︽ᠰᠡᠳᠬᠢᠯ ᠤᠨ ᠤᠶᠠᠭᠠᠳᠠᠢ ᠲᠠᠯ᠎ᠠ ᠨᠤᠲᠤᠭ · ᠬᠤᠤᠯᠢᠩᠭᠤᠤᠯ ᠢᠶᠠᠷ ᠲᠤᠭᠤᠷᠢᠨ ᠵᠤᠭᠠᠴᠠᠶ᠎ᠠ︾ ᠭᠤᠤᠯ ᠰᠡᠳᠦᠪᠲᠦ | 2020 ᠣᠨ ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠤᠨ ᠬᠤᠤᠯᠢᠩᠭᠤᠤᠯ ᠬᠤᠲᠠ ᠶᠢᠨ ᠠᠵᠢᠯᠯᠠᠭ᠎ᠠ | ᠵᠢᠩᠬᠢᠨᠢ ᠪᠠᠷ ᠡᠬᠢᠯᠡᠪᠡ | | ᠬᠤᠤᠯᠢᠩᠭᠤᠤᠯ ᠬᠤᠲᠠ ᠶᠢᠨ ᠰᠣᠶᠣᠯ ᠵᠢᠭᠤᠯᠴᠢᠯᠠᠯ ᠤᠨ ᠶᠡᠭᠡ ᠠᠭᠤᠰᠤᠯᠴᠠᠯ ᠤᠨ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ ᠡᠮᠬᠢ ᠵᠢᠷᠤᠮ ᠲᠠᠢ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ | ᠵᠤᠭᠠᠴᠠᠭᠰᠠᠳ ᠲᠤ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠠᠮᠢᠳᠤᠷᠠᠯ ᠢ ᠬᠠᠩᠭᠠᠵᠤ᠂ ᠬᠤᠲᠠ ᠶᠢᠨ ᠰᠣᠶᠣᠯ | ᠪᠠ ᠵᠢᠭᠤᠯᠴᠢᠯᠠᠯ ᠤᠨ ᠲᠣᠪᠴᠢᠶ᠎ᠠ᠂ ᠬᠤᠲᠠ ᠶᠢᠨ ᠵᠢᠭᠤᠯᠴᠢᠯᠠᠯ ᠤᠨ ᠬᠡᠷᠡᠭ ᠶᠠᠪᠤᠳᠠᠯ ᠤᠨ ᠦᠢᠯᠡᠴᠢᠯᠡᠭᠡᠨ ᠤ ᠲᠥᠪ᠂ | ᠬᠤᠲᠠ ᠶᠢᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠺᠣᠮᠫᠠᠨᠢ ᠶᠢᠨ ᠬᠠᠮᠲᠤᠷᠠᠨ ᠡᠷᠭᠢᠯᠡᠭᠰᠡᠨ ︽ | ᠰᠡᠳᠬᠢᠯ ᠤᠨ ᠤᠶᠠᠭᠠᠳᠠᠢ ᠲᠠᠯ᠎ᠠ ᠨᠤᠲᠤᠭ · ᠬᠤᠤᠯᠢᠩᠭᠤᠤᠯ ᠢᠶᠠᠷ ᠲᠤᠭᠤᠷᠢᠨ ᠵᠤᠭᠠᠴᠠᠶ᠎ᠠ︾ 2020 ᠣᠨ ᠤ | ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠤᠨᠬᠤᠤᠯᠢᠩᠭᠤᠤᠯ ᠬᠤᠲᠠ ᠶᠢᠨ ᠭᠤᠤᠯ ᠰᠡᠳᠦᠪᠲᠦ ᠠᠵᠢᠯᠯᠠᠭ᠎ᠠ | 5 ᠰᠠᠷ᠎ᠠ ᠶᠢᠨ 19 ᠤ ᠡᠳᠦᠷ ᠵᠢᠩᠬᠢᠨᠢ ᠪᠠᠷ ᠡᠬᠢᠯᠡᠪᠡ᠃ | | | | | ᠠᠵᠢᠯᠯᠠᠭᠠᠨ ᠤ ᠳᠤᠮᠳᠠ ᠠᠵᠢᠯᠲᠠᠳ ᠬᠠᠭᠠᠨᠳᠦ ᠠᠭᠤᠯᠠ ᠶᠢᠨ ᠦᠵᠡᠮᠵᠢ ᠶᠢᠨ ᠣᠷᠣᠨ᠂ ᠶᠢᠨ ᠰᠠᠨ ᠵᠢᠶᠤᠤ | ᠲᠠᠯᠠᠪᠠᠶ᠂ ᠪᠦᠦ ᠾᠧᠩ ᠬᠤᠳᠠᠯᠳᠤᠭᠠᠨ ᠤ ᠲᠠᠯᠠᠪᠠᠶ ᠵᠡᠷᠭᠡ ᠭᠠᠵᠠᠷ ᠲᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠢᠭᠤᠯᠴᠢᠯᠠᠯ ᠤᠨ ᠬᠠᠤᠯᠢ ᠳᠤᠮᠳᠠᠳᠤ ᠤᠯᠤᠰ ᠤᠨ ᠠᠷᠠᠳ ᠢᠷᠭᠡᠨ ᠤ ᠪᠣᠯᠪᠠᠰᠤᠨ ᠵᠢᠭᠤᠯᠴᠢᠯᠠᠯ ᠤᠨ | ᠭᠡᠷ᠎ᠡ ᠵᠡᠷᠭᠡ ᠪᠠᠷ ᠭᠤᠤᠯ ᠠᠭᠤᠯᠭ ᠠ ᠪᠣᠯᠭᠠᠭᠰᠠᠨ ᠪᠣᠯᠪᠠᠰᠤᠨ ᠵᠢᠭᠤᠯᠴᠢᠯᠠᠯ ᠤᠨ ᠬᠥᠮᠦᠵᠢᠯ ᠤᠨ ᠠᠵᠢᠯᠯᠠᠭ᠎ᠠ | ᠥᠷᠨᠢᠭᠦᠯᠵᠦ᠂ ᠵᠢᠭᠤᠯᠴᠢᠯᠠᠯ ᠤᠨ ᠤᠬᠠᠭᠤᠯᠭ᠎ᠠ ᠶᠢᠨ ᠬᠠᠭᠤᠳᠠᠰᠤ ᠪᠣᠯᠤᠨ ᠤᠬᠠᠭᠤᠯᠭ᠎ᠠ ᠶᠢᠨ ᠡᠳ᠋ 1000 ᠭᠠᠷᠤᠶ | ᠬᠤᠪᠢ ᠲᠠᠷᠬᠠᠭᠠᠵᠠᠶ᠃ ᠬᠤᠲᠠ ᠶᠢᠨ ᠠᠷᠠᠳ ᠲᠤ ᠬᠢᠵᠢᠭ ᠤᠨ ᠪᠠᠶᠢᠳᠠᠯ ᠢ ᠲᠦᠭᠡᠮᠡᠯᠵᠢᠭᠦᠯᠬᠦ ᠬᠤᠭᠤᠴᠠᠭᠠᠨ ᠳᠤ | ᠵᠢᠭᠤᠯᠴᠢᠯᠠᠵᠤ ᠭᠠᠳᠠᠭᠰᠢ ᠭᠠᠷᠬᠤ ᠳᠤ ᠡᠷᠬᠡᠪᠰᠢ ᠮᠡᠳᠡᠬᠦ ᠬᠡᠷᠡᠭᠲᠡᠶ ᠮᠡᠳᠡᠯᠬᠡ ᠶᠢ ᠲᠦᠬᠡᠮᠡᠯᠵᠢᠬᠦᠯᠪᠡ᠃ | ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ︽ᠦᠯᠦᠬᠡᠢ ᠨᠤᠲᠤᠭ ᠮᠢᠨᠢ ᠰᠠᠶᠢᠬᠠᠨ᠂ ᠥᠪᠥᠷ | ᠮᠣᠩᠭᠤᠯ ᠤᠨ ᠬᠥᠮᠦᠰ ᠥᠪᠥᠷ ᠮᠣᠩᠭᠤᠯ ᠳᠤ ᠪᠠᠨ ᠵᠤᠭᠠᠴᠠᠨ ᠲᠤᠭᠤᠷᠢᠶᠠ︾ ᠬᠡᠬᠦ ᠤᠬᠠᠭᠤᠯᠭ᠎ᠠ ᠲᠠᠢ | ᠤᠶᠠᠯᠳᠤᠭᠤᠯᠤᠨ᠂ ︽ᠪᠣᠳᠠᠰ ᠤᠨ ᠪᠤᠰᠤ ᠰᠣᠶᠣᠯ ᠤᠨ ᠥᠪ︾ ᠤᠨ ᠰᠣᠶᠣᠯ ᠢ ᠦᠵᠡᠮᠵᠢ ᠶᠢᠨ ᠣᠷᠣᠨ ᠳᠤ | ᠣᠷᠣᠭᠤᠯᠬᠤ ᠠᠵᠢᠯ ᠢ ᠥᠷᠨᠢᠭᠦᠯᠵᠦ᠂ ᠤᠯᠠᠭᠠᠨᠮᠥ᠋ᠴᠢᠷ ᠤᠨ ᠠᠵᠢᠯᠲᠠᠨ᠂ ᠪᠣᠳᠠᠰ ᠤᠨ ᠪᠤᠰᠤ ᠰᠣᠶᠣᠯ ᠤᠨ ᠥᠪ ᠤᠨ | ᠤᠯᠠᠮᠵᠢᠯᠠᠭᠴᠢ ᠥᠯᠢᠭᠡᠷ᠂ ᠬᠤᠷᠴᠢᠨ ᠠᠷᠠᠳ ᠤᠨ ᠳᠠᠭᠤᠤ᠂ ᠮᠣᠩᠭᠤᠯ ᠦᠨᠳᠦᠰᠦᠲᠡᠨ ᠤ ᠤᠷᠲᠤ ᠶᠢᠨ ᠳᠠᠭᠤᠤ᠂ | ᠬᠦᠤᠮᠡᠢ᠂ ᠠᠨᠳᠠᠶ ᠪᠥᠵᠢᠭ ᠵᠡᠷᠭᠡ ᠲᠤᠭᠯᠠᠯᠳᠠ ᠭᠠᠷᠭᠠᠵᠠᠶ᠃ ᠬᠤᠷᠴᠢᠨ ᠤ ᠡᠯᠪᠡᠭ ᠪᠠᠶᠠᠯᠢᠭ ᠰᠣᠶᠣᠯ ᠤᠨ ᠥᠪ | ᠬᠥᠷᠥᠩᠭᠡ ᠶᠢᠨ ᠡᠬᠢ ᠪᠠᠶᠠᠯᠢᠭ ᠪᠣᠯᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠲᠥᠪᠯᠡᠷᠡᠭᠦᠯᠦᠨ ᠦᠵᠡᠬᠦᠯᠵᠠᠢ᠃ | | ᠢᠷᠡᠯᠲᠡ᠄ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ | | | | | | | | | |