ᠵᠥᠩ ᠰᠢᠩ ᠨᠡᠶᠢᠭᠡᠮ ᠲᠣᠭᠤᠷᠢᠭ ︽5.19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠰᠠᠶᠢᠨ | ᠲᠤᠷᠠᠴᠤᠳ ᠤᠨ ᠦᠢᠯᠡᠴᠢᠯᠡᠭᠡᠨ ᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠠᠢ | | ᠵᠥᠩ ᠰᠢᠩ ᠨᠡᠶᠢᠭᠡᠮ ᠲᠣᠭᠤᠷᠢᠭ ︽5.19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ | ᠰᠠᠶᠢᠨ ᠲᠤᠷᠠᠴᠤᠳ ᠤᠨ ᠦᠢᠯᠡᠴᠢᠯᠡᠭᠡᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠠᠶᠢᠨ ᠳᠤᠷᠠᠴᠤᠳ | ᠬᠠᠷᠢᠶ᠎ᠠ ᠣᠷᠣᠨ ᠤ ᠬᠤᠳᠠᠯᠳᠤᠭᠠᠨ ᠤ ᠲᠠᠯᠠᠪᠤᠷ᠂ ᠰᠠᠭᠤᠭᠠᠯᠢ ᠠᠷᠠᠳ ᠤᠨ ᠵᠢᠵᠢᠭ ᠲᠣᠭᠤᠷᠢᠭ ᠲᠤ ᠭᠦᠨᠵᠡᠭᠡᠶᠢᠷᠡᠵᠦ᠂ | ᠥᠷᠭᠡᠨ ᠣᠯᠠᠨ ᠬᠤᠲᠠ ᠶᠢᠨ ᠠᠷᠠᠳ ᠲᠤ ︽ᠪᠣᠯᠪᠠᠰᠤᠨ ᠵᠢᠭᠤᠯᠴᠢᠯᠠᠯ ᠤᠨ ᠰᠠᠨᠠᠭᠠᠴᠢᠯᠠᠭ᠎ᠠ ᠶᠢᠨ ᠪᠢᠴᠢᠭ︾ ︽ | ᠳᠤᠮᠳᠠᠳᠤ ᠤᠯᠤᠰ ᠤᠨ ᠠᠷᠠᠳ ᠢᠷᠭᠡᠨ ᠤ ᠬᠢᠯᠢ ᠠᠴᠠ ᠭᠠᠷᠴᠤ ᠵᠢᠭᠤᠯᠴᠢᠯᠠᠬᠤ ᠪᠣᠯᠪᠠᠰᠤᠨ ᠦᠢᠯᠡ ᠠᠵᠢᠯᠯᠠᠭ᠎ᠠ ᠶᠢᠨ | ᠵᠦᠭᠯᠡᠭᠦᠷ︾ ︽ᠳᠤᠮᠳᠠᠳᠤ ᠤᠯᠤᠰ ᠤᠨ ᠠᠷᠠᠳ ᠢᠷᠭᠡᠨ ᠤ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ | ᠪᠣᠯᠪᠠᠰᠤᠨ ᠦᠢᠯᠡ ᠠᠵᠢᠯᠯᠠᠭ᠎ᠠ ᠶᠢᠨ ᠨᠡᠶᠢᠲᠡ ᠶᠢᠨ ᠭᠡᠷ᠎ᠡ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ 300 ᠭᠠᠷᠤᠶ | ᠬᠤᠪᠢ ᠲᠠᠷᠬᠠᠭᠠᠵᠠᠶ᠃ ᠡᠭᠦᠨ ᠤ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠤ | ᠬᠠᠮᠢᠶᠠᠷᠤᠯᠲᠠ ᠶᠢᠨ ᠲᠣᠭᠲᠠᠭᠠᠯ ᠢ ᠵᠢᠷᠤᠮᠯᠠᠬᠤ ᠶᠢ ᠰᠠᠨᠠᠭᠠᠴᠢᠯᠠᠵᠠᠶ᠃ ᠠᠮᠠᠪᠴᠢ ᠵᠡᠭᠦᠵᠦ᠂ ᠪᠡᠶ᠎ᠡ ᠶᠢᠨ ᠳᠤᠯᠠᠭᠠᠨ ᠤ | ᠪᠠᠶᠢᠴᠠᠭᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠣᠯᠠᠨ ᠨᠡᠶᠢᠲᠡ ᠶᠢᠨ ᠲᠥᠬᠦᠭᠡᠷᠦᠮᠵᠢ ᠶᠢ | ᠤᠬᠠᠮᠰᠠᠷ ᠠᠴᠠ ᠪᠠᠨ ᠬᠠᠶᠢᠷᠠᠯᠠᠵᠤ᠂ ᠦᠵᠡᠮᠵᠢ ᠶᠢᠨ ᠣᠷᠣᠨ ᠳᠤ ᠳᠤᠷ᠎ᠠ ᠪᠠᠷ ᠢᠶᠠᠨ ᠵᠢᠷᠤᠵᠤ᠂ ᠬᠤᠭ ᠨᠣᠪᠰᠢ | ᠬᠠᠶᠠᠬᠤ ᠦᠭᠡᠢ᠂ ᠪᠣᠯᠪᠠᠰᠤᠨ ᠡᠶ᠎ᠡ ᠵᠣᠬᠢᠴᠠᠯ ᠲᠠᠢ ᠵᠢᠭᠤᠯᠴᠢᠯᠠᠯ ᠤᠨ ᠣᠷᠴᠢᠨ ᠨᠥᠬᠦᠴᠡᠯ ᠢ ᠪᠤᠢ ᠪᠤᠯᠠᠭᠠᠶᠠ ᠬᠡᠵᠦ | ᠤᠷᠢᠶᠠᠯᠠᠵᠠᠢ᠃ | | | | | | |