | ᠬᠠᠯᠢᠭᠤᠨ ᠭᠠᠯᠠᠭᠤᠨ ᠨᠠᠭᠤᠷ ᠤᠨ ᠵᠢᠭᠤᠯᠴᠢᠯᠠᠯ ᠤᠨ ᠣᠷᠣᠨ ᠳᠤ 9 ᠮᠣᠩᠭᠤᠯ ᠬᠡᠷ ᠪᠠᠷᠢᠵᠦ᠂ ᠡᠳᠦᠷ ᠪᠦᠷᠢ | 800 ᠬᠥᠮᠦᠨ ᠢ ᠭᠥᠯᠢᠶᠡᠨ ᠠᠪᠴᠤ ᠬᠤᠭᠤᠯᠠᠯᠠᠬᠤ᠂ 50 ᠬᠥᠮᠦᠨ ᠤ ᠬᠤᠨᠣᠬᠤ ᠨᠥᠬᠦᠴᠡᠯ ᠢ ᠪᠦᠷᠢᠯᠳᠦᠭᠦᠯᠵᠡᠶ᠃ | ᠲᠠ ᠨᠠᠷ ᠤᠨ ᠠᠭᠠᠭᠢᠮ᠎ᠠ ᠬᠠᠯᠠᠭᠤᠨ ᠵᠤᠨ ᠤ ᠠᠮᠠᠷᠠᠯᠲᠠ ᠶᠢᠨ ᠲᠡᠷᠢᠭᠦᠨ ᠰᠣᠩᠭᠤᠯᠲᠠ ᠶᠢᠨ ᠵᠤᠭᠠᠴᠠᠯ ᠤᠨ ᠤᠷᠤᠨ | ᠪᠤᠯᠬᠤ ᠶᠤᠰᠤᠳᠠᠢ᠃ ᠡᠭᠦᠨ ᠤ ᠬᠠᠮᠲᠤ ᠪᠠᠰᠠ ᠮᠣᠷᠢ ᠤᠨᠤᠬᠤ᠂ ᠪᠥᠬᠡ ᠪᠠᠷᠢᠯᠳᠤᠬᠤ᠂ ᠰᠤᠷ ᠬᠠᠷᠪᠤᠬᠤ᠂ ᠲᠦᠳᠡᠭ | ᠭᠠᠯ ᠤᠨ ᠦᠳᠡᠰᠢᠯᠡᠭᠡ᠂ ᠬᠡᠬᠡᠷ᠎ᠡ ᠱᠤᠷᠤᠯᠠᠬᠤ᠂ ᠪᠦᠬᠦᠯᠢ ᠵᠢᠭᠠᠰᠤᠨ ᠤ ᠳᠠᠶᠢᠯᠠᠯᠭ᠎ᠠ᠂ ᠡᠪᠡᠰᠦᠨ ᠳᠡᠭᠡᠷᠡᠬᠢ ᠺᠠᠷᠲ᠋ᠢᠩ | ᠲᠡᠷᠭᠡ᠂ ᠬᠤᠷᠳᠤᠨ ᠤᠩᠭᠤᠴᠠᠨ ᠳᠤ ᠰᠠᠭᠤᠵᠤ ᠬᠤᠨ ᠭᠠᠯᠠᠭᠤ ᠰᠤᠨᠢᠷᠬᠠᠬᠤ ᠵᠡᠷᠭᠡ ᠣᠯᠠᠨ ᠵᠦᠢᠯ ᠤᠨ ᠵᠤᠭ᠎ᠠ | ᠴᠡᠩᠭᠡᠯ ᠤᠨ ᠲᠥᠷᠥᠯ ᠵᠦᠢᠯ ᠲᠠᠢ᠂ ᠣᠯᠠᠨ ᠢᠶᠠᠷ ᠶᠢᠨ ᠰᠠᠨᠠᠭ᠎ᠠ ᠰᠡᠳᠬᠢᠯ ᠪᠠᠷ ᠢᠶᠠᠨ ᠮᠡᠳᠡᠷᠡᠵᠦ᠂ ᠪᠠᠶᠢᠭᠠᠯᠯᠢᠭ | ᠴᠡᠪᠡᠷ ᠠᠷᠢᠭᠤᠨ ᠬᠦᠴᠢᠯᠳᠦᠷᠦᠭᠴᠢᠳᠦ ᠤᠷᠴᠢᠨ ᠲᠤᠭᠤᠷᠢᠨ ᠤ ᠲᠠᠭᠠᠯᠠᠮᠵᠢᠲᠠᠢ ᠪᠠᠶᠢᠳᠠᠯ ᠢ ᠡᠳ᠋ᠯᠡᠵᠦ ᠵᠤᠭᠠᠴᠠᠨ | ᠨᠠᠭᠠᠳᠴᠦ ᠪᠣᠯᠤᠨ᠎ᠠ ᠰᠢᠤ᠃ | | | | | | | | | | | ᠬᠠᠭᠠᠨᠳᠦ ᠠᠭᠤᠯᠠ ᠶᠢᠨ ᠲᠡᠷᠭᠡ ᠵᠢᠯᠣᠭᠤᠳᠴᠤ ᠬᠡᠭᠡᠷ᠎ᠡ ᠪᠠᠭᠤᠳᠠᠯᠯᠠᠬᠤ ᠭᠠᠵᠠᠷ | ᠬᠠᠭᠠᠨᠳᠦ ᠠᠭᠤᠯᠠ ᠶᠢᠨ ᠲᠡᠷᠭᠡ ᠵᠢᠯᠣᠭᠤᠳᠴᠤ ᠬᠡᠭᠡᠷ᠎ᠡ ᠪᠠᠭᠤᠳᠠᠯᠯᠠᠬᠤ ᠭᠠᠵᠠᠷ ᠪᠣᠯ ᠬᠤᠷᠴᠢᠨ ᠤ 500 | ᠺᠢᠯᠣᠮᠧᠲᠷ ᠤᠨ ᠦᠵᠡᠮᠵᠢ ᠶᠢᠨ ᠪᠦᠰᠡ ᠶᠢᠨ ᠥᠪᠡᠷ ᠢᠶᠠᠨ ᠵᠢᠯᠣᠭᠤᠳᠴᠤ ᠵᠤᠭᠠᠴᠠᠬᠤ ᠦᠢᠯᠡᠴᠢᠯᠡᠭᠡᠨ ᠤ | ᠰᠢᠰᠲ᠋ᠧᠮ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠨᠢᠭᠡ ᠪᠣᠯᠤᠨ᠎ᠠ᠃ ᠬᠤᠤᠯᠢᠩᠭᠤᠤᠯ ᠬᠤᠲᠠ ᠲᠣᠭᠤᠷᠢᠭ ᠠᠴᠠ | 14 ᠺᠢᠯᠤᠮᠧᠲᠷ ᠤᠨ ᠵᠠᠶᠢᠳᠠᠢ ᠪᠠᠶᠢᠷᠢᠯᠠᠵᠤ᠂ ᠬᠤᠷᠴᠢᠨ ᠤ 500 ᠺᠢᠯᠣᠮᠧᠲᠷ ᠤᠨ ᠦᠵᠡᠮᠵᠢ ᠶᠢᠨ ᠶᠡᠭᠡ ᠪᠦᠰᠡ ᠶᠢᠨ | ᠬᠠᠮᠤᠭ ᠬᠤᠶᠢᠲᠤ ᠡᠭᠦᠳᠡ ᠠᠴᠠ 1 ᠺᠢᠯᠤᠮᠧᠲᠷ ᠵᠠᠶᠢᠲᠠᠢ ᠪᠠᠶᠢᠵᠤ᠂ ᠮᠤᠵᠢ ᠶᠢᠨ ᠵᠠᠮ ᠤᠨ 101 ᠪᠣᠯᠤᠨ | ᠬᠤᠤᠯᠢᠩᠭᠤᠤᠯ — ᠷᠠᠰᠢᠶᠠᠨ ᠨᠢᠭᠡᠳᠦᠭᠡᠷ ᠳᠡᠰ ᠤᠨ ᠵᠠᠰᠠᠮᠠᠯ ᠵᠠᠮ ᠲᠠᠢ ᠤᠶᠢᠷᠠᠯᠴᠠᠭ᠎ᠠ ᠤᠷᠤᠰᠢᠵᠦ ᠪᠤᠢ᠃ ᠵᠤᠰᠠᠯᠠᠩ | ᠤᠨ ᠭᠠᠵᠠᠷ ᠨᠢ 5200 ᠮᠦ ᠲᠠᠯᠠᠪᠠᠶ ᠲᠠᠢ ᠪᠥᠭᠡᠳ ᠲᠦᠯᠦᠪᠵᠢᠬᠦᠯᠦᠨ ᠪᠦᠳᠦᠭᠡᠨ ᠪᠠᠶᠢᠭᠤᠯᠤᠭᠰᠠᠨ ᠬᠡᠭᠡᠷ᠎ᠡ | ᠪᠠᠭᠤᠳᠠᠯᠯᠠᠬᠤ ᠭᠠᠵᠠᠷ ᠨᠢ 200 ᠮᠦ ᠲᠠᠯᠠᠪᠠᠶ ᠲᠠᠢ᠃ ᠣᠳᠣᠬᠠᠨ ᠳᠤ ᠨᠡᠶᠢᠲᠡ 3500 ᠲᠦᠮᠡᠨ ᠲᠥᠭᠦᠷᠢᠭ ᠤᠨ | ᠪᠡᠯᠡ ᠣᠷᠣᠭᠤᠯᠤᠯᠲᠠ ᠤᠷᠤᠭᠤᠯᠤᠭᠠᠳ ᠪᠠᠶᠢᠨ᠎ᠠ᠃ | ᠦᠵᠡᠮᠵᠢ ᠶᠢᠨ ᠤᠷᠤᠨ ᠤ ᠶᠡᠭᠡ ᠡᠭᠦᠳᠡ᠂ ᠵᠢᠭᠳᠡᠷᠯᠡᠭᠰᠡᠨ ᠮᠣᠩᠭᠤᠯ ᠭᠡᠷ ᠂ ᠭᠡᠷᠳᠦ ᠲᠡᠷᠭᠡᠨ ᠤ ᠤᠷᠤᠨ᠂ | ᠮᠣᠳᠣᠨ ᠭᠡᠷ ᠤᠨ ᠤᠷᠤᠨ᠂ ᠮᠠᠶᠢᠬᠠᠨ ᠤ ᠲᠣᠭᠤᠷᠢᠭ᠂ ᠴᠢᠩᠭᠡᠯᠢᠭ ᠬᠡᠯᠪᠡᠷᠢᠳᠦ ᠵᠣᠴᠢᠳ ᠤᠨ ᠪᠠᠭᠤᠳᠠᠯ᠂ ᠵᠤᠬᠢᠶᠠᠮᠠᠯ | ᠡᠯᠡᠰᠦᠷᠬᠡᠭ ᠭᠠᠵᠠᠷ᠂ ᠮᠠᠰᠢᠨ ᠲᠡᠷᠭᠡᠨ ᠤ ᠲᠡᠰᠬᠡᠯ ᠤᠷᠤᠯᠳᠤᠭᠠᠨ ᠤ ᠲᠠᠯᠠᠪᠤᠷ᠂ ᠲᠤᠭᠯᠠᠯᠳᠠ ᠶᠢᠨ ᠶᠡᠭᠡ ᠲᠠᠩᠬᠢᠮ᠂ | ᠲᠦᠳᠡᠭ ᠭᠠᠯ ᠤᠨ ᠠᠭᠤᠳᠠᠮ ᠲᠠᠯᠠᠪᠠᠶ᠂ ᠮᠠᠰᠢᠨ ᠲᠡᠷᠭᠡᠨ ᠳᠤ ᠪᠠᠨ ᠰᠠᠭᠤᠭᠠᠳ ᠺᠢᠨᠣ᠋ ᠦᠵᠡᠬᠦ ᠪᠠ ᠲᠥᠷᠥᠯ | ᠵᠦᠢᠯ ᠤᠨ ᠨᠣᠭᠤᠭᠠᠷᠠᠭᠤᠯᠤᠯᠲᠠ ᠭᠤᠶᠣᠵᠢᠭᠤᠯᠤᠯᠲᠠ ᠬᠢᠯᠠᠷᠠᠭᠤᠯᠤᠯᠳᠠ ᠵᠡᠷᠭᠡ ᠶᠢ ᠭᠠᠷᠳᠠᠨ ᠬᠢᠵᠦ᠂ 2000 | ᠵᠤᠴᠢᠨ ᠢ ᠬᠠᠮᠳᠦ ᠳᠤᠨᠢ ᠭᠥᠯᠢᠶᠡᠨ ᠠᠪᠴᠤ ᠵᠤᠴᠢᠯᠠᠵᠦ ᠲᠡᠶᠢᠯᠦᠨ᠎ᠡ᠃ ᠬᠤᠪᠢ ᠶᠢᠨ ᠲᠡᠷᠭᠡ ᠶᠢ 400 | ᠪᠠᠭᠳᠠᠭᠠᠵᠦ ᠲᠡᠶᠢᠯᠬᠦ ᠪᠦᠬᠡᠳ ᠲᠠᠷᠠᠭᠠᠴᠢ ᠶᠢᠨ ᠠᠯᠬᠤᠮ ᠳᠤ ᠬᠠᠯᠠᠭᠤᠨ ᠷᠠᠰᠢᠶᠠᠨ ᠤ ᠪᠠᠭᠤᠳᠠᠯ᠂ ᠴᠠᠨ᠎ᠠ ᠴᠡᠴᠡᠭ ᠤᠨ | ᠬᠥᠨᠳᠡᠶ᠂ ᠬᠡᠭᠡᠷ᠎ᠡ ᠶᠢᠨ ᠠᠮᠢᠲᠠᠨ ᠤ ᠦᠵᠡᠮᠦᠷᠢ ᠶᠢᠨ ᠬᠦᠷᠢᠶᠡᠯᠡᠩ ᠵᠡᠷᠭᠡ ᠦᠢᠯᠡᠴᠢᠯᠡᠬᠡᠨ ᠤ ᠲᠥᠷᠥᠯ ᠵᠦᠢᠯ ᠢ | ᠵᠠᠯᠭᠠᠭ᠎ᠠ ᠪᠠᠷ ᠲᠥᠯᠥᠪᠵᠢᠭᠦᠯᠦᠨ ᠪᠠᠶᠢᠭᠤᠯᠵᠤ᠂ ᠲᠦᠩᠯᠢᠶᠣᠤ ᠬᠤᠲᠠ ᠴᠢᠨᠠᠭᠰᠢᠯᠠᠪᠠᠯ ᠡᠷᠬᠢᠨ ᠲᠣᠭᠤᠷᠢᠨ ᠤ ᠭᠠᠵᠠᠷ | ᠣᠷᠣᠨ ᠤ ᠬᠠᠮᠤᠭ ᠤᠨ ᠭᠤᠶᠣ ᠲᠠᠯ᠎ᠠ ᠨᠤᠲᠤᠭ ᠤᠨ ᠲᠡᠷᠭᠡ ᠵᠢᠯᠣᠭᠤᠳᠴᠤ ᠬᠡᠭᠡᠷ᠎ᠡ ᠪᠠᠭᠤᠳᠠᠯᠯᠠᠬᠤ ᠭᠠᠵᠠᠷ ᠢ | ᠪᠠᠶᠢᠭᠤᠯᠬᠤ ᠪᠠᠷ ᠴᠢᠷᠮᠠᠶᠢᠵᠦ ᠪᠠᠶᠢᠨ᠎ᠠ᠃ | | | | | | | | | | | | | | |