2020 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ | 2020 ᠣᠨ ᠤ 4 ᠰᠠᠷ᠎ᠠ ᠶᠢᠨ 22 ᠤᠨ ᠡᠳᠦᠷ | ᠬᠤᠤᠯᠢᠩᠭᠤᠤᠯ ᠬᠤᠲᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠰᠢᠤᠸᠠᠨ ᠳ᠋ᠦᠩ | ᠱᠧᠩ | | ᠲᠥᠯᠥᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠤᠯᠪᠠᠤ︖ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠠ | ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠤᠯᠪᠠᠤ︖ | ᠨᠢᠭᠡ᠂ 2019 ᠣᠨ ᠤ ᠠᠵᠢᠯ ᠤᠨ ᠡᠷᠭᠢᠴᠡᠭᠦᠯᠦᠯ | 2019 ᠤᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠃ | ᠨᠢᠭᠡ ᠵᠢᠯ ᠤᠨ ᠲᠤᠷᠰᠢ᠂ ᠬᠠᠲᠠᠭᠤ ᠴᠢᠩᠭ᠎ᠠ ᠨᠠᠷᠢᠨ ᠪᠤᠳᠤᠯᠢᠶᠠᠨᠲᠠᠶ ᠭᠠᠳᠠᠭᠠᠳᠤ ᠣᠷᠴᠢᠨ ᠲᠣᠭᠤᠷᠢᠨ ᠪᠣᠯᠤᠨ | ᠬᠠᠳᠠᠭᠤ ᠪᠡᠷᠬᠡ ᠨᠦᠰᠡᠷ ᠬᠦᠨᠳᠦ ᠬᠥᠭᠵᠢᠯᠲᠡ ᠶᠢᠨ ᠡᠭᠦᠷᠭᠡ ᠶᠢᠨ ᠡᠮᠦᠨ᠎ᠡ᠂ ᠪᠥᠬᠦ ᠬᠤᠲᠠ ᠳᠠᠶᠠᠭᠠᠷ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ | ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ | ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ | ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ | ᠳᠡᠮᠵᠢᠯᠭᠡ ᠳᠣᠣᠷ᠎ᠠ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ | ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠰᠢᠨ᠎ᠡ ᠶᠢ ᠡᠭᠦᠳᠦᠨ ᠪᠣᠳᠠᠲᠠᠢ | ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠤᠲᠠ ᠶᠢᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠲᠣᠭᠲᠠᠭᠠᠭᠰᠠᠨ ᠬᠠᠷᠠᠯᠲᠠ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ | 143.63 ᠳ᠋ᠦᠩᠰᠢᠭᠤᠷ ᠲᠥᠭᠦᠷᠢᠭ ᠪᠡᠶᠡᠯᠡᠭᠦᠯᠵᠦ᠂ 4.5% ᠪᠠᠷ ᠨᠡᠮᠡᠭᠳᠡᠵᠡᠶ᠃ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ 8.5% ᠨᠡᠮᠡᠭᠳᠡᠵᠦ᠂ ᠬᠢᠵᠠᠭᠠᠷ ᠲᠤᠭ᠎ᠠ ᠠᠴᠠ ᠳᠡᠭᠡᠭᠰᠢᠬᠢ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ 81 ᠳ᠋ᠦᠩᠰᠢᠭᠤᠷ ᠲᠥᠭᠦᠷᠢᠭ᠂ 6.8% ᠨᠡᠮᠡᠭᠳᠡᠵᠦ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 3.3% ᠨᠡᠮᠡᠭᠳᠡᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠤᠷᠤᠯᠭ᠎ᠠ 45752 | ᠲᠥᠭᠦᠷᠢᠭ᠂ 6.2% ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 13.65 | ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠠᠬᠤᠶ ᠨᠡᠶᠢᠭᠡᠮ ᠤᠨ ᠬᠥᠭᠵᠢᠯᠲᠡ ᠰᠢᠨ᠎ᠡ ᠳᠠᠪᠠᠯᠲᠠ ᠶᠢ | ᠪᠡᠶᠡᠯᠡᠭᠦᠯᠪᠡ᠃ | ︵ᠨᠢᠭᠡ︶ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠬᠦᠴᠦ ᠲᠥᠪᠯᠡᠷᠡᠭᠦᠯᠦᠨ ᠠᠳᠬᠤᠵᠤ᠂ ᠪᠣᠭᠤᠮᠲᠠ | ᠰᠤᠨᠳᠠᠯᠠᠵᠤ᠂ ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠰᠢᠨ᠎ᠡ ᠠᠬᠢᠴᠠ ᠲᠠᠢ ᠪᠣᠯᠪᠠ᠃ ᠬᠦᠨᠳᠦ | ᠶᠡᠭᠡ ᠠᠶᠤᠯ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ᠂ ᠪᠥᠬᠦ ᠤᠯᠤᠰ ᠤᠨ 35 ᠪᠠᠶᠢᠭᠤᠯᠤᠮᠵᠢᠳᠦ | ᠰᠢᠶᠠᠨ ᠤ ᠳᠠᠯᠳᠠ ᠥᠷᠢ ᠥᠭᠴᠡᠭᠡ ᠶᠢ ᠠᠷᠢᠯᠭᠠᠬᠤ ᠲᠤᠷᠰᠢᠯᠲᠠ ᠳᠤ ᠠᠮᠵᠢᠯᠲᠠ ᠲᠠᠢ ᠪᠠᠷ ᠣᠷᠣᠭᠤᠯᠵᠤ᠂ | ᠰᠢᠰᠲ᠋ᠧᠮᠵᠢᠳᠦ ᠴᠢᠨᠠᠷᠲᠠᠶ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠰᠠᠬᠢᠵᠤ᠂ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ 6.2 ᠳ᠋ᠦᠩᠰᠢᠭᠤᠷ ᠲᠥᠭᠦᠷᠢᠭ ᠤᠨ ᠲᠠᠩᠰᠠᠨ ᠵᠣᠭᠤᠰ ᠢ ᠳᠥᠯᠥᠵᠦ᠂ ︽ᠠᠷᠪᠠ ᠶᠢ ᠪᠦᠷᠢᠨ | ᠪᠥᠷᠬᠦᠭᠦᠯᠬᠦ︾ ᠳᠤ ᠥᠷᠢᠲᠦᠵᠦ ᠪᠠᠶᠢᠭ᠎ᠠ ᠪᠠᠷᠢᠯᠭ᠎ᠠ ᠶᠢᠨ ᠵᠣᠭᠤᠰ ᠢ ᠪᠦᠬᠦᠨ ᠢ ᠥᠬᠡᠶ ᠪᠣᠯᠭᠠᠪᠠ᠃ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠦᠷᠭᠦᠯᠵᠢᠯᠡᠨ ᠪᠠᠬᠢᠵᠢᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ | ᠬᠥᠮᠦᠨ ᠳᠤᠮᠳᠠᠴᠢ ᠶᠢᠨ ᠵᠢᠯ ᠤᠨ ᠣᠷᠣᠯᠭ᠎ᠠ 13800 ᠲᠥᠭᠦᠷᠢᠭ ᠲᠤ ᠬᠦᠷᠴᠦ᠂ ᠳᠠᠬᠢᠨ ᠶᠠᠳᠠᠭᠤᠷᠠᠬᠤ ᠪᠠ | ᠰᠢᠨ᠎ᠡ ᠪᠠᠷ ᠨᠡᠮᠡᠭᠳᠡᠬᠦ ᠶᠠᠳᠠᠭᠤ ᠬᠦᠴᠢᠷᠳᠡᠯ ᠲᠠᠢ ᠡᠷᠦᠬᠡ ᠭᠠᠷᠤᠭᠰᠠᠨ ᠦᠭᠡᠢ᠃ ᠲᠥᠪ ᠤᠨ ᠣᠷᠴᠢᠨ ᠠᠬᠤᠶ ᠶᠢᠨ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠲᠤᠬᠠᠶ ᠬᠠᠷᠢᠭᠤ ᠲᠤᠰᠬᠠᠭᠰᠠᠨ | 32 ᠠᠰᠠᠭᠤᠳᠠᠯ ᠢ 26 ᠴᠡᠭᠴᠡᠯᠡᠨ ᠰᠠᠶᠢᠵᠢᠷᠠᠭᠤᠯᠵᠤ᠂ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ᠂ ᠲᠣᠭᠲᠠᠭᠠᠯ ᠢ | ᠵᠥᠷᠢᠴᠡᠨ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠬᠦ ᠵᠡᠷᠭᠡ 6 ᠠᠰᠠᠭᠤᠳᠠᠯ ᠢ ᠴᠠᠭ ᠤᠨ ᠳᠠᠷᠠᠭᠠᠯᠠᠯ ᠢᠶᠠᠷ | ᠴᠡᠭᠴᠡᠯᠡᠨ ᠰᠠᠶᠢᠵᠢᠷᠠᠭᠤᠯᠬᠤ ᠶᠢ ᠳᠥᠯᠭᠢᠨ ᠠᠬᠢᠭᠤᠯᠪᠠ᠃ ᠨᠡᠭᠦᠷᠡᠰᠦᠨ ᠠᠭᠤᠷᠬᠠᠶ ᠶᠢᠨ ᠲᠣᠭᠤᠰᠣ ᠳᠡᠭᠳᠡᠬᠦ ᠶᠢ | ᠶᠡᠷᠦᠩᠬᠡᠶᠢᠯᠡᠨ ᠴᠡᠭᠴᠡᠯᠡᠨ ᠵᠠᠰᠠᠬᠤ ᠬᠡᠷᠡᠭᠵᠢᠭᠦᠯᠬᠦ ᠲᠦᠰᠦᠯ ᠢ ᠨᠡᠶᠢᠲᠡᠯᠡᠵᠦ᠂ ᠨᠡᠭᠦᠷᠡᠰᠦᠨ ᠤ ᠲᠣᠭᠤᠰᠣ ᠳᠡᠭᠳᠡᠬᠦ | ᠪᠣᠬᠢᠷᠲᠤᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃ ᠥᠪᠡᠷᠲᠡᠭᠡᠨ ᠪᠡᠯᠡᠳᠬᠡᠭᠰᠡᠨ 13 ᠬᠤᠳᠳᠤᠭ ᠢ | ᠪᠢᠲᠡᠭᠦᠮᠵᠢᠯᠡᠵᠦ᠂ ᠳᠤᠮᠳᠠ ᠲᠠᠪᠬᠤᠷᠭ᠎ᠠ ᠶᠢᠨ ᠤᠰᠤ ᠶᠢ ᠪᠤᠴᠠᠭᠠᠨ ᠬᠡᠷᠡᠭᠯᠡᠬᠦ ᠨᠤᠷᠮ᠎ᠠ 74% ᠳᠤ ᠬᠦᠷᠴᠦ᠂ | ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠡᠨᠧᠷᠭᠢ ᠶᠢᠨ ᠬᠤᠷᠤᠬᠳᠠᠯ᠂ | GDP ᠳᠤ ᠬᠡᠷᠡᠭᠯᠡᠬᠦ ᠤᠰᠤᠨ ᠤ ᠬᠡᠮᠵᠢᠶ᠎ᠡ ᠶᠢ ᠴᠥᠮ ᠬᠢᠵᠠᠭᠠᠷᠯᠠᠬᠤ ᠱᠤᠭᠤᠮ ᠠᠴᠠ ᠳᠣᠷᠣᠭᠰᠢ ᠪᠠᠶᠢᠯᠭᠠᠬᠤ ᠶᠢ | ᠪᠠᠲᠤᠯᠠᠪᠠ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠣᠷᠴᠢᠨ ᠠᠬᠤᠶ ᠶᠢ ᠬᠠᠮᠠᠭᠠᠯᠠᠬᠤ | ᠣᠶᠤᠨᠴᠢ ᠵᠦᠢᠯᠡᠰ ᠢ ᠲᠤᠷᠰᠢᠨ ᠠᠵᠢᠯᠯᠠᠭᠤᠯᠤᠨ᠎ᠠ᠃ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ | 337 ᠡᠳᠦᠷ ᠲᠤ ᠬᠦᠷᠴᠦ᠂ ᠬᠥᠬᠡ ᠣᠭᠲᠠᠷᠭᠤᠶ ᠬᠥᠪᠥᠩ ᠴᠠᠭᠠᠨ ᠡᠭᠦᠯᠡ᠂ ᠣᠳᠣᠨ ᠮᠡᠴᠢᠳ ᠭᠢᠯᠠᠯᠵᠠᠵᠤ᠂ | ᠰᠤᠷᠭᠤᠭ ᠠᠭᠠᠷ ᠦᠷᠭᠦᠯᠵᠢ ᠰᠢᠨ᠎ᠡ ᠬᠡᠪ ᠤᠨ ᠪᠠᠶᠢᠳᠠᠯ ᠲᠠᠢ ᠪᠣᠯᠪᠠ᠃ | ︵ᠬᠤᠶᠠᠷ︶ ᠬᠦᠴᠦᠨ ᠢᠶᠠᠨ ᠲᠥᠪᠯᠡᠷᠡᠭᠦᠯᠦᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠪᠦᠲᠦᠴᠡ ᠪᠠᠨ | ᠲᠤᠬᠢᠷᠠᠭᠤᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠰᠢᠨ᠎ᠡ ᠠᠯᠬᠤᠮ ᠢ ᠠᠯᠬᠤᠪᠠ᠃ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠬᠢᠷᠢ ᠲᠦᠪᠰᠢᠨ ᠢ ᠪᠦᠬᠦ ᠬᠦᠴᠦᠨ ᠢᠶᠠᠷ ᠳᠡᠭᠡᠭᠰᠢᠯᠡᠭᠦᠯᠵᠦ᠂ | ᠬᠢᠵᠠᠭᠠᠷ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠲᠦᠷᠦᠯ ᠵᠦᠢᠯ ᠢ 48 ᠬᠡᠷᠡᠭᠵᠢᠭᠦᠯᠵᠦ᠂ 66.28 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠦ᠂ ᠲᠦᠩᠯᠢᠶᠣᠤ ᠬᠤᠲᠠ ᠲᠤ ᠨᠢᠭᠡᠳᠦᠭᠡᠷ ᠲᠤ ᠣᠷᠣᠪᠠ᠃ ᠶᠠ ᠡᠸᠤ ᠬᠥᠩᠭᠡᠨᠴᠠᠭᠠᠨ ᠤ ᠮᠠᠲ᠋ᠧᠷᠢᠶᠠᠯ᠂ | ᠶᠢᠨ ᠾᠦᠢ ᠨᠤᠨᠲᠠᠭ ᠵᠡᠷᠭᠡ 13 ᠭᠤᠣᠯᠳᠠᠯᠭ᠎ᠠ ᠲᠠᠢ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠠᠵᠢᠯ | ᠡᠬᠢᠯᠡᠭᠦᠯᠵᠦ᠂ ᠰᠢᠤᠢ ᠶᠠᠩ ᠪᠥᠮᠪᠥᠭᠡᠯᠢᠭ ᠬᠦᠩᠬᠡᠨ ᠴᠠᠭᠠᠨ ᠤ ᠨᠤᠨᠲᠠᠭ᠂ ᠰᠢᠨ ᠳ᠋ᠡ ᠬᠦᠨᠳᠦ ᠠᠵᠤ ᠦᠢᠯᠡᠳᠪᠦᠷᠢ | ᠵᠡᠷᠭᠡ 21 ᠪᠠᠶᠢᠭᠤᠯᠵᠤ ᠪᠠᠶᠢᠭ᠎ᠠ ᠲᠦᠷᠦᠯ ᠵᠦᠢᠯ ᠤᠷᠤᠭᠰᠢᠳᠠᠢ ᠠᠰᠢᠭᠯᠠᠯᠲᠠ ᠳᠤ ᠣᠷᠣᠵᠤ᠂ ᠰᠢᠨ ᠰᠢᠩ ᠰᠢᠨ᠎ᠡ | ᠮᠠᠲ᠋ᠧᠷᠢᠶᠠᠯ᠂ ᠹᠦ᠋ ᠶᠣᠣ ᠨᠠᠷᠢᠯᠢᠭ ᠬᠥᠩᠭᠡᠨᠴᠠᠭᠠᠨ ᠵᠡᠷᠭᠡ 4 ᠲᠦᠷᠦᠯ ᠵᠦᠢᠯ ᠢ ᠲᠣᠭᠲᠠᠭᠤᠨ ᠢᠶᠠᠷ ᠠᠵᠢᠯᠯᠠᠭᠤᠯᠵᠤ᠂ | ᠴᠤᠸᠠᠩ ᠶᠤᠸᠠᠨ ᠬᠥᠩᠭᠡᠨᠴᠠᠭᠠᠨ ᠤ ᠦᠢᠯᠡᠰ ᠵᠡᠷᠭᠡ 6 ᠠᠵᠤ ᠠᠬᠤᠶᠢᠯᠠᠯ ᠢ ᠲᠣᠭᠲᠠᠭᠠᠯ ᠳᠡᠭᠡᠷᠡᠬᠢ ᠬᠥᠩᠭᠡᠨᠴᠠᠭᠠᠨ ᠤ | ᠲᠦᠷᠦᠯ ᠵᠦᠢᠯ ᠳᠤ ᠳᠡᠪᠰᠢᠭᠦᠯᠪᠡ᠃ ᠤᠭ ᠬᠥᠩᠭᠡᠨᠴᠠᠭᠠᠨ ᠤ ᠦᠢᠯᠡᠳᠪᠦᠷᠢᠯᠡᠯ ᠤᠨ ᠴᠢᠳᠠᠪᠤᠷᠢ 188 ᠲᠦᠮᠡᠨ | ᠲᠣᠨ᠂ ᠬᠥᠩᠭᠡᠨ ᠴᠠᠭᠠᠨ ᠤ ᠳᠠᠷᠠᠭᠠᠬᠢ ᠪᠤᠯᠪᠠᠰᠤᠷᠠᠭᠤᠯᠵᠦ ᠦᠢᠯᠡᠳᠪᠦᠷᠢᠯᠡᠬᠦ ᠴᠢᠳᠠᠪᠤᠷᠢ 155 ᠲᠦᠮᠡᠨ ᠲᠣᠨ᠂ | ᠠᠵᠢᠯᠯᠠᠭᠠᠨ ᠤ ᠨᠣᠷᠮ᠎ᠠ 72% ᠪᠣᠯᠪᠠ᠃ ᠴᠠᠬᠢᠯᠭᠠᠨ ᠵᠠᠳᠠᠯᠤᠯ ᠤᠨ ᠬᠥᠩᠭᠡᠨ ᠴᠠᠭᠠᠨ᠂ ᠴᠠᠬᠢᠯᠭᠠᠨ ᠭᠠᠷᠭᠠᠬᠤ | ᠬᠡᠮᠵᠢᠶ᠎ᠡ᠂ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠬᠡᠷᠡᠭᠯᠡᠬᠦ ᠴᠠᠬᠢᠯᠭᠠᠨ ᠤ ᠬᠡᠮᠵᠢᠶ᠎ᠡ ᠴᠥᠮ | ᠬᠤᠶᠠᠷ ᠣᠷᠣᠨᠲᠤ ᠲᠣᠭᠠᠨ ᠤ ᠨᠡᠮᠡᠭᠳᠡᠯ ᠢ ᠪᠡᠶᠡᠯᠡᠬᠦᠯᠵᠦ᠂ ᠬᠥᠩᠭᠡᠨ ᠴᠠᠭᠠᠨ ᠤ ᠡᠳ᠋ᠰᠢᠭᠦᠯᠦᠨ ᠪᠣᠯᠪᠠᠰᠤᠷᠠᠭᠤᠯᠬᠤ | ᠦᠢᠯᠡᠳᠬᠦᠨ ᠤ ᠨᠡᠮᠡᠭᠳᠡᠯ ᠤᠨ ᠬᠡᠮᠵᠢᠶ᠎ᠡ 171.3% ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ 468.39 ᠳ᠋ᠦᠩᠰᠢᠭᠤᠷ ᠲᠥᠭᠦᠷᠢᠭ᠂ 31.4% ᠪᠠᠷ | ᠨᠡᠮᠡᠭᠳᠡᠵᠦ᠂ ᠲᠦᠩᠯᠢᠶᠣᠤ ᠬᠤᠲᠠ ᠶᠢᠨ ᠲᠡᠷᠢᠭᠦᠨ ᠳᠤ ᠵᠢᠭᠰᠠᠭᠠᠭᠳᠠᠵᠠᠶ᠃ ᠲᠥᠯᠥᠪᠵᠢᠭᠦᠯᠭᠡ ᠶᠢᠨ ᠳᠡᠭᠡᠷᠡᠬᠢ ᠠᠵᠤ | ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ ᠲᠠᠬᠢ ᠨᠡᠭᠦᠷᠡᠰᠦᠨ ᠤ ᠦᠢᠯᠡᠳᠬᠦᠨ ᠤ ᠥᠷᠲᠡᠭ ᠤᠨ ᠡᠵᠡᠯᠡᠬᠦ | ᠬᠤᠪᠢ ᠶᠢᠨ ᠵᠢᠩ ᠪᠠᠭᠤᠷᠠᠭᠠᠳ 12.5% ᠪᠣᠯᠵᠤ᠂ ᠬᠥᠩᠭᠡᠨ ᠴᠠᠭᠠᠨ ᠵᠢᠴᠢ ᠬᠥᠩᠭᠡᠨ ᠴᠠᠭᠠᠨ ᠤ | ᠪᠣᠯᠪᠠᠰᠤᠷᠠᠭᠤᠯᠬᠤ ᠦᠢᠯᠡᠳᠬᠦᠨ ᠤ ᠥᠷᠲᠡᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠪᠥᠬᠦ ᠥᠷᠲᠡᠭ ᠲᠠᠬᠢ ᠡᠵᠡᠯᠡᠬᠦ ᠬᠤᠪᠢ ᠶᠢᠨ ᠵᠢᠩ ᠳᠡᠭᠡᠭᠰᠢᠯᠡᠭᠡᠳ 79.5% ᠪᠣᠯᠵᠤ᠂ ᠡᠬᠢ | ᠪᠠᠶᠠᠯᠢᠭ ᠢ ᠬᠤᠪᠢᠷᠠᠭᠤᠯᠬᠤ ᠦᠷ᠎ᠡ ᠠᠰᠢᠭ ᠠᠯᠬᠤᠮ ᠠᠯᠬᠤᠮ ᠢᠶᠠᠷ ᠳᠡᠭᠡᠭᠰᠢᠯᠡᠵᠦ᠂ ᠠᠵᠤ ᠦᠢᠯᠡᠰ ᠤᠨ | ᠬᠡᠯᠬᠢᠶ᠎ᠡ ᠶᠢᠨ ᠠᠷᠤ ᠦᠵᠦᠭᠦᠷ ᠦᠷᠭᠦᠯᠵᠢᠯᠡᠨ ᠬᠦᠴᠦᠯᠡᠵᠦ᠂ ᠠᠵᠤ ᠦᠢᠯᠡᠳᠪᠦᠷᠢ ᠶᠢᠨ ᠠᠵᠤ ᠠᠬᠤᠶ ᠶᠠᠭ ᠴᠢᠨᠠᠷ | ᠰᠠᠶᠢᠲᠠᠶ ᠬᠦᠭᠵᠢᠯᠳᠡ ᠶᠢᠨ ᠰᠢᠨ᠎ᠡ ᠱᠠᠲᠤ ᠲᠡᠰᠢ ᠤᠷᠤᠭᠰᠢᠯᠠᠵᠤ ᠪᠠᠶᠢᠨ᠎ᠠ᠃ ᠣᠳᠣ ᠦᠶ᠎ᠡ ᠶᠢᠨ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠲᠤᠳᠤᠭᠠᠳᠦ ᠠᠷᠠᠯᠵᠢᠶ᠎ᠠ᠂ | ᠭᠠᠳᠠᠭᠠᠳᠤ ᠠᠷᠠᠯᠵᠢᠶᠠᠨ ᠤ ᠪᠡᠯᠡ ᠮᠥᠩᠭᠦ ᠶᠢ 500 ᠲᠦᠮᠡᠨ ᠲᠥᠭᠦᠷᠢᠭ ᠴᠢᠷᠮᠠᠶᠢᠨ ᠣᠯᠵᠤ᠂ ᠵᠠᠰᠠᠮᠠᠯ ᠵᠠᠮ ᠤᠨ | ᠲᠡᠮᠦᠷ ᠵᠠᠮ ᠤᠨ ᠪᠠᠷᠠᠭ᠎ᠠ ᠶᠢᠨ ᠲᠡᠭᠡᠭᠡᠪᠦᠷᠢ ᠶᠢᠨ ᠬᠡᠮᠵᠢᠶ᠎ᠡ ᠶᠢ 6600 ᠲᠦᠮᠡᠨ ᠲᠣᠨ ᠪᠡᠶᠡᠯᠡᠭᠦᠯᠵᠦ᠂ 9% ᠪᠠᠷ | ᠨᠡᠮᠡᠭᠳᠡᠭᠦᠯᠵᠦ᠂ ᠨᠢᠰᠬᠡᠯ ᠤᠨ ᠪᠠᠭᠤᠳᠠᠯ ᠤᠨ ᠠᠶᠠᠨᠴᠢᠳ ᠣᠷᠣᠭᠤᠯᠵᠤ ᠭᠠᠷᠭᠠᠬᠤ ᠬᠡᠮᠵᠢᠶ ᠡ ᠶᠢ 7.88 ᠲᠦᠮᠡᠨ | ᠬᠥᠮᠦᠨ ᠤᠳᠠᠭ᠎ᠠ ᠬᠦᠷᠭᠡᠵᠦ᠂ ᠪᠦᠬᠦ ᠵᠢᠯ ᠳᠤ 96 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ | ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 10.3 ᠳ᠋ᠦᠩᠰᠢᠭᠤᠷ ᠲᠥᠭᠦᠷᠢᠭ ᠪᠡᠶᠡᠯᠡᠭᠦᠯᠪᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠰᠢᠨ᠎ᠡ ᠭᠡᠷ᠎ᠡ | ᠲᠣᠭᠲᠠᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 13 ᠪᠠᠶᠢᠵᠤ᠂ 59.77 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠪᠠ᠃ | ︵ᠭᠤᠷᠪᠠ︶ ᠬᠦᠴᠦ ᠪᠠᠨ ᠲᠥᠪᠯᠡᠷᠡᠭᠦᠯᠦᠨ ᠪᠣᠭᠤᠮᠢ ᠶᠢ ᠡᠪᠳᠡᠵᠦ᠂ ᠳᠤᠲᠠᠭᠤᠳᠠᠯ ᠢ ᠨᠥᠬᠦᠪᠥᠷᠢᠯᠡᠵᠦ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠨᠢ ᠰᠢᠨ᠎ᠡ ᠠᠮᠢᠵᠢᠷᠠᠯ ᠤᠨ ᠬᠦᠴᠦᠨ ᠢ ᠪᠤᠢ ᠪᠣᠯᠭᠠᠨ᠎ᠠ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠲᠦᠯᠬᠢᠨ | ᠠᠬᠢᠭᠤᠯᠵᠦ᠂ ᠦᠷ᠎ᠡ ᠠᠰᠢᠭ ᠢᠶᠠᠷ ᠳᠣᠤᠷ᠎ᠠ ᠬᠤᠴᠣᠷᠤᠩᠭᠤᠶ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢ | 60 ᠲᠦᠮᠡᠨ ᠲᠣᠨ ᠤᠬᠤᠷᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠬᠦ | ᠣᠷᠣᠨ ᠤ ᠲᠦᠯᠦᠪᠵᠢᠬᠦᠯᠬᠡ ᠶᠢᠨ ᠣᠷᠴᠢᠨ ᠲᠣᠭᠤᠷᠢᠨ ᠤ ᠦᠨᠡᠯᠡᠯᠲᠡ ᠶᠢ ᠬᠢᠨᠠᠨ ᠪᠠᠶᠢᠴᠠᠭᠠᠬᠤ ᠪᠠᠷ ᠳᠠᠮᠵᠢᠭᠤᠯᠤᠨ | ᠤᠯᠤᠰ ᠤᠨ ᠲᠦᠷᠪᠡᠳᠦᠬᠡᠷ ᠪᠦᠯᠦᠭ ᠤᠨ ᠨᠡᠮᠡᠭᠳᠡᠯ ᠴᠠᠬᠢᠯᠭᠠᠨ ᠲᠦᠭᠡᠭᠡᠬᠦ ᠲᠤᠬᠠᠶᠢᠯᠠᠭᠰᠠᠨ ᠠᠵᠢᠯ ᠤᠨ | ᠥᠭᠡᠷᠡᠴᠢᠯᠡᠯᠲᠡ ᠶᠢᠨ ᠲᠤᠷᠰᠢᠯᠭ᠎ᠠ ᠳᠤ ᠠᠮᠵᠢᠯᠲᠠ ᠲᠠᠢ ᠪᠠᠷ ᠵᠢᠭᠰᠠᠭᠠᠨ ᠣᠷᠣᠭᠤᠯᠵᠤ᠂ ᠢᠯᠴᠢ ᠶᠢᠨ ᠴᠠᠬᠢᠯᠭᠠᠨ ᠤ | ᠮᠠᠰᠢᠨ ᠴᠣᠭᠴᠠᠯᠠᠪᠤᠷᠢ ᠶᠢᠨ ᠬᠢᠨᠠᠨ ᠵᠥᠪᠰᠢᠶᠡᠷᠡᠬᠦ ᠰᠡᠳᠦᠪ ᠢ ᠡᠪᠳᠡᠪᠡ᠃ 12 ᠵᠦᠢᠯ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠬᠤ ᠵᠢᠴᠢ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠰᠢᠭᠯᠠᠯᠲᠠ ᠳᠤ | ᠣᠷᠣᠭᠤᠯᠵᠤ᠂ ᠬᠦᠩᠭᠡᠨ ᠴᠠᠭᠠᠨ ᠴᠠᠬᠢᠯᠭᠠᠨ ᠢᠶᠠᠷ ᠵᠠᠳᠠᠯᠬᠤ ᠳᠤ ᠢᠯᠭᠠᠷᠠᠭᠤᠯᠤᠬᠰᠠᠨ ᠤᠳᠤᠭ᠎ᠠ ᠶᠢ ᠴᠣᠬᠤᠢ ᠶᠢᠨ | ᠴᠢᠯᠠᠭᠤ — ᠵᠤᠭᠠᠩ ᠤᠨ ᠠᠷᠭ᠎ᠠ ᠪᠠᠷ ᠬᠦᠬᠦᠷ ᠹᠯᠣᠷ ᠦᠬᠡᠶᠢᠳᠡᠬᠦᠯᠬᠦ ᠲᠣᠭᠤᠰᠣ ᠠᠷᠢᠯᠭᠠᠬᠤ ᠮᠡᠷᠭᠡᠵᠢᠯ ᠨᠢ | ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠮᠡᠷᠬᠡᠵᠢᠯ ᠤᠨ | ᠨᠢᠭᠡᠳᠦᠭᠡᠷ ᠳᠡᠰ ᠢᠶᠠᠷ ᠦᠨᠡᠯᠡᠭᠳᠡᠪᠡ᠃ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠯᠲᠠᠨ | ᠶᠢᠰᠦᠳᠦᠭᠡᠷ ᠱᠤᠭᠤᠮ ᠤᠨ ᠴᠠᠬᠢᠯᠭᠠᠨ ᠨᠡᠪᠳᠡᠷᠡᠬᠦᠯᠬᠦ ᠠᠵᠢᠯᠯᠠᠭᠠᠨ ᠢ ᠴᠢᠩᠭᠠᠳᠬᠠᠵᠤ᠂ ᠪᠠᠶᠢᠭᠠᠯᠢ ᠶᠢᠨ ᠰᠢᠲᠠᠮᠠᠬᠠᠶ | ᠬᠡᠢ ᠶᠢᠨ ᠤᠷᠳᠤ ᠳᠠᠮᠵᠢᠭᠤᠯᠬᠤ ᠬᠤᠭᠤᠯᠠᠶ ᠶᠢ ᠪᠦᠬᠦ ᠱᠤᠭᠤᠮ ᠢᠶᠠᠷ ᠨᠡᠪᠲᠡᠷᠡᠭᠦᠯᠦᠨ᠂ 14 ᠺᠢᠯᠣᠮᠧᠲᠷ ᠤᠨ | ᠳᠤᠮᠳᠠᠬᠢ ᠤᠰᠤᠨ ᠬᠤᠭᠤᠯᠠᠶ ᠶᠢᠨ ᠲᠣᠤᠷ ᠢ ᠠᠰᠢᠬᠯᠠᠯᠳᠠ ᠳᠤ ᠣᠷᠣᠭᠤᠯᠤᠨ᠂ 33 ᠳ᠋ᠦᠩᠰᠢᠭᠤᠷ ᠭᠷᠠᠳᠦ᠋ᠰ ᠤᠨ | ᠳᠣᠤᠷ᠎ᠠ ᠦᠨ᠎ᠡ ᠶᠢᠨ ᠴᠠᠬᠢᠯᠭᠠᠨ ᠢ ᠠᠵᠤ ᠠᠬᠤᠶᠢᠯᠠᠯ ᠤᠨ ᠦᠢᠯᠡᠳᠪᠦᠷᠢᠯᠡᠯ᠂ ᠠᠷᠪᠢᠯᠠᠬᠤ ᠥᠪᠡᠷ ᠤᠨ ᠦᠷᠲᠡᠭ ᠢ 2. | 6 ᠳ᠋ᠦᠩᠰᠢᠭᠤᠷ ᠲᠥᠭᠦᠷᠢᠭ ᠬᠠᠩᠭᠠᠪᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠵᠠᠬ᠎ᠠ ᠲᠡᠯᠭᠡᠭᠦᠷ ᠤᠨ ᠪᠡᠶᠡᠴᠢ ᠴᠣᠭᠴᠠ ᠶᠢᠨ ᠭᠠᠶᠢᠯᠢ ᠰᠦᠢᠳᠬᠡᠯ ᠤᠨ | ᠳᠠᠷᠤᠭᠠᠰᠤ ᠶᠢ 4.07 ᠳ᠋ᠦᠩᠰᠢᠭᠤᠷ ᠲᠥᠭᠦᠷᠢᠭ ᠬᠦᠩᠭᠡᠷᠡᠬᠦᠯᠪᠡ᠃ ᠭᠤᠷᠪᠠᠳᠤᠭᠠᠷ ᠬᠤᠭᠤᠴᠠᠭᠠᠨ ᠤ ᠵᠠᠰᠠᠭ | ᠮᠥᠩᠭᠦᠨ ᠭᠦᠢᠯᠭᠡᠭᠡᠨ ᠤ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠤᠷᠠᠯᠳᠤᠭᠤᠯᠵᠦ᠂ 20.12 ᠳ᠋ᠦᠩᠰᠢᠭᠤᠷ | ᠲᠥᠭᠦᠷᠢᠭ ᠤᠨ ᠵᠢᠭᠡᠯᠡᠯᠭᠡ ᠶᠢ ᠪᠣᠳᠠᠲᠠᠶᠢᠵᠢᠭᠤᠯᠬᠤ ᠶᠢ ᠠᠬᠢᠭᠤᠯᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠨᠢ ᠨᠠᠩ ᠣᠯᠠᠨ ᠠᠮᠢᠵᠢᠷᠠᠯ ᠤᠨ ᠬᠦᠴᠦᠨ ᠢ ᠠᠪᠴᠢᠷᠠᠵᠦ᠂ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠠᠵᠤ ᠠᠬᠤᠶᠢᠯᠠᠯ ᠡᠷᠬᠢᠯᠡᠬᠦ᠂ ᠦᠯᠦ ᠬᠥᠳᠡᠯᠬᠦ ᠬᠦᠷᠦᠩᠭᠡ ᠶᠢ ᠳᠠᠩᠰᠠᠯᠠᠬᠤ᠂ ᠤᠰᠤ ᠴᠠᠬᠢᠯᠭᠠᠨ ᠬᠡᠢ | ᠲᠤᠯᠠᠭᠠᠯᠠᠯᠭ᠎ᠠ ᠶᠢ ᠮᠡᠳᠡᠭᠦᠯᠬᠦ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ᠂ ᠨᠡᠶᠢᠭᠡᠮ ᠤᠨ | ᠪᠡᠯᠡ ᠣᠷᠣᠭᠤᠯᠤᠯᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠬᠢᠨᠠᠨ ᠵᠥᠪᠰᠢᠶᠡᠷᠡᠬᠦ | ᠴᠠᠭ ᠬᠤᠭᠤᠴᠠᠭ᠎ᠠ ᠶᠢ ᠲᠤᠰ ᠲᠤᠰ 30 ᠪᠠ 22 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠠᠵᠤ ᠠᠬᠤᠶᠢᠯᠠᠯ | ᠡᠷᠬᠢᠯᠡᠭᠡᠳ 1 ᠴᠠᠭ ᠪᠤᠯᠵᠤ᠂ ᠡᠩ ᠤᠨ ᠦᠯᠦ ᠬᠥᠳᠡᠯᠬᠦ ᠬᠦᠷᠦᠩᠭᠡ ᠶᠢ ᠳᠠᠩᠰᠠᠯᠠᠭᠠᠳ 2 ᠴᠠᠭ ᠪᠤᠯᠵᠤ᠂ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ᠰᠦᠯᠵᠢᠶᠡᠨ ᠳᠡᠭᠡᠷ᠎ᠡ ᠬᠦᠢᠴᠡᠳᠭᠡᠵᠦ ᠪᠣᠯᠬᠤ ᠨᠤᠷᠮ᠎ᠠ | 98% ᠠᠴᠠ ᠲᠡᠭᠡᠭᠰᠢ ᠬᠦᠷᠴᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠨᠡᠯᠡᠬᠦ ᠬᠦᠢᠴᠡᠳᠬᠡᠯ | ᠲᠤᠭ᠎ᠠ ᠶᠢᠨ ᠰᠢᠰᠲ᠋ᠧᠮ ᠢ ᠲᠦᠩᠯᠢᠶᠣᠤ ᠬᠤᠲᠠ ᠶᠢᠨ ᠲᠡᠷᠢᠭᠦᠨ ᠳᠤ ᠵᠢᠭᠰᠠᠭᠠᠵᠤ᠂ ︽ᠠᠵᠤ ᠠᠬᠤᠶᠢᠯᠠᠯ ᠠᠵᠢᠯ | ᠶᠠᠪᠤᠳᠠᠯ ᠪᠦᠲᠦᠭᠡᠬᠦ ᠳᠤ ᠬᠦᠴᠢᠷ ᠦᠭᠡᠢ᠂ ᠠᠷᠠᠳ ᠤᠯᠠᠨ ᠠᠵᠢᠯ ᠶᠠᠪᠤᠳᠠᠯ ᠪᠦᠲᠦᠭᠡᠬᠦ ᠳᠤ ᠬᠥᠮᠦᠨ ᠭᠤᠶᠤᠬᠤ | ᠦᠭᠡᠢ︾ ᠶᠢ ᠦᠨᠳᠦᠰᠦᠨ ᠳᠡᠭᠡᠨ ᠪᠡᠶᠡᠯᠡᠭᠦᠯᠪᠡ᠃ | ︵ᠳᠥᠷᠪᠡ︶ ᠴᠡᠭᠴᠡᠯᠡᠨ ᠵᠠᠰᠠᠬᠤ ᠶᠢ ᠬᠦᠴᠦᠨ ᠲᠥᠪᠯᠡᠷᠡᠭᠦᠯᠦᠨ ᠠᠳᠬᠤᠵᠤ᠂ ᠬᠠᠮᠠᠭᠠᠯᠠᠯᠲᠠ ᠶᠢ | ᠴᠢᠩᠭᠠᠳᠬᠠᠵᠤ᠂ ᠠᠮᠢ ᠠᠬᠤᠶ ᠶᠢᠨ ᠪᠣᠯᠪᠠᠰᠤᠨ ᠢᠶᠠᠷ ᠰᠢᠨ᠎ᠡ ᠬᠠᠭᠤᠳᠠᠰᠤ ᠶᠢ ᠵᠢᠷᠤᠭᠯᠠᠨ᠎ᠠ᠃ ᠪᠣᠬᠢᠷᠲᠤᠯ ᠦᠭᠡᠢ | ᠬᠥᠭᠵᠢᠯᠲᠡ ᠶᠢᠨ ᠣᠶᠢᠯᠠᠭᠠᠭᠳᠠᠬᠤᠨ ᠳᠤ ᠦᠨᠳᠦᠰᠦᠯᠡᠵᠦ᠂ ᠦᠢᠯᠡ ᠠᠵᠢᠯᠯᠠᠭ᠎ᠠ ᠳᠠᠭᠠᠨ ᠰᠠᠭᠤᠷᠢᠯᠠᠨ᠂ ᠡᠮᠦᠨᠡᠲᠦ | ᠤᠮᠠᠷᠠᠲᠤ ᠶᠢᠨ ᠵᠠᠳᠠᠭᠠᠢ ᠠᠭᠤᠷᠬᠠᠢ ᠵᠢᠴᠢ ᠣᠷᠣᠨ ᠪᠦᠰᠡ ᠶᠢᠨ ᠳᠣᠲᠣᠷᠠᠬᠢ ᠪᠤᠰᠤᠳ ᠠᠭᠤᠷᠬᠠᠢ ᠶᠢᠨ ᠠᠮᠢ | ᠠᠬᠤᠢ ᠶᠢᠨ ᠰᠡᠷᠭᠦᠯᠲᠡ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠵᠤ᠂ ᠡᠯ᠎ᠡ ᠲᠥᠷᠥᠯ ᠤᠨ ᠠᠭᠤᠷᠬᠠᠢ᠂ | ᠬᠠᠯᠴᠠᠭᠠᠶ ᠠᠭᠤᠯᠠᠨ ᠴᠣᠭᠴᠠ ᠶᠢ 2.47 ᠲᠦᠮᠡᠨ ᠮᠦ ᠰᠡᠷᠭᠦᠭᠡᠨ ᠵᠠᠰᠠᠵᠤ᠂ 4 ᠰᠠᠭᠤᠷᠢ ᠪᠣᠬᠢᠷᠲᠤᠯ ᠦᠭᠡᠢ | ᠠᠭᠤᠷᠬᠠᠢ ᠶᠢ ᠪᠦᠲᠦᠭᠡᠨ ᠪᠠᠶᠢᠭᠤᠯᠪᠠ᠃ ᠭᠤᠤᠯ ᠮᠥᠷᠡᠨ ᠨᠠᠭᠤᠷ ᠴᠥᠭᠦᠷᠥᠮ ᠤᠨ ︽ᠳᠦᠷᠪᠡᠨ ᠡᠷᠦᠢ ᠬᠤᠷᠤᠢ | ᠦᠭᠡᠢ ᠪᠠᠶᠢᠬᠤ ᠶᠢ ᠴᠡᠪᠡᠷᠯᠡᠬᠦ︾ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ 87 ᠺᠢᠯᠣᠮᠧᠲᠷ ᠭᠤᠤᠯ ᠤᠨ ᠵᠠᠮ ᠢ | ᠴᠡᠭᠴᠡᠯᠡᠨ ᠵᠠᠰᠠᠵᠤ᠂ 1600 ᠲᠣᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠪᠡ᠃ ᠨᠣᠨ ᠮᠥᠷᠡᠨ ᠤ ᠰᠠᠪᠠ | ᠭᠠᠵᠠᠷ ᠤᠨ ᠬᠤᠤᠯᠢᠩᠭᠤᠤᠯ ᠤᠨ ᠬᠢᠯᠢ ᠳᠣᠲᠣᠷᠠᠬᠢ ᠤᠰᠤᠨ ᠤ ᠠᠮᠢ ᠠᠬᠤᠶ ᠶᠢ ᠵᠠᠰᠠᠨ ᠰᠡᠷᠬᠦᠬᠡᠬᠦ ᠢᠨᠵᠧᠨᠧᠷᠢᠩ ᠢ | ᠪᠡᠶᠡᠯᠡᠭᠦᠯᠵᠦ᠂ ᠵᠣᠬᠢᠶᠠᠮᠠᠯ ᠨᠠᠭᠤᠷ ᠤᠨ ᠤᠰᠤᠨ ᠤ ᠤᠷᠭᠤᠮᠠᠯ 2 ᠲᠦᠮᠡᠨ ᠪᠣᠳᠠ ᠲᠠᠷᠢᠵᠤ᠂ ᠤᠰᠤᠨ ᠤ ᠴᠢᠳᠠᠮᠵᠢᠲᠤ | ᠣᠷᠣᠨ ᠤ ᠤᠰᠤᠨ ᠤ ᠴᠢᠨᠠᠷ ᠢ ᠪᠠᠶᠢᠴᠠᠭᠠᠨ ᠬᠡᠮᠵᠢᠬᠦ ᠪᠠᠷᠢᠮᠵᠢᠶ᠎ᠠ ᠳᠤ ᠬᠦᠷᠦᠭᠰᠡᠨ ᠨᠣᠷᠮ᠎ᠠ 100% ᠳᠤ ᠬᠥᠷᠪᠡ᠃ | ᠴᠡᠴᠡᠷᠯᠢᠭᠵᠢᠭᠰᠡᠨ ᠨᠢᠭᠡᠴᠡ᠂ ᠰᠤᠷᠭᠠᠭᠤᠯᠢ᠂ ᠦᠢᠯᠡᠳᠪᠦᠷᠢ᠂ ᠵᠢᠵᠢᠭ ᠲᠣᠭᠤᠷᠢᠭ ᠤᠨ ᠪᠥᠲᠥᠭᠡᠨ ᠪᠠᠶᠢᠭᠤᠯᠤᠯᠲᠠ | ᠢᠯᠡᠳᠲᠡ ᠦᠷ᠎ᠡ ᠪᠦᠲᠦᠮᠵᠢ ᠣᠯᠵᠤ᠂ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠲᠠᠯᠠᠪᠠᠶ ᠶᠢ 40 | ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ | ᠨᠤᠲᠤᠭ ᠳᠡᠪᠢᠰᠬᠡᠷ ᠤᠨ ᠪᠠᠶᠢᠴᠠᠭᠠᠯᠲᠠ ᠶᠢ ᠪᠦᠬᠦ ᠲᠠᠯ᠎ᠠ ᠪᠠᠷ ᠪᠡᠶᠡᠯᠡᠬᠦᠯᠪᠡ᠃ ᠨᠤᠲᠤᠭ ᠪᠡᠯᠴᠢᠭᠡᠷ ᠤᠨ ᠠᠮᠢ | ᠠᠬᠤᠶ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ 1.6 ᠲᠦᠮᠡᠨ ᠮᠥ ᠡᠪᠡᠰᠦ ᠲᠦᠷᠢᠶᠡᠰᠦᠯᠡᠵᠦ᠂ 3289 | ᠮᠥ ᠨᠤᠲᠤᠭ ᠪᠡᠯᠴᠢᠭᠡᠷ ᠤᠨ ᠲᠥᠬᠦᠮ ᠵᠠᠮ ᠢ ᠵᠠᠰᠠᠨ ᠰᠡᠷᠭᠦᠭᠡᠵᠦ᠂ ᠳᠤᠮᠳᠠᠴᠢ ᠤᠷᠭᠤᠮᠠᠯ ᠤᠨ ᠬᠤᠴᠢᠯᠭ᠎ᠠ ᠶᠢᠨ | ᠪᠦᠷᠬᠦᠴᠡ 71.2% ᠲᠤ ᠬᠦᠷᠴᠦ᠂ ︽ᠵᠦᠬᠡᠯᠡᠨ ᠰᠠᠯᠬᠢᠨ ᠳᠤ ᠦᠯᠢᠶᠡᠭᠳᠡᠵᠦ ᠭᠠᠵᠠᠷ ᠪᠣᠯᠭᠠᠨ ᠳᠤ ᠴᠡᠴᠡᠭ | ᠳᠡᠯᠭᠡᠷᠡᠭᠰᠡᠨ︾ ᠲᠠᠯ᠎ᠠ ᠨᠤᠲᠤᠭ ᠤᠨ ᠦᠵᠡᠰᠬᠦᠯᠡᠩᠲᠦ ᠰᠠᠶᠢᠬᠠᠨ ᠦᠵᠡᠮᠵᠢ ᠭᠠᠵᠠᠷ ᠰᠠᠶ ᠥᠬᠡᠶ ᠬᠠᠷᠠᠭᠳᠠᠨ᠎ᠠ᠃ | ︵ᠲᠠᠪᠤ︶ ᠬᠦᠴᠦᠨ ᠢᠶᠠᠨ ᠲᠥᠪᠯᠡᠷᠡᠭᠦᠯᠦᠨ ᠰᠠᠭᠤᠷᠢ ᠶᠢ ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠦᠨ᠂ | ᠬᠤᠲᠠ ᠬᠥᠳᠡᠭᠡ ᠶᠢᠨ ᠳᠦᠷᠰᠦ ᠪᠠᠶᠢᠳᠠᠯ ᠳᠤ ᠰᠢᠨ᠎ᠡ ᠬᠤᠪᠢᠷᠠᠯᠲᠠ ᠭᠠᠷᠪᠠ᠃ ᠬᠤᠲᠠ ᠶᠢᠨ ᠴᠢᠳᠠᠪᠬᠢ ᠶᠢ | ᠲᠡᠭᠦᠯᠳᠡᠷᠵᠢᠭᠦᠯᠵᠦ᠂ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ 74 ᠵᠦᠢᠯ ᠤᠨ ᠬᠤᠲᠠ ᠶᠢᠨ | ᠶᠠᠪᠤᠳᠠᠯ ᠤᠨ ᠢᠨᠵᠧᠨᠧᠷᠢᠩ ᠢ ᠬᠡᠷᠡᠭᠵᠢᠭᠦᠯᠵᠦ᠂ 32.5 ᠺᠢᠯᠤᠮᠧᠲᠷ ᠤᠰᠤ ᠬᠠᠩᠭᠠᠬᠤ ᠬᠤᠭᠤᠯᠠᠢ ᠶᠢᠨ ᠲᠣᠣᠷ ᠢ | ᠰᠢᠨ᠎ᠡ ᠪᠠᠷ ᠪᠠᠶᠢᠭᠤᠯᠵᠤ᠂ 20 ᠺᠢᠯᠣᠮᠧᠲᠷ ᠢᠯᠴᠢ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠵᠦ᠂ 2.91 | ᠲᠦᠮᠡᠨ ᠲᠡᠭᠰᠢ ᠳᠥᠷᠪᠡᠯᠵᠢᠨ ᠮᠧᠲᠷ ᠬᠤᠲᠠ ᠶᠢᠨ ᠶᠠᠪᠤᠳᠠᠯ ᠤᠨ ᠵᠠᠮ ᠢ ᠰᠡᠯᠪᠢᠨ ᠵᠠᠰᠠᠪᠠ᠃ ᠤᠶᠤᠨᠲᠤ ᠤᠰᠤᠨ ᠤ | ᠶᠠᠪᠤᠳᠠᠯ᠂ ᠤᠶᠤᠨᠲᠤ ᠢᠯᠴᠢ ᠬᠠᠩᠭᠠᠬᠤ᠂ ᠤᠶᠤᠨᠲᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠷᠠᠳ ᠲᠤ | ᠳᠥᠭᠦᠮ ᠦᠵᠡᠭᠦᠯᠬᠦ ᠦᠢᠯᠡᠴᠢᠯᠡᠬᠡᠨ ᠤ ᠲᠠᠪᠴᠠᠩ ᠢ ᠪᠠᠶᠢᠭᠤᠯᠤᠨ᠎ᠠ᠃ ᠤᠯᠤᠰ ᠪᠠ ᠮᠤᠵᠢ ᠶᠢᠨ ᠭᠤᠤᠯ ᠱᠤᠭᠤᠮ | ᠵᠢᠴᠢ ᠬᠥᠳᠡᠭᠡ ᠲᠣᠰᠬᠤᠨ ᠤ ᠵᠠᠰᠠᠮᠠᠯ ᠵᠠᠮ ᠤᠨ ᠠᠮᠤᠷ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ 14 | ᠡᠯᠧᠺᠲᠷᠣᠨ ᠴᠠᠭᠳᠠᠭ᠎ᠠ ᠶᠢᠨ ᠬᠢᠨᠠᠨ ᠡᠵᠡᠮᠳᠡᠯ ᠢ ᠰᠢᠨ᠎ᠡ ᠪᠠᠷ ᠨᠡᠮᠡᠭᠳᠡᠬᠦᠯᠵᠦ᠂ 270 ᠨᠡᠶᠢᠲᠡ ᠶᠢᠨ ᠮᠠᠰᠢᠨ | ᠲᠡᠷᠭᠡᠨ ᠥᠷᠲᠡᠭᠡᠨ ᠤ ᠫᠠᠶᠢᠰᠠ᠂ 19 ᠨᠡᠶᠢᠲᠡ ᠶᠢᠨ ᠮᠠᠰᠢᠨ ᠲᠡᠷᠭᠡᠨ ᠤ ᠦᠷᠳᠡᠬᠡᠨ ᠲᠢᠩᠰᠡ ᠶᠢ ᠰᠢᠨ᠎ᠡ ᠪᠠᠷ | ᠪᠠᠶᠢᠭᠤᠯᠵᠤ᠂ ETC ᠲᠠᠷᠬᠠᠭᠠᠯᠲᠠ ᠶᠢᠨ ᠲᠦᠭᠡᠮᠡᠯᠵᠢᠯᠲᠡ ᠶᠢᠨ ᠨᠣᠷᠮ᠎ᠠ ᠨᠢ ᠲᠦᠩᠯᠢᠶᠣᠤ ᠬᠤᠲᠠ ᠶᠢᠨ | ᠨᠢᠭᠡᠳᠦᠭᠡᠷ ᠲᠤ ᠵᠢᠭᠰᠠᠭᠠᠵᠠᠶ᠃ ᠬᠠᠭᠤᠴᠢᠨ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ | ᠠᠷᠭ᠎ᠠ ᠶᠢ ᠨᠡᠶᠢᠲᠡᠯᠡᠵᠦ᠂ ︽ᠭᠤᠷᠪᠠ ᠶᠢ ᠡᠵᠡᠯᠡᠵᠦ ᠠᠷᠪᠠᠨ ᠡᠷᠦᠢ ᠬᠤᠷᠤᠢ ᠦᠭᠡᠢ ᠪᠠᠶᠢᠬᠤ︾ ᠶᠢ ᠶᠡᠬᠡᠪᠡᠷ | ᠴᠡᠭᠴᠡᠯᠡᠨ ᠵᠠᠰᠠᠵᠤ᠂ 5.62 ᠲᠦᠮᠡᠨ ᠲᠡᠭᠰᠢ ᠲᠦᠷᠪᠡᠯᠵᠢᠨ ᠮᠧᠲᠷ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ | ᠨᠤᠷᠠᠭᠠᠵᠤ᠂ ᠳᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠦᠲᠦᠮᠵᠢᠲᠡᠢ ᠬᠤᠷᠢᠭᠯᠠᠪᠠ᠃ ᠪᠣᠯᠪᠠᠰᠤᠨ ᠢᠶᠠᠷ | ᠭᠠᠳᠠᠭᠰᠢ ᠭᠠᠷᠬᠤ᠂ ᠪᠣᠯᠪᠠᠰᠤᠨ ᠢᠶᠠᠷ ᠨᠣᠬᠠᠶ ᠲᠡᠵᠢᠭᠡᠬᠦ ᠶᠠᠪᠤᠳᠠᠯ ᠢ ᠬᠦᠴᠦᠲᠡᠶ ᠠᠬᠢᠭᠤᠯᠵᠤ᠂ ᠵᠠᠮ ᠬᠠᠷᠢᠯᠴᠠᠭᠠᠨ ᠤ | ᠠᠳᠡᠯ ᠡᠭᠦᠰᠦᠭᠰᠡᠨ ᠲᠤᠭ᠎ᠠ᠂ ᠠᠳᠡᠭᠰᠡᠨ ᠬᠥᠮᠦᠨ ᠤ ᠲᠤᠭ᠎ᠠ ᠲᠣᠰ ᠲᠣᠰ 23% ᠪᠠ 44% ᠪᠠᠷ ᠪᠠᠭᠤᠷᠠᠵᠤ᠂ | ᠨᠠᠶᠢᠷ ᠲᠠᠯᠪᠢᠬᠤ ᠡᠷᠢᠶᠡᠨ ᠱᠤᠭᠤᠮ ᠨᠢ ᠨᠢᠭᠡᠨᠲᠡ ᠠᠭᠠᠵᠢᠮ ᠢᠶᠠᠷ ᠬᠤᠲᠠ ᠶᠢᠨ ᠪᠣᠯᠪᠠᠰᠤᠨ ᠤ ᠦᠵᠡᠰᠬᠦᠯᠡᠩᠲᠦ | ᠰᠠᠶᠢᠬᠠᠨ ᠦᠵᠡᠮᠵᠢ ᠪᠣᠯᠤᠭᠰᠠᠨ ᠪᠠᠶᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ | ᠪᠠᠲᠤᠲᠠᠢ ᠠᠬᠢᠭᠤᠯᠵᠤ᠂ ᠬᠤᠸᠠᠷ ᠴᠡᠴᠡᠭ ᠲᠠᠷᠢᠬᠤ᠂ ᠬᠠᠰᠢᠶᠠᠯᠠᠨ ᠲᠡᠵᠢᠭᠡᠨ ᠦᠷᠡᠵᠢᠭᠦᠯᠬᠦ᠂ ᠭᠡᠷᠡᠯ ᠸᠠᠯᠲ ᠢᠶᠠᠷ | ᠳᠤᠯᠠᠭᠠᠯᠠᠬᠤ ᠵᠡᠷᠭᠡ ᠠᠵᠤ ᠦᠢᠯᠡᠰ ᠤᠨ ᠲᠥᠷᠥᠯ ᠵᠦᠢᠯ ᠢ ᠬᠡᠷᠡᠭᠵᠢᠭᠦᠯᠵᠦ᠂ 19.83 ᠲᠦᠮᠡᠨ ᠮᠦ ᠲᠠᠷᠢᠮᠠᠯ | ᠲᠠᠷᠢᠵᠤ᠂ 8.74 ᠲᠦᠮᠡᠨ ᠲᠣᠯᠣᠭᠠᠢ ᠮᠠᠯ ︵ᠲᠣᠯᠣᠭᠠᠢ︶᠂ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠢ ᠶᠢᠨ ᠣᠷᠣᠯᠭ᠎ᠠ ᠪᠦᠬᠦᠨ ᠢᠶᠠᠷ ᠢᠶᠠᠨ 10 ᠲᠦᠮᠡᠨ ᠲᠥᠭᠦᠷᠢᠭ ᠤᠨ ᠶᠡᠭᠡ ᠪᠣᠭᠤᠮᠲᠠ ᠶᠢ ᠳᠠᠪᠠᠪᠠ᠃ ︽ | ᠲᠠᠷᠢᠶᠠᠨ ᠭᠠᠵᠠᠷ ᠢ ᠨᠡᠷ᠎ᠡ ᠪᠤᠷᠤᠭᠤᠯᠠᠵᠤ ᠨᠡᠷ᠎ᠡ ᠪᠤᠷᠤᠭᠤᠯᠠᠭᠰᠠᠨ ᠬᠡᠷ ᠪᠠᠶᠢᠰᠢᠩ︾ ᠢ ᠢᠯᠭᠠᠷᠠᠭᠤᠯᠤᠨ ᠴᠡᠭᠴᠡᠯᠡᠨ | ᠵᠠᠰᠠᠬᠤ ᠡᠭᠦᠷᠭᠡ ᠶᠢ ᠰᠢᠯᠭᠠᠨ ᠠᠪᠬᠤ ᠳᠤ ᠬᠢᠷᠢ ᠲᠡᠩᠴᠡᠪᠡ᠃ ᠬᠥᠳᠡᠭᠡ ᠲᠣᠰᠬᠤᠨ ᠤ ᠣᠷᠴᠢᠨ ᠲᠣᠭᠤᠷᠢᠨ ᠤ | ᠠᠷᠢᠭᠤᠨ ᠴᠡᠪᠡᠷ ᠢ ᠪᠠᠶᠢᠩᠭᠤᠵᠢᠭᠤᠯᠤᠨ ᠴᠡᠪᠡᠷᠰᠢᠭᠦᠯᠵᠦ᠂ ᠬᠤᠭ ᠨᠣᠪᠰᠢ ᠶᠢ ᠨᠢᠭᠡᠳᠦᠯᠲᠡᠢ ᠳᠤ ᠴᠤᠭᠯᠠᠭᠤᠯᠵᠤ᠂ | ᠲᠥᠪᠯᠡᠷᠡᠭᠦᠯᠦᠨ ᠴᠡᠪᠡᠷᠯᠡᠨ ᠲᠡᠭᠡᠭᠡᠪᠦᠷᠢᠯᠡᠬᠦ ᠶᠢ ᠪᠡᠶᠡᠯᠡᠭᠦᠯᠵᠦ᠂ ᠬᠦᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ | ᠡᠭᠦᠷᠭᠡ ᠶᠢ ᠪᠡᠶᠡᠯᠡᠭᠦᠯᠵᠦ᠂ ᠮᠠᠯ ᠵᠢᠭᠦᠷᠲᠡᠨ ᠤ ᠪᠠᠭᠠᠰᠤᠨ ᠪᠤᠬᠢᠷᠳᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ | 73% ᠳᠤ ᠬᠦᠷᠴᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠰᠢᠨ᠎ᠡ ᠠᠮᠢᠵᠢᠷᠠᠯ ᠤᠨ ᠬᠦᠴᠦᠨ ᠲᠠᠢ | ᠪᠣᠯᠪᠠ᠃ | ︵ᠵᠢᠷᠭᠤᠭ᠎ᠠ︶ ᠬᠦᠴᠦ ᠪᠠᠨ ᠲᠥᠪᠯᠡᠷᠡᠭᠦᠯᠦᠨ ᠪᠣᠳᠠᠲᠠᠶ ᠠᠵᠢᠯ ᠬᠢᠵᠦ᠂ ᠠᠷᠠᠳ ᠤᠨ ᠵᠣᠪᠠᠨᠢᠯ ᠢ ᠰᠢᠢᠳᠪᠦᠷᠢᠯᠡᠨ᠂ | ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠰᠢᠨ᠎ᠡ ᠬᠠᠭᠤᠳᠠᠰᠤ ᠶᠢ ᠲᠤᠰᠢᠶᠠᠨ᠎ᠠ᠃ ᠠᠷᠠᠳ ᠲᠦᠮᠡᠨ ᠢᠶᠠᠷ | ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠡᠷᠡᠭᠯᠡᠵᠦ ᠪᠣᠯᠬᠤ ᠡᠳ᠋ ᠤᠨ | ᠬᠦᠴᠦᠨ ᠤ 70% ᠶᠢ ᠠᠷᠠᠳ ᠤᠨ ᠠᠮᠢᠳᠤᠷᠠᠯ ᠤᠨ ᠬᠦᠷᠢᠶᠡᠨ ᠳᠤ ᠣᠷᠣᠭᠤᠯᠵᠤ᠂ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠭᠰᠠᠨ ᠠᠷᠠᠳ ᠤᠨ | ᠠᠮᠢᠳᠤᠷᠠᠯ ᠤᠨ 10 ᠵᠦᠢᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ᠃ ᠠᠵᠢᠯ ᠣᠯᠭᠤᠯᠲᠠ ᠶᠢ ᠪᠦᠬᠦ | ᠬᠦᠴᠦᠨ ᠢᠶᠠᠷ ᠢᠶᠠᠨ ᠲᠣᠭᠲᠠᠪᠤᠷᠢᠵᠢᠭᠤᠯᠤᠨ ᠠᠬᠢᠭᠤᠯᠵᠤ᠂ ᠬᠤᠲᠠ ᠪᠠᠯᠭᠠᠰᠤᠨ ᠳᠤ 1684 ᠬᠥᠮᠦᠨ ᠳᠤ | ᠰᠢᠨ᠎ᠡ ᠪᠠᠷ ᠠᠵᠢᠯ ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.4% ᠶᠢᠨ ᠳᠣᠲᠣᠷ᠎ᠠ | ᠬᠢᠵᠠᠭᠠᠷᠯᠠᠨ᠎ᠠ᠃ ᠡᠯ᠎ᠡ ᠲᠥᠷᠥᠯ ᠤᠨ ᠠᠪᠤᠷᠠᠨ ᠲᠤᠰᠠᠯᠠᠬᠤ ᠨᠥᠬᠦᠪᠥᠷᠢ ᠮᠥᠩᠭᠦ ᠶᠢ 5062 ᠲᠦᠮᠡᠨ ᠲᠥᠭᠦᠷᠢᠭ | ᠲᠠᠷᠬᠠᠭᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠲᠣᠭᠲᠠᠭᠤᠨ ᠢᠶᠠᠷ | ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠪᠠ ᠨᠠᠰᠤᠵᠢᠯ ᠤᠨ ᠳᠠᠭᠠᠳᠬᠠᠯ ᠳᠤ | ᠣᠷᠣᠯᠴᠠᠭᠰᠠᠨ ᠨᠣᠷᠮ᠎ᠠ ᠶᠢ ᠦᠨᠳᠦᠰᠦᠨ ᠳᠡᠭᠡᠨ ᠨᠡᠶᠢᠳᠡᠮ ᠪᠦᠷᠬᠦᠭᠦᠯᠪᠡ᠃ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠳᠡᠭᠡᠳᠦ ᠲᠠᠰ ᠤᠨ ᠴᠢᠳᠠᠪᠤᠷᠢᠳᠠᠨ 115 ᠬᠥᠮᠦᠨ ᠢ | ᠣᠷᠣᠭᠤᠯᠤᠨ ᠠᠪᠴᠢᠷᠠᠵᠤ᠂ ᠳᠥᠷᠪᠡᠳᠦᠭᠡᠷ ᠬᠡᠤᠬᠡᠳ ᠤᠨ ᠴᠡᠴᠡᠷᠯᠢᠭ᠂ ᠨᠢᠬᠡᠳᠦᠬᠡᠷ ᠪᠠᠭ᠎ᠠ ᠰᠤᠷᠭᠠᠭᠤᠯᠢ ᠶᠢᠨ | ᠪᠠᠷᠠᠭᠤᠨ ᠲᠣᠭᠤᠷᠢᠭ ᠪᠣᠯᠤᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠶ ᠶᠢᠨ ᠭᠤᠤᠯ | ᠴᠣᠭᠴᠠ ᠶᠢᠨ ᠢᠨᠵᠧᠨᠧᠷᠢᠩ ᠢ ᠪᠡᠶᠡᠯᠡᠭᠦᠯᠵᠦ᠂ ᠭᠤᠷᠪᠠᠳᠤᠭᠠᠷ ᠪᠠᠭ᠎ᠠ ᠰᠤᠷᠭᠠᠭᠤᠯᠢ ᠶᠢ ᠪᠠᠶᠢᠭᠤᠯᠵᠤ ᠰᠤᠷᠤᠭᠴᠢ | ᠡᠯᠰᠡᠨ᠎ᠡ᠃ ︽ᠡᠮᠴᠢᠯᠡᠭᠡᠨ ᠤ ᠬᠤᠯᠪᠣᠭᠠᠲᠤ ᠴᠣᠭᠴᠠ︾ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ | ᠬᠤᠷᠰᠢᠭᠰᠠᠨ ᠡᠮᠨᠡᠯᠬᠡ ᠶᠢᠨ ᠬᠤᠷᠢᠶ᠎ᠠ ᠶᠢ 16 ᠡᠷᠦᠬᠡ ᠳᠤ ᠬᠦᠷᠦᠭᠦᠯᠵᠦ᠂ 4000 ᠭᠠᠷᠤᠶ ᠡᠪᠡᠳᠴᠢᠲᠡᠨ ᠳᠤ | ᠠᠰᠢᠭ ᠬᠦᠷᠲᠡᠭᠡᠵᠦ᠂ 500 ᠭᠠᠷᠤᠶ ᠲᠦᠮᠡᠨ ᠲᠥᠭᠦᠷᠢᠭ ᠤᠨ ᠵᠠᠷᠤᠳᠠᠯ ᠠᠷᠪᠢᠯᠠᠵᠤ᠂ ︽ᠥᠪᠡᠷᠲᠡᠭᠡᠨ ᠵᠠᠰᠠᠬᠤ | ᠣᠷᠣᠨ ᠤ ᠲᠠᠰ ᠤᠨ ᠤᠳᠠᠭᠠᠨ ᠴᠢᠨᠠᠷᠳᠠᠢ ᠡᠪᠡᠳᠴᠢᠨ ᠤ ᠵᠢᠱᠢᠶ᠎ᠡ ᠦᠵᠡᠭᠦᠯᠬᠦ ᠣᠷᠣᠨ︾ ᠢ ᠠᠮᠵᠢᠯᠲᠠ ᠲᠠᠢ | ᠡᠭᠦᠳᠦᠨ ᠪᠠᠶᠢᠭᠤᠯᠪᠠ᠃ ᠮᠦᠽᠧᠶ᠂ ᠨᠣᠮ ᠤᠨ ᠰᠠᠩ ᠤᠯᠠᠨ ᠲᠦᠮᠡᠨ ᠢ 12 ᠲᠦᠮᠡᠨ ᠬᠥᠮᠦᠨ ᠤᠳᠠᠭ᠎ᠠ ᠬᠦᠯᠢᠶᠡᠨ | ᠠᠪᠴᠤ᠂ ︽ᠬᠤᠶᠠᠳᠤᠭᠠᠷ ᠬᠤᠭᠤᠴᠠᠭᠠᠨ ᠤ ᠤᠯᠠᠨ ᠤᠯᠤᠰ ᠤᠨ ᠬᠠᠭᠠᠰ ᠠᠶᠠᠯᠠᠯ ᠤᠨ ᠮᠠᠷᠠᠽᠤᠨ ᠤᠷᠤᠯᠳᠤᠭᠠᠨ︾ | ᠵᠡᠷᠭᠡ ᠤᠯᠤᠰ ᠤᠨ ᠪᠠᠶᠠᠷ ᠤᠨ 70 ᠵᠢᠯ ᠤᠨ ᠤᠢ ᠶᠢᠨ ᠰᠢᠷᠢᠰ ᠠᠵᠢᠯᠯᠠᠭ᠎ᠠ ᠶᠢ ᠠᠮᠵᠢᠯᠲᠠᠲᠠᠶ ᠡᠷᠬᠢᠯᠡᠪᠡ᠃ ︽ | ᠵᠡᠭᠡᠯᠢ ᠭᠤᠳᠤᠮᠵᠢ ᠪᠠᠷ ᠱᠦᠭᠯᠦ ᠦᠯᠢᠶᠡᠬᠦ᠂ ᠰᠠᠯᠠᠭ᠎ᠠ ᠮᠥᠴᠢᠷ ᠨᠡᠷ᠎ᠡ ᠮᠡᠳᠡᠭᠦᠯᠬᠦ︾ ᠦᠨᠳᠦᠰᠦᠨ ᠱᠠᠲᠤᠨ ᠤ | ᠵᠠᠰᠠᠯᠲᠠ ᠶᠢᠨ ᠰᠢᠨ᠎ᠡ ᠵᠠᠭᠪᠤᠷ ᠲᠤ ᠰᠢᠨ᠎ᠡ ᠶᠢ ᠡᠭᠦᠳᠴᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ | ᠺᠢᠯᠣᠮᠧᠲᠷ︾ ᠢ ᠨᠡᠪᠲᠡᠷᠡᠭᠦᠯᠦᠨ᠎ᠡ᠃ 688 ᠡᠷᠦᠬᠡ ᠠᠰᠠᠷ ᠳᠡᠭᠡᠷ᠎ᠡ ᠭᠠᠷᠤᠭᠰᠠᠨ ᠣᠯᠠᠨ ᠲᠦᠮᠡᠨ ᠤ ᠭᠡᠷ | ᠬᠥᠷᠥᠩᠭᠡ ᠶᠢᠨ ᠦᠨᠡᠮᠯᠡᠯ ᠬᠦᠢᠴᠡᠳᠬᠡᠬᠦ ᠳᠤ ᠬᠦᠴᠢᠷᠳᠠᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ 10 ᠬᠤᠪᠢ | ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠪᠦᠲᠦᠮᠵᠢᠲᠡᠶ ᠰᠢᠢᠳᠪᠦᠷᠢᠯᠡᠪᠡ᠃ ᠪᠦᠬᠦ ᠬᠤᠲᠠ ᠶᠢᠨ | ᠦᠨᠳᠦᠰᠦᠲᠡᠨ ᠤ ᠠᠵᠢᠯ ᠤᠨ ᠬᠤᠷᠠᠯ ᠵᠢᠴᠢ ᠨᠠᠢᠮᠠᠳᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠠᠮᠵᠢᠯᠲᠠ ᠲᠠᠢ ᠡᠷᠬᠢᠯᠡᠵᠦ᠂ ᠮᠦᠰᠦᠳᠠᠢ ᠵᠡᠭᠡᠯᠢ | ᠭᠤᠳᠤᠮᠵᠢ ᠶᠢᠨ ᠢ ᠪᠢᠨ ᠨᠡᠶᠢᠭᠡᠮ ᠲᠣᠭᠤᠷᠢᠭ ᠨᠢ ᠳᠣᠯᠣᠳᠤᠭᠠᠷ ᠪᠦᠯᠦᠭ ᠤᠨ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠪᠡ᠃ ᠢᠳᠡᠭᠡᠨ ᠪᠠ ᠡᠮ ᠤᠨ ᠠᠮᠤᠷ | ᠲᠦᠪᠰᠢᠨ ᠢ ᠬᠦᠴᠦᠯᠡᠨ ᠪᠠᠲᠤᠯᠠᠨ᠎ᠠ᠃ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠭᠰᠡᠨ ᠨᠢ ᠪᠦᠲᠦᠮᠵᠢᠲᠡᠶ | ᠃ ᠬᠠᠷᠭᠢᠰ ᠬᠦᠴᠦᠨ ᠤ ᠶᠠᠯᠠᠲᠤ ᠪᠦᠯᠦᠭ 1᠂ ᠬᠠᠷᠭᠢᠰ ᠬᠦᠴᠦᠨ ᠤ ᠶᠠᠯᠠᠲᠤ ᠪᠦᠯᠦᠭ 4᠂ ︽ᠬᠠᠮᠠᠭᠠᠯᠠᠭᠴᠢ︾ 1 | ᠪᠠᠶᠢᠵᠦ᠂ ᠠᠮᠤᠷ ᠢ ᠬᠠᠮᠠᠭᠠᠯᠠᠬᠤ ᠬᠡᠷᠡᠭ ᠤᠨ ᠲᠤᠭ᠎ᠠ 28% ᠪᠠᠭᠤᠷᠠᠵᠤ᠂ ᠨᠡᠶᠢᠭᠡᠮ ᠤᠨ ᠶᠡᠭᠡ ᠲᠠᠯ᠎ᠠ ᠡᠶ᠎ᠡ | ᠵᠤᠬᠢᠴᠠᠩᠭᠤᠢ ᠲᠣᠭᠲᠠᠭᠤᠨ ᠪᠠᠶᠢᠨ᠎ᠠ᠃ | ︵ᠳᠣᠯᠤᠭ᠎ᠠ︶ ᠬᠦᠴᠦ ᠪᠠᠨ ᠲᠥᠪᠯᠡᠷᠡᠭᠦᠯᠦᠨ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠦᠷ᠎ᠡ | ᠪᠦᠲᠦᠮᠵᠢ ᠪᠠᠨ ᠲᠡᠭᠡᠭᠰᠢᠯᠡᠬᠦᠯᠵᠦ᠂ ᠲᠣᠰ ᠪᠡᠶ᠎ᠡ ᠶᠢᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠤᠯᠪᠠ᠃ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠪᠠᠶᠢᠭᠤᠯᠤᠮᠵᠢ ᠶᠢᠨ ᠲᠣᠬᠢᠷᠠᠭᠤᠯᠤᠯᠲᠠ ᠪᠠ ᠡᠭᠦᠷᠭᠡ | ᠴᠢᠳᠠᠪᠤᠷᠢ ᠶᠢᠨ ᠲᠣᠬᠢᠷᠠᠭᠤᠯᠤᠯᠲᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠭᠡᠳ᠂ ᠵᠠᠰᠠᠭ ᠵᠠᠬᠢᠷᠭᠠᠨ ᠤ ᠬᠦᠴᠦᠨ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ | ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠵᠥᠪᠯᠡᠯᠭᠡ ᠶᠢ 200 ᠬᠤᠪᠢ ᠰᠢᠢᠳᠪᠦᠷᠢᠯᠡᠵᠦ᠂ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠤᠷᠮ᠎ᠠ ᠨᠢ 100% | ᠪᠠᠶᠢᠪᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠢ ᠠᠬᠢᠭᠤᠯᠵᠤ᠂ ᠪᠦᠬᠦ ᠵᠢᠯ ᠳᠤ ᠬᠤᠷᠠᠯ ᠪᠠ ᠪᠢᠴᠢᠭ | ᠮᠠᠲ᠋ᠧᠷᠢᠶᠠᠯ ᠢ 30% ᠶᠢ ᠳᠠᠪᠠᠪᠠ᠃ ᠡᠳ᠋ ᠤᠨ ᠵᠠᠰᠠᠭ ᠠᠴᠠ ᠡᠩ ᠤᠨ ᠴᠢᠨᠠᠷᠲᠠᠢ ᠵᠠᠷᠤᠯᠭ᠎ᠠ ᠶᠢ 3464 ᠲᠦᠮᠡᠨ | ᠲᠥᠭᠦᠷᠢᠭ ᠪᠠᠭᠠᠰᠬᠠᠪᠠ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠪᠦᠬᠦ ᠬᠤᠲᠠ ᠶᠢᠨ ︽ᠤᠭ | ᠰᠠᠨᠠᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠵᠦᠷᠢᠶ᠎ᠡ ᠪᠠᠨ ᠡᠷᠢᠵᠦ᠂ | ᠨᠠᠶᠢᠳᠠᠪᠤᠷᠢᠵᠢᠭᠤᠯᠤᠯᠲᠠ ᠶᠢ ᠠᠳᠬᠤᠬᠤ︾ ᠠᠭᠤᠷ ᠠᠮᠢᠰᠬᠤᠯ ᠢ ᠪᠦᠬᠦ ᠲᠠᠯ᠎ᠠ ᠪᠠᠷ ᠪᠦᠷᠢᠯᠳᠦᠭᠦᠯᠵᠦ᠂ ᠵᠠᠰᠠᠭ ᠤᠨ | ᠣᠷᠳᠣᠨ ᠤ ᠰᠢᠰᠲ᠋ᠧᠮ ᠤᠨ ᠰᠤᠷᠲᠠᠯ ᠤᠨ ᠪᠠᠶᠢᠭᠤᠯᠤᠯᠲᠠ ᠦᠷᠭᠦᠯᠵᠢᠯᠡᠨ ᠰᠠᠶᠢᠵᠢᠷᠠᠪᠠ᠃ ᠠᠷᠠᠳ ᠤᠨ ᠵᠡᠪᠰᠡᠭᠲᠦ | ᠬᠦᠴᠦᠨ᠂ ᠴᠡᠷᠢᠭ ᠠᠴᠠ ᠬᠠᠯᠠᠭᠳᠠᠭᠰᠠᠳ᠂ ᠲᠡᠤᠬᠡ ᠣᠶᠢᠯᠠᠯᠭ᠎ᠠ ᠶᠢᠨ ᠳᠠᠩᠰᠠ ᠡᠪᠬᠡᠮᠡᠯ᠂ ᠵᠡᠮᠳᠡᠭᠴᠢᠳ ᠢ ᠲᠡᠳᠬᠦᠨ | ᠲᠤᠰᠠᠯᠠᠬᠤ᠂ ᠡᠮᠡᠭᠲᠡᠶᠢᠴᠦᠳ ᠬᠡᠤᠬᠡᠳ ᠪᠠᠭᠠᠴᠤᠳ᠂ ᠠᠷᠠᠳ ᠤᠨ ᠠᠭᠠᠷ ᠰᠡᠷᠭᠡᠶᠢᠯᠡᠯᠲᠡ ᠶᠢᠨ ᠴᠠᠭ ᠠᠭᠤᠷ᠂ | ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠨᠠᠰᠤᠲᠠᠶᠢᠴᠤᠳ ᠪᠠ ᠬᠤᠶᠢᠴᠢ ᠦᠶ᠎ᠡ ᠶᠢ | ᠬᠠᠯᠠᠮᠵᠢᠯᠠᠬᠤ ᠵᠡᠷᠭᠡ ᠠᠵᠢᠯ ᠴᠥᠮ ᠰᠢᠨ᠎ᠡ ᠠᠬᠢᠴᠠ ᠲᠠᠢ ᠪᠣᠯᠪᠠ᠃ | ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠪᠡᠯ᠂ ᠪᠢᠳᠠ ᠰᠠᠨᠠᠭᠠᠴᠢᠯᠠᠭ᠎ᠠ ᠠᠴᠠ ᠪᠠᠨ ᠥᠷᠢᠰᠥᠯᠳᠦᠭᠡᠨ ᠢ | ᠠᠷᠭᠠᠴᠠᠵᠦ᠂ ᠬᠦᠴᠦ ᠪᠠᠨ ᠲᠥᠪᠯᠡᠷᠡᠭᠦᠯᠦᠨ ᠬᠦᠴᠢᠷ ᠢ ᠲᠤᠭᠤᠯᠤᠨ ᠪᠡᠷᠬᠡ ᠶᠢ ᠳᠠᠪᠠᠪᠠ᠂ ᠠᠮᠵᠢᠯᠲᠠ ᠪᠦᠲᠦᠮᠵᠢ ᠶᠢ | ᠬᠢᠯᠪᠠᠷ ᠪᠤᠰᠤ ᠪᠠᠷ ᠣᠯᠤᠭᠰᠠᠨ ᠶᠤᠮ᠃ ᠡᠨᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ | ᠠᠴᠢ ᠲᠤᠰᠠ ᠠᠴᠠ ᠪᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠠᠴᠢ ᠲᠤᠰᠠ ᠠᠴᠠ ᠪᠤᠯᠵᠤ᠂ ᠪᠦᠬᠦ ᠬᠤᠳᠠ ᠶᠢᠨ | ᠠᠷᠠᠳ ᠲᠦᠮᠡᠨ ᠤ ᠪᠦᠯᠬᠦᠮᠳᠡᠨ ᠲᠡᠮᠡᠴᠡᠬᠦ ᠪᠠ ᠴᠢᠷᠮᠠᠶᠢᠨ ᠲᠡᠮᠡᠴᠡᠬᠦ ᠶᠢᠨ ᠠᠴᠢ ᠲᠤᠰᠠ ᠠᠴᠠ ᠪᠣᠯᠤᠭᠰᠠᠨ ᠶᠤᠮ᠃ | ᠠᠳᠡ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ ᠬᠤᠲᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠲᠥᠯᠥᠭᠡᠯᠡᠭᠴᠢ᠂ ᠭᠡᠰᠢᠭᠦᠳ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠠ ᠡᠯ᠎ᠡ ᠠᠷᠠᠳ ᠤᠨ ᠪᠦᠯᠬᠦᠮ᠂ ᠬᠤᠲᠠ ᠳᠤ | ᠰᠠᠭᠤᠭ᠎ᠠ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠤᠯᠤᠰ ᠲᠥᠷᠥ ᠬᠠᠤᠯᠢ ᠴᠠᠭᠠᠵᠠ ᠳᠣᠲᠣᠭᠠᠳᠤ ᠶᠢ | ᠬᠠᠮᠠᠭᠠᠯᠠᠬᠤ ᠺᠠᠳ᠋ᠷ ᠴᠠᠭᠳᠠᠭ᠎ᠠ ᠪᠠ ᠭᠠᠯ ᠤᠨᠳᠠᠷᠭᠠᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡᠨ ᠤ | ᠵᠢᠯᠣᠭᠤᠳᠤᠭᠴᠢ ᠪᠠᠶᠢᠯᠳᠤᠭᠴᠢᠳ ᠲᠤ ᠬᠤᠤᠯᠢᠩᠭᠤᠤᠯ ᠳᠤ ᠦᠢᠯᠡᠰ ᠪᠣᠰᠬᠠᠭᠰᠠᠨ ᠪᠡᠯᠡ ᠣᠷᠣᠭᠤᠯᠤᠭᠴᠢ᠂ | ᠪᠦᠲᠦᠭᠡᠨ ᠪᠠᠶᠢᠭᠤᠯᠤᠭᠴᠢ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠠ | ᠡᠷᠬᠢᠮ ᠲᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ︕ ᠤᠷᠤᠭᠰᠢᠯᠠᠬᠤ ᠵᠠᠮ ᠳᠤ ᠰᠠᠷᠠᠭᠤᠯ ᠳᠠᠷᠳᠠᠩ ᠵᠠᠮ ᠬᠡᠵᠦ ᠪᠠᠶᠢᠬᠤ ᠦᠭᠡᠢ᠃ | ᠣᠳᠣᠬᠠᠨ ᠳᠤ ᠮᠠᠨ ᠤ ᠬᠤᠲᠠ ᠶᠠᠭ ᠬᠡᠯᠪᠡᠷᠢ ᠪᠠᠨ ᠬᠤᠪᠢᠷᠠᠭᠤᠯᠤᠨ ᠰᠢᠪᠲᠤᠯᠤᠯᠲᠠ ᠭᠠᠷᠭᠠᠬᠤ ᠵᠠᠩᠭᠢᠯᠠᠭ᠎ᠠ ᠶᠢᠨ | ᠬᠤᠭᠤᠴᠠᠭᠠᠨ ᠳᠤ ᠣᠷᠣᠰᠢᠵᠤ᠂ ᠶᠡᠷᠦᠩᠬᠡᠢ ᠬᠥᠭᠵᠢᠯᠲᠡ ᠶᠢᠨ ᠬᠢᠷᠢ ᠲᠦᠪᠰᠢᠨ ᠪᠠ ᠴᠢᠨᠠᠷ ᠰᠠᠶᠢᠲᠠᠢ | ᠬᠥᠭᠵᠢᠯᠲᠡ ᠶᠢᠨ ᠱᠠᠭᠠᠷᠳᠠᠯᠭ᠎ᠠ ᠪᠠᠰᠠ ᠵᠣᠬᠢᠬᠤ ᠵᠦᠷᠢᠶ᠎ᠡ ᠲᠠᠢ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠣᠯᠪᠠ᠃ | ᠠᠵᠤ ᠦᠢᠯᠡᠰ ᠤᠨ ᠪᠦᠲᠦᠴᠡ ᠨᠡᠯᠢᠶᠡᠳ ᠳᠠᠩ ᠴᠤᠯᠭᠤᠢ᠂ ᠠᠵᠤ ᠦᠢᠯᠡᠰ ᠤᠨ ᠬᠡᠯᠬᠢᠶᠡᠨ ᠤ ᠤᠷᠲᠤᠳᠬᠠᠯ | ᠭᠦᠢᠴᠡᠳ ᠪᠤᠰᠤ᠂ ᠥᠨᠳᠥᠷ ᠨᠡᠮᠡᠯᠲᠡ ᠥᠷᠲᠡᠭᠲᠦ ᠪᠦᠲᠦᠭᠡᠭᠳᠡᠬᠦᠨ ᠤ ᠬᠤᠪᠢ ᠶᠢᠨ ᠵᠢᠩ ᠳᠣᠣᠷ᠎ᠠ ᠪᠠᠶᠢᠵᠤ᠂ ᠲᠣᠮᠣ | ᠲᠥᠷᠦᠯ ᠵᠦᠢᠯ ᠰᠠᠶᠢᠨ ᠲᠥᠷᠦᠯ ᠵᠦᠢᠯ ᠤᠨ ᠨᠥᠭᠡᠴᠡ ᠬᠦᠷᠦᠯᠴᠡᠬᠦ ᠦᠭᠡᠢ᠃ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠤᠨ ᠨᠡᠭᠡᠭᠡᠬᠦ ᠣᠷᠣᠭᠤᠯᠤᠯᠲᠠ ᠬᠢᠵᠠᠭᠠᠷ ᠲᠠᠢ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠦᠢᠯᠡᠳᠦᠯ | ᠴᠢᠩᠭ᠎ᠠ ᠪᠢᠰᠢ᠃ ᠡᠯᠧᠮᠧᠨ᠋ᠲ ᠤᠨ ᠪᠣᠭᠤᠮᠢ ᠬᠠᠷᠠᠬᠠᠨ ᠦᠨᠳᠦᠰᠦᠨ ᠠᠴᠠ ᠨᠢ ᠰᠢᠢᠳᠪᠦᠷᠢᠯᠡᠭᠳᠡᠭᠡᠳᠦᠢ ᠪᠠᠶᠢᠵᠤ᠂ | ᠨᠡᠭᠦᠷᠡᠰᠦᠨ ᠤ ᠪᠦᠳᠦᠴᠡ ᠶᠢᠨ ᠴᠢᠨᠠᠷᠲᠠᠢ ᠳᠤᠲᠠᠭᠳᠠᠵᠤ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢ | ᠬᠢᠨᠠᠨ ᠵᠥᠪᠰᠢᠶᠡᠷᠡᠬᠦ ᠲᠤ ᠬᠦᠴᠢᠷᠲᠡᠢ ᠪᠠᠶᠢᠵᠤ᠂ ᠴᠠᠬᠢᠯᠭᠠᠨ ᠤ ᠳᠣᠣᠷ᠎ᠠ ᠦᠨ᠎ᠡ ᠶᠢᠨ ︽ᠬᠤᠲᠣᠭᠤᠷ ᠭᠠᠵᠠᠷ︾ ᠤᠨ | ᠦᠢᠯᠡᠳᠦᠯ ᠢᠯᠡᠷᠬᠡᠢ ᠪᠢᠰᠢ᠂ ᠠᠵᠤ ᠦᠢᠯᠡᠳᠪᠦᠷᠢ ᠶᠢᠨ ᠬᠡᠷᠡᠭᠯᠡᠬᠦ ᠤᠰᠤᠨ ᠤ ᠲᠤᠬᠢᠷᠠᠭᠤᠯᠤᠯᠳᠠ ᠲᠦᠢᠯ ᠤᠨ ᠪᠠᠴᠢᠮ | ᠪᠣᠯᠪᠠ᠃ ᠠᠵᠤ ᠠᠬᠤᠢ ᠪᠠᠭᠤᠷᠠᠬᠤ ᠳᠠᠷᠤᠯᠲᠠ ᠦᠷᠭᠦᠯᠵᠢᠯᠡᠨ ᠨᠡᠮᠡᠭᠳᠡᠵᠦ᠂ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠦᠷᠢᠴᠡᠯ ᠲᠤᠪᠤᠶᠢᠮ᠎ᠠ ᠪᠣᠯᠵᠤ᠂ ︽ᠭᠤᠷᠪᠠ ᠶᠢ ᠪᠠᠲᠤᠯᠠᠬᠤ︾ ᠳᠤ ᠨᠡᠯᠢᠶᠡᠳ ᠬᠦᠴᠢᠷᠲᠡᠢ᠃ | ᠠᠷᠠᠳ ᠤᠨ ᠠᠮᠢᠳᠤᠷᠠᠯ ᠤᠨ ᠬᠦᠷᠢᠶᠡᠨ ᠳᠤ ᠮᠥᠨ ᠯᠡ ᠵᠠᠷᠢᠮ ᠬᠦᠴᠢᠷ ᠲᠦᠪᠡᠭᠲᠡᠶ ᠲᠦᠭᠵᠢᠷᠡᠯ ᠠᠰᠠᠭᠤᠳᠠᠯ | ᠣᠷᠣᠰᠢᠵᠤ᠂ ᠨᠡᠶᠢᠭᠡᠮ ᠤᠨ ᠣᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ | ᠤᠯᠠᠮ ᠨᠢᠬᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠡᠭᠦᠨ ᠠᠴᠠ ᠭᠠᠳᠠᠨ᠎ᠠ᠂ ᠭᠡᠨᠡᠳᠲᠡ ᠡᠭᠦᠰᠦᠭᠰᠡᠨ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠮᠠᠨ ᠤ ᠬᠡᠪ ᠤᠨ ᠦᠢᠯᠡᠳᠪᠦᠷᠢᠯᠡᠯ | ᠠᠮᠢᠳᠤᠷᠠᠯ ᠳᠤ ᠬᠦᠨᠳᠦ ᠨᠣᠴᠢᠲᠠᠶ ᠲᠠᠭᠠᠷᠢᠯᠳᠠ ᠤᠴᠠᠷᠠᠭᠤᠯᠵᠤ᠂ ᠳᠠᠷᠠᠭᠠᠴᠢ ᠶᠢᠨ ᠠᠯᠬᠤᠮ ᠳᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ | ᠰᠠᠶᠢᠲᠤᠷ ᠠᠳᠬᠤᠬᠤ ᠡᠭᠦᠷᠭᠡ ᠲᠦᠢᠯ ᠤᠨ ᠬᠠᠲᠠᠭᠤ ᠪᠡᠷᠬᠡ ᠪᠠᠶᠢᠨ᠎ᠠ᠃ ᠡᠳᠡᠭᠡᠷ ᠠᠰᠠᠭᠤᠳᠠᠯ ᠤᠨ ᠲᠤᠬᠠᠶ ᠪᠢᠳᠡ | ᠵᠠᠪᠠᠯ ᠨᠡᠩ ᠣᠨᠣᠪᠴᠢᠲᠠᠶ ᠪᠥᠭᠡᠳ ᠬᠦᠴᠦᠲᠡᠶ ᠠᠷᠭ᠎ᠠ ᠬᠡᠮᠵᠢᠶ᠎ᠡ ᠠᠪᠴᠤ᠂ ᠬᠢᠨᠠᠮᠠᠭᠠᠶ ᠰᠢᠢᠳᠪᠦᠷᠢᠯᠡᠬᠦ ᠬᠡᠷᠡᠭᠲᠡᠶ᠂ | ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠦᠰᠡᠷᠳᠡᠬᠦᠯᠬᠦ ᠦᠭᠡᠶ᠃ | |