ᠬᠤᠶᠠᠷ᠂ 2020 ᠤᠨ ᠤ ᠠᠵᠢᠯ ᠤᠨ ᠲᠣᠬᠢᠷᠠᠭᠤᠯᠤᠯᠲᠠ
ᠨᠡᠶᠢᠲᠡᠯᠡᠭᠰᠡᠨ ᠴᠠᠭ᠄
2020/4/25
            ᠬᠤᠶᠠᠷ᠂ 2020 ᠤᠨ ᠤ ᠠᠵᠢᠯ ᠤᠨ ᠲᠣᠬᠢᠷᠠᠭᠤᠯᠤᠯᠲᠠ       ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠦᠪᠵᠢᠬᠦᠯᠭᠡ ᠶᠢ ᠲᠥᠯᠥᠪᠯᠡᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠵᠢᠯ ᠮᠥᠨ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠡᠷᠡᠰ ᠲᠤᠤᠱᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠳᠤᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠠᠰᠢᠭ ᠥᠬᠡᠶ ᠨᠥᠯᠥᠭᠡ ᠶᠢ ᠴᠢᠷᠮᠠᠶᠢᠨ ᠲᠡᠪᠴᠢᠵᠦ᠂ ᠭᠤᠤᠯᠳᠠᠯᠭ᠎ᠠ ᠶᠢ ᠳᠣᠪᠤᠶᠢᠯᠭᠠᠨ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ᠂ ᠲᠥᠷᠥᠯ ᠬᠤᠪᠢᠶᠠᠨ ᠵᠢᠯᠣᠭᠤᠳᠬᠤ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠬᠤ ᠬᠡᠷᠡᠭᠲᠡᠶ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠬᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ ᠦᠨᠡᠨ ᠬᠦ ᠪᠠᠲᠤᠯᠠᠵᠤ᠂ ᠠᠷᠠᠳ ᠲᠦᠮᠡᠨ ᠤ ᠵᠥᠪᠰᠢᠶᠡᠷᠡᠯ ᠢ ᠣᠯᠵᠤ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠨ᠎ᠠ᠃    ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ ᠪᠠ ᠨᠢᠭᠡᠳᠦᠯᠲᠡᠢ ᠳᠤ ᠲᠥᠯᠥᠪᠯᠡᠬᠦ ᠪᠠᠷ ᠳᠠᠮᠵᠢᠨ᠂ ᠦᠨᠦ ᠵᠢᠯ ᠤᠨ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5% ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠲᠡᠭᠡᠭᠰᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 5% ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 5% ᠪᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 5% ᠪᠠᠷ ᠨᠡᠮᠡᠭᠳᠡᠭᠦᠯᠵᠦ᠂ ᠡᠩ ᠤᠨ ᠣᠯᠠᠨ ᠨᠡᠶᠢᠳᠡ ᠶᠢᠨ ᠲᠥᠰᠦᠪ ᠤᠨ ᠣᠷᠣᠯᠭ᠎ᠠ ᠶᠢ 7.5% ᠪᠠᠷ ᠨᠡᠮᠡᠭᠳᠡᠭᠦᠯᠦᠨ᠎ᠡ᠃    ᠡᠨᠡ ᠵᠢᠯ ᠤᠨ ᠡᠬᠢ ᠪᠠᠷ᠂ ᠮᠠᠨ ᠤ ᠬᠤᠲᠠ ᠭᠡᠨᠡᠳᠲᠡ ᠣᠷᠣᠵᠤ ᠢᠷᠡᠭᠰᠡᠨ ᠬᠡᠯᠪᠡᠷᠢ ᠶᠢᠨ ᠲᠥᠷᠥᠯ ᠤᠭᠰᠠᠭ᠎ᠠ ᠶᠢᠨ  ᠲᠦᠪᠯᠡᠷᠡᠩᠬᠦᠢ ᠴᠢᠨᠠᠷᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠳᠤ ᠬᠦᠨᠳᠦ ᠨᠣᠴᠢᠲᠠᠢ ᠨᠥᠯᠥᠭᠡ ᠦᠵᠡᠭᠦᠯᠪᠡ᠃ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠪᠢᠳᠡ ᠨᠠᠮ ᠤᠨ ᠲᠥᠪ ᠬᠤᠷᠢᠶᠠᠨ ᠤ ︽ᠢᠲᠡᠭᠡᠯ ᠵᠣᠷᠢᠭ ᠢᠶᠠᠨ ᠪᠠᠳᠤᠳᠬᠠᠵᠦ᠂ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ︾ ᠶᠡᠷᠦᠩᠬᠡᠶ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ ᠬᠠᠮᠤᠭ ᠤᠨ ᠪᠥᠬᠦ ᠲᠠᠯ᠎ᠠ ᠶᠢᠨ᠂ ᠬᠠᠮᠤᠭ ᠤᠨ ᠴᠢᠩᠭ᠎ᠠ᠂ ᠬᠠᠮᠤᠭ ᠤᠨ ᠲᠦᠢᠯᠪᠤᠷᠢᠲᠠᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠪᠴᠤ᠂ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ᠂ ᠡᠮ ᠡᠮᠨᠡᠯᠭᠡ ᠶᠢᠨ ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠨ᠂ ᠨᠡᠶᠢᠭᠡᠮ ᠤᠨ ᠰᠠᠶᠢᠨ ᠳᠤᠷ᠎ᠠ ᠶᠢᠨ ᠠᠵᠢᠯᠯᠠᠭᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠳᠤ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠲᠡᠶᠢᠨ ᠤ ᠱᠠᠲᠤ ᠦᠶ᠎ᠡ ᠶᠢᠨ ᠴᠢᠨᠠᠷᠲᠠᠶ ᠢᠯᠠᠯᠲᠠ ᠶᠢ ᠣᠯᠵᠤ᠂ ᠪᠦᠬᠦᠯᠢ ᠴᠣᠭᠴᠠ ᠶᠢᠨ ᠪᠠᠶᠢᠳᠠᠯ ᠦᠷᠭᠦᠯᠵᠢᠯᠡᠨ ᠰᠠᠶᠢᠵᠢᠷᠠᠪᠠ᠃ ᠭᠡᠪᠡᠴᠦ᠂ ᠣᠳᠣᠬᠠᠨ ᠳᠤ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠲᠦᠷᠭᠡᠨ ᠢᠶᠠᠷ ᠳᠡᠯᠭᠡᠷᠡᠵᠦ᠂ ᠤᠷᠤᠭᠤᠯᠤᠯᠳᠠ ᠶᠢᠨ ᠴᠢᠨᠠᠷᠲᠠᠶ ᠠᠶᠤᠯ ᠲᠦᠭᠰᠢᠭᠦᠷᠢ ᠲᠠᠰᠤᠷᠠᠯᠲᠠ ᠥᠬᠡᠶ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠮᠥᠨ ᠮᠠᠰᠢ ᠣᠯᠠᠨ ᠲᠣᠭᠲᠠᠭᠠᠯᠲᠤ ᠪᠤᠰᠤ ᠬᠦᠴᠦᠨ ᠵᠦᠢᠯ ᠣᠷᠣᠰᠢᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠃ ᠵᠠᠩᠭᠢᠯᠭ᠎ᠠ ᠶᠢᠨ ᠦᠶᠡᠰ᠂ ᠪᠢᠳᠠ ᠲᠠᠷᠢᠬᠢ ᠲᠣᠯᠣᠭᠠᠢ ᠪᠠᠨ ᠤᠯᠠᠮ ᠰᠡᠷᠭᠡᠭ ᠪᠠᠶᠢᠯᠭᠠᠵᠤ᠂ ᠪᠣᠯᠭᠤᠮᠵᠢᠲᠠᠢ ᠪᠠᠶᠢᠵᠦ᠂ ᠴᠠᠭ ᠦᠶ᠎ᠡ ᠪᠠ ᠪᠠᠶᠢᠳᠠᠯ ᠢ ᠦᠨᠳᠦᠰᠦᠯᠡᠨ ᠠᠷᠭᠠᠴᠠᠬᠤ ᠠᠷᠭ᠎ᠠ ᠪᠤᠳᠤᠯᠭ᠎ᠠ ᠪᠠᠨ ᠲᠤᠬᠢᠷᠠᠭᠤᠯᠵᠤ᠂ ᠬᠢᠵᠢᠭ ᠤᠨ ᠪᠠᠶᠢᠳᠠᠯ ᠠᠴᠠ ᠪᠣᠯᠤᠭᠰᠠᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠵᠦ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠬᠦᠯᠬᠦ ᠬᠡᠷᠡᠭᠲᠡᠢ᠃    ︵ᠨᠢᠭᠡ︶ ᠠᠮᠤᠷ ᠲᠦᠪᠰᠢᠨ ᠲᠣᠭᠲᠠᠭᠤᠨ‌‍ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠪᠦᠬᠦ ᠲᠠᠯ᠎ᠠ ᠪᠠᠷ ᠰᠡᠷᠭᠦᠬᠡᠬᠦ ᠲᠠᠯ᠎ᠠ ᠪᠠᠷ ᠪᠦᠬᠦ ᠬᠦᠴᠦᠨ ᠢᠶᠠᠷ ᠢᠶᠠᠨ ᠪᠠᠬᠢᠯᠡᠯᠲᠡ ᠳᠠᠭᠠᠷᠢᠬᠤ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠦ᠂ ᠲᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠭᠠᠳᠠᠨ᠎ᠠ ᠠᠴᠠ ᠤᠷᠤᠬᠤ ᠶᠢ ᠰᠡᠷᠭᠡᠶᠢᠯᠡᠨ᠂ ᠳᠣᠲᠣᠭᠠᠳᠤ ᠳᠤ ᠲᠠᠬᠢᠨ ᠡᠭᠦᠰᠬᠦ ᠶᠢ ᠰᠡᠷᠬᠡᠶᠢᠯᠡᠬᠦ︾ ᠠᠵᠢᠯ ᠢ ᠦᠨᠡᠨᠬᠦ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠡᠯ᠎ᠡ ᠹᠷᠣᠨᠲ ᠳᠡᠭᠡᠷ᠎ᠡ ᠪᠦᠷᠢᠨ ᠢᠯᠠᠯᠲᠠ ᠤᠯᠬᠤ ᠦᠭᠡᠢ ᠪᠣᠯ ᠶᠠᠭᠠᠬᠢᠭᠰᠠᠨ ᠴᠤ ᠠᠮᠠᠷᠬᠠᠨ ᠬᠡᠯᠡᠵᠦ ᠪᠣᠯᠬᠤ ᠦᠭᠡᠢ᠃ ᠢᠮᠠᠭᠲᠠ ᠲᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠢᠵᠢᠭ ᠤᠨ ᠪᠠᠶᠢᠳᠠᠯ ᠢ ᠣᠷᠣᠭᠤᠯᠬᠤ ᠲᠦᠭᠰᠢᠭᠦᠷᠢ ᠶᠢ ᠴᠢᠩᠭ᠎ᠠ ᠡᠵᠡᠮᠳᠡᠵᠦ᠂ ᠣᠷᠣᠭᠤᠯᠵᠤ ᠬᠤᠷᠢᠶᠠᠬᠤ ᠬᠠᠮᠢᠶᠠᠷᠤᠯᠲᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠪᠦᠬᠦ ᠶᠠᠪᠤᠴᠠ ᠶᠢᠨ ᠬᠠᠮᠢᠶᠠᠷᠤᠨ ᠡᠵᠡᠮᠳᠡᠬᠦ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠲᠤᠰᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠶᠢᠵᠢᠭᠤᠯᠬᠤ ᠶᠢ ᠦᠨᠡᠨᠬᠦ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠤᠷᠤᠭᠤᠯᠬᠤ ᠶᠢ ᠡᠷᠡᠰ ᠬᠤᠷᠢᠭᠯᠠᠬᠤ ᠬᠡᠷᠡᠭᠲᠡᠶ᠃ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠯ ᠢ ᠴᠢᠩᠭ᠎ᠠ ᠰᠡᠷᠭᠡᠶᠢᠯᠡᠬᠦ ᠶᠢ ︽ᠳᠣᠲᠣᠭᠠᠳᠤ ᠰᠡᠷᠭᠡᠶᠢᠯᠡᠯᠲᠡ ᠶᠢᠨ ᠳᠠᠬᠢᠨ ᠡᠭᠦᠰᠬᠦ︾ ᠴᠢᠬᠤᠯᠠ ᠠᠴᠠ ᠴᠢᠬᠤᠯᠠ ᠵᠦᠢᠯ ᠪᠣᠯᠭᠠᠵᠤ᠂ ︽ᠡᠪᠡᠳᠴᠢᠨ ᠤ ᠢᠯᠡᠷᠡᠯ ᠲᠠᠢ︾ ᠠᠷᠭ᠎ᠠ ᠬᠡᠮᠵᠢᠶ᠎ᠡ ᠠᠪᠴᠤ᠂ ︽ᠡᠪᠡᠳᠴᠢᠨ ᠤ ᠢᠯᠡᠷᠡᠯ ᠥᠬᠡᠶ︾ ᠪᠣᠯᠬᠤ ᠲᠦᠭᠰᠢᠭᠦᠷᠢ ᠶᠢ ᠰᠡᠷᠭᠡᠶᠢᠯᠡᠨ᠎ᠡ᠃ ᠬᠤᠷᠸ᠎ᠠ ᠡᠵᠡᠮᠳᠡᠯ ᠳᠤ ᠣᠷᠣᠬᠤ ᠬᠥᠮᠦᠰ ᠤᠨ ᠬᠠᠮᠢᠶᠠᠷᠤᠯᠲᠠ ᠦᠢᠯᠡᠴᠢᠯᠡᠭᠡ ᠶᠢ ᠰᠢᠯᠢᠳᠡᠭᠵᠢᠭᠦᠯᠵᠦ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠡᠷᠡᠭᠦᠯ ᠮᠡᠨᠳᠦ ᠶᠢᠨ ᠺᠣᠳ᠋ ᠢ ᠬᠠᠷᠢᠯᠴᠠᠨ ᠮᠡᠳᠡᠷᠡᠬᠦ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠨᠢᠭᠡᠳᠦᠯᠲᠡᠶ᠂ ᠪᠠᠷᠢᠮᠵᠢᠶ᠎ᠠ ᠶᠢ ᠨᠢᠭᠡᠳᠦᠯᠲᠡᠶ ᠪᠠᠶᠢᠯᠭᠠᠬᠤ ᠶᠢ ᠪᠠᠲᠤᠯᠠᠵᠤ᠂ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠨᠢᠭᠡ ᠯᠡ ᠠᠳᠠᠯᠢ ᠪᠠᠷ ᠰᠠᠶᠢᠲᠤᠷ ᠬᠢᠬᠦ ᠬᠡᠷᠡᠭᠲᠡᠶ᠃ ᠬᠢᠵᠢᠭ ᠰᠡᠷᠭᠡᠶᠢᠯᠡᠬᠦ ᠮᠡᠳᠡᠯᠭᠡ ᠶᠢ ᠰᠢᠨᠵᠢᠯᠡᠬᠦ ᠤᠬᠠᠭᠠᠨᠴᠢ ᠪᠠᠷ ᠤᠬᠠᠭᠤᠯᠵᠤ ᠂ ᠣᠯᠠᠨ ᠲᠦᠮᠡᠨ ᠤ  ᠰᠡᠷᠬᠡᠶᠢᠯᠡᠨ ᠡᠵᠡᠮᠳᠡᠬᠦ ᠤᠬᠠᠮᠰᠠᠷ ᠢ ᠨᠡᠮᠡᠭᠳᠡᠭᠦᠯᠵᠦ᠂ ᠡᠬᠡ ᠣᠷᠣᠨᠴᠢ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠣᠯᠠᠨ ᠲᠦᠮᠡᠨ ᠤ ᠳᠠᠶᠢᠨ ᠤ ︽ᠬᠢᠵᠢᠭ︾ ᠤᠨ ᠰᠡᠷᠭᠡᠶᠢᠯᠡᠯᠲᠡ ᠶᠢᠨ ᠱᠤᠭᠤᠮ ᠢ ᠤᠯᠠᠮ ᠨᠢᠬᠡ ᠠᠯᠬᠤᠮ ᠨᠢᠭᠲᠠ ᠪᠣᠯᠭᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠬᠢᠵᠠᠭᠠᠷᠯᠠᠬᠤ ᠳᠤᠮᠳᠠ ᠦᠢᠯᠡᠳᠪᠦᠷᠢᠯᠡᠯ ᠠᠮᠢᠳᠤᠷᠠᠯ ‍ᠤᠨ‌ᠡᠮᠬᠢ ᠵᠢᠷᠤᠮ ᠢ ᠪᠥᠬᠦ ᠲᠠᠯ᠎ᠠ ᠪᠠᠷ ᠰᠡᠷᠭᠦᠭᠡᠬᠦ ᠶᠢ ᠲᠦᠷᠭᠡᠳᠬᠡᠨ ᠠᠬᠢᠭᠤᠯᠬᠤ ᠶᠢ ᠪᠠᠷᠢᠮᠲᠠᠯᠠᠵᠤ᠂ ᠱᠠᠲᠤ ᠬᠤᠪᠢᠶᠠᠨ ᠬᠡᠰᠡᠭ ᠬᠤᠪᠢᠶᠠᠬᠤ᠂ ᠴᠠᠭ ᠬᠤᠭᠤᠴᠠᠭ᠎ᠠ ᠰᠣᠯᠪᠢᠴᠠᠨ ᠣᠷᠭᠢᠯ ᠵᠥᠷᠢᠭᠰᠡᠨ ᠦᠶ᠎ᠡ ᠳᠤ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠶᠢ ᠵᠣᠬᠢᠶᠠᠨ ᠪᠠᠶᠢᠭᠤᠯᠵᠤ᠂ ᠬᠡᠤᠬᠡᠳ ᠤᠨ ᠴᠡᠴᠡᠷᠯᠢᠭ᠂ ᠨᠠᠰᠤᠲᠠᠨ ᠢ ᠠᠰᠠᠷᠠᠬᠤ ᠬᠦᠷᠢᠶᠡᠯᠡᠩ᠂ ᠰᠠᠬᠢᠨ ᠬᠠᠷᠠᠬᠤ ᠭᠠᠵᠠᠷ ᠵᠡᠷᠭᠡ ᠤᠨᠴᠠᠭᠠᠢ ᠪᠠᠶᠢᠭᠤᠯᠤᠮᠵᠢ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠠᠵᠤ ᠠᠬᠤᠶᠢᠯᠠᠯ ᠤᠨ ᠭᠠᠷᠳᠠᠮ ᠢ ᠬᠦᠢᠴᠡᠳᠬᠡᠬᠦ᠂ ᠲᠥᠷᠥᠯ ᠵᠦᠢᠯ ᠢ ᠠᠵᠢᠯ ᠡᠬᠢᠯᠡᠭᠦᠯᠬᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ᠂ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠵᠡᠷᠭᠡ ᠲᠠᠯ᠎ᠠ ᠶᠢᠨ ᠬᠦᠴᠢᠷᠳᠡᠯ ᠪᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠣᠯᠠᠨ ᠨᠡᠶᠢᠲᠡ ᠶᠢᠨ ᠠᠮᠤᠷ ᠲᠦᠪᠰᠢᠨ ᠪᠠ ᠭᠤᠤᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠢ ᠴᠢᠩᠭ᠎ᠠ ᠠᠩᠬᠠᠷᠴᠤ᠂ ᠪᠣᠭᠤᠮ᠎ᠠ ᠡᠪᠡᠳᠴᠢᠨ᠂ ᠬᠤᠯᠤᠭᠠᠨ᠎ᠠ ᠶᠢᠨ ᠬᠢᠵᠢᠭ ᠵᠡᠷᠭᠡ ᠬᠥᠮᠦᠨ ᠮᠠᠯ ᠳᠤ ᠴᠥᠮ ᠲᠤᠰᠳᠠᠭ ᠡᠪᠡᠳᠴᠢᠨ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃    ︵ᠬᠤᠶᠠᠷ︶ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠤ‌‍ᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠡᠭᠡᠷ᠎ᠡ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠬᠦᠴᠦᠯᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠠᠰᠤ ᠴᠢᠨᠠᠷ ᠢ ᠨᠡᠩ ᠭᠦᠢᠴᠡᠳ᠂ ᠶᠠᠰᠤ ᠴᠢᠨᠠᠷ ᠢ ᠨᠡᠩ ᠥᠨᠳᠥᠷ ᠪᠣᠯᠭᠠᠨ᠎ᠠ᠃    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠬᠡᠷᠡᠭᠳᠠᠢ᠃ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠴᠦᠰ ᠤᠨ ᠵᠢᠯ ᠮᠥᠨ᠂ ᠡᠷᠬᠡᠪᠰᠢ ᠲᠡᠷᠡ ᠶᠣᠰᠣᠭᠠᠷ ᠨᠢ ᠡᠨᠡᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠪᠡᠶᠡᠯᠡᠭᠦᠯᠬᠦ ᠬᠡᠷᠡᠭᠲᠡᠢ᠃ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠬᠠᠷᠠᠯᠲᠠ ᠲᠠᠢ ᠨᠢᠭᠲᠠ ᠤᠶᠠᠯᠳᠤᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠯᠠᠪᠳᠠᠭᠤᠨ ᠪᠠᠲᠤᠲᠠᠶ ᠦᠷᠨᠢᠬᠦᠯᠵᠦ᠂ ︽ᠭᠤᠷᠪᠠᠨ ᠨᠠᠷᠢᠯᠢᠭ ᠣᠨᠣᠪᠴᠢᠲᠠᠶ᠂ ᠭᠤᠷᠪᠠ ᠶᠢ ᠨᠠᠶᠢᠳᠠᠪᠤᠷᠢᠵᠢᠭᠤᠯᠬᠤ︾ ᠶᠢᠨ ᠲᠣᠭᠤᠷᠢᠨ ᠳᠤ᠂ 2020 ᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ ᠃ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠢᠨᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠳᠠᠬᠢᠨ   ᠶᠠᠳᠠᠭᠤᠷᠠᠬᠤ ᠳᠤ ᠬᠢᠯᠪᠠᠷ ᠡᠷᠦᠬᠡ ᠪᠠ ᠵᠠᠬ᠎ᠠ ᠬᠥᠪᠡᠭᠡᠨ ᠳᠠᠬᠢ ᠡᠷᠦᠬᠡ ᠶᠢ ᠬᠢᠨᠠᠨ ᠬᠡᠮᠵᠢᠬᠦ ᠶᠢ ᠰᠠᠶᠢᠲᠤᠷ ᠬᠢᠵᠦ᠂ ᠴᠢᠭᠯᠡᠯᠳᠦ ᠴᠢᠨᠠᠷᠲᠠᠶ ᠠᠷᠭ᠎ᠠ ᠬᠡᠮᠵᠢᠶ᠎ᠡ ᠶᠢ ᠤᠷᠢᠳᠴᠢᠯᠠᠨ ᠠᠪᠴᠤ᠂ ᠳᠠᠬᠢᠨ ᠶᠠᠳᠠᠭᠤᠷᠠᠵᠤ ᠶᠠᠳᠠᠭᠤᠷᠠᠬᠤ ᠦᠵᠡᠭᠳᠡᠯ ᠡᠬᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠣᠷᠣᠭᠤᠯᠤᠯᠲᠠ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ᠂ ᠬᠤᠷᠢᠭ᠎ᠠ ᠱᠤᠭᠤᠮ ᠢ ᠪᠠᠲᠤᠯᠠᠬᠤ ᠲᠦᠷᠢᠮ ᠤᠨ ᠴᠢᠨᠠᠷᠲᠠᠶ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠵᠤ᠂ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠵᠡᠷᠭᠡ ᠲᠠᠯ᠎ᠠ ᠪᠠᠷ ᠨᠠᠷᠢᠯᠢᠭ ᠣᠨᠣᠴᠠᠲᠠᠶ ᠪᠠᠷ ᠬᠦᠴᠦᠯᠡᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠵᠠᠮ ᠳᠤ ᠨᠢᠭᠡ ᠶᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃    ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠬᠠᠲᠠᠭᠤ ᠰᠢᠷᠦᠭᠦᠨ᠂ ᠦᠨᠡᠨ ᠪᠣᠳᠠᠲᠠᠶ ᠪᠠᠶᠢᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠲᠣᠪᠤᠶᠢᠮ᠎ᠠ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠨ᠎ᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠦᠪᠡᠷᠳᠡᠬᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ  ᠪᠠᠶᠢᠭᠤᠯᠤᠨ ᠲᠡᠭᠦᠯᠳᠡᠷᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠦᠭᠡᠢ ᠥᠭᠡᠷᠡᠴᠢᠯᠡᠯᠲᠡ ᠶᠢ ᠲᠦᠷᠬᠡᠳᠭᠡᠵᠦ᠂ ᠦᠯᠡᠳᠡᠭᠰᠡᠨ 10 ᠵᠦᠢᠯ ᠤᠨ ᠵᠣᠬᠢᠶᠠᠨ ᠪᠠᠶᠢᠭᠤᠯᠤᠯᠲᠠ ᠦᠭᠡᠢ ᠭᠠᠳᠠᠭᠰᠢᠯᠠᠭᠤᠯᠤᠯᠲᠠ ᠶᠢᠨ ᠮᠡᠷᠭᠡᠵᠢᠯ ᠤᠨ ᠦᠭᠡᠷᠡᠴᠢᠯᠡᠯᠳᠡ ᠶᠢ ᠪᠡᠶᠡᠯᠡᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠨᠢᠭᠡᠨᠲᠡ ᠣᠷᠣᠭᠤᠯᠤᠭᠰᠠᠨ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠳᠦ ᠳᠣᠣᠷ᠎ᠠ ᠭᠠᠳᠠᠭᠰᠢᠯᠠᠭᠤᠯᠬᠤ ᠰᠢᠰᠲ᠋ᠧᠮ᠂ ᠴᠠᠬᠢᠯᠭᠠᠨ ᠵᠠᠳᠠᠯᠤᠯ ᠤᠨ ᠬᠦᠩᠭᠡᠨ ᠴᠠᠭᠠᠨ ᠤ ᠤᠲᠤᠭᠠᠨ ᠤ ᠬᠡᠳᠦ ᠳᠣᠣᠷ᠎ᠠ ᠭᠠᠳᠠᠭᠰᠢᠯᠠᠭᠤᠯᠬᠤ ᠰᠢᠰᠲ᠋ᠧᠮ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢ 93% ᠠᠴᠠ ᠳᠡᠭᠡᠭᠰᠢ ᠲᠣᠭᠲᠠᠭᠤᠨ ᠪᠠᠶᠢᠯᠭᠠᠬᠤ ᠶᠢ ᠪᠠᠲᠤᠯᠠᠵᠤ᠂  ᠬᠤᠤᠯᠢᠩᠭᠤᠤᠯ ᠬᠦᠬᠡ ᠴᠡᠩᠬᠡᠷ ᠣᠭᠲᠠᠷᠭᠤᠢ ᠶᠢ ᠢᠮᠠᠭᠲᠠ ᠪᠠᠲᠤᠯᠠᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠬᠠᠤᠯᠢ ᠲᠤᠭᠳᠠᠭᠠᠯ ᠠᠴᠠ ᠵᠥᠷᠢᠴᠡᠨ ᠭᠠᠵᠠᠷ ᠳᠣᠣᠷᠠᠬᠢ ᠤᠰᠤ ᠶᠢ ᠬᠡᠷᠡᠭᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠰᠤᠨ ᠤ ᠪᠣᠬᠢᠷᠲᠤᠯ ᠢ ᠵᠠᠰᠠᠬᠤ᠂ ᠤᠰᠤᠨ ᠤ ᠠᠮᠢ ᠠᠬᠤᠢ ᠶᠢ ᠰᠡᠷᠭᠦᠭᠡᠬᠦ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ︽ᠭᠤᠷᠪᠠᠨ ᠤᠰᠤ ᠶᠢ ᠬᠠᠮᠲᠤᠪᠠᠷ ᠵᠠᠰᠠᠬᠤ︾ ᠶᠢ ᠲᠦᠷᠭᠡᠳᠬᠡᠨ ᠠᠬᠢᠭᠤᠯᠵᠤ᠂ ᠲᠥᠪᠯᠡᠷᠡᠩᠭᠦᠢ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠬᠢᠯᠢ ᠶᠢᠨ ᠳᠣᠲᠣᠷᠠᠬᠢ ᠭᠤᠣᠯ ᠮᠥᠷᠡᠨ ᠤ ᠤᠰᠤᠨ ᠣᠷᠣᠨ ᠤ ᠡᠷᠭᠢ ᠶᠢᠨ ᠱᠤᠭᠤᠮ ᠢ ᠵᠠᠭᠠᠭᠯᠠᠨ ᠲᠤᠭᠳᠠᠭᠠᠬᠤ ᠶᠢ ᠪᠡᠶᠡᠯᠡᠭᠦᠯᠵᠦ᠂ ︽ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ︾ ︽ᠬᠠᠮᠤᠭ ᠤᠨ ᠭᠤᠶᠤ ᠡᠷᠭᠢ ᠶᠢᠨ ᠱᠤᠭᠤᠮ︾ ᠢ ᠢᠳᠡᠪᠬᠢᠲᠡᠢ ᠪᠠᠶᠢᠭᠤᠯᠵᠤ᠂ ᠬᠤᠤᠯᠢᠩᠭᠤᠤᠯ ᠤᠨ ᠨᠣᠭᠤᠭᠠᠨ ᠤᠰᠤ ᠶᠢ ᠤᠷᠲᠤ ᠬᠤᠭᠤᠴᠠᠭ᠎ᠠ ᠴᠡᠪᠡᠷᠰᠢᠭᠦᠯᠬᠦ ᠬᠡᠷᠡᠭᠲᠡᠢ᠃ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠬᠢᠨᠠᠨ ᠬᠠᠮᠢᠶᠠᠷᠬᠤ ᠤᠷᠲᠤ ᠬᠤᠭᠤᠴᠠᠭᠠᠨ ᠤ ᠪᠦᠲᠦᠮᠵᠢᠲᠡᠢ ᠲᠤᠭᠳᠠᠴᠠ ᠶᠢ ᠪᠠᠶᠢᠭᠤᠯᠵᠤ᠂ ᠠᠭᠤᠷᠬᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠶᠢ ᠰᠠᠶᠢᠲᠤᠷ ᠠᠳᠬᠤᠵᠤ᠂ ᠵᠢᠯ ᠤᠨ ᠲᠤᠤᠷ᠎ᠠ ᠨᠣᠭᠤᠭᠠᠷᠠᠭᠤᠯᠵᠤ ᠵᠠᠰᠠᠬᠤ ᠲᠠᠯᠠᠪᠠᠢ 5022 ᠮᠦ᠂ ᠨᠥᠬᠦᠵᠦ ᠲᠠᠷᠢᠬᠤ ᠲᠠᠯᠠᠪᠠᠢ 2825 ᠮᠦ᠂ ᠬᠠᠶᠠᠭᠳᠠᠮᠠᠯ ᠪᠣᠳᠠᠰ ᠦᠭᠡᠢ ᠡᠯᠡᠰᠦ ᠮᠠᠯᠲᠠᠭᠰᠠᠨ ᠨᠦᠬᠡ 987 ᠮᠦ ᠶᠢ ᠵᠠᠰᠠᠵᠤ᠂ ᠪᠣᠬᠢᠷᠲᠤᠯ ᠦᠭᠡᠢ ᠠᠭᠤᠷᠬᠠᠢ ᠶᠢ 12 ᠪᠠᠶᠢᠭᠤᠯᠵᠤ᠂ ᠬᠠᠶᠢᠨ ᠪᠠᠶᠢᠴᠠᠭᠠᠵᠦ᠂ ᠬᠠᠶᠢᠨ ᠰᠢᠨᠵᠢᠯᠡᠪᠡ᠃      ︵ᠭᠤᠷᠪᠠ︶ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠮᠢᠩᠭᠠᠨ ᠳ᠋ᠦᠩᠰᠢᠭᠤᠷ ᠲᠠᠰ ᠤᠨ ᠪᠣᠬᠢᠷᠲᠤᠯ ᠥᠬᠡᠶ ᠨᠡᠭᠦᠷᠡᠰᠦ ᠴᠠᠬᠢᠯᠭᠠᠨ ᠬᠥᠩᠭᠡᠨ ᠴᠠᠭᠠᠨ ᠤ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠬᠤ ᠲᠠᠯ᠎ᠠ ᠪᠠᠷ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠨ᠎ᠠ᠃ ᠨᠡᠭᠦᠷᠡᠰᠦ ᠴᠠᠬᠢᠯᠭᠠᠨ ᠬᠦᠩᠭᠡᠨᠴᠠᠭᠠᠨ ᠤ ᠭᠤᠤᠯᠯᠠᠬᠤ ᠠᠵᠤ ᠦᠢᠯᠡᠰ ᠤᠨ ᠪᠣᠬᠢᠷᠲᠤᠯ ᠥᠬᠡᠶ ᠪᠣᠯᠭᠠᠬᠤ᠂ ᠪᠦᠯᠦᠭᠯᠡᠨ ᠬᠥᠭᠵᠢᠬᠦ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠭᠤᠤᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠠᠵᠤ ᠠᠬᠤᠶ ᠶᠢᠨ ᠨᠡᠮᠡᠭᠳᠡᠯ ᠤᠨ ᠲᠦᠢᠯ ᠪᠠ ᠬᠥᠳᠡᠯᠭᠡᠬᠦ ᠬᠦᠴᠦᠨ ᠤ ᠡᠬᠢ ᠰᠤᠷᠪᠤᠯᠵᠢ ᠶᠢ ᠪᠣᠶ ᠪᠣᠯᠭᠠᠨ᠎ᠠ᠃    ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠰᠠᠭᠤᠷᠢ ᠶᠢ ᠪᠠᠶᠢᠭᠤᠯᠤᠨ᠎ᠠ᠃ ᠠᠷᠢᠭᠤᠨ ᠴᠡᠪᠡᠷ ᠥᠨᠳᠥᠷ ᠦᠷ᠎ᠡ ᠪᠦᠲᠦᠮᠵᠢᠲᠡᠶ ᠨᠡᠭᠦᠷᠡᠰᠦ ᠴᠠᠬᠢᠯᠭᠠᠨ ᠢ ᠬᠥᠭᠵᠢᠭᠦᠯᠬᠦ ᠲᠣᠭᠤᠷᠢᠨ ᠳᠤ᠂ ᠣᠳᠣ ᠦᠶ᠎ᠡ ᠶᠢᠨ ᠡᠨᠧᠷᠭᠢ ᠶᠢᠨ ᠵᠢᠱᠢᠶ᠎ᠡ ᠦᠵᠡᠭᠦᠯᠬᠦ ᠠᠵᠤ ᠦᠢᠯᠡᠰ ᠤᠨ ᠰᠦᠷᠦᠭᠵᠢᠯ ᠢ ᠪᠤᠢ ᠪᠣᠯᠭᠠᠵᠤ᠂ ︽ᠡᠬᠢ ᠰᠤᠷᠪᠤᠯᠵᠢ ᠶᠢᠨ ᠲᠣᠤᠷ ᠢ ᠳᠠᠭᠠᠭᠠᠨ ᠬᠠᠳᠠᠭᠠᠯᠠᠬᠤ︾ ᠲᠤᠷᠰᠢᠯᠲᠠ ᠶᠢᠨ ᠴᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠳᠠᠢ ᠴᠢᠷᠮᠠᠶᠢᠨ ᠣᠯᠵᠤ᠂ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠬᠤᠲᠠ ᠶᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ᠃ ᠬᠤᠤᠯᠢᠩᠭᠤᠤᠯ ᠤᠨ 1 ᠠᠴᠠ 4 ᠳ᠋ᠤᠬᠡᠷ ᠨᠣᠮᠧᠷᠲᠤ ᠬᠤᠳᠳᠤᠭ ᠤᠨ ᠲᠠᠷᠢᠶ᠎ᠠ ᠶᠢ ᠵᠠᠬ᠎ᠠ ᠳᠡᠯᠭᠡᠭᠦᠷᠴᠢᠯᠡᠨ ᠬᠢᠮᠳᠠ ᠪᠠᠷ ᠬᠤᠳᠠᠯᠳᠤᠬᠤ ᠶᠢ ᠠᠬᠢᠭᠤᠯᠵᠤ᠂ ᠬᠠᠤᠯᠢ ᠲᠣᠭᠲᠠᠭᠠᠯ ᠶᠣᠰᠣᠭᠠᠷ ᠡᠬᠢ ᠪᠠᠶᠠᠯᠢᠭ ᠢ ᠳᠣᠭᠢᠷᠠᠭᠤᠯᠤᠨ᠎ᠠ᠃ ᠨᠡᠭᠦᠷᠡᠰᠦ ᠦᠢᠯᠡᠳᠪᠦᠷᠢᠯᠡᠵᠦ ᠬᠡᠷᠡᠭᠯᠡᠬᠦ ᠠᠵᠤ ᠠᠬᠤᠶᠢᠯᠠᠯ ᠤᠨ ᠤᠷᠲᠤ ᠬᠤᠭᠤᠴᠠᠭᠠᠨ ᠤ ᠭᠡᠷ᠎ᠡ ᠲᠣᠭᠲᠠᠬᠤ ᠶᠢ ᠠᠬᠢᠭᠤᠯᠵᠤ᠂ ᠨᠡᠭᠦᠷᠡᠰᠦᠨ ᠤ ᠬᠠᠩᠭᠠᠯᠭ᠎ᠠ ᠶᠢ ᠲᠣᠭᠲᠠᠭᠤᠨ ᠪᠠᠶᠢᠯᠭᠠᠬᠤ ᠬᠡᠷᠡᠭᠲᠡᠶ᠃ ᠴᠠᠬᠢᠯᠭᠠᠨ ᠤ ᠲᠣᠤᠷ ᠲᠣᠬᠢᠷᠠᠭᠤᠯᠬᠤ ᠲᠤᠷᠰᠢᠯᠲᠠ ᠶᠢᠨ ᠴᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠠᠬᠢᠯᠭᠠᠨ ᠬᠦᠴᠦᠨ ᠤ ᠲᠤᠬᠠᠶᠢᠯᠠᠭᠰᠠᠨ ᠠᠵᠢᠯ ᠤᠨ ᠵᠥᠪᠰᠢᠶᠡᠷᠡᠯ ᠤᠨ ᠦᠨᠡᠮᠯᠡᠯ ᠢ ᠳᠠᠷᠦ᠋ᠢᠬᠠᠨ ᠣᠯᠵᠤ᠂ ᠴᠠᠬ ᠢᠯᠭᠠᠨ ᠬᠤᠳᠠᠯᠳᠤᠬᠤ ᠺᠣᠮᠫᠠᠨᠢ ᠶᠢᠨ ᠠᠵᠢᠯᠯᠠᠭᠠᠨ ᠢᠶᠠᠨ ᠡᠬᠢᠯᠡᠭᠦᠯᠬᠦ ᠪᠠᠷ ᠴᠢᠷᠮᠠᠶᠢᠬᠤ ᠬᠡᠷᠡᠭᠲᠡᠶ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ 10KV ᠴᠠᠩ ᠱᠧᠩ ᠱᠤᠭᠤᠮ ᠤᠨ ᠪᠠᠭᠲᠠᠭᠠᠮᠵᠢ ᠶᠢ ᠨᠡᠮᠡᠭᠳᠡᠭᠦᠯᠬᠦ ᠢᠨᠵᠧᠨᠧᠷᠢᠩ ᠪᠣᠯᠤᠨ 10KV ᠴᠠᠭᠠᠷᠢᠭ ᠰᠦᠯᠵᠢᠶᠡᠨ ᠤ ᠢᠨᠵᠧᠨᠧᠷᠢᠩ ᠢ ᠪᠡᠶᠡᠯᠡᠭᠦᠯᠵᠦ᠂ ᠴᠠᠬᠢᠯᠭᠠᠨ ᠬᠠᠩᠭᠠᠬᠤ ᠠᠮᠤᠷ ᠲᠦᠪᠰᠢᠨ ᠤ ᠪᠠᠲᠤᠯᠠᠭ᠎ᠠ ᠶᠢ ᠦᠨᠡᠨᠬᠦ ᠳᠡᠭᠡᠭᠰᠢᠯᠡᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦ ᠰᠢᠲᠠᠭᠠᠬᠤ ᠮᠠᠰᠢᠨ ᠴᠣᠭᠴᠠᠯᠠᠪᠤᠷᠢ ᠶᠢ ᠬᠢᠨᠠᠨ ᠵᠥᠪᠰᠢᠶᠡᠷᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠠᠩᠬᠠᠷᠴᠤ᠂ ᠬᠤᠯᠪᠣᠭᠳᠠᠯ ᠪᠦᠬᠦᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠ ᠪᠤᠷᠢ ᠶᠢ ᠬᠢᠨᠠᠨ ᠵᠥᠪᠰᠢᠶᠡᠷᠡᠬᠦ ᠠᠵᠢᠯ ᠤᠨ ᠪᠣᠳᠠᠲᠤ ᠠᠬᠢᠴᠠ ᠲᠠᠢ ᠪᠣᠯᠬᠤ ᠶᠢ ᠬᠦᠴᠦᠯᠡᠨ ᠠᠬᠢᠭᠤᠯᠤᠨ᠎ᠠ᠃ 135MW ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠪᠦᠬᠦ ᠬᠦᠴᠦᠨ ᠢᠶᠠᠷ ᠠᠬᠢᠭᠤᠯᠵᠤ᠂ ᠯᠢᠶᠠᠨ ᠬᠤᠤ 4MW ᠰᠠᠯᠬᠢᠨ ᠬᠦᠴᠦᠨ ᠤ ᠴᠠᠬᠢᠯᠭᠠᠨ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠴᠡᠪᠡᠷ ᠡᠨᠧᠷᠬᠢ ᠶᠢᠨ ᠡᠵᠡᠯᠡᠬᠦ ᠬᠠᠷᠢᠴᠠᠯ ᠢ ᠪᠦᠲᠦᠮᠵᠢᠲᠡᠢ ᠳᠡᠭᠡᠭᠰᠢᠯᠡᠭᠦᠯᠵᠦ᠂ ᠴᠠᠬᠢᠯᠭᠠᠨ ᠤ ᠳᠣᠣᠷ᠎ᠠ ᠦᠨ᠎ᠡ ᠶᠢᠨ ᠥᠪᠡᠷ ᠤᠨ ᠥᠷᠲᠡᠭ ᠤᠨ ︽ᠬᠤᠲᠣᠭᠤᠷ ᠭᠠᠵᠠᠷ︾ ᠢ ᠦᠷᠭᠦᠯᠵᠢᠯᠡᠨ ᠲᠣᠮᠣ ᠪᠣᠯᠭᠠᠨ᠎ᠠ᠃    ᠭᠤᠤᠯᠯᠠᠬᠤ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ᠎ᠠ᠃ ᠠᠵᠤ ᠦᠢᠯᠡᠳᠪᠦᠷᠢ ᠶᠢᠨ ᠲᠥᠷᠥᠯ ᠵᠦᠢᠯ ᠢ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠴᠢᠬᠤᠯᠠ ᠶᠡᠭᠡ ᠲᠥᠷᠥᠯ ᠵᠦᠢᠯ ᠤᠨ ᠡᠭᠦᠷᠭᠡ ᠶᠢ ᠬᠡᠷᠡᠮ ᠳᠡᠭᠡᠷ᠎ᠡ ᠭᠠᠷᠭᠠᠬᠤ᠂ ᠵᠢᠷᠤᠭ ᠡᠯᠬᠦᠵᠦ ᠪᠠᠶᠢᠯᠳᠤᠭᠠᠨ ᠬᠢᠬᠦ᠂ ᠬᠦᠰᠦᠨᠦᠭᠵᠢᠭᠦᠯᠦᠨ ᠠᠬᠢᠭᠤᠯᠬᠤ᠂ ᠪᠦᠬᠦ ᠶᠠᠪᠤᠴᠠ ᠶᠢ ᠮᠥᠷᠳᠡᠬᠦ ᠶᠢ ᠬᠡᠷᠡᠭᠵᠢᠭᠦᠯᠦᠨ᠂ ᠲᠥᠷᠥᠯ ᠵᠦᠢᠯ ᠤᠨ ᠠᠵᠢᠯ ᠡᠬᠢᠯᠡᠬᠦ ᠨᠣᠷᠮ᠎ᠠ᠂ ᠠᠰᠢᠭᠯᠠᠯᠲᠠ ᠳᠤ ᠣᠷᠣᠭᠤᠯᠬᠤ ᠨᠣᠷᠮ᠎ᠠ ᠶᠢᠨ ᠳᠡᠭᠡᠭᠰᠢᠯᠡᠭᠦᠯᠦᠨ᠎ᠡ᠃ ᠪᠦᠬᠦ ᠵᠢᠯ ᠳᠤ 25 ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠲᠦᠯᠦᠪᠯᠡᠵᠦ᠂ 10 ᠲᠦᠮᠡᠨ ᠲᠣᠨ ᠬᠥᠩᠭᠡᠨ ᠴᠠᠭᠠᠨ ᠬᠠᠪᠲᠠᠰᠤᠨ ᠤ ᠴᠠᠭᠠᠰᠤ᠂ ᠶᠢᠨ ᠯᠢᠶᠠᠨ ᠤ ᠰᠢᠭᠠᠷᠤ ᠶᠢ ᠰᠢᠢᠳᠪᠦᠷᠢᠯᠡᠬᠦ᠂ ᠬᠤᠩ ᠵᠢᠶᠦ᠋ᠨ ᠤ ᠴᠠᠬᠢᠯᠭᠠᠨ ᠦᠢᠯᠡᠳᠪᠦᠷᠢ ᠶᠢᠨ ᠮᠡᠷᠭᠡᠵᠢᠯ ᠤᠨ ᠦᠬᠡᠷᠡᠴᠢᠯᠡᠯᠳᠡ ᠵᠡᠷᠭᠡ ᠲᠥᠷᠥᠯ ᠵᠦᠢᠯ ᠢ 5 ᠳ᠋ᠤᠭᠠᠷ ᠰᠠᠷ᠎ᠠ ᠳᠤ ᠠᠵᠢᠯ ᠡᠬᠢᠯᠡᠭᠦᠯᠦᠨ᠎ᠡ᠃ 40 ᠲᠦᠮᠡᠨ ᠲᠣᠨ ᠮᠠᠰᠢᠨ ᠲᠡᠷᠭᠡᠨ ᠳᠤ ᠬᠡᠷᠡᠭᠯᠡᠬᠦ ᠬᠥᠩᠭᠡᠨ ᠴᠠᠭᠠᠨ ᠤ ᠬᠠᠶᠢᠯᠤᠰᠢ᠂ ᠰᠢᠤᠢ ᠶᠠᠩ ᠤᠨ ᠪᠦᠮᠪᠦᠯᠢᠭ ᠬᠡᠯᠪᠡᠷᠢ ᠶᠢᠨ ᠬᠥᠩᠭᠡᠨ ᠴᠠᠭᠠᠨ ᠮᠥᠩᠭᠦᠨ ᠡᠭᠡᠳᠡᠩ᠂  ᠶᠠ ᠡᠸᠤ ᠬᠥᠩᠭᠡᠨ ᠴᠠᠭᠠᠨ ᠤ ᠮᠠᠲ᠋ᠧᠷᠢᠶᠠᠯ ᠵᠢᠴᠢ ᠳᠤᠮᠳᠠᠬᠢ ᠬᠠᠶᠢᠯᠤᠰᠢ ᠵᠡᠷᠭᠡ ᠲᠥᠷᠥᠯ ᠵᠦᠢᠯ ᠢ 11 ᠰᠠᠷ᠎ᠠ ᠳᠤ ᠪᠠᠶᠢᠭᠤᠯᠵᠤ ᠲᠠᠭᠤᠰᠬᠠᠬᠤ ᠶᠢ ᠬᠦᠴᠦᠯᠡᠨ ᠠᠬᠢᠭᠤᠯᠵᠤ᠂ 40 ᠲᠦᠮᠡᠨ ᠲᠣᠨ ᠴᠠᠬᠢᠯᠭᠠᠨ ᠢᠶᠠᠷ ᠵᠠᠳᠠᠯᠬᠤ ᠬᠥᠩᠭᠡᠨ ᠴᠠᠭᠠᠨ᠂ ᠯᠢᠶᠠᠨ ᠱᠧᠩ 15 ᠲᠦᠮᠡᠨ ᠲᠣᠨ ᠥᠨᠳᠥᠷ ᠨᠠᠷᠢᠯᠢᠭ ᠥᠷᠭᠡᠨ ᠡᠩ ᠤᠨ ᠬᠥᠩᠭᠡᠨ ᠴᠠᠭᠠᠨ ᠴᠠᠭᠠᠰᠤ᠂ ᠶᠢᠨ ᠾᠦᠢ ᠨᠤᠨᠲᠠᠭ ᠵᠡᠷᠭᠡ ᠲᠥᠷᠥᠯ ᠵᠦᠢᠯ ᠢ ᠲᠤᠰ ᠵᠢᠯ ᠠᠰᠢᠭᠯᠠᠯᠲᠠ ᠳᠤ ᠣᠷᠣᠭᠤᠯᠤᠨ᠎ᠠ᠃ ᠴᠠᠬᠢᠯᠭᠠᠨ ᠵᠠᠳᠠᠯᠤᠯ ᠤᠨ ᠬᠥᠩᠭᠡᠨ ᠴᠠᠭᠠᠨ  ᠦᠢᠯᠡᠳᠪᠦᠷᠢᠯᠡᠬᠦ ᠴᠢᠳᠠᠪᠤᠷᠢ ᠶᠢ 30 ᠲᠦᠮᠡᠨ ᠲᠣᠨ ᠰᠢᠨ᠎ᠡ ᠪᠠᠷ ᠨᠡᠮᠡᠭᠳᠡᠬᠦᠯᠬᠦ ᠪᠠᠷ ᠴᠢᠷᠮᠠᠶᠢᠵᠤ᠂ ᠬᠥᠩᠭᠡᠨ ᠴᠠᠭᠠᠨ  ᠢ ᠰᠡᠭᠦᠯᠡᠷ ᠪᠣᠯᠪᠠᠰᠤᠷᠠᠭᠤᠯᠬᠤ ᠦᠢᠯᠡᠳᠪᠦᠷᠢᠯᠡᠬᠦ ᠴᠢᠳᠠᠪᠤᠷᠢ ᠶᠢ 50 ᠲᠦᠮᠡᠨ ᠲᠣᠨ᠂ ᠦᠢᠯᠡᠳᠬᠦᠨ ᠤ ᠭᠠᠷᠤᠯᠲᠠ ᠶᠢ 12 ᠲᠦᠮᠡᠨ ᠲᠣᠨ ᠰᠢᠨ᠎ᠡ ᠪᠠᠷ ᠨᠡᠮᠡᠭᠳᠡᠭᠦᠯᠵᠦ᠂ ᠭᠤᠷᠪᠠᠨ ᠵᠢᠯ ᠤᠨ ᠳᠣᠲᠣᠷ᠎ᠠ ᠬᠥᠩᠭᠡᠨ ᠴᠠᠭᠠᠨ ᠢ ᠰᠡᠭᠦᠯᠡᠷ ᠪᠣᠯᠪᠠᠰᠤᠷᠠᠭᠤᠯᠬᠤ ᠦᠢᠯᠡᠳᠬᠦᠨ ᠤ ᠨᠡᠮᠡᠯᠲᠡ ᠥᠷᠲᠡᠭ ᠢ ᠪᠦᠬᠦᠨ ᠢ 1000 ᠲᠥᠭᠦᠷᠢᠭ ᠠᠴᠠ ᠳᠡᠭᠡᠭᠰᠢ ᠳᠤ ᠬᠦᠷᠦᠭᠦᠯᠵᠦ᠂ ᠲᠡᠭᠡᠳᠦ ᠲᠡᠰ ᠤᠨ ᠬᠥᠩᠭᠡᠨ ᠴᠠᠭᠠᠨ ᠮᠠᠲ᠋ᠧᠷᠢᠶᠠᠯ  ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠤᠨ ᠰᠠᠭᠤᠷᠢ ᠶᠢ ᠪᠠᠬᠢᠵᠢᠭᠦᠯᠦᠨ᠎ᠡ᠃    ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠥᠨᠳᠦᠷᠯᠢᠭ ᠭᠠᠵᠠᠷ ᠢ ᠪᠠᠶᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠦᠷ᠎ᠡ ᠠᠰᠢᠭ ᠢᠶᠠᠷ ᠳᠣᠣᠷ᠎ᠠ ᠰᠤᠯᠠ ᠬᠡᠷᠡᠭᠯᠡᠬᠦ ᠭᠠᠵᠠᠷ ᠢ ᠶᠡᠬᠡᠪᠡᠷ ᠠᠮᠢᠯᠠᠭᠤᠯᠵᠤ᠂ ᠴᠢᠨᠠᠷ ᠰᠠᠶᠢᠲᠠᠢ ᠲᠥᠷᠥᠯ  ᠵᠦᠢᠯ ᠳᠤ ᠨᠠᠩ ᠣᠯᠠᠨ ᠬᠥᠭᠵᠢᠯᠲᠡ ᠶᠢᠨ ᠣᠷᠣᠨ ᠵᠠᠢ ᠭᠠᠷᠭᠠᠵᠤ ᠦᠭᠬᠦᠨ᠎ᠡ᠃ ᠲᠣᠮᠣ ᠬᠡᠷᠡᠭᠯᠡᠭᠴᠢ ᠶᠢᠨ ᠰᠢᠭᠤᠳ ᠬᠤᠳᠠᠯᠳᠤᠨ ᠠᠪᠬᠤ ᠴᠠᠬᠢᠯᠭᠠᠨ᠂ ᠴᠠᠬᠢᠯᠭᠠᠨ ᠬᠦᠴᠦᠨ ᠤ ᠣᠯᠠᠨ ᠲᠠᠯᠠᠲᠤ ᠠᠷᠠᠯᠵᠢᠶᠠᠨ ᠤ ᠬᠤᠪᠢ ᠶᠢ ᠢᠳᠡᠪᠬᠢᠯᠡᠨ ᠣᠯᠵᠤ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠰᠠᠯᠪᠤᠷᠢ ᠱᠤᠭᠤᠮ ᠤᠨ ᠬᠤᠭᠤᠯᠠᠶ ᠲᠣᠤᠷ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠎ᠠ᠃ ᠰᠢᠷ᠎ᠠ ᠬᠦᠤᠷ ᠲᠤᠰᠬᠠᠢ ᠦᠢᠯᠡᠳᠪᠦᠷᠢ ᠠᠭᠤᠷᠬᠠᠢ ᠶᠢᠨ ᠲᠣᠭᠤᠷᠢᠭ ᠤᠨ ᠢᠵᠢ ᠪᠦᠷᠢᠳᠦᠭᠰᠡᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠢᠨᠵᠧᠨᠧᠷᠢᠩ ᠢ ᠲᠦᠯᠬᠢᠨ ᠠᠬᠢᠭᠤᠯᠵᠤ᠂ ᠵᠢᠩ ᠬᠤ᠋ ᠨᠠᠭᠤᠷ ᠠᠴᠠ ᠡᠬᠢ ᠰᠤᠷᠪᠤᠯᠵᠢ ᠬᠦᠷᠲᠡᠯᠡᠬᠢ 21 ᠺᠢᠯᠤᠮᠧᠲᠷ ᠤᠨ ᠳᠤᠮᠳᠠ ᠤᠰᠤᠨ ᠬᠤᠭᠤᠯᠠᠢ ᠱᠤᠭᠤᠮ ᠢ ᠪᠡᠶᠡᠯᠡᠭᠦᠯᠵᠦ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠬᠡᠷᠡᠭᠴᠡᠭᠡ ᠶᠢ ᠬᠠᠩᠭᠠᠨ᠎ᠠ᠃ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠬᠥᠩᠭᠡᠨ ᠴᠠᠭᠠᠨ ᠤ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠵᠤ᠂ ᠬᠥᠩᠭᠡᠨ ᠴᠠᠭᠠᠨ ᠤ ᠰᠡᠭᠦᠯᠴᠢ ᠶᠢᠨ ᠪᠦᠳᠦᠬᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠥᠩᠭᠡᠨ ᠴᠠᠭᠠᠨ ᠤ ᠤᠰᠤᠨ ᠤ ᠲᠤᠭ᠎ᠠ ᠶᠣᠰᠣᠭᠠᠷ ᠬᠦᠢᠴᠡᠳ ᠬᠠᠩᠭᠠᠬᠤ ᠶᠢ ᠪᠠᠳᠤᠯᠠᠬᠤ ᠬᠡᠷᠡᠭᠲᠡᠶ᠃ ᠵᠢᠯ ᠤᠨ ᠳᠣᠲᠣᠷ᠎ᠠ 2 ᠠᠵᠤ ᠠᠬᠤᠶᠢᠯᠠᠯ ᠢ ᠠᠮᠢᠳᠤᠯᠢᠭ ᠪᠣᠯᠭᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 2 ᠰᠢᠨ᠎ᠡ ᠪᠠᠷ ᠨᠡᠮᠡᠭᠳᠡᠭᠦᠯᠦᠨ᠎ᠡ᠃ ᠬᠠᠲᠠᠭᠤ ᠪᠡᠶᠡᠲᠦ ᠬᠠᠶᠠᠭᠳᠠᠮᠠᠯ ᠡᠳ᠋ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠪᠣᠬᠢᠷᠲᠤᠯ ᠪᠣᠯᠤᠨ ᠠᠮᠤᠷ ᠲᠦᠪᠰᠢᠨ ᠤ ᠳᠠᠯᠳᠠ ᠭᠡᠮ ᠢ ᠡᠬᠢ ᠡᠭᠦᠰᠦᠯ ᠠᠴᠠ ᠨᠢ ᠪᠠᠭᠤᠷᠠᠭᠤᠯᠤᠨ᠎ᠠ᠃ ᠪᠣᠬᠢᠷᠲᠤᠯ ᠥᠬᠡᠶ ᠬᠦᠷᠢᠶᠡᠯᠡᠩ ᠲᠣᠭᠤᠷᠢᠭ᠂ ᠪᠣᠬᠢᠷᠲᠤᠯ ᠥᠬᠡᠶ ᠦᠢᠯᠡᠳᠪᠦᠷᠢ᠂ ᠪᠣᠬᠢᠷᠲᠤᠯ ᠥᠬᠡᠶ ᠦᠢᠯᠡᠳᠪᠦᠷᠢ ᠶᠢᠨ ᠲᠠᠰᠤᠭ ᠢ ᠢᠳᠡᠪᠬᠢᠲᠡᠶ ᠡᠭᠦᠳᠦᠨ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃    ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠩ ᠰᠢᠮᠡᠯᠢᠭ ᠬᠥᠷᠥᠰᠥ ᠶᠢ ᠪᠤᠶᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠤᠷᠤᠨ ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠰᠢᠭᠤᠳ ᠨᠡᠪᠲᠡᠷᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠷ᠎ᠡ ᠪᠦᠲᠦᠭᠡᠯ ᠢ ᠤᠯᠠᠷᠢᠭᠤᠯᠬᠤ ︽ᠬᠠᠮᠤᠭ ᠰᠡᠭᠦᠯᠴᠢ ᠶᠢᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ ᠪᠥᠬᠦ ᠤᠯᠤᠰ ᠤᠨ ᠳᠡᠭᠡᠳᠦ ᠲᠠᠰ ᠤᠨ ᠬᠥᠩᠭᠡᠨ ᠴᠠᠭᠠᠨ ᠤ ᠠᠵᠤ ᠦᠢᠯᠡᠰ ᠤᠨ ᠲᠦᠷᠦᠭᠦᠴᠦᠳ ᠤᠨ ᠬᠤᠷᠠᠯ ᠢ ᠦᠷᠭᠦᠯᠵᠢᠯᠡᠨ ᠰᠠᠶᠢᠲᠤᠷ ᠡᠷᠭᠢᠯᠡᠵᠦ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ᠂ ᠠᠵᠤ ᠠᠬᠤᠶᠢᠯᠠᠯᠲᠠᠨ᠂ ᠬᠡᠷᠡᠭᠯᠡᠭᠡᠨ ᠤ ᠮᠡᠷᠭᠡᠵᠢᠯ ᠤᠨ ᠴᠢᠳᠠᠪᠤᠷᠢᠲᠠᠨ ᠵᠡᠷᠭᠡ ᠭᠤᠷᠪᠠᠨ ᠡᠩᠨᠡᠭᠡ ᠶᠢ ᠠᠮᠢᠳᠤᠯᠢᠭ ᠪᠥᠭᠡᠳ ᠰᠠᠶᠢᠳᠤᠷ ᠬᠡᠷᠡᠭᠯᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠳᠤᠮᠳᠠᠬᠢ  ᠢᠳᠡᠪᠬᠢᠳᠠᠢ ᠦᠢᠯᠡᠳᠦᠯ ᠢ ᠪᠠᠳᠠᠷᠠᠭᠤᠯᠤᠨ᠂ ᠬᠥᠲᠥᠴᠢ ᠠᠵᠤ ᠠᠬᠤᠶᠢᠯᠠᠯ ᠬᠢᠭᠡᠳ ᠥᠪᠥᠷ ᠮᠣᠩᠭᠤᠯ ᠤᠨ ᠵᠡᠭᠦᠨ ᠬᠡᠰᠡᠭ ᠤᠨ ᠬᠥᠩᠭᠡᠨ ᠴᠠᠭᠠᠨ ᠤ ᠰᠤᠳᠤᠯᠭᠠᠨ ᠤ ᠬᠦᠷᠢᠶᠡᠯᠡᠩ᠂ ᠬᠥᠩᠭᠡᠨ ᠴᠠᠭᠠᠨ ᠤ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠵᠢᠴᠢ ᠵᠡᠭᠦᠨ ᠬᠤᠶᠢᠲᠤ ᠶᠢᠨ ᠶᠡᠭᠡ ᠰᠤᠷᠭᠠᠭᠤᠯᠢ᠂ ᠭᠢᠷᠢᠨ ᠶᠡᠭᠡ ᠰᠤᠷᠭᠠᠭᠤᠯᠢ ᠵᠡᠷᠭᠡ ᠰᠢᠨ᠎ᠡ ᠶᠢ ᠡᠭᠦᠳᠬᠦ ᠰᠤᠳᠤᠯᠤᠨ ᠨᠡᠭᠡᠭᠡᠬᠦ ᠲᠠᠪᠴᠠᠩ ᠯᠤᠭ᠎ᠠ ᠭᠦᠨᠵᠡᠭᠡᠶ ᠵᠣᠯᠭᠠᠭᠤᠯᠬᠤ ᠶᠢ ᠳᠡᠮᠵᠢᠵᠦ᠂ ᠠᠵᠤ ᠦᠢᠯᠡᠰ ᠤᠨ ᠲᠠᠰ ᠳᠠᠪᠬᠤᠷᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠦᠢᠯᠡᠳᠬᠦᠨ ᠤ ᠪᠦᠲᠦᠴᠡ ᠶᠢ ᠰᠢᠯᠢᠳᠡᠭᠵᠢᠭᠦᠯᠦᠨ᠎ᠡ᠃ ᠵᠢᠯ ᠤᠨ ᠳᠣᠲᠣᠷ᠎ᠠ ᠲᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 2᠂ ᠥᠪᠡᠷᠲᠡᠭᠡᠨ ᠵᠠᠰᠠᠬᠤ ᠣᠷᠣᠨ ᠤ ᠲᠡᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ 2 ᠢ ᠭᠤᠶᠤᠴᠢᠯᠠᠨ ᠮᠡᠳᠡᠭᠦᠯᠬᠦ ᠪᠠᠷ ᠴᠢᠷᠮᠠᠶᠢᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ 2᠂ ᠵᠠᠩᠭᠢᠯᠠᠭ᠎ᠠ ᠶᠢᠨ ᠮᠡᠷᠬᠡᠵᠢᠯ ᠤᠨ ᠰᠢᠨ᠎ᠡ ᠶᠢ ᠡᠭᠦᠳᠬᠦ ᠶᠢ 2 ᠶᠢ ᠬᠡᠷᠡᠭᠵᠢᠭᠦᠯᠵᠦ᠂ ᠨᠠᠩ ᠣᠯᠠᠨ ᠬᠡᠷᠡᠭᠯᠡᠭᠡᠨ ᠤ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠤᠷᠰᠢᠯᠲᠠ ᠶᠢᠨ ᠲᠠᠰᠤᠭ ᠠᠴᠠ ᠭᠠᠷᠭᠠᠵᠤ᠂ ᠦᠢᠯᠡᠳᠪᠦᠷᠢᠯᠡᠯ ᠤᠨ ᠱᠤᠭᠤᠮ ᠳᠤ ᠣᠷᠣᠭᠤᠯᠤᠨ᠎ᠠ᠃    ︵ᠳᠥᠷᠪᠡ︶ ᠪᠦᠲᠦᠮᠵᠢᠲᠡᠶ ᠬᠠᠩᠭᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠲᠣ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠪᠥᠬᠦ ᠬᠦᠴᠦᠨ ᠢᠶᠠᠷ ᠢᠶᠠᠨ ᠪᠣᠭᠤᠮᠲᠠ ᠰᠢᠪᠳᠤᠯᠤᠨ᠎ᠠ᠃ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠬᠢᠭᠡᠳ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠵᠤ᠂ ᠣᠳᠣ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠤᠨᠴᠠᠯᠢᠬᠵᠢᠯᠳᠠ᠂ ᠲᠤᠰᠬᠠᠶᠢᠵᠢᠯᠲᠠ᠂ ᠣᠯᠠᠨ ᠡᠰᠢᠵᠢᠯᠲᠡ ᠶᠢᠨ ᠬᠥᠭᠵᠢᠯᠲᠡ ᠶᠢ ᠲᠦᠷᠭᠡᠳᠬᠡᠨ᠂ ᠴᠢᠨᠠᠷ ᠰᠠᠶᠢᠲᠠᠶ ᠬᠦᠭᠵᠢᠯᠳᠡ ᠶᠢᠨ ᠪᠢᠴᠢᠯ ᠰᠠᠭᠤᠷᠢ ᠶᠢ ᠪᠠᠬᠢᠵᠢᠭᠦᠯᠦᠨ᠎ᠡ᠃    ᠰᠣᠶᠣᠯ ᠵᠢᠭᠤᠯᠴᠢᠯᠠᠯ ᠤᠨ ᠦᠢᠯᠡᠰ ᠢ ᠣᠨᠴᠠᠯᠢᠬᠵᠢᠭᠤᠯᠤᠨ ᠬᠥᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ᠤᠯᠠᠭᠠᠨᠴᠠᠪ ᠠ ᠬᠠᠶ ᠮᠠᠨ︾ ᠵᠢᠭᠤᠯᠴᠢᠯᠠᠯ ᠤᠨ ᠨᠢᠭᠡ ᠴᠣᠭᠴᠠᠵᠢᠭᠰᠠᠨ ᠬᠦᠭᠵᠢᠯᠳᠡ ᠶᠢᠨ ᠪᠠᠶᠢᠯᠳᠤᠬᠤ ᠪᠣᠳᠣᠯᠭ᠎ᠠ ᠳᠤ ᠢᠳᠡᠪᠬᠢᠲᠡᠶ ᠪᠠᠷ ᠠᠭᠤᠰᠤᠯᠴᠠᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠵᠢᠷᠭᠤᠳᠤᠭᠠᠷ ᠬᠤᠰᠢᠭᠤᠨ ᠤ ᠬᠤᠲᠠ ᠶᠢᠨ ᠲᠣᠭᠤᠷᠢᠭ ᠤᠨ ᠵᠢᠭᠤᠯᠴᠢᠯᠠᠯ ᠤᠨ ᠬᠠᠮᠲᠤᠷᠠᠯᠴᠠᠭ᠎ᠠ ᠶᠢ ᠬᠦᠨᠵᠡᠬᠡᠶᠢᠷᠡᠬᠦᠯᠵᠦ᠂ ᠵᠢᠭᠤᠯᠴᠢᠯᠠᠯ ᠤᠨ ᠦᠢᠯᠡᠰ ᠤᠨ ᠪᠦᠯᠦᠭᠯᠡᠨ ᠬᠥᠭᠵᠢᠬᠦ᠂ ᠪᠦᠯᠬᠦᠮᠳᠡᠨ ᠳᠤᠯᠠᠭᠠᠴᠠᠬᠤ ᠶᠢ ᠠᠬᠢᠭᠤᠯᠤᠨ᠎ᠠ᠃ ᠵᠢᠭᠤᠯᠴᠢᠯᠠᠯ ᠤᠨ ᠲᠥᠯᠥᠪᠵᠢᠭᠦᠯᠭᠡ ᠶᠢ ᠵᠠᠰᠠᠨ ᠨᠠᠶᠢᠷᠠᠭᠤᠯᠵᠤ᠂ ᠥᠪᠡᠷᠮᠢᠴᠡ ᠣᠨᠴᠠᠯᠢᠭ ᠪᠦᠬᠦᠢ ᠲᠠᠯ᠎ᠠ ᠨᠤᠲᠤᠭ᠂ ᠲᠣᠮᠣ ᠨᠡᠭᠦᠷᠡᠰᠦᠨ ᠠᠭᠤᠷᠬᠠᠢ᠂ ᠲᠣᠮᠣ ᠬᠦᠷᠢᠶᠡᠯᠡᠩ ᠲᠣᠭᠤᠷᠢᠭ ᠲᠤ ᠲᠦᠰᠢᠭᠯᠡᠨ ᠵᠢᠭᠤᠯᠴᠢᠯᠠᠯ ᠤᠨ ᠵᠠᠮ ᠱᠤᠭᠤᠮ ᠢ ᠲᠦᠯᠦᠪᠯᠡᠨ ᠪᠠᠶᠢᠭᠤᠯᠵᠤ᠂ ᠲᠠᠯ᠎ᠠ ᠨᠤᠲᠤᠭ ᠤᠨ ᠠᠮᠢ ᠠᠬᠤᠢ ᠶᠢᠨ ᠵᠢᠭᠤᠯᠴᠢᠯᠠᠯ᠂ ᠣᠳᠣ ᠦᠶ᠎ᠡ ᠶᠢᠨ ᠠᠵᠤ ᠦᠢᠯᠡᠳᠪᠦᠷᠢ ᠶᠢᠨ ᠵᠢᠭᠤᠯᠴᠢᠯᠠᠯ᠂ ᠬᠥᠳᠡᠭᠡ ᠲᠣᠰᠬᠤᠨ ᠤ ᠠᠷᠠᠳ ᠤᠨ ᠵᠠᠩ ᠦᠢᠯᠡ ᠶᠢᠨ ᠵᠢᠭᠤᠯᠴᠢᠯᠠᠯ ᠢ ᠰᠢᠨ᠎ᠡ ᠶᠢ ᠡᠭᠦᠳᠦᠨ ᠬᠦᠭᠵᠢᠬᠦᠯᠦᠨ᠎ᠡ᠃ ᠬᠠᠨ ᠠᠭᠤᠯᠠ ᠶᠢᠨ 4A ᠲᠡᠰ ᠤᠨ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠤᠷᠴᠢᠨ ᠤ 500 ᠺᠢᠯᠤᠮᠧᠲᠷ ᠤᠨ ᠦᠵᠡᠮᠵᠢ ᠶᠢᠨ ᠶᠡᠭᠡ ᠵᠠᠮ ᠤᠨ ᠤᠮᠠᠷᠠᠳᠦ ᠡᠭᠦᠳᠡᠨ ᠤ ᠴᠢᠳᠠᠪᠬᠢ ᠶᠢ ᠪᠠᠶᠠᠯᠢᠭᠵᠢᠭᠤᠯᠵᠤ᠂ ᠦᠬᠡᠯᠦᠨ ᠤ ᠲᠠᠯ᠎ᠠ ᠨᠤᠲᠤᠭ ᠤᠨ ᠪᠠᠯᠠᠷ ᠡᠷᠲᠡᠨ ᠤ ᠳᠦᠷᠢ ᠲᠥᠷᠬᠦ ᠶᠢ ᠰᠠᠶᠢᠲᠤᠷ ᠬᠠᠮᠠᠭᠠᠯᠠᠵᠤ᠂ ︽ᠢᠳᠡᠵᠦ ᠰᠠᠭᠤᠬᠤ ᠶᠠᠪᠤᠵᠤ ᠰᠠᠭᠤᠬᠤ ᠵᠤᠭᠠᠴᠠᠨ ᠨᠠᠭᠠᠳᠬᠤ︾ ᠵᠤᠭᠠᠴᠠᠯ ᠤᠨ ᠬᠦᠴᠦᠨ ᠵᠦᠢᠯ ᠤᠨ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠬᠦᠯᠵᠦ᠂ ᠣᠯᠠᠨ ᠤᠯᠤᠰᠴᠢᠯᠠᠭᠰᠠᠨ ᠲᠠᠯ᠎ᠠ ᠨᠤᠲᠤᠭ ᠤᠨ ᠵᠤᠭᠠᠴᠠᠯ ᠤᠨ ᠵᠣᠷᠢᠭᠰᠠᠨ ᠭᠠᠵᠠᠷ ᠢ ᠪᠠᠶᠢᠭᠤᠯᠤᠨ᠎ᠠ᠃ ︽ᠰᠣᠶᠣᠯ ᠤᠨ ᠵᠢᠭᠤᠯᠴᠢᠯᠠᠯ +︾ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠲᠣᠭᠠᠴᠢᠯᠠᠭᠰᠠᠨ ᠨᠣᠮ ᠤᠨ ᠰᠠᠩ᠂ ᠮᠦᠽᠧᠶ ᠶᠢ ᠪᠥᠲᠥᠭᠡᠨ ᠪᠠᠶᠢᠭᠤᠯᠵᠤ᠂ ᠤᠯᠠᠭᠠᠨᠮᠥ᠋ᠴᠢᠷ ᠤᠨ ᠲᠣᠭᠯᠠᠯᠲᠠ ᠶᠢᠨ ᠤᠷᠠᠯᠢᠭ ᠤᠨ ᠲᠥᠪ ᠢ ᠪᠠᠶᠢᠭᠤᠯᠵᠤ᠂ ᠬᠤᠲᠠ ᠬᠥᠳᠡᠭᠡ ᠶᠢᠨ ᠶᠡᠷᠦᠩᠬᠡᠶᠢᠯᠡᠭᠰᠡᠨ ᠴᠢᠨᠠᠷᠲᠠᠶ ᠣᠯᠠᠨ ᠨᠡᠶᠢᠲᠡ ᠶᠢᠨ ᠰᠣᠶᠣᠯ ᠤᠨ ᠪᠡᠯᠡᠳᠬᠡᠮᠵᠢ ᠶᠢᠨ ᠲᠠᠯᠠᠪᠤᠷ ᠢ ᠪᠦᠬᠦᠨ ᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠨᠡᠶᠢᠭᠡᠮ ᠤᠨ ᠬᠥᠷᠥᠩᠭᠡ ᠶᠢᠨ ᠰᠣᠶᠣᠯ ᠵᠢᠭᠤᠯᠴᠢᠯᠠᠯ ᠤᠨ ᠲᠥᠷᠥᠯ  ᠵᠦᠢᠯ ᠢ ᠨᠡᠭᠡᠭᠡᠨ ᠬᠥᠭᠵᠢᠭᠦᠯᠬᠦ ᠶᠢ ᠵᠤᠷᠢᠬᠵᠢᠭᠤᠯᠤᠨ ᠵᠢᠯᠣᠭᠤᠳᠴᠤ᠂ ᠲᠠᠯ᠎ᠠ ᠨᠤᠲᠤᠭ ᠤᠨ ᠬᠤᠷᠢᠮ ᠤᠨ ᠨᠠᠶᠢᠷ᠂ ᠣᠯᠠᠨ ᠤᠯᠤᠰ ᠤᠨ ᠬᠠᠭᠠᠰ ᠵᠠᠶᠢᠲᠤ ᠮᠠᠷᠠᠽᠤᠨ᠂ ᠲᠦᠮᠡᠨ ᠬᠥᠮᠦᠨ ᠤ ᠠᠨᠳᠠᠢ ᠪᠥᠵᠢᠭᠯᠡᠬᠦ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠰᠦᠪᠡᠭᠴᠢᠯᠡᠨ᠂ ᠪᠥᠬᠦ ᠵᠢᠯ ᠤᠨ ᠵᠢᠭᠤᠯᠴᠢᠯᠠᠯ ᠤᠨ ᠣᠷᠣᠯᠭ᠎ᠠ ᠶᠢ 10 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃    ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠦᠢᠯᠡᠰ ᠢ ᠲᠤᠰᠬᠠᠶᠢᠵᠢᠭᠤᠯᠤᠨ ᠬᠥᠭᠵᠢᠭᠦᠯᠦᠨ᠎ᠡ᠃ ᠥᠪᠥᠷ ᠮᠣᠩᠭᠤᠯ ᠤᠨ ᠵᠡᠭᠦᠨ ᠬᠡᠰᠡᠭ ᠤᠨ ᠣᠷᠣᠨ ᠪᠦᠰᠡ ᠶᠢᠨ ᠴᠢᠨᠠᠷᠲᠠᠶ ᠪᠠᠷᠠᠭ᠎ᠠ ᠶᠢᠨ ᠬᠦᠢᠯᠬᠡᠬᠡᠨ ᠤ ᠵᠠᠩᠭᠢᠶᠠᠰᠦ ᠴᠢᠭ ᠬᠤᠲᠠ ᠶᠢ ᠴᠣᠭᠴᠠᠯᠠᠬᠤ ᠪᠠᠷ ᠬᠠᠷᠠᠯᠲᠠ ᠪᠣᠯᠭᠠᠵᠤ᠂ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ ᠤᠨ ᠳᠠᠪᠠᠭᠤᠯᠢᠭ ᠢ ᠬᠦᠢᠴᠡᠳ ᠪᠠᠳᠠᠷᠠᠭᠤᠯᠤᠨ᠂ ᠵᠢᠨᠵᠧᠦ ᠭᠠᠷᠠᠮ᠂ ᠶᠢᠩ ᠺᠸᠦ ᠭᠠᠷᠠᠮ ᠵᠡᠷᠭᠡ ᠴᠢᠬᠤᠯᠠ ᠭᠠᠷᠠᠮ ᠯᠤᠭ᠎ᠠ ᠬᠠᠮᠲᠤᠷᠠᠯᠴᠠᠨ ᠶᠠᠪᠤᠯᠴᠠᠬᠤ ᠶᠢ ᠠᠬᠢᠭᠤᠯᠵᠤ᠂ ᠬᠥᠲᠥᠴᠢ ᠪᠠᠷᠠᠭ᠎ᠠ ᠶᠢᠨ ᠬᠦᠢᠯᠬᠡᠬᠡᠨ ᠤ ᠠᠵᠤ ᠠᠬᠤᠶᠢᠯᠠᠯ ᠢ ᠲᠠᠲᠠᠵᠤ ᠮᠠᠨ ᠤ ᠬᠤᠲᠠ ᠳᠤ ᠪᠠᠷᠠᠭ᠎ᠠ ᠶᠢᠨ ᠬᠦᠢᠯᠬᠡᠬᠡᠨ ᠤ ᠲᠤᠬᠠᠶᠢᠯᠠᠭᠰᠠᠨ ᠠᠵᠢᠯ ᠥᠷᠨᠢᠭᠦᠯᠵᠦ᠂ ᠪᠠᠷᠠᠭ᠎ᠠ ᠶᠢᠨ ᠬᠦᠢᠯᠬᠡᠬᠡᠨ ᠤ ᠵᠠᠬ᠎ᠠ ᠳᠡᠯᠭᠡᠭᠦᠷ ᠢ ᠵᠢᠷᠤᠮᠵᠢᠭᠤᠯᠤᠨ ᠡᠮᠬᠢᠯᠡᠨ ᠨᠡᠶᠢᠯᠡᠭᠦᠯᠵᠦ᠂ ᠵᠠᠰᠠᠮᠠᠯ ᠵᠠᠮ ᠲᠡᠮᠦᠷ ᠵᠠᠮ ᠳᠠᠯᠠᠢ ᠶᠢᠨ ᠲᠡᠭᠡᠭᠡᠪᠦᠷᠢ ᠶᠢᠨ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠪᠠᠷᠠᠭ᠎ᠠ ᠶᠢᠨ ᠬᠦᠢᠯᠭᠡᠭᠡᠨ ᠤ ᠪᠠᠶᠢᠷᠢᠰᠢᠯ ᠢ ᠪᠤᠢ ᠪᠣᠯᠭᠠᠨ᠎ᠠ᠃ ᠳᠤᠮᠳᠠᠳᠤ ᠤᠯᠤᠰ ᠤᠨ ᠲᠡᠮᠦᠷ ᠵᠠᠮ ᠤᠨ ᠪᠠᠷᠠᠭᠠᠨ ᠤ ᠬᠦᠢᠯᠬᠡᠬᠡ᠂ ᠵᠢᠨᠵᠧᠦ ᠲᠡᠮᠦᠷ ᠵᠠᠮ ᠤᠨ ᠪᠠᠷᠠᠭᠠᠨ ᠤ ᠬᠦᠢᠯᠬᠡᠬᠡᠨ ᠤ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠲᠠᠪᠴᠠᠩ ᠪᠠᠶᠢᠭᠤᠯᠬᠤ ᠶᠢ ᠵᠣᠷᠢᠭᠵᠢᠭᠤᠯᠵᠤ᠂ ᠦᠢᠯᠡᠳᠪᠦᠷᠢᠯᠡᠯ ᠤᠨ ᠴᠢᠨᠠᠷᠲᠠᠶ ᠪᠠᠷᠠᠭᠠᠨ ᠤ ᠬᠦᠢᠯᠬᠡᠬᠡ ᠶᠢᠨ ᠶᠡᠷᠦᠩᠬᠡᠢ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃    ᠰᠢᠨ᠎ᠡ ᠪᠠᠷ ᠬᠥᠭᠵᠢᠭᠰᠡᠨ ᠦᠢᠯᠡᠴᠢᠯᠡᠬᠡᠨ ᠤ ᠦᠢᠯᠡᠰ ᠢ ᠤᠯᠠᠨ ᠡᠰᠢᠵᠢᠬᠦᠯᠦᠨ ᠬᠥᠭᠵᠢᠭᠦᠯᠦᠨ᠎ᠡ᠃ ᠬᠡᠷᠡᠭᠯᠡᠭᠡ ᠶᠢᠨ ᠲᠠᠰ ᠳᠡᠪᠰᠢᠬᠦ ᠰᠢᠨ᠎ᠡ ᠬᠠᠨᠳᠤᠰᠢ ᠳᠤ ᠵᠣᠬᠢᠴᠠᠭᠤᠯᠤᠨ᠂ ᠬᠡᠷ ᠤᠨ ᠶᠠᠪᠤᠳᠠᠯ᠂ ᠨᠢᠯᠬ᠎ᠠ ᠬᠡᠤᠬᠡᠳ ᠬᠠᠷᠠᠬᠤ᠂ ᠨᠠᠰᠤᠵᠢᠯ ᠤᠨ ᠠᠰᠠᠷᠠᠮᠵᠢ᠂ ᠡᠷᠡᠭᠦᠯ ᠮᠡᠨᠳᠦ ᠵᠡᠷᠭᠡ ᠨᠡᠶᠢᠭᠡᠮ ᠤᠨ ᠦᠢᠯᠡᠴᠢᠯᠡᠬᠡᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠰᠣᠶᠣᠯ᠂ ᠪᠡᠶ᠎ᠡ ᠶᠢᠨ ᠲᠠᠮᠢᠷ᠂ ᠢᠳᠡᠭᠡᠨ ᠤᠮᠳᠠᠭᠠᠨ᠂ ᠵᠤᠭ᠎ᠠ ᠴᠡᠩᠭᠡᠯ᠂ ᠰᠤᠷᠭᠠᠨ ᠬᠥᠮᠦᠵᠢᠯ᠂ ᠪᠣᠯᠪᠠᠰᠤᠷᠠᠭᠤᠯᠤᠯ ᠵᠡᠷᠭᠡ ᠣᠯᠠᠨ ᠡᠰᠢᠲᠦ ᠡᠵᠡᠩᠨᠡᠯᠲᠡ ᠶᠢᠨ ᠬᠡᠯᠪᠡᠷᠢ ᠶᠢᠨ ᠣᠷᠭᠠᠨᠢᠭ  ᠤᠶᠠᠯᠳᠤᠯ ᠢ ᠠᠬᠢᠭᠤᠯᠤᠨ᠎ᠠ᠃ ᠨᠡᠷᠡᠲᠦ ᠲᠥᠷᠥᠯ ᠲᠡᠮᠳᠡᠭᠲᠦ ᠶᠢᠨ ᠬᠡᠯᠬᠢᠶᠡᠵᠢᠭᠰᠡᠨ ᠳᠡᠯᠭᠡᠭᠦᠷ ᠢ ᠢᠳᠡᠪᠬᠢᠲᠡᠶ ᠪᠠᠷ ᠣᠷᠣᠭᠤᠯᠵᠤ ᠢᠷᠡᠨ᠂ ᠰᠥᠨᠢ ᠶᠢᠨ ᠠᠵᠤ ᠠᠬᠤᠶ᠂ ᠠᠮᠠᠷᠠᠯᠲᠠ ᠶᠢᠨ ᠡᠳᠦᠷ ᠤᠨ ᠠᠵᠤ ᠠᠬᠤᠶ᠂ ᠬᠠᠮᠲᠤᠪᠠᠷ ᠬᠦᠷᠲᠡᠬᠦ ᠠᠵᠤ ᠠᠬᠤᠢ ᠶᠢᠨ ᠦᠢᠯᠡᠳᠦᠯ ᠢ ᠶᠡᠬᠡᠰᠬᠡᠵᠦ᠂ ᠬᠡᠷᠡᠭᠯᠡᠭᠡ ᠶᠢᠨ ᠳᠠᠯᠳᠠ ᠴᠢᠳᠠᠪᠤᠷᠢ ᠶᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ᠬᠥᠮᠥᠷᠭᠡᠯᠡᠨ ᠬᠦᠷᠭᠡᠬᠦ᠂ ᠭᠠᠷ ᠳᠠᠮᠵᠢᠭᠰᠠᠨ ᠮᠠᠰᠢᠨ ᠲᠡᠷᠭᠡ ᠠᠷᠠᠯᠵᠢᠶᠠᠯᠠᠬᠤ᠂ ᠮᠠᠰᠢᠨ ᠲᠡᠷᠭᠡ ᠲᠦᠷᠢᠶᠡᠰᠦᠯᠡᠬᠦ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠵᠡᠷᠭᠡ ᠠᠵᠢᠯ ᠲᠥᠷᠥᠯ ᠢ ᠬᠥᠲᠥᠯᠥᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠲᠤ ᠬᠤᠪᠢᠶᠠᠷᠢᠯᠠᠨ ᠣᠷᠣᠭᠤᠯᠵᠤ᠂ ᠵᠢᠷᠤᠮᠵᠢᠭᠰᠠᠨ ᠡᠵᠡᠩᠨᠡᠯᠲᠡ ᠬᠢᠯᠭᠡᠵᠦ ᠂ ᠲᠤᠰᠬᠠᠶᠢᠵᠢᠭᠰᠠᠨ ᠵᠠᠬ᠎ᠠ ᠳᠡᠯᠭᠡᠭᠦᠷ ᠢ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠭᠦᠯᠦᠨ᠎ᠡ᠃ ᠵᠢᠯ ᠤᠨ ᠳᠣᠲᠣᠷ᠎ᠠ ᠬᠢᠵᠠᠭᠠᠷᠯᠠᠯ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ 3 ᠠᠴᠠ ᠲᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃   ︵ᠲᠠᠪᠤ︶ ᠥᠭᠡᠷᠡᠴᠢᠯᠡᠯᠲᠡ ᠨᠡᠭᠡᠭᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠡᠭᠡᠷ᠎ᠡ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠬᠤ ᠬᠡᠷᠡᠭᠲᠡᠢ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠥᠭᠵᠢᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠶᠢ ᠪᠠᠷᠢᠮᠳᠠᠯᠠᠵᠦ᠂ ᠨᠡᠭᠡᠭᠡᠯᠳᠡ ᠶᠢ ᠥᠷᠭᠡᠳᠬᠡᠬᠦ ᠪᠠᠷ ᠬᠥᠭᠵᠢᠯᠲᠡ ᠶᠢᠨ ᠣᠷᠣᠨ ᠵᠠᠶ ᠶᠢ ᠥᠷᠭᠡᠳᠬᠡᠵᠦ᠂ ᠥᠨᠳᠥᠷ ᠪᠦᠲᠦᠮᠵᠢᠲᠡᠶ ᠳᠥᠭᠦᠮ ᠳᠥᠲᠡ᠂ ᠡᠷᠬᠡ ᠲᠡᠭᠰᠢ ᠲᠥᠪ ᠭᠤᠤᠯᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠵᠤ᠂ ᠠᠵᠤ ᠠᠬᠤᠶ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃    ᠭᠤᠤᠯᠳᠠᠯᠭ᠎ᠠ ᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠶ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠢᠯᠭᠠᠷᠠᠭᠤᠯᠤᠨ ᠪᠠᠭᠠᠰᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ︽ᠰᠠᠶᠢᠨ ᠵᠥᠷᠢᠶᠡᠲᠦ ᠦᠨᠡᠯᠡᠯᠲᠡ︾ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠤᠨ ᠪᠠᠶᠢᠭᠤᠯᠤᠯᠲᠠ ᠶᠢ  ᠲᠦᠷᠭᠡᠳᠬᠡᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ᠪᠦᠬᠦᠨ ᠢ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ ︾ ᠶᠢ ᠪᠡᠶᠡᠯᠡᠭᠦᠯᠪᠡ᠃ ᠪᠡᠯᠡ ᠣᠷᠣᠭᠤᠯᠤᠯᠲᠠ ᠶᠢᠨ ᠵᠦᠢᠯᠡᠰ ᠤᠨ ᠠᠮᠠᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠦ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠵᠦᠢᠯᠡᠰ ᠢ ᠨᠠᠶᠢᠳᠠᠪᠤᠷᠢᠵᠢᠭᠤᠯᠬᠤ ᠴᠠᠭ ᠢ ᠶᠡᠭᠡ ᠬᠡᠮᠵᠢᠶ᠎ᠡ ᠪᠠᠷ ᠪᠠᠭᠠᠰᠬᠠᠨ᠎ᠠ᠃ ᠪᠦᠬᠦᠨ ᠢ ᠬᠠᠮᠤᠷᠴᠤ᠂ ᠪᠠᠶᠢᠩᠭᠤᠵᠢᠭᠤᠯᠤᠨ ᠬᠡᠷᠡᠭᠵᠢᠭᠦᠯᠬᠦ ᠰᠠᠯᠠᠭ᠎ᠠ ᠮᠥᠴᠢᠷ ᠬᠠᠮᠲᠤᠷᠠᠨ ︽ᠬᠤᠶᠠᠷ ᠢ ᠰᠤᠭᠤᠴᠢᠵᠦ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠤᠯᠤᠰ ᠤᠨ ᠦᠮᠴᠢᠯᠡᠯᠳᠦ ᠡᠳ᠋ ᠬᠥᠷᠥᠩᠭᠡ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠤᠬᠠᠢ ᠲᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠪᠠᠶᠢᠷᠢᠰᠢᠭᠤᠯᠤᠯ ᠢ ᠲᠤᠬᠢᠷᠠᠭᠤᠯᠤᠨ ᠰᠢᠯᠢᠳᠡᠭᠵᠢᠭᠦᠯᠵᠦ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠪᠣᠳᠠᠲᠤ ᠴᠣᠭᠴᠠᠵᠢᠭᠰᠠᠨ ᠠᠵᠢᠯᠯᠠᠭᠠᠨ ᠢ ᠠᠬᠢᠭᠤᠯᠤᠨ᠎ᠠ᠃ ᠡᠳ᠋ ᠤᠨ ᠵᠠᠰᠠᠭ ᠭᠠᠶᠢᠯᠢ ᠶᠢᠨ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠭᠠᠶᠢᠯᠢ ᠶᠢ ᠶᠡᠷᠤᠩᠬᠡᠶᠢᠯᠡᠨ ᠵᠠᠰᠠᠬᠤ ᠪᠠ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠠᠵᠢᠯᠯᠠᠭᠠᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠬᠦᠨᠵᠡᠬᠡᠢ ᠥᠷᠨᠢᠭᠦᠯᠵᠦ᠂ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠪᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠤᠨ᠎ᠠ᠃ ᠤᠳᠤᠷᠢᠳᠬᠤ ᠺᠠᠳ᠋ᠷᠴᠤᠳ ᠤᠨ ᠬᠠᠪᠰᠤᠷᠤᠨ ᠲᠡᠳᠬᠦᠬᠦ ᠠᠵᠤ ᠠᠬᠤᠶᠢᠯᠠᠯ ᠲᠠᠢ ᠬᠠᠷᠢᠯᠴᠠᠬᠤ ᠲᠦᠷᠢᠮ ᠢ ᠲᠡᠭᠦᠯᠳᠡᠷᠵᠢᠬᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠨᠡᠮᠡᠭᠳᠡᠯ ᠤᠨ ᠬᠡᠮᠵᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ︽ᠬᠤᠪᠢ ᠬᠥᠮᠦᠨ ᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ᠵᠠᠰᠠᠭ ᠮᠥᠩᠭᠦᠨ ᠬᠦᠢᠯᠬᠡᠬᠡ ᠠᠵᠤ ᠠᠬᠤᠶᠢᠯᠠᠯ ᠤᠨ ᠭᠦᠨᠵᠡᠭᠡᠶ ᠬᠠᠮᠲᠤᠷᠠᠯᠴᠠᠭ᠎ᠠ ᠶᠢ ᠠᠬᠢᠭᠤᠯᠵᠤ᠂ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠨᠢᠭᠡ ᠪᠦᠯᠦᠭ ᠣᠯᠠᠨ ᠲᠦᠮᠡᠨ ᠲᠠᠢ ᠣᠶᠢᠷᠠᠲᠤᠭᠰᠠᠨ᠂ ᠣᠷᠣᠨ ᠨᠤᠲᠤᠭᠴᠢᠯᠠᠭᠰᠠᠨ ᠮᠥᠩᠭᠦᠨ ᠬᠦᠢᠯᠭᠡᠭᠡᠨ ᠤ ᠦᠢᠯᠡᠳᠬᠦᠨ ᠭᠠᠷᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠵᠢᠵᠢᠭ ᠪᠢᠴᠢᠯ ᠠᠵᠤ ᠠᠬᠤᠶᠢᠯᠠᠯ ᠤᠨ ︽ᠵᠢᠭᠡᠯᠡᠯᠭᠡ ᠠᠪᠬᠤ ᠳᠤ ᠬᠦᠴᠢᠷᠲᠡᠶ᠂ ᠵᠢᠭᠡᠯᠡᠯᠭᠡ ᠦᠨᠡᠳᠠᠢ ᠪᠠᠶᠢᠬᠤ︾ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠳᠤ ᠭᠠᠷᠭᠠᠬᠰᠠᠨ ᠬᠠᠤᠯᠢ ᠶᠣᠰᠣᠨ ᠤ ᠲᠦᠷᠢᠮ ᠲᠣᠭᠲᠠᠭᠠᠯ ᠳᠤ ᠨᠡᠶᠢᠴᠡᠬᠦ ᠲᠦᠷᠦ ᠶᠢᠨ ᠪᠤᠳᠤᠯᠭ᠎ᠠ ᠶᠢᠨ ᠠᠮᠠᠯᠠᠯᠲᠠ ᠪᠦᠬᠦᠨ ᠢ ᠴᠥᠮ ᠴᠢᠩᠭ᠎ᠠ ᠪᠡᠶᠡᠯᠡᠭᠦᠯᠵᠦ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃    ᠭᠠᠳᠠᠭᠰᠢ ᠨᠡᠭᠡᠭᠡᠯᠲᠡ ᠬᠢᠬᠦ ᠳᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ ︽ᠨᠢᠭᠡ ᠪᠦᠰᠡ ᠨᠢᠭᠡ ᠵᠠᠮ︾᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠳᠤᠮᠳᠠᠳᠤ ᠮᠣᠩᠭᠤᠯ ᠤᠷᠤᠰ ᠤᠨ ᠠᠵᠤ ᠠᠬᠤᠶ ᠶᠢᠨ ᠬᠤᠩᠭᠢᠯ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠳᠤ ᠨᠠᠩ ᠢᠳᠡᠪᠬᠢᠲᠡᠶ᠂ ᠨᠠᠩ ᠰᠠᠨᠠᠭᠠᠴᠢᠯᠠᠭ᠎ᠠ ᠲᠠᠢ᠂ ᠨᠠᠩ ᠪᠥᠬᠦ ᠲᠠᠯ᠎ᠠ ᠪᠠᠷ ᠠᠭᠤᠰᠤᠯᠴᠠᠵᠤ᠂ ᠭᠠᠳᠠᠭᠰᠢ ᠨᠡᠭᠡᠭᠡᠯᠲᠡ ᠬᠢᠬᠦ ᠶᠢ ᠨᠠᠩ ᠶᠡᠭᠡ ᠬᠡᠪᠴᠢᠶ᠎ᠡ᠂ ᠨᠠᠩ ᠥᠷᠭᠡᠨ ᠬᠦᠷᠢᠶ᠎ᠡ ᠂ ᠨᠠᠩ ᠭᠦᠨ ᠳᠠᠪᠬᠤᠷᠭ᠎ᠠ ᠳᠠᠰᠢ ᠤᠷᠲᠤᠳᠬᠠᠬᠤ ᠶᠢ ᠠᠬᠢᠭᠤᠯᠤᠨ᠎ᠠ᠃ ᠬᠠᠳᠠᠪᠴᠢ ᠪᠣᠭᠤᠮᠲᠠ ᠶᠢᠨ ᠠᠵᠤ ᠠᠬᠤᠢ ᠶᠢᠨ ︽ᠬᠤᠩᠭᠢᠯ ᠵᠠᠮ ᠤᠨ ᠦᠢᠯᠡᠳᠦᠯ︾ ᠢ  ‍ᠦ᠋ᠢᠴᠡᠳ ᠪᠠᠳᠠᠷᠠᠭᠤᠯᠵᠤ᠂ ᠵᠡᠬᠦᠨ ᠦᠵᠦᠮᠦᠴᠢᠨ ᠬᠤᠰᠢᠭᠤ᠂ ᠷᠠᠰᠢᠶᠠᠨ᠂ ᠮᠠᠨᠵᠤᠤᠷ ᠵᠡᠷᠭᠡ ᠬᠢᠯᠢ ᠶᠢᠨ ᠪᠣᠭᠤᠮᠲᠠ ᠶᠢᠨ ᠬᠤᠲᠠ ᠯᠤᠭ᠎ᠠ ᠶᠢᠨ ᠶᠠᠪᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ᠬᠠᠷᠢᠯᠴᠠᠨ ᠨᠡᠪᠲᠡᠷᠡᠯᠴᠡᠵᠦ ᠬᠠᠷᠢᠯᠴᠠᠨ ᠬᠤᠯᠪᠣᠭᠠᠯᠠᠬᠤ ᠲᠠᠪᠴᠠᠩ ᠢ ᠪᠠᠶᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠰᠠᠭᠤᠷᠢᠰᠢᠭᠤᠯᠤᠨ ᠡᠳᠡᠰᠢᠬᠦᠯᠬᠦ ᠪᠠ ᠶᠡᠭᠡ ᠬᠡᠮᠵᠢᠶᠡᠨ ᠤ ᠲᠠᠸᠠᠷ ᠢ ᠲᠥᠪᠯᠡᠷᠡᠭᠦᠯᠦᠨ ᠲᠠᠷᠬᠠᠭᠠᠬᠤ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠪᠠᠶᠢᠳᠠᠯ ᠢ ᠢᠳᠡᠪᠬᠢᠲᠡᠶ ᠪᠠᠷ ᠪᠤᠶᠢᠵᠢᠭᠤᠯᠤᠨ᠎ᠠ᠃    ᠠᠷᠠᠯᠵᠢᠶᠠᠴᠢᠨ ᠤᠷᠢᠵᠤ ᠪᠡᠯᠡ ᠮᠥᠩᠭᠦ ᠲᠠᠲᠠᠬᠤ ᠳᠤ ᠬᠠᠷᠠᠯᠲᠠ ᠴᠢᠭᠯᠡᠯ ᠢ ᠬᠦᠴᠦᠯᠡᠬᠦ ᠬᠡᠷᠡᠭᠲᠡᠢ᠃ ᠣᠷᠴᠢᠨ ᠲᠣᠭᠤᠷᠢᠨ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠣᠯᠤᠨ ᠠᠵᠤ ᠦᠢᠯᠡᠰ ᠤᠨ ᠬᠡᠯᠬᠢᠶ ᠎ᠡ ᠶᠢᠨ ᠡᠯ᠎ᠡ ᠭᠤᠭᠴᠤᠭ᠎ᠠ ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠭᠤᠤᠯᠳᠠᠯᠭ᠎ᠠ ᠪᠣᠯᠭᠠᠬᠤ ᠶᠢ ᠪᠠᠷᠢᠮᠳᠠᠯᠠᠵᠦ᠂ ᠪᠡᠭᠡᠵᠢᠩ ᠲᠢᠶᠠᠨᠵᠢᠨ ᠾᠧᠪᠧᠢ᠂ ᠪᠦᠸᠧᠬᠠᠶ ᠲᠠᠩᠭᠢᠰ ᠢ ᠲᠣᠭᠤᠷᠢᠭᠰᠠᠨ ᠣᠷᠣᠨ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠬᠥᠭᠵᠢᠭᠰᠡᠨ ᠭᠠᠵᠠᠷ ᠣᠷᠣᠨ ᠢ ᠣᠨᠢᠯᠠᠵᠤ᠂ ᠲᠥᠷᠥᠯ ᠵᠦᠢᠯ ᠤᠨ ᠬᠥᠮᠥᠷᠭᠡ᠂ ᠶᠠᠪᠤᠭᠤᠯ ᠬᠤᠳᠠᠯᠳᠤᠭᠠᠴᠢᠨ ᠤ ᠮᠠᠲ᠋ᠧᠷᠢᠶᠠᠯ ᠤᠨ ᠬᠥᠮᠥᠷᠭᠡ ᠪᠣᠯᠤᠨ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠᠯᠳᠤᠭᠠᠴᠢᠨ ᠤᠷᠢᠬᠤ ᠣᠨᠣᠪᠴᠢ ᠶᠢᠨ ᠬᠡᠮᠵᠢᠶ᠎ᠡ ᠪᠣᠯᠤᠨ ᠠᠮᠵᠢᠯᠲᠠ ᠣᠯᠬᠤ ᠨᠣᠷᠮ᠎ᠠ ᠶᠢᠨ ᠳᠡᠭᠡᠭᠰᠢᠯᠡᠭᠦᠯᠦᠨ᠎ᠡ᠃ ᠤᠯᠤᠰ ᠠᠴᠠ ᠳᠣᠲᠣᠭᠠᠳᠤ ᠶᠢᠨ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠵᠢᠴᠢ ᠬᠥᠩᠭᠡᠨ ᠴᠠᠭᠠᠨ ᠤ ᠰᠢᠨ᠎ᠡ  ᠮᠠᠲ᠋ᠧᠷᠢᠶᠠᠯ ᠤᠨ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠬᠦᠯᠢᠶᠡᠨ ᠠᠪᠴᠤ᠂ ᠴᠠᠬᠢᠯᠭᠠᠨ ᠵᠠᠳᠠᠯᠤᠯ ᠤᠨ ᠬᠥᠩᠭᠡᠨ ᠴᠠᠭᠠᠨ᠂ ᠨᠡᠭᠦᠷᠡᠰᠦᠲᠥ᠋ᠷᠥᠭᠴᠢᠲᠦ ᠡᠯᠧᠮᠧᠨ᠋ᠲ ᠵᠢᠴᠢ ᠬᠥᠩᠭᠡᠨ ᠴᠠᠭᠠᠨ ᠤ ᠳᠠᠷᠠᠭᠠᠬᠢ ᠡᠳ᠋ᠰᠢᠭᠦᠯᠦᠯᠲᠡ ᠵᠡᠷᠭᠡ ᠨᠢᠭᠡ ᠪᠦᠯᠦᠭ ᠴᠢᠩᠭ᠎ᠠ ᠬᠡᠯᠬᠢᠶᠡᠲᠦ ᠨᠥᠬᠦᠪᠥᠷᠢ ᠬᠡᠯᠬᠢᠶᠡᠲᠦ ᠤᠷᠲᠤᠳᠬᠠᠭᠰᠠᠨ ᠲᠥᠷᠥᠯ ᠵᠦᠢᠯ ᠢ ᠴᠢᠩᠭ᠎ᠠ ᠠᠩᠬᠠᠷᠴᠤ᠂ ᠡᠷᠲᠡᠬᠡᠨ  ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ ᠪᠦᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 10᠂ ᠬᠤᠲᠠ ᠶᠢᠨ ᠭᠠᠳᠠᠨᠠᠬᠢ ᠪᠡᠯᠡ ᠮᠦᠩᠭᠦ ᠶᠢ 30 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠨ᠎ᠠ᠃    ︵ᠵᠢᠷᠭᠤᠭ᠎ᠠ︶ ᠠᠮᠢ ᠠᠬᠤᠢ ᠶᠢᠨ ᠪᠣᠯᠪᠠᠰᠤᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢᠨ ᠳᠠᠪᠠᠭᠤᠯᠢᠭ ᠢ ᠪᠠᠬᠢᠵᠢᠭᠦᠯᠬᠦ ᠲᠠᠯ᠎ᠠ ᠪᠠᠷ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠪᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠢ ᠶᠢ ᠵᠠᠶᠢᠯᠠᠰᠢ ᠦᠭᠡᠢ ᠰᠣᠩᠭᠤᠯᠲᠠ ᠪᠣᠯᠭᠠᠵᠤ᠂ ᠪᠣᠬᠢᠷᠲᠤᠯ ᠦᠭᠡᠢ ᠪᠠᠶᠢᠬᠤ ᠶᠢ ᠨᠡᠶᠢᠳᠡᠮ ᠬᠡᠯᠪᠡᠷᠢ ᠪᠣᠯᠭᠠᠨ᠎ᠠ᠃    ᠪᠦᠬᠦ ᠣᠷᠣᠨ ᠪᠦᠰᠡ ᠶᠢᠨ ᠠᠮᠢ ᠠᠬᠤᠢ ᠶᠢᠨ ᠬᠤᠲᠠ ᠶᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ︽ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠨᠠᠭᠤᠷ ᠪᠦᠷᠢᠳᠦ ᠨᠤᠲᠤᠭ ᠪᠡᠯᠴᠢᠭᠡᠷ ᠤᠨ ᠠᠭᠤᠷᠬᠠᠶ︾ ᠶᠢᠨ ᠰᠢᠰᠲ᠋ᠧᠮ ᠲᠠᠢ ᠵᠠᠰᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ ᠢ ᠬᠠᠮᠠᠭᠠᠯᠠᠬᠤ ᠶᠢ ᠪᠥᠬᠦ ᠣᠷᠣᠨ ᠪᠦᠰᠡ ᠶᠢᠨ ᠠᠮᠢ ᠠᠬᠤᠶ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠡᠷᠢᠬᠦᠨ ᠴᠢᠬᠤᠯᠠ ᠡᠭᠦᠷᠭᠡ ᠪᠣᠯᠭᠠᠨ᠎ᠠ᠃ ᠠᠶᠠᠨᠳᠠᠭᠠᠨ ᠰᠡᠷᠭᠦᠭᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠨ᠂ ᠬᠤᠲᠠ ᠶᠢᠨ ᠭᠠᠳᠠᠷ ᠬᠦᠷᠢᠶ᠎ᠡ ᠪᠠ ᠴᠡᠷᠢᠭ ᠤᠨ ᠠᠬᠳᠠ ᠶᠢᠨ ᠲᠠᠯᠠᠪᠠᠢ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠣᠢ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠢᠯ ᠤᠨ ᠳᠣᠲᠣᠷ᠎ᠠ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠶᠢ 1.5 ᠲᠦᠮᠡᠨ ᠮᠦ ᠪᠡᠶᠡᠯᠡᠭᠦᠯᠵᠦ᠂ 0.86 ᠲᠦᠮᠡᠨ ᠮᠦ ᠲᠠᠷᠢᠶᠠᠨ ᠭᠠᠵᠠᠷ ᠢ ᠡᠭᠡᠭᠦᠯᠦᠨ ᠲᠦᠷᠢᠶᠡᠰᠦᠯᠡᠵᠦ᠂ 1 ᠲᠦᠮᠡᠨ ᠮᠦ ᠣᠢ ᠰᠢᠭᠤᠶ ᠶᠢ ᠠᠷᠠᠴᠢᠯᠠᠨ ᠪᠤᠶᠢᠵᠢᠭᠤᠯᠵᠤ᠂ 5 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠲᠠᠷᠢᠵᠤ᠂ ᠵᠢᠩ ᠬᠤ᠋ ᠨᠠᠭᠤᠷ ᠤᠨ ᠤᠯᠤᠰ ᠤᠨ ᠲᠡᠰ ᠤᠨ ᠨᠤᠭᠤ ᠭᠠᠵᠠᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠭᠤᠷᠬᠠᠶ ᠵᠢᠴᠢ ᠠᠮᠢ ᠠᠬᠤᠶ ᠶᠢ ᠰᠡᠷᠭᠦᠭᠡᠬᠦ PPP ᠲᠥᠷᠥᠯ  ᠵᠦᠢᠯ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠨᠤᠲᠤᠭ ᠪᠡᠯᠴᠢᠭᠡᠷ ᠤᠨ ᠳᠥᠭᠦᠮ ᠵᠠᠮ ᠢ ᠣᠶᠢᠯᠭᠠᠨ ᠭᠠᠳᠠᠭᠰᠢᠯᠠᠭᠤᠯᠵᠤ ᠴᠡᠭᠴᠡᠯᠡᠨ ᠵᠠᠰᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠨᠤᠲᠤᠭ ᠪᠡᠯᠴᠢᠭᠡᠷ᠂ ᠦᠵᠡᠮᠵᠢ ᠶᠢᠨ ᠣᠷᠣᠨ᠂ ᠭᠤᠤᠯ ᠤᠨ ᠵᠠᠮ᠂ ᠬᠤᠲᠠ ᠶᠢᠨ ᠳᠣᠲᠣᠷ᠎ᠠ ᠭᠠᠳᠠᠨᠠᠬᠢ ᠬᠠᠶᠠᠭᠳᠠᠮᠠᠯ ᠴᠠᠬᠢᠯᠭᠠᠨ ᠤᠲᠠᠰᠤᠨ ᠤ ᠪᠠᠭᠠᠨ᠎ᠠ ᠶᠢ ᠪᠦᠬᠦ ᠲᠠᠯ᠎ᠠ ᠪᠠᠷ ᠢᠯᠭᠠᠷᠠᠭᠤᠯᠵᠤ᠂ ᠭᠠᠵᠠᠷ ᠰᠢᠷᠣᠶ ᠶᠢ ᠲᠡᠭᠰᠢᠯᠡᠬᠦ ᠪᠠ ᠤᠷᠭᠤᠮᠠᠯ ᠬᠤᠴᠢᠯᠭ᠎ᠠ ᠶᠢ ᠰᠡᠷᠭᠦᠭᠡᠬᠦ ᠶᠢ ᠪᠡᠶᠡᠯᠡᠭᠦᠯᠦᠨ᠎ᠡ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠬᠡᠭᠡᠷ᠎ᠡ ᠶᠢᠨ ᠠᠮᠢᠲᠠᠨ ᠢ ᠠᠩᠨᠠᠵᠤ ᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︽ᠴᠠᠨ᠎ᠠ ᠴᠡᠴᠡᠭ ᠤᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠰᠢᠷᠢᠰ ᠠᠵᠢᠯ ᠢ ᠡᠬᠢᠯᠡᠭᠦᠯᠦᠨ᠎ᠡ᠃ ᠬᠤᠲᠠ ᠶᠢᠨ ᠨᠣᠭᠤᠭᠠᠷᠠᠭᠤᠯᠤᠯᠲᠠ ᠶᠢᠨ ᠡᠩᠨᠡᠭᠡ ᠶᠢᠨ ᠶᠡᠷᠦᠩᠬᠡᠶᠢᠯᠡᠭᠰᠡᠨ ᠬᠠᠮᠢᠶᠠᠷᠤᠨ ᠬᠠᠮᠠᠭᠠᠯᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠴᠡᠴᠡᠷᠯᠢᠭ ᠮᠠᠶ᠋ᠢᠭ ᠤᠨ ᠨᠢᠭᠡᠴᠡ᠂ ᠰᠤᠷᠭᠠᠭᠤᠯᠢ᠂  ᠦᠢᠯᠡᠳᠪᠦᠷᠢ᠂ ᠵᠢᠵᠢᠭ ᠲᠣᠭᠤᠷᠢᠭ 50 ᠪᠠᠶᠢᠭᠤᠯᠵᠤ᠂ ᠬᠥᠮᠦᠨ ᠪᠦᠷᠢ ᠶᠢᠨ ᠳᠤᠮᠳᠠᠴᠢ ᠴᠡᠴᠡᠷᠯᠢᠭ ᠤᠨ ᠨᠣᠭᠤᠭᠠᠨ ᠬᠥᠷᠥᠰᠥ ᠶᠢᠨ ᠲᠠᠯᠠᠪᠠᠶ ᠶᠢ 15.9 ᠲᠡᠭᠰᠢ ᠳᠥᠷᠪᠡᠯᠵᠢᠨ ᠮᠧᠲᠷ ᠲᠤ ᠬᠦᠷᠦᠭᠦᠯᠵᠦ᠂ ᠨᠣᠭᠤᠭᠠᠨ ᠥᠩᠭᠡ ᠶᠢ ᠬᠤᠤᠯᠢᠩᠭᠤᠤᠯ ᠤᠨ ᠬᠠᠮᠤᠭ ᠤᠨ ᠭᠡᠭᠡᠨ ᠳᠡᠪᠢᠰᠬᠡᠷ ᠥᠩᠭᠡ ᠪᠣᠯᠭᠠᠵᠤ᠂ ᠲᠦᠩᠯᠢᠶᠣᠤ ᠶᠢᠨ ᠬᠤᠶᠢᠲᠤ ᠬᠡᠰᠡᠭ ᠤᠨ ᠬᠠᠮᠤᠭ ᠤᠨ ᠭᠤᠶᠣ ᠠᠮᠢ ᠠᠬᠤᠶ ᠶᠢᠨ ᠬᠠᠯᠬᠠᠪᠴᠢ ᠶᠢ ᠪᠠᠲᠤ ᠴᠣᠭᠴᠠᠯᠠᠨ᠎ᠠ᠃    ᠠᠮᠢ ᠠᠬᠤᠢ ᠶᠢᠨ ᠪᠣᠯᠪᠠᠰᠤᠨ ᠤ ᠳᠦᠷᠢᠮ ᠢ ᠪᠦᠷᠢᠨ ᠪᠣᠯᠭᠠᠨ ᠲᠡᠭᠦᠯᠳᠡᠷᠵᠢᠭᠦᠯᠦᠨ᠎ᠡ᠃ ᠪᠣᠬᠢᠷᠲᠤᠯ ᠥᠬᠡᠶ ᠬᠥᠭᠵᠢᠯᠲᠡ ᠶᠢᠨ ᠤᠳᠤᠷᠢᠳᠤᠮᠵᠢ ᠶᠢ ᠢᠯᠡᠷᠡᠭᠦᠯᠦᠭᠰᠡᠨ ᠠᠮᠢ ᠠᠬᠤᠶ ᠶᠢᠨ ᠪᠣᠯᠪᠠᠰᠤᠨ ᠤ ᠵᠦᠷᠢᠶᠡᠵᠢᠭᠰᠡᠨ ᠰᠢᠯᠭᠠᠨ ᠬᠢᠨᠠᠬᠤ ᠰᠢᠰᠲ᠋ᠧᠮᠵᠢ ᠶᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠲᠤᠰᠢᠶᠠᠯ ᠠᠴᠠ ᠪᠠᠨ ᠰᠠᠯᠬᠤ ᠳᠤ ᠬᠢᠨᠠᠨ ᠪᠤᠳᠤᠬᠤ ᠪᠠ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠬᠡᠮᠵᠢᠯᠡᠬᠦ ᠲᠦᠷᠢᠮ ᠢ ᠡᠷᠡᠰ ᠨᠠᠶᠢᠳᠠᠪᠤᠷᠢᠵᠢᠭᠤᠯᠤᠨ᠎ᠠ᠃ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠬᠢᠨᠠᠨ ᠵᠥᠪᠰᠢᠶᠡᠷᠡᠬᠦ᠂ ᠪᠣᠬᠢᠷᠲᠤᠯ ᠪᠣᠳᠠᠰ ᠭᠠᠳᠠᠬᠰᠢᠯᠠᠭᠤᠯᠬᠤ ᠶᠢ ᠵᠥᠪᠰᠢᠶᠡᠷᠡᠬᠦ᠂ ᠣᠷᠴᠢᠨ ᠲᠣᠭᠤᠷᠢᠨ ᠤ ᠬᠢᠨᠠᠨ ᠬᠡᠮᠵᠢᠯᠲᠡ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠯᠭᠠᠨ ᠠᠪᠬᠤ ᠶᠢᠨ ᠬᠠᠮᠲᠤᠷᠠᠨ ᠬᠥᠳᠡᠯᠦᠯᠴᠡᠭᠰᠡᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠂ ᠪᠣᠬᠢᠷ ᠪᠣᠳᠠᠰ ᠭᠠᠳᠠᠭᠰᠢᠯᠠᠭᠤᠯᠬᠤ ᠡᠷᠬᠡ᠂ ᠤᠰᠤᠨ ᠤ ᠡᠷᠬᠡ ᠶᠢ ᠠᠷᠠᠯᠵᠢᠶᠠᠯᠠᠬᠤ ᠳᠦᠷᠢᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠵᠠᠬ᠎ᠠ ᠳᠡᠯᠭᠡᠭᠦᠷᠴᠢᠯᠡᠭᠰᠡᠨ᠂ ᠣᠯᠠᠨ ᠡᠰᠢᠵᠢᠭᠰᠡᠨ ᠠᠮᠢ ᠠᠬᠤᠢ ᠶᠢᠨ ᠨᠥᠬᠦᠪᠥᠷᠢ ᠶᠢᠨ ᠲᠤᠭᠳᠠᠴᠠ ᠶᠢ ᠪᠦᠷᠢᠨᠰᠢᠭᠦᠯᠵᠦ᠂ ᠪᠠᠶᠢᠭᠠᠯᠢ ᠶᠢᠨ ᠠᠮᠢ ᠠᠬᠤᠢ ᠶᠢᠨ ᠲᠡᠩᠴᠡᠭᠦᠷᠢ ᠶᠢ ᠡᠪᠳᠡᠬᠦ ᠨᠡᠭᠡᠭᠡᠯᠲᠡ ᠬᠢᠬᠦ ᠶᠢ ᠡᠷᠡᠰ ᠬᠢᠬᠦ ᠦᠭᠡᠢ᠂ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠠᠴᠠ ᠬᠡᠲᠦᠷᠡᠭᠰᠡᠨ ᠢᠨᠵᠧᠨᠧᠷᠢᠩ ᠢ ᠡᠷᠡᠰ ᠪᠠᠶᠢᠭᠤᠯᠬᠤ ᠦᠭᠡᠢ᠂ ᠡᠬᠢ ᠪᠠᠶᠠᠯᠢᠭ ᠤᠨ ᠳᠠᠭᠠᠭᠠᠴᠠ ᠶᠢᠨ ᠬᠦᠴᠦᠯᠡᠴᠡ ᠠᠴᠠ ᠳᠠᠪᠠᠭᠤᠯᠬᠤ ᠲᠥᠷᠥᠯ ᠵᠦᠢᠯ ᠢ ᠡᠷᠡᠰ ᠬᠢᠬᠦ ᠦᠭᠡᠢ᠃ ᠠᠮᠢ ᠠᠬᠤᠶ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠣᠷᠴᠢᠨ ᠲᠤᠭᠤᠷᠢᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠢᠯᠡᠴᠢᠯᠡᠨ ᠮᠡᠳᠡᠭᠦᠯᠬᠦ ᠲᠦᠷᠢᠮ ᠢ ᠲᠡᠭᠦᠯᠳᠡᠷᠵᠢᠭᠦᠯᠦᠨ᠂ ᠣ‌‍ᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠤᠯᠠᠨ ᠨᠡᠶᠢᠲᠡ ᠶᠢᠨ ᠡᠨᠧᠷᠭᠢ ᠠᠷᠪᠢᠯᠠᠬᠤ ᠶᠢ ᠥᠷᠨᠢᠭᠦᠯᠵᠦ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠢ  ᠰᠠᠨᠠᠭᠠᠴᠢᠯᠠᠨ᠎ᠠ᠃     ︵ᠳᠣᠯᠤᠭ᠎ᠠ︶ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢᠰᠢᠬᠤ ᠳᠤ ᠲᠣᠬᠢᠷᠠᠮᠵᠢᠲᠠᠢ ᠬᠤᠲᠠ ᠶᠢ ᠪᠠᠶᠢᠭᠤᠯᠬᠤ ᠳᠡᠭᠡᠷ᠎ᠡ ᠪᠦᠬᠦ ᠬᠦᠴᠦᠨ ᠢᠶᠠᠷ ᠪᠣᠭᠤᠮᠲᠠ ᠰᠢᠪᠲᠤᠯᠤᠨ᠎ᠠ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ ᠬᠢᠭᠡᠳ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠵᠡᠷᠬᠡ ᠳᠤᠨᠢ ᠬᠥᠭᠵᠢᠭᠦᠯᠬᠦ ᠶᠢ ᠪᠠᠷᠢᠮᠲᠠᠯᠠᠵᠤ᠂ ᠠᠵᠤ ᠦᠢᠯᠡᠰ ᠪᠠ ᠬᠤᠲᠠ ᠬᠥᠳᠡᠭᠡ ᠶᠢ ᠠᠭᠤᠰᠤᠯᠴᠠᠭᠤᠯᠬᠤ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠨ᠂ ᠦᠷ᠎ᠡ ᠪᠦᠲᠦᠭᠡᠯ ᠢ ᠬᠠᠮᠲᠤᠪᠠᠷ ᠬᠦᠷᠲᠡᠬᠦ ᠶᠢ ᠠᠬᠢᠭᠤᠯᠵᠤ᠂ ᠵᠢᠵᠢᠭ ᠮᠦᠷᠳᠡᠬᠡᠨ ᠰᠢᠯᠢᠳᠡᠭ᠂ ᠵᠢᠵᠢᠭ ᠮᠥᠷᠲᠡᠭᠡᠨ ᠭᠤᠶᠤ᠂ ᠵᠢᠵᠢᠭ ᠮᠥᠷᠲᠡᠭᠡᠨ ᠣᠨᠴᠠ ᠨᠠᠷᠢᠯᠢᠭ ᠵᠢᠵᠢᠭ ᠬᠤᠲᠠ ᠶᠢ ᠴᠣᠭᠴᠠᠯᠠᠨ ᠪᠠᠶᠢᠭᠤᠯᠤᠨ᠎ᠠ᠃    ︽ᠠᠵᠤ ᠦᠢᠯᠡᠰ ᠪᠠ ᠬᠤᠳᠠ ᠶᠢ ᠠᠭᠤᠰᠤᠯᠴᠠᠭᠤᠯᠬᠤ︾ ᠴᠢᠩᠭ᠎ᠠ ᠲᠤᠯᠭᠠᠭᠤᠷᠢᠯᠠᠯ ᠢ ᠲᠤᠪᠤᠶᠢᠯᠭᠠᠬᠤ ᠬᠡᠷᠡᠭᠲᠡᠢ ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠤᠨ ᠵᠣᠬᠢᠶᠠᠵᠤ᠂ ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠲᠦᠯᠦᠪᠵᠢᠬᠦᠯᠬᠡ ᠶᠢᠨ ᠬᠠᠲᠠᠭᠤ ᠬᠢᠵᠠᠭᠠᠷᠯᠠᠯ ᠪᠠ ᠬᠡᠷᠡᠭᠵᠢᠭᠦᠯᠬᠦ ᠬᠦᠴᠦᠨ ᠢ ᠴᠢᠩᠭᠠᠷᠠᠭᠤᠯᠵᠤ᠂ ᠨᠢᠭᠡ ᠬᠠᠭᠤᠳᠠᠰᠤ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠶ᠃ ᠭᠤᠣᠯ ᠬᠤᠲᠠ ᠲᠣᠭᠤᠷᠢᠭ ᠬᠢᠭᠡᠳ ᠾᠦᠸᠧ ᠠ ᠨᠢᠭᠡᠳᠦᠭᠡᠷ ᠳᠡᠰ ᠤᠨ ᠵᠠᠮ ᠢ ᠬᠤᠯᠪᠣᠬᠤ ᠲᠥᠷᠥᠯ ᠵᠦᠢᠯ ᠢ ᠢᠳᠡᠪᠬᠢᠲᠡᠢ ᠠᠬᠢᠭᠤᠯᠵᠦ᠂ ᠾᠦᠸᠧ ᠠ ᠨᠢᠭᠡᠳᠦᠭᠡᠷ ᠳᠡᠰ ᠤᠨ ᠵᠠᠮ ᠠᠴᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ C ᠲᠣᠭᠤᠷᠢᠭ ᠬᠦᠷᠬᠦ ᠵᠠᠮ  ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠲᠦᠷᠭᠡᠬᠡᠨ ᠬᠡᠷᠡᠭᠵᠢᠭᠦᠯᠦᠨ᠎ᠡ᠃ 5G ᠰᠠᠭᠤᠷᠢ ᠥᠷᠲᠡᠭᠡ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠵᠢᠯ ᠤᠨ ᠳᠣᠲᠣᠷ᠎ᠠ ᠭᠤᠤᠯ ᠬᠤᠲᠠ ᠲᠤᠭᠤᠷᠢᠭ ᠤᠨ 5G ᠰᠦᠯᠵᠢᠶ᠎ᠡ ᠶᠢ ᠪᠦᠷᠢᠨ ᠪᠦᠷᠬᠦᠭᠦᠯᠬᠦ ᠶᠢ ᠦᠨᠡᠨᠬᠦ ᠪᠠᠲᠤᠯᠠᠨ᠎ᠠ᠃ ᠤᠶᠤᠨᠲᠤ ᠬᠤᠲᠠ᠂ ᠬᠤᠲᠠ ᠶᠢᠨ ᠶᠠᠪᠤᠳᠠᠯ ᠤᠨ ᠵᠠᠮ ᠬᠠᠷᠢᠯᠴᠠᠭ᠎ᠠ᠂ ᠰᠣᠶᠣᠯ ᠪᠡᠶ᠎ᠡ ᠶᠢᠨ ᠲᠠᠮᠢᠷ᠂ ᠡᠮᠴᠢᠯᠡᠭᠡ ᠡᠷᠡᠭᠦᠯ ᠬᠠᠮᠠᠭᠠᠯᠠᠯ᠂ ᠬᠦᠢᠲᠡᠨ ᠬᠡᠯᠬᠢᠶᠡᠲᠦ ᠪᠠᠷᠠᠭ᠎ᠠ ᠶᠢᠨ ᠬᠦᠢᠯᠬᠡᠬᠡᠨ ᠵᠡᠷᠭᠡ ᠲᠣᠭᠲᠠᠭᠤᠨ ᠢᠶᠠᠷ ᠨᠡᠮᠡᠭᠳᠡᠬᠦᠯᠬᠦ ᠳᠤᠲᠠᠭᠤᠳᠠᠯ ᠢ ᠨᠥᠬᠦᠪᠥᠷᠢᠯᠡᠬᠦ ᠲᠥᠷᠥᠯ ᠵᠦᠢᠯ ᠢ ᠴᠢᠷᠮᠠᠶᠢᠨ ᠣᠯᠵᠤ᠂ ᠬᠡᠰᠡᠭ ᠬᠠᠭᠤᠴᠢᠨ ᠰᠠᠭᠤᠭᠠᠯᠢ ᠲᠤᠭᠤᠷᠢᠭ ᠤᠨ ᠰᠠᠭᠤᠷᠢ ᠪᠡᠯᠡᠳᠬᠡᠮᠵᠢ ᠶᠢ ᠳᠡᠰ ᠳᠡᠪᠰᠢᠭᠦᠯᠦᠨ ᠥᠭᠡᠷᠡᠴᠢᠯᠡᠵᠦ᠂ ᠬᠤᠲᠠ ᠶᠢᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃    ︽ᠬᠤᠳᠠ ᠬᠥᠳᠡᠭᠡ ᠶᠢ ᠨᠢᠭᠡ ᠴᠤᠭᠴᠠᠵᠢᠭᠤᠯᠬᠤ︾ ᠶᠢ ᠲᠤᠪᠤᠶᠢᠯᠭᠠᠨ ᠬᠥᠭᠵᠢᠯ ᠮᠠᠨᠳᠤᠯ ᠢ ᠠᠬᠢᠭᠤᠯᠬᠤ ᠬᠡᠷᠡᠭᠲᠡᠢ᠃ ᠠᠮᠢ ᠠᠬᠤᠢ᠂ ᠥᠨᠳᠥᠷ ᠪᠦᠲᠦᠮᠵᠢᠲᠡᠢ᠂ ᠣᠨᠴᠠᠯᠢᠭ ᠲᠠᠢ᠂ ᠰᠣᠳᠣᠨ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠨ᠂ ᠠᠵᠤ ᠦᠢᠯᠡᠳᠪᠦᠷᠢᠵᠢᠯᠲᠡ ᠶᠢᠨ ᠰᠡᠳᠬᠢᠬᠦᠢ ᠪᠠᠷ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠲᠥᠰᠦᠪᠯᠡᠨ᠎ᠡ᠃ ᠲᠣᠰᠬᠤᠨ ᠤ ᠲᠡᠰ ᠤᠨ ᠭᠤᠤᠯᠯᠠᠬᠤ ᠠᠵᠤ ᠦᠢᠯᠡᠰ ᠢ ᠬᠦᠴᠦᠯᠡᠨ ᠪᠤᠶᠢᠵᠢᠭᠤᠯᠵᠤ᠂ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠨ᠎ᠠ᠃ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ᠂ ᠬᠥᠳᠡᠭᠡ ᠲᠣᠰᠬᠤᠨ ᠤ ᠠᠷᠠᠳ ᠤᠨ ᠪᠠᠭᠤᠳᠠᠯ᠂ ᠣᠨᠴᠠᠯᠢᠭᠲᠤ ᠲᠠᠷᠢᠵᠤ ᠲᠡᠵᠢᠭᠡᠨ ᠦᠷᠡᠵᠢᠭᠦᠯᠬᠦ ᠶᠢ ᠶᠡᠬᠡᠪᠡᠷ ᠬᠥᠭᠵᠢᠭᠦᠯᠵᠦ᠂ ᠨᠢᠭᠡᠳᠦᠭᠡᠷ ᠠᠵᠤ ᠦᠢᠯᠡᠰ ᠤᠨ ︽ᠬᠤᠶᠠᠷ ᠲᠠᠢ ᠵᠠᠯᠭᠠᠯᠳᠤᠵᠦ ᠭᠤᠷᠪᠠ ᠲᠠᠢ ᠦᠷᠬᠦᠯᠵᠢᠯᠡᠬᠦ︾ ᠶᠢ ᠨᠠᠩ ᠰᠠᠶᠢᠲᠤᠷ ᠠᠬᠢᠭᠤᠯᠤᠨ᠎ᠠ᠃ ᠵᠢᠯ ᠤᠨ ᠳᠣᠲᠣᠷ᠎ᠠ ᠲᠠᠷᠢᠵᠤ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠤᠷᠰᠢᠶᠠᠵᠢᠯ 8᠂ ᠭᠡᠷ ᠪᠦᠯᠢ ᠶᠢᠨ ᠮᠠᠯᠵᠢᠯ ᠤᠨ ᠲᠠᠯᠠᠪᠠᠢ 8 ᠶᠢ ᠡᠭᠦᠳᠦᠨ ᠪᠠᠶᠢᠭᠤᠯᠵᠤ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠢ 50% ᠎ᠠ ᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠤᠨ᠎ᠠ᠃ ᠬᠤᠲᠠ ᠶᠢᠨ ᠡᠷᠦᠬᠡ ᠠᠮᠠ ᠣᠷᠣᠬᠤ ᠬᠢᠵᠠᠭᠠᠷᠯᠠᠯ ᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠵᠤ᠂ ᠬᠤᠲᠠ ᠪᠠᠯᠭᠠᠰᠤᠨ ᠳᠤ ᠲᠣᠭᠲᠠᠪᠤᠷᠢᠲᠠᠶ ᠠᠵᠢᠯ ᠤᠯᠬᠤ ᠴᠢᠳᠠᠪᠤᠷᠢ ᠲᠠᠢ ᠬᠥᠳᠡᠭᠡ ᠲᠣᠰᠬᠤᠨ ᠤ ᠬᠥᠮᠦᠨ ᠠᠮᠠ ᠶᠢᠨ ᠬᠤᠲᠠ ᠳᠤ ᠡᠷᠦᠬᠡ ᠠᠮᠠ ᠣᠷᠣᠬᠤ ᠶᠢ ᠵᠣᠷᠢᠭᠵᠢᠭᠤᠯᠤᠨ ᠳᠡᠮᠵᠢᠵᠦ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠬᠤᠤᠰ ᠴᠢᠭᠯᠡᠯ ᠢᠶᠠᠷ ᠰᠢᠯᠵᠢᠬᠦ ᠶᠢ ᠠᠬᠢᠭᠤᠯᠤᠨ᠎ᠠ᠃ ᠪᠣᠳᠠᠲᠠᠶ ᠠᠴᠠ ᠡᠭᠦᠰᠴᠦ ︽ᠵᠣᠷᠯᠣᠩ ᠤᠨ ᠬᠤᠪᠢᠰᠬᠠᠯ︾ ᠢ ᠰᠠᠶᠢᠲᠤᠷ ᠠᠳᠬᠤᠬᠤ ᠶᠢ ᠪᠠᠷᠢᠮᠲᠠᠯᠠᠵᠤ᠂ ᠭᠠᠴᠠᠭ᠎ᠠ ᠲᠤᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠶᠢ ᠪᠦᠬᠦᠨ ᠢ  ᠬᠠᠮᠤᠷᠠᠬᠤ ᠶᠢ ᠪᠡᠶᠡᠯᠡᠭᠦᠯᠵᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠣᠶ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃    ︽ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ︾ ᠰᠢᠯᠢᠳᠡᠭ ᠬᠠᠮᠢᠶᠠᠷᠤᠯᠲᠠ ᠶᠢ ᠳᠣᠪᠤᠶᠢᠯᠭᠠᠬᠤ ᠬᠡᠷᠡᠭᠲᠡᠶ᠃ ︽ᠣᠯᠠᠨ ᠤᠯᠤᠰᠴᠢᠯᠠᠬᠤ᠂ ᠬᠦᠮᠦᠡᠯᠢᠭ ᠦᠢᠯᠡᠴᠢᠯᠡᠭᠡ᠂ ᠤᠶᠤᠨᠴᠢᠯᠠᠬᠰᠠᠨ ᠬᠠᠮᠢᠶᠠᠷᠤᠯᠲᠠ᠂  ᠬᠠᠤᠯᠢᠵᠢᠯ ᠤᠨ ᠠᠷᠭ᠎ᠠ ᠮᠠᠶ᠋ᠢᠭ︾ ᠱᠠᠭᠠᠷᠳᠠᠯᠭ᠎ᠠ ᠶᠣᠰᠣᠭᠠᠷ᠂ ᠠᠷᠢᠭᠤᠨ ᠴᠡᠪᠡᠷ ᠬᠤᠲᠠ᠂ ᠪᠣᠯᠪᠠᠰᠤᠨ ᠬᠤᠲᠠ᠂ ᠴᠡᠴᠡᠷᠯᠢᠭ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠤᠨ ᠰᠢᠢᠳᠪᠦᠷᠢᠯᠡᠬᠦ ᠶᠢ ᠶᠡᠬᠡᠪᠡᠷ ᠳᠡᠯᠭᠡᠷᠡᠭᠦᠯᠵᠦ᠂ ᠡᠬᠢ ᠡᠭᠦᠰᠦᠯ ᠠᠴᠠ ᠨᠢ ᠬᠡᠮᠵᠢᠶ᠎ᠡ ᠶᠢ ᠨᠢ ᠪᠠᠭᠠᠰᠬᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ ᠣᠯᠠᠨ ᠨᠡᠶᠢᠲᠡ ᠶᠢᠨ ᠦᠢᠯᠡᠴᠢᠯᠡᠬᠡᠨ ᠤ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠪᠳᠡᠷᠡᠵᠦ  ᠰᠦᠢᠳᠦᠭᠰᠡᠨ ᠵᠠᠮ ᠤᠨ ᠳ᠋ᠧᠩ ᠢ ᠴᠠᠭ ᠲᠤᠬᠠᠶ ᠳᠤᠨᠢ ᠰᠣᠯᠢᠵᠤ᠂ ᠤᠯᠠᠷᠢᠯ᠂ ᠵᠠᠮ ᠬᠤᠪᠢᠶᠠᠨ ᠪᠣᠭᠤᠮᠲᠠ ᠨᠡᠭᠡᠭᠡᠬᠦ ᠴᠠᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠬᠤᠲᠠ ᠶᠢᠨ ᠠᠷᠠᠳ ᠤᠨ ᠶᠠᠪᠤᠵᠤ ᠰᠠᠭᠤᠬᠤ  ᠬᠡᠷᠡᠭᠴᠡᠭᠡ ᠶᠢ ᠬᠠᠩᠭᠠᠬᠤ ᠬᠡᠷᠡᠭᠲᠡᠶ᠃ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ ᠵᠢᠷᠤᠮᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠵᠥᠷᠢᠴᠡᠯ ᠵᠢᠭᠤᠷᠠᠯᠳᠤᠭᠠᠨ ᠢ ᠴᠢᠩᠭ᠎ᠠ ᠠᠩᠬᠠᠷᠴᠤ᠂ ᠰᠠᠭᠤᠭᠠᠯᠢ ᠠᠷᠠᠳ ᠲᠤ ᠦᠨᠡᠮᠯᠡᠯ ᠬᠦᠢᠴᠡᠳᠬᠡᠬᠦ ᠳᠤ ᠬᠦᠴᠢᠷᠲᠡᠶ᠂ ᠪᠤᠴᠠᠵᠤ ᠨᠡᠭᠦᠬᠦ ᠳᠤ ᠬᠦᠴᠢᠷᠲᠡᠶ᠂ ᠣᠷᠣᠵᠤ ᠰᠠᠭᠤᠬᠤ ᠳᠤ ᠬᠦᠴᠢᠷᠲᠡᠶ ᠠᠰᠠᠭᠤᠳᠠᠯ ᠢ ᠦᠨᠡᠨᠬᠦ ᠰᠢᠢᠳᠪᠦᠷᠢᠯᠡᠵᠦ ᠥᠭᠭᠦᠨ᠎ᠡ᠃ ᠪᠣᠯᠪᠠᠰᠤᠨ ᠢᠶᠠᠷ ᠶᠠᠪᠤᠵᠤ ᠰᠠᠭᠤᠬᠤ᠂ ᠪᠣᠯᠪᠠᠰᠤᠨ ᠢᠶᠠᠷ ᠨᠣᠬᠠᠢ ᠲᠡᠵᠢᠭᠡᠬᠦ ᠶᠢ ᠭᠦᠨᠵᠡᠭᠡᠢ ᠠᠬᠢᠭᠤᠯᠵᠤ᠂ ᠪᠣᠯᠪᠠᠰᠤᠨ ᠠᠵᠢᠯᠯᠠᠭ᠎ᠠ ᠶᠢ ᠬᠡᠪ ᠰᠤᠷᠲᠠᠯ ᠪᠣᠯᠭᠠᠨ᠎ᠠ ᠃ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠬᠡᠷᠡᠴᠢᠯᠡᠯᠳᠡ ᠶᠢ ᠪᠡᠶᠡᠯᠡᠭᠦᠯᠵᠦ᠂ ᠴᠠᠭ ᠢᠮᠠᠭᠲᠠ ᠥᠨᠳᠥᠷ ᠳᠠᠷᠤᠯᠲᠠ ᠦᠵᠡᠭᠦᠯᠬᠦ ᠪᠠᠶᠢᠳᠠᠯ ᠢᠶᠠᠨ ᠪᠠᠲᠤᠯᠠᠵᠤ᠂ ᠬᠠᠤᠯᠢ ᠠᠴᠠ ᠵᠥᠷᠢᠴᠡᠭᠰᠡᠨ ᠪᠠᠶᠢᠭᠤᠯᠤᠯᠲᠠ ᠶᠢ ᠡᠷᠡᠰ ᠠᠷᠢᠯᠭᠠᠬᠤ ᠬᠡᠷᠡᠭᠲᠡᠶ᠃ ︽ᠵᠡᠭᠡᠯᠢ ᠭᠤᠳᠤᠮᠵᠢ ᠳᠤ ᠱᠠᠭᠠᠷᠳᠠᠯᠭ᠎ᠠ ᠲᠤᠷᠠᠳᠪᠠᠯ᠂ ᠰᠠᠯᠠᠭ᠎ᠠ ᠮᠥᠴᠢᠷ ᠤᠨ ᠬᠢᠨ ᠢᠳᠡᠪᠬᠢᠯᠡᠨ ᠨᠡᠷ᠎ᠡ ᠮᠡᠳᠡᠭᠦᠯᠬᠦ︾ ᠠᠵᠢᠯ ᠤᠨ ᠲᠤᠭᠳᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠠᠷᠠᠳ ᠲᠦᠮᠡᠨ ᠳᠤ ᠦᠢᠯᠡᠴᠢᠯᠡᠬᠦ ︽ᠶᠡᠷᠤᠩᠬᠡᠢ ᠦᠢᠯᠡᠴᠢᠯᠡᠭᠡ︾ ᠶᠢ ᠪᠣᠶ ᠪᠣᠯᠭᠠᠵᠤ᠂ ᠬᠤᠲᠠ ᠶᠢᠨ ᠬᠠᠮᠢᠶᠠᠷᠤᠯᠲᠠ ᠶᠢ ᠪᠠᠷᠢᠮᠵᠢᠶ᠎ᠠ ᠲᠠᠢ ᠪᠣᠯᠭᠠᠬᠤ ᠬᠡᠷᠡᠭᠳᠠᠢ᠃    ︵ᠨᠠᠢᠮᠠ︶ ᠠᠷᠠᠳ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠪᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠦᠴᠢᠷ ᠠᠰᠠᠭᠤᠳᠠᠯ ᠳᠤ ᠰᠢᠭᠤᠳ ᠬᠠᠨᠳᠤᠵᠤ᠂ ᠪᠣᠳᠠᠲᠠᠢ ᠠᠵᠢᠯ ᠢ ᠢᠯᠡᠭᠦᠬᠡᠨ ᠬᠢᠵᠦ᠂ 1.2 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠬᠤ ᠪᠠᠷ ᠲᠥᠯᠥᠪᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ ᠲᠦᠯᠦᠬᠡᠯᠡᠭᠴᠢᠳ ᠤᠨ ᠪᠢᠯᠧᠲ ᠥᠭᠬᠦ ᠳᠦᠷᠢᠮ ᠤᠨ ᠲᠤᠷᠰᠢᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠬᠤᠲᠠ ᠶᠢᠨ ᠠᠷᠠᠳ ᠲᠦᠮᠡᠨ ᠳᠤ ᠦᠨᠡᠨᠬᠦ ᠬᠦᠷᠲᠡᠭᠡᠨ᠎ᠡ᠃    ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠦ᠂ ᠰᠢᠨ᠎ᠡ ᠲᠢᠳᠢᠮᠯᠢᠭ ᠤᠨ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠶᠢ ᠪᠦᠬᠦ ᠬᠦᠴᠦᠨ ᠢᠶᠠᠷ ᠠᠷᠭᠠᠴᠠᠵᠤ᠂ ᠬᠥᠳᠡᠯᠮᠦᠷᠢ ᠦᠢᠯᠡᠴᠢᠯᠡᠭᠡ ᠶᠢ ᠭᠠᠳᠠᠭᠰᠢ ᠭᠠᠷᠭᠠᠬᠤ ᠦᠢᠯᠡᠴᠢᠯᠡᠭᠡᠨ ᠤ ᠲᠥᠪ ᠢ ᠪᠠᠶᠢᠭᠤᠯᠵᠤ᠂ ᠭᠤᠣᠯᠳᠠᠯᠭ᠎ᠠ ᠲᠠᠢ ᠬᠠᠮᠲᠤᠯᠢᠭ ᠪᠠ ᠬᠦᠴᠢᠷᠳᠡᠯᠳᠠᠢ ᠬᠥᠮᠦᠰ ᠲᠤ ᠠᠵᠢᠯ ᠣᠯᠭᠤᠬᠤ ᠠᠵᠢᠯ ᠢ ᠲᠣᠪᠦ᠋ᠮ᠎ᠠ ᠰᠠᠶᠢᠳᠤᠷ ᠠᠳᠬᠤᠵᠤ᠂ ᠵᠢᠯ ᠤᠨ ᠳᠣᠲᠣᠷ᠎ᠠ ᠬᠤᠲᠠ ᠪᠠᠯᠭᠠᠰᠤᠨ ᠳᠤ 1450 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠨᠢᠭᠡ ᠴᠦ ᠠᠵᠢᠯ ᠣᠯᠤᠭᠰᠠᠨ ᠦᠭᠡᠢ ᠭᠡᠷ ᠪᠦᠯᠢ ᠶᠢᠨ ᠬᠦᠳᠡᠯᠦᠩᠭᠦᠢ ᠪᠠᠷ ᠠᠵᠢᠯ ᠣᠯᠬᠤ ᠶᠢ ᠪᠠᠲᠤᠯᠠᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠣᠯᠠᠨ ᠨᠡᠶᠢᠳᠡ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠲᠤ ᠲᠦᠰᠢᠭᠯᠡᠨ᠂ ᠬᠦᠷᠢᠶᠡᠯᠡᠩ ᠲᠣᠭᠤᠷᠢᠭ ᠤᠨ ᠠᠵᠦ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠯᠤᠭ᠎ᠠ ᠬᠠᠮᠲᠤᠷᠠᠯᠴᠠᠬᠤ ᠲᠣᠭᠲᠠᠴᠠ ᠶᠢ ᠲᠡᠭᠦᠯᠳᠡᠷᠵᠢᠬᠦᠯᠦᠨ᠂ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠰᠢᠢᠳᠪᠦᠷᠢᠯᠡᠨ᠎ᠡ᠃ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠴᠢᠬᠤᠯᠠᠴᠢᠯᠠᠵᠤ᠂ ᠠᠳᠠᠯ ᠦᠢᠯᠡᠰ ᠴᠤᠬᠴᠠᠯᠠᠬᠤ ᠦᠢᠯᠡᠴᠢᠯᠡᠬᠡᠨ ᠤ ᠲᠠᠪᠴᠠᠩ ᠤᠨ ᠳᠠᠪᠠᠭᠤᠯᠢᠭ ᠢ ᠪᠠᠳᠠᠷᠠᠭᠤᠯᠤᠨ᠂ ᠠᠵᠢᠯ ᠣᠯᠭᠤᠬᠤ ᠶᠢ ᠬᠦᠯᠢᠶᠡᠵᠦ ᠪᠠᠶᠢᠭ᠎ᠠ ᠬᠥᠮᠦᠰ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠤᠨ᠎ᠠ᠃ ︽ᠴᠠᠯᠢᠩ ᠥᠷᠢᠲᠦᠬᠦ ᠦᠭᠡᠢ︾ ᠬᠤᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠦᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃    ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠦᠨᠳᠦᠰᠦᠳᠡᠨ ᠤ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠲᠡᠭᠡᠭᠰᠢᠯᠡᠬᠦᠯᠬᠦ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠪᠠ ᠡᠬᠡ ᠣᠷᠣᠨᠴᠢ ᠦᠵᠡᠯ ᠤᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠲᠡ ᠶᠢ ᠢᠳᠡᠪᠬᠢᠲᠡᠶ ᠪᠤᠢ ᠪᠤᠯᠭᠠᠵᠦ᠂ ᠰᠤᠷᠭᠠᠨ ᠬᠥᠮᠦᠵᠢᠯ ᠤᠨ ᠠᠭᠤᠯᠤᠬᠳᠠᠬᠤᠨ ᠤ ᠮᠠᠶ᠋ᠢᠭ ᠤᠨ ᠬᠥᠭᠵᠢᠯᠲᠡ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠂ ᠲᠦᠭᠡᠮᠡᠯ ᠬᠠᠷᠠᠭᠠᠯᠵᠠᠯᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢᠨ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠳᠣᠯᠣᠳᠤᠭᠠᠷ ᠬᠡᠤᠬᠡᠳ ᠤᠨ ᠴᠡᠴᠡᠷᠯᠢᠭ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠳᠥᠷᠪᠡᠳᠦᠭᠡᠷ ᠬᠡᠤᠬᠡᠳ ᠤᠨ ᠴᠡᠴᠡᠷᠯᠢᠭ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ ᠵᠢᠴᠢ   ᠨᠢᠭᠡᠳᠦᠬᠡᠷ ᠪᠠᠭ᠎ᠠ ᠰᠤᠷᠭᠠᠭᠤᠯᠢ ᠶᠢᠨ ᠪᠠᠷᠠᠭᠤᠨ ᠲᠣᠭᠤᠷᠢᠭ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ ᠰᠡᠭᠦᠯ ᠬᠤᠷᠢᠶᠠᠬᠤ ᠢᠨᠵᠧᠨᠧᠷᠢᠩ ᠢ ᠪᠡᠶᠡᠯᠡᠬᠦᠯᠵᠦ᠂ ᠲᠣᠰ ᠵᠢᠯ ᠳᠤ ᠲᠦᠩᠯᠢᠶᠣᠤ ᠬᠤᠲᠠ ᠶᠢᠨ ᠲᠡᠰ ᠤᠨ ᠵᠢᠱᠢᠶ᠎ᠡ ᠦᠵᠡᠭᠦᠯᠬᠦ ᠴᠢᠨᠠᠷᠲᠠᠶ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ 1 ᠡᠭᠦᠳᠦᠨ ᠪᠠᠶᠢᠭᠤᠯᠤᠨ᠎ᠠ᠃ ︽ᠢᠯᠡ ᠪᠠᠷ ᠰᠣᠷᠣᠭᠴᠢ ᠡᠯᠰᠡᠬᠦ︾ ᠶᠢ ᠭᠦᠨᠵᠡᠭᠡᠶ ᠠᠬᠢᠭᠤᠯᠵᠤ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠭᠤᠯᠤᠯ ᠤᠨ ᠪᠠᠶᠢᠭᠤᠯᠤᠮᠵᠢ ᠶᠢ ᠪᠥᠬᠦ ᠲᠠᠯ᠎ᠠ ᠪᠠᠷ ᠴᠡᠭᠴᠡᠯᠡᠨ ᠵᠠᠰᠠᠨ᠎ᠠ᠃ ᠴᠢᠳᠠᠪᠤᠷᠢᠲᠠᠨ ᠢᠶᠠᠷ ᠰᠤᠷᠭᠠᠨ ᠬᠥᠮᠦᠵᠢᠯ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠤᠷᠢᠵᠤ ᠡᠯᠰᠡᠬᠦ ᠪᠠ ᠣᠷᠣᠭᠤᠯᠤᠨ ᠠᠪᠴᠢᠷᠠᠬᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ᠥᠨᠳᠥᠷ ᠬᠡᠪ ᠴᠢᠨᠠᠷ ᠪᠥᠬᠦᠶ ᠪᠠᠭᠰᠢ ᠶᠢᠨ ᠡᠩᠨᠡᠭᠡ ᠶᠢ ᠬᠦᠴᠦᠯᠡᠨ ᠬᠥᠮᠦᠵᠢᠭᠦᠯᠦᠨ᠎ᠡ᠃   ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ ᠠᠷᠠᠳ ᠤᠨ ᠡᠷᠡᠭᠦᠯ ᠮᠡᠨᠳᠦ ᠪᠠᠶᠢᠬᠤ ᠦᠭᠡᠢ ᠪᠣᠯ ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠪᠠᠶᠢᠵᠤ ᠴᠢᠳᠠᠬᠤ ᠦᠭᠡᠢ ᠶᠤᠮ᠃ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠡᠮᠴᠢᠯᠡᠭᠡᠨ ᠤ ᠡᠳ᠋ ᠪᠠᠷᠠᠭ᠎ᠠ ᠲᠥᠬᠦᠭᠡᠷᠦᠮᠵᠢ ᠶᠢ ᠪᠦᠷᠢᠨ ᠬᠦᠢᠴᠡᠳ ᠲᠤᠬᠢᠷᠠᠭᠤᠯᠵᠦ᠂ ᠡᠮᠨᠡᠯᠭᠡ ᠶᠢᠨ ᠠᠵᠢᠯᠲᠠᠨ ᠤ ᠵᠢᠷᠤᠮᠵᠢᠭᠰᠠᠨ ᠪᠣᠯᠪᠠᠰᠤᠷᠠᠭᠤᠯᠤᠯ ᠢ ᠴᠢᠩᠭᠠᠳᠬᠠᠵᠤ᠂ ᠬᠦᠨᠳᠦ ᠶᠡᠭᠡ ᠬᠢᠵᠢᠭ ᠤᠨ ᠪᠠᠶᠢᠳᠠᠯ ᠢ ᠤᠷᠢᠳᠴᠢᠯᠠᠨ ᠰᠡᠷᠭᠡᠶᠢᠯᠡᠵᠦ ᠬᠢᠵᠠᠭᠠᠷᠯᠠᠬᠤ ᠰᠢᠰᠲ᠋ᠧᠮᠵᠢ ᠶᠢ ᠲᠡᠭᠦᠯᠳᠡᠷᠵᠢᠬᠦᠯᠦᠨ᠎ᠡ᠃ ︽ᠭᠤᠷᠪᠠᠨ ᠡᠮᠴᠢᠯᠡᠭᠡᠨ ᠤ ᠬᠤᠯᠪᠣᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢ ᠠᠬᠢᠭᠤᠯᠵᠤ᠂ ︽ᠡᠮᠴᠢᠯᠡᠭᠡᠨ ᠤ ᠬᠤᠯᠪᠣᠭᠠᠲᠤ ᠴᠣᠭᠴᠠ︾ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠬᠦᠯᠵᠦ᠂ ᠡᠪᠡᠳᠴᠢᠲᠡᠨ ᠳᠤ ᠳᠥᠭᠦᠮ ᠳᠥᠲᠡ ᠥᠨᠳᠥᠷ ᠪᠦᠲᠦᠮᠵᠢᠲᠡᠶ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠨ᠎ᠠ᠃ ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤᠨ ᠡᠪᠡᠳᠴᠢᠨ᠂ ᠠᠵᠢᠯ ᠤᠨ ᠨᠥᠯᠥᠭᠡᠨ ᠤ ᠡᠪᠡᠳᠴᠢᠨ ᠵᠡᠷᠭᠡ ᠶᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠷᠭᠦᠯᠵᠢᠯᠡᠨ ᠴᠢᠩᠭᠠᠳᠬᠠᠨ᠎ᠠ᠃ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠪ ᠢ ᠳᠡᠰ ᠳᠡᠪᠰᠢᠭᠦᠯᠦᠨ ᠥᠭᠡᠷᠡᠴᠢᠯᠡᠬᠦ ᠪᠠ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠥᠭᠡᠷᠡᠴᠢᠯᠡᠬᠦ ᠶᠢ ᠪᠡᠶᠡᠯᠡᠭᠦᠯᠵᠦ᠂ ︽ᠤᠯᠤᠰ ᠤᠨ ᠲᠡᠰ ᠤᠨ ᠡᠷᠡᠭᠦᠯ ᠮᠡᠨᠳᠦ ᠶᠢ ᠠᠬᠢᠭᠤᠯᠬᠤ ᠬᠤᠰᠢᠭᠤ ᠰᠢᠶᠠᠨ︾ ᠢ ᠪᠦᠬᠦ ᠬᠦᠴᠦᠨ ᠢᠶᠠᠷ ᠡᠭᠦᠳᠦᠨ ᠪᠠᠶᠢᠭᠤᠯᠤᠨ᠎ᠠ᠃    ᠨᠡᠶᠢᠭᠡᠮ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠬᠦᠨᠳᠦ ᠡᠪᠡᠳᠴᠢᠨ ᠤ ᠠᠪᠤᠷᠠᠨ ᠲᠤᠰᠠᠯᠠᠯᠳᠠ᠂ ᠲᠦᠷ ᠴᠠᠭ ᠠᠪᠤᠷᠠᠨ ᠲᠤᠰᠠᠯᠠᠬᠤ᠂ ᠵᠡᠮᠳᠡᠭᠴᠦᠳ ᠢ ᠠᠪᠤᠷᠠᠨ ᠲᠤᠰᠠᠯᠠᠬᠤ᠂ ᠠᠰᠠᠷᠠᠮᠵᠢ ᠬᠠᠷᠠᠭᠠᠯᠵᠠᠯ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠬᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ᠳᠠᠭᠠᠳᠬᠠᠯ ᠢ ᠮᠡᠬᠡᠯᠡᠨ ᠬᠢᠬᠠᠬᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠠᠮᠤᠷ ᠲᠦᠪᠰᠢᠨ ᠢ ᠬᠠᠮᠠᠭᠠᠯᠠᠨ᠎ᠠ᠃ ᠨᠠᠰᠤᠲᠠᠨ ᠢ ᠠᠰᠠᠷᠠᠬᠤ ᠲᠥᠪ ᠤᠨ ᠬᠦᠷᠢᠶᠡᠯᠡᠩ ᠤᠨ ᠪᠠᠶᠢᠭᠤᠯᠤᠯᠲᠠ ᠶᠢ ᠪᠡᠶᠡᠯᠡᠭᠦᠯᠵᠦ᠂ ᠨᠠᠰᠤᠲᠠᠶᠢᠴᠤᠳ ᠤᠨ ᠴᠢᠨᠠᠷᠳᠠᠢ ᠰᠠᠶᠢᠲᠠᠢ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠶᠢ ᠬᠠᠩᠭᠠᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ᠃ ᠡᠮᠡᠭᠲᠡᠶᠢᠴᠦᠳ᠂ ᠬᠡᠤᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠨ᠎ᠡ᠃    ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠣᠨ︾ ᠤ ᠲᠤᠰᠬᠠᠶ ᠠᠵᠢᠯᠯᠠᠭ᠎ᠠ ᠶᠢ ᠶᠡᠬᠡᠪᠡᠷ  ᠦᠷᠨᠢᠬᠦᠯᠵᠦ᠂ ᠶᠡᠭᠡ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠲᠠᠪᠴᠠᠩ ᠢ ᠪᠠᠶᠢᠭᠤᠯᠵᠦ᠂ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠨ᠎ᠠ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠬᠦᠯᠵᠦ᠂ ᠠᠶᠤᠯᠭᠦᠶ  ᠦᠢᠯᠡᠳᠪᠦᠷᠢᠯᠡᠯ ᠤᠨ ᠲᠣᠤᠷᠵᠢᠭᠤᠯᠤᠭᠰᠠᠨ ᠬᠠᠮᠢᠶᠠᠷᠤᠯᠲᠠ ᠶᠢᠨ ᠶᠡᠭᠡ ᠪᠠᠶᠢᠷᠢᠰᠢᠯ ᠢ ᠪᠠᠶᠢᠭᠤᠯᠵᠦ᠂ ᠡ᠊ᠨᠳᠡᠯ ᠭᠠᠷᠬᠤ ᠲᠤᠭ᠎ᠠ᠂ ᠦᠬᠦᠭᠰᠡᠨ ᠬᠥᠮᠦᠨ ᠤ ᠲᠤᠭ᠎ᠠ ᠶᠢᠨ ︽ᠬᠤᠤᠰ ᠪᠠᠭᠤᠷᠠᠯᠲᠠ︾ ᠶᠢ ᠦᠨᠡᠨ ᠬᠦ ᠪᠠᠲᠤᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠭᠦᠯᠵᠦ ᠨᠡᠶᠢᠲᠡᠯᠡᠬᠦ ᠰᠢᠰᠲ᠋ᠧᠮ ᠢ ᠪᠠᠶᠢᠭᠤᠯᠵᠤ᠂ ᠡᠷᠦᠭᠡ ᠶᠢᠨ ᠴᠡᠷᠢᠭ ᠤᠨ ᠪᠡᠯᠡᠳᠬᠡᠯ ᠠᠯᠪᠠᠨ ᠤ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ  ᠰᠢᠢᠳᠪᠦᠷᠢᠯᠡᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠰᠤᠷᠭᠠᠭᠤᠯᠢ ᠶᠢᠨ ᠭᠠᠳᠠᠨᠠᠬᠢ ᠰᠤᠷᠤᠭᠴᠢᠳ ᠤᠨ ᠬᠤᠭᠤᠯᠠᠨ ᠰᠢᠷᠡᠭᠡ ᠶᠢ ᠴᠢᠩᠭ᠎ᠠ ᠬᠠᠮᠢᠶᠠᠷᠴᠤ᠂ ︽ᠪᠢᠲᠡᠭᠦᠮᠵᠢᠯᠡᠨ ᠭᠠᠷ ᠤᠨ ᠦᠰᠦᠭ ᠵᠢᠷᠤᠵᠤ ᠬᠤᠭᠤᠯᠠ ᠬᠦᠷᠭᠡᠬᠦ︾ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ︽ᠶᠡᠷᠦᠩᠬᠡᠶ ᠬᠥᠮᠥᠷᠭᠡ︾ ᠶᠢᠨ ᠲᠦᠭᠡᠭᠡᠨ ᠬᠠᠩᠭᠠᠬᠤ ᠨᠣᠷᠮ᠎ᠠ ᠪᠠ ︽ᠨᠡᠷᠡᠨ ᠭᠡᠷᠡᠯᠲᠦ ᠢᠳᠡᠭᠡᠨ ᠤᠮᠳᠠᠭᠠᠨ ᠤ APP ︾ ᠶᠢ ᠬᠡᠷᠡᠭᠯᠡᠬᠦ ᠨᠣᠷᠮ᠎ᠠ   ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠤᠨ᠎ᠠ᠃ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠦᠭᠡ ᠬᠡᠯᠡ ᠦᠰᠦᠭ ᠪᠢᠴᠢᠭ ᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ ᠠᠵᠢᠯᠴᠢᠨ ᠤ ᠡᠪᠯᠡᠯ ᠡᠪ ᠬᠠᠮᠲᠤ ᠵᠠᠯᠠᠭᠤᠴᠤᠳ ᠤᠨ ᠡᠪᠯᠡᠯ ᠡᠮᠡᠭᠲᠡᠶᠢᠴᠦᠳ ᠤᠨ ᠡᠪᠯᠡᠯ ᠵᠡᠷᠭᠡ ᠠᠷᠠᠳ ᠤᠨ ᠪᠦᠯᠬᠦᠮ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠬᠤ ᠶᠢ ᠶᠡᠬᠡᠪᠡᠷ ᠳᠠᠮᠵᠢᠵᠤ᠂ ᠣᠯᠠᠨ ᠲᠦᠮᠡᠨ ᠳᠤ ᠦᠢᠯᠡᠴᠢᠯᠡᠬᠦ ᠠᠵᠢᠯ ᠢ ᠰᠠᠶᠢᠲᠤᠷ ᠬᠢᠨ᠎ᠡ᠃    ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠠᠴᠠ ᠵᠥᠷᠢᠴᠡᠨ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠨᠠᠮ ᠪᠠ ᠠᠷᠠᠳ ᠲᠦᠮᠡᠨ ᠳᠤ  ᠲᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠶ᠃ ᠲᠤᠰᠬᠠᠶ ᠵᠦᠢᠯ ᠢᠶᠠᠷ ᠴᠡᠭᠴᠡᠯᠡᠨ ᠵᠠᠰᠠᠬᠤ 4 ᠲᠠᠯ᠎ᠠ ᠶᠢᠨ ᠭᠤᠤᠯᠳᠠᠯᠭ᠎ᠠ ᠲᠠᠢ ᠠᠰᠠᠭᠤᠳᠠᠯ ᠢ ᠴᠢᠩᠭ᠎ᠠ ᠠᠩᠬᠠᠷᠴᠤ᠂ 2000 ᠣᠨ ᠠᠴᠠ ᠨᠠᠰᠢᠬᠢ ᠨᠡᠭᠦᠷᠡᠰᠦ ᠳᠤ ᠬᠤᠯᠪᠣᠭᠳᠠᠭᠰᠠᠨ ᠲᠥᠷᠥᠯ ᠵᠦᠢᠯ ᠤᠨ ᠲᠣᠭᠲᠠᠭᠠᠯ ᠠᠴᠠ ᠵᠥᠷᠢᠴᠡᠭᠰᠡᠨ ᠪᠣᠶ ᠪᠥᠬᠦᠶ ᠦᠢᠯᠡ ᠠᠵᠢᠯᠯᠠᠭ᠎ᠠ ᠶᠢ ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠨᠢᠭᠡᠳ ᠨᠢᠭᠡ ᠪᠠᠷ ᠴᠢᠩᠭ᠎ᠠ ᠠᠩᠬᠠᠷᠴᠤ᠂ ᠨᠢᠭᠡᠳ ᠨᠢᠭᠡ ᠪᠠᠷ ᠭᠦᠨᠵᠡᠭᠡᠶ ᠠᠭᠤᠳᠠᠯᠤᠨ ᠲᠦᠢᠯᠪᠤᠷᠢᠲᠠᠶ ᠪᠠᠶᠢᠴᠠᠭᠠᠵᠤ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃    ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠴᠢᠨᠠᠷ ᠰᠠᠶᠢᠳᠠᠢ ᠨᠠᠶᠢᠷᠠᠭᠤᠯᠵᠦ᠂ ︽ᠠᠷᠪᠠᠨ ᠲᠦᠷᠪᠡᠳᠦᠬᠡᠷ ᠲᠠᠪᠤᠨ ᠵᠢᠯ︾ ᠤᠨ ᠬᠤᠭᠤᠴᠠᠭᠠᠨ ᠳᠠᠬᠢ ᠬᠥᠭᠵᠢᠯᠲᠡ ᠶᠢᠨ ᠣᠷᠴᠢᠨ ᠲᠣᠭᠤᠷᠢᠨ ᠤ ᠰᠢᠨ᠎ᠡ ᠬᠤᠪᠢᠷᠠᠯᠲᠠ ᠪᠠ ᠬᠦᠭᠵᠢᠯᠳᠡ ᠶᠢᠨ ᠱᠠᠲᠤ ᠦᠶ᠎ᠡ ᠶᠢᠨ ᠰᠢᠨ᠎ᠡ ᠣᠨᠴᠠᠯᠢᠭ ᠢ ᠣᠨᠣᠪᠴᠢᠲᠠᠢ ᠡᠵᠡᠮᠰᠢᠵᠦ᠂ ᠮᠠᠨ ᠤ ᠬᠤᠲᠠ ᠶᠢᠨ ᠪᠣᠳᠠᠲᠠᠢ ᠲᠠᠢ ᠨᠢᠭᠲᠠ ᠤᠶᠠᠯᠳᠤᠭᠤᠯᠤᠨ᠂ ᠳᠤᠲᠠᠭᠤᠳᠠᠯ ᠢ ᠨᠥᠬᠦᠪᠥᠷᠢᠯᠡᠨ᠂ ᠳᠡᠰ ᠳᠡᠪᠰᠢᠬᠦ ᠶᠢ ᠠᠬᠢᠭᠤᠯᠵᠤ᠂ ᠨᠥᠭᠡᠴᠡ ᠬᠦᠴᠦᠨ ᠢ ᠨᠡᠮᠡᠭᠳᠡᠬᠦᠯᠦᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢᠨ ᠲᠣᠭᠤᠷᠢᠨ ᠳᠤ᠂ ᠨᠢᠭᠡ ᠪᠦᠯᠦᠭ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠲᠥᠷᠦᠯ ᠵᠦᠢᠯ ᠢ ᠰᠤᠳᠤᠯᠤᠨ ᠠᠬᠢᠭᠤᠯᠵᠤ᠂ ᠮᠠᠨ ᠤ ᠬᠤᠲᠠ ᠶᠢᠨ ᠤᠳᠤᠬᠢᠴᠢᠯᠠᠯᠳᠠ ᠶᠢᠨ ᠪᠦᠲᠦᠭᠡᠨ ᠪᠠᠢᠭᠤᠯᠤᠯᠲᠠ ᠶᠢᠨ ᠰᠢᠨ᠎ᠡ ᠠᠶᠠᠯᠠᠯ ᠢᠶᠠᠨ ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃
 
ᠢᠷᠡᠯᠲᠡ᠄ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号