ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠨᠠᠮ ᠤᠨ ᠠᠷᠪᠠ | ᠶᠢᠰᠦᠳᠦᠬᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠲᠦᠪᠰᠢᠨ ᠢ ᠯᠠᠪᠳᠠᠭᠤᠨ ᠪᠠᠲᠤᠲᠠᠢ ᠳᠡᠭᠡᠭᠰᠢᠯᠡᠭᠦᠯᠵᠦ᠂ ᠠᠷᠠᠳ ᠲᠦᠮᠡᠨ ᠳᠤ ᠬᠠᠨᠤᠮᠵᠢᠲᠠᠢ | ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠵᠤ᠂ ᠴᠢᠨᠡᠭᠡᠯᠢᠭ ᠨᠡᠶᠢᠭᠡᠮ ᠢ ᠴᠢᠨᠠᠷ ᠰᠠᠶᠢᠲᠠᠢ ᠪᠦᠬᠦ ᠲᠠᠯ᠎ᠠ ᠪᠠᠷ | ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ | ᠰᠤᠷᠤᠯᠴᠠᠯᠭ᠎ᠠ ᠶᠢᠨ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠶ᠃ ᠤᠴᠢᠷ ᠶᠠᠪᠤᠳᠠᠯ ᠪᠦᠲᠦᠭᠡᠬᠦ ᠶᠢᠨ | ᠵᠠᠩᠭᠢᠯᠠᠭ᠎ᠠ ᠨᠢ ᠬᠥᠮᠦᠨ ᠳᠤ ᠪᠤᠢ᠂ ᠪᠠᠶᠢᠳᠠᠯ ᠪᠤᠳᠤᠯᠢᠶᠠᠨᠲᠠᠢ᠂ ᠡᠭᠦᠷᠭᠡ ᠬᠠᠳᠠᠭᠤᠵᠢᠯᠳᠠᠢ ᠪᠣᠯᠬᠤ ᠳᠤᠳᠤᠮ ᠠᠵᠢᠯ | ᠬᠢᠬᠦ ᠤᠬᠠᠮᠰᠠᠷ ᠪᠠ ᠠᠵᠢᠯ ᠬᠢᠵᠦ ᠴᠢᠳᠠᠬᠤ ᠴᠢᠳᠠᠪᠤᠷᠢ ᠲᠠᠢ ᠪᠠᠶᠢᠬᠤ ᠬᠡᠷᠡᠭᠳᠠᠢ᠃ ᠵᠠᠰᠠᠭ ᠤᠨ ᠣᠷᠳᠣᠨ ᠤ | ᠰᠢᠰᠲ᠋ᠧᠮ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠡᠷᠳᠡᠮ ᠴᠢᠳᠠᠪᠤᠷᠢ ᠪᠠᠨ ᠪᠣᠯᠪᠠᠰᠤᠷᠠᠭᠤᠯᠬᠤ ᠪᠠᠷ | ᠮᠡᠳᠡᠯᠭᠡ ᠶᠢᠨ ᠪᠦᠲᠦᠴᠡ ᠶᠢ ᠲᠡᠭᠦᠯᠳᠡᠷᠵᠢᠭᠦᠯᠬᠦ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ | ᠪᠦᠲᠦᠮᠵᠢᠲᠡᠶ ᠠᠷᠭ᠎ᠠ ᠪᠠᠷᠢᠯ ᠪᠣᠯᠭᠠᠵᠤ᠂ ᠰᠢᠰᠲ᠋ᠧᠮ ᠤᠨ ᠰᠤᠷᠤᠯᠴᠠᠯᠭ᠎ᠠ ᠪᠠ ᠲᠤᠰᠬᠠᠶ ᠮᠡᠷᠭᠡᠵᠢᠯ ᠤᠨ | ᠰᠤᠷᠤᠯᠴᠠᠯᠭ᠎ᠠ ᠶᠢ ᠦᠨᠡᠨ ᠬᠦ ᠴᠢᠩᠭᠠᠳᠬᠠᠵᠤ᠂ ᠠᠵᠤ ᠠᠬᠤᠶ ᠨᠡᠶᠢᠭᠡᠮ ᠤᠨ ᠡᠯ᠎ᠡ ᠬᠦᠷᠢᠶᠡᠨ ᠳᠤ ᠲᠤᠯᠭᠠᠷᠠᠵᠤ | ᠪᠠᠶᠢᠭ᠎ᠠ ᠰᠢᠨ᠎ᠡ ᠥᠷᠢᠰᠥᠯᠳᠦᠭᠡᠨ ᠰᠢᠨ᠎ᠡ ᠠᠵᠠ ᠲᠣᠬᠢᠶᠠᠯ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ | ᠵᠣᠬᠢᠴᠠᠵᠤ᠂ ᠡᠯ᠎ᠡ ᠵᠦᠢᠯ ᠤᠨ ᠮᠡᠳᠡᠯᠭᠡ ᠶᠢ ᠥᠷᠭᠡᠨ ᠢᠶᠠᠷ ᠬᠠᠮᠤᠷᠴᠤ᠂ ᠪᠠᠶᠢᠴᠠᠭᠠᠨ ᠰᠤᠳᠤᠯᠤᠯᠲᠠ ᠶᠢ ᠲᠠᠰᠤᠷᠠᠯᠲᠠ | ᠦᠭᠡᠢ ᠴᠢᠩᠭᠠᠳᠬᠠᠵᠤ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠡᠵᠡᠮᠰᠢᠨ᠂ | ᠦᠢᠯᠡᠴᠢᠯᠡᠬᠡᠨ ᠤ ᠬᠢᠷᠢ ᠬᠡᠮᠵᠢᠶ᠎ᠡ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠶ᠃ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ | ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠡᠯ᠎ᠡ ᠵᠠᠩᠭᠢᠯᠭ᠎ᠠ ᠳᠤ ᠲᠤᠤᠱᠯᠠᠭᠤᠯᠤᠨ᠎ᠠ᠃ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ ᠲᠣᠭᠲᠠᠭᠠᠯ ᠢ | ᠬᠢᠨᠠᠮᠠᠭᠠᠢ ᠬᠡᠷᠡᠭᠵᠢᠭᠦᠯᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠴᠠᠭᠠᠵᠠ ᠶᠢᠨ ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ | ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠪᠠ ᠤᠯᠤᠰ ᠲᠥᠷᠦ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠰᠢᠢᠳᠪᠦᠷᠢᠯᠡᠨ᠎ᠡ᠃ ︽ᠭᠤᠷᠪᠠᠨ ᠴᠢᠬᠤᠯᠠ | ᠨᠢᠭᠡ ᠶᠡᠭᠡ︾ ᠬᠡᠷᠡᠭ ᠵᠥᠪᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠨᠡᠶᠢᠭᠡᠮ ᠤᠨ ᠡᠯ᠎ᠡ ᠡᠲᠡᠭᠡᠳ ᠤᠨ | ᠰᠠᠨᠠᠯ ᠰᠠᠨᠠᠭᠤᠯᠭ᠎ᠠ ᠶᠢ ᠢᠳᠡᠪᠬᠢᠲᠡᠢ ᠰᠣᠨᠣᠰᠴᠤ᠂ ᠵᠠᠰᠠᠭ ᠤᠨ ᠣᠷᠳᠣᠨ ᠤ ᠰᠢᠢᠳᠪᠦᠷᠢᠳᠦ ᠪᠤᠳᠤᠯᠭ᠎ᠠ ᠶᠢᠨ | ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠪ ᠭᠤᠤᠯᠴᠢ ᠪᠣᠯᠪᠠᠰᠤᠨ ᠢᠶᠠᠷ | ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢ ᠶᠢ | ᠢᠯᠡ ᠪᠣᠯᠭᠠᠬᠤ ᠶᠢ ᠪᠥᠬᠦ ᠲᠠᠯ᠎ᠠ ᠪᠠᠷ ᠠᠬᠢᠭᠤᠯᠵᠤ᠂ ᠵᠠᠰᠠᠭ ᠤᠨ ᠤᠷᠳᠤᠨ ᠤ ᠲᠥᠷᠥ ᠶᠢᠨ ᠪᠣᠳᠣᠯᠭ᠎ᠠ ᠶᠢᠨ ᠢᠯᠡ | ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠂ ᠡᠷᠬᠡ ᠶᠢ ᠢᠯᠡ ᠪᠠᠷ ᠬᠡᠷ ᠡᠭᠵᠢᠭᠦᠯᠬᠦ ᠬᠡᠷᠡᠭᠲᠡᠶ᠃ | ᠬᠦᠴᠦᠨ ᠪᠦᠬᠦᠢ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠶ᠃ ᠤᠯᠤᠰ ᠤᠨ ᠵᠠᠰᠠᠯᠲᠠ ᠶᠢᠨ ᠰᠢᠰᠲ᠋ᠧᠮ ᠪᠠ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠱᠠᠭᠠᠷᠳᠠᠯᠭ᠎ᠠ ᠶᠤᠰᠤᠭᠠᠷ᠂ ᠠᠵᠢᠯ ᠤᠨ ᠤᠳᠤᠷᠢᠳᠬᠤ | ᠬᠦᠴᠦᠨ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠬᠦᠴᠦᠨ᠂ ᠡᠭᠦᠷᠭᠡ ᠶᠢᠨ ᠪᠣᠳᠠᠲᠤ ᠬᠦᠴᠦᠨ ᠢ ᠬᠦᠴᠦᠯᠡᠨ | ᠴᠢᠩᠭᠠᠳᠬᠠᠵᠤ᠂ ᠭᠤᠤᠯᠳᠠᠯᠭ᠎ᠠ ᠲᠠᠢ ᠠᠵᠢᠯ ᠳᠤ ᠨᠠᠷᠢᠨ ᠲᠠᠩᠰᠠᠴᠢᠯᠠᠭᠰᠠᠨ ᠲᠤᠬᠢᠷᠠᠭᠤᠯᠤᠯᠳᠠ ᠬᠠᠮᠢᠶᠠᠷᠤᠯᠲᠠ᠂ ᠡᠬᠡ | ᠲᠠᠩᠰᠠ ᠶᠢᠨ ᠬᠡᠯᠪᠡᠷᠢ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠬᠤ᠂ ᠪᠠᠶᠢᠩᠭᠤᠵᠢᠭᠤᠯᠤᠭᠰᠠᠨ ᠮᠥᠷᠳᠡᠨ | ᠳᠠᠭᠠᠵᠤ ᠦᠷ᠎ᠡ ᠪᠦᠲᠦᠮᠵᠢ ᠶᠢ ᠠᠰᠠᠭᠤᠬᠤ ᠶᠢ ᠬᠡᠷᠡᠭᠵᠢᠭᠦᠯᠵᠦ᠂ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ | ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ︽ᠨᠢᠭᠡ ᠬᠥᠯᠭᠡ ᠰᠢᠳᠡᠷ᠎ᠠ︾ ᠶᠢᠨ | ᠰᠡᠳᠬᠢᠬᠦᠶ ᠶᠢ ᠪᠠᠲᠤ ᠪᠠᠬᠢ ᠪᠤᠢ ᠪᠣᠯᠭᠠᠵᠤ᠂ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠬᠤᠭᠤᠷᠣᠨᠳᠣᠬᠢ | ᠠᠵᠢᠯ ᠤᠨ ᠬᠠᠮᠵᠢᠯᠴᠠᠬᠤ ᠴᠢᠨᠠᠷ ᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠤᠯᠠᠨ ᠭᠠᠷᠭᠠᠬᠤ ᠪᠠ ᠲᠦᠷᠦ ᠶᠢᠨ | ᠪᠤᠳᠤᠯᠭ᠎ᠠ ᠶᠢᠨ ᠦᠢᠯᠡᠳᠦᠯ ᠬᠠᠷᠢᠯᠴᠠᠨ ᠲᠤᠯᠭᠠᠨ ᠬᠠᠰᠤᠬᠤ ᠶᠢ ᠰᠡᠷᠭᠡᠶᠢᠯᠡᠨ᠎ᠡ᠃ ᠰᠢᠯᠢᠳᠡᠭ ᠢ ᠨᠢ ᠱᠠᠩᠨᠠᠵᠤ | ᠮᠠᠭᠤ ᠶᠢ ᠨᠢ ᠲᠣᠷᠭᠠᠬᠤ᠂ ᠪᠤᠷᠤᠭᠤ ᠶᠢ ᠨᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠡᠭᠦᠷᠭᠡ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ | ᠦᠨᠡᠨ ᠬᠦ ᠳᠡᠭᠡᠭᠰᠢᠯᠡᠭᠦᠯᠦᠨ᠎ᠡ᠃ | ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠶ᠃ ︽ᠣᠭ ᠰᠠᠨᠠᠭ᠎ᠠ ᠪᠠᠨ ᠥᠯᠥ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠡᠭᠦᠷᠢᠳᠡ ᠵᠤᠬᠰᠤᠰᠢ ᠥᠬᠡᠶ ᠪᠠᠷᠢᠮᠲᠠᠯᠠᠯ ᠢᠶᠠᠷ ᠨᠠᠮ ᠢ ᠪᠥᠬᠦ ᠲᠠᠯ᠎ᠠ ᠪᠠᠷ ᠴᠢᠩᠭ᠎ᠠ | ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ᠎ᠠ᠃ ᠲᠥᠪ ᠬᠤᠷᠢᠶᠠᠨ ᠤ ᠨᠠᠢᠮᠠᠨ | ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠰᠠᠬᠢᠯᠭ᠎ᠠ ᠪᠠᠲᠤ ᠶᠣᠰᠣ ᠲᠦᠷᠢᠮ ᠢ | ᠲᠡᠷᠢᠭᠦᠨ ᠳᠤ ᠲᠠᠯᠪᠢᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ᠎ᠠ᠃ ᠠᠷᠢᠭᠤᠨ | ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠭᠦᠨᠵᠡᠭᠡᠶᠢᠷᠡᠭᠦᠯᠵᠦ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ᠂ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠤᠯᠠᠨ ᠨᠡᠶᠢᠲᠡ ᠶᠢᠨ ᠡᠬᠢ ᠪᠠᠶᠠᠯᠢᠭ ᠢ | ᠠᠷᠠᠯᠵᠢᠶᠠᠯᠠᠬᠤ ᠵᠡᠷᠭᠡ ᠭᠤᠤᠯᠳᠠᠯᠭ᠎ᠠ ᠲᠠᠢ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠦ᠂ ᠤᠯᠠᠨ | ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠬᠤ ᠪᠠ | ᠪᠠᠶᠢᠴᠠᠭᠠᠨ ᠰᠢᠢᠳᠪᠦᠷᠢᠯᠡᠵᠦ᠂ ᠢᠯᠵᠠᠷᠠᠯ ᠢ ᠡᠬᠢ ᠡᠭᠦᠰᠦᠯ ᠠᠴᠠ ᠨᠢ ᠬᠤᠷᠢᠭᠯᠠᠨ ᠵᠣᠭᠰᠣᠭᠠᠵᠤ᠂ ᠠᠷᠠᠳ | ᠤᠯᠠᠨ ᠳᠤ ᠤᠯᠤᠰ ᠲᠦᠷᠦ ᠨᠢ ᠭᠡᠭᠡᠨ ᠰᠠᠷᠠᠭᠤᠯ᠂ ᠵᠠᠰᠠᠭ ᠤᠨ ᠣᠷᠳᠣᠨ ᠨᠢ ᠠᠷᠢᠭᠤᠨ ᠴᠢᠬᠡᠴᠢ᠂ ᠺᠠᠳ᠋ᠷ ᠨᠢ ᠲᠥᠪ | ᠴᠢᠬᠡᠴᠢ ᠪᠠᠶᠢᠬᠤ ᠶᠢ ᠦᠨᠡᠨ ᠬᠦ ᠮᠡᠳᠡᠷᠡᠭᠦᠯᠦᠨ᠎ᠡ᠃ | ᠲᠥᠯᠥᠭᠡᠯᠡᠭᠴᠢᠳ ᠡ︕ ᠬᠦᠨᠳᠦ ᠬᠠᠷᠢᠭᠤᠴᠠᠯᠭ᠎ᠠ ᠡᠭᠦᠷᠭᠡᠯᠡᠯ ᠢ ᠤᠷᠢᠶᠠᠯᠠᠵᠤ᠂ ᠪᠣᠳᠠᠲᠠᠢ ᠠᠵᠢᠯᠯᠠᠵᠤ ᠬᠦᠰᠡᠯ | ᠵᠡᠭᠦᠳᠦ ᠪᠠᠨ ᠲᠡᠷᠭᠡᠯᠰᠢᠬᠦᠯᠦᠨᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠰᠦᠷᠦᠨ | ᠤᠷᠤᠭᠰᠢᠯᠠᠵᠤ᠂ ᠡᠷᠡᠯᠬᠡᠭᠯᠡᠨ ᠲᠡᠮᠡᠴᠡᠵᠦ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠭᠤᠤ ᠶᠡᠭᠡ | ᠢᠯᠠᠯᠲᠠ ᠶᠢ ᠲᠡᠮᠡᠴᠡᠨ ᠣᠯᠵᠤ᠂ ᠬᠤᠤᠯᠢᠩᠭᠤᠤᠯ ᠤᠨ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ᠂ | ᠪᠣᠬᠢᠷᠲᠤᠯ ᠦᠭᠡᠢ ᠬᠥᠭᠵᠢᠯᠲᠡ ᠶᠢᠨ ᠰᠦᠷᠯᠢᠭ ᠰᠠᠶᠢᠬᠠᠨ ᠬᠠᠭᠤᠳᠠᠰᠦ ᠶᠢ ᠪᠢᠴᠢᠭᠯᠡᠬᠦ ᠶᠢᠨ ᠲᠥᠯᠥᠭᠡ ᠴᠥᠬᠦᠷᠡᠰᠢ | ᠦᠭᠡᠢ ᠲᠡᠮᠡᠴᠡᠵᠡᠭᠡᠶ᠎ᠡ︕ |