ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠲᠤ ᠬᠤᠤᠯᠢᠩᠭᠤᠤᠯ ᠬᠤᠲᠠ ᠶᠢᠨ ︽ᠪᠣᠳᠠᠰ ᠤᠨ ᠪᠤᠰᠤ | ᠰᠣᠶᠣᠯ ᠤᠨ ᠥᠪ︾ ᠦᠵᠡᠮᠵᠢ ᠶᠢᠨ ᠣᠷᠣᠨ ᠳᠤ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠦᠷᠨᠢᠬᠦᠯᠪᠡ | | ︽ᠪᠣᠳᠠᠰ ᠤᠨ ᠪᠤᠰᠤ ᠰᠣᠶᠣᠯ ᠤᠨ ᠥᠪ︾ ᠦᠵᠡᠮᠵᠢ ᠶᠢᠨ ᠣᠷᠣᠨ ᠳᠤ ᠵᠢᠭᠤᠯᠴᠢᠯᠠᠯ ᠤᠨ ᠰᠢᠨ᠎ᠡ ᠬᠢᠯᠠᠰ | ᠴᠡᠭ ᠪᠣᠯᠵᠣ᠂ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠲᠤ ᠬᠤᠤᠯᠢᠩᠭᠤᠤᠯ ᠬᠤᠲᠠ ᠶᠢᠨ ︽ᠪᠣᠳᠠᠰ ᠤᠨ | ᠪᠤᠰᠤ ᠰᠣᠶᠣᠯ ᠤᠨ ᠥᠪ︾ ᠦᠵᠡᠮᠵᠢ ᠶᠢᠨ ᠣᠷᠣᠨ ᠳᠤ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ | ᠦᠷᠨᠢᠬᠦᠯᠪᠡ᠃ ᠬᠠᠭᠠᠨᠳᠦ ᠠᠭᠤᠯᠠᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠠᠯᠠᠪᠠᠶ ᠳᠤ ᠬᠥᠷ | ᠬᠥᠭᠵᠢᠶᠡᠨ ᠲᠠᠢ ᠦᠷᠨᠢᠬᠦᠯᠪᠡ᠃ ᠮᠠᠨ ᠤ ᠬᠤᠲᠠ ᠶᠢᠨ ᠠᠷᠠᠳ ᠤᠨ ᠤᠷᠠᠯᠢᠭ ᠤᠨ ᠪᠦᠯᠬᠦᠮ ᠤᠨ ᠠᠪᠴᠢᠷᠠᠭᠰᠠᠨ | ᠮᠣᠷᠢᠨ ᠬᠤᠭᠤᠷ ᠤᠨ ᠬᠥᠭᠵᠢᠮ᠂ ᠲᠦᠷᠪᠡᠨ ᠤᠲᠠᠰᠤᠲᠤ ᠬᠤᠭᠤᠷ᠂ ᠬᠤᠷᠴᠢᠨ ᠠᠷᠠᠳ ᠤᠨ ᠳᠠᠭᠤᠤ ᠵᠡᠷᠭᠡ | ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠪᠦᠲᠦᠭᠡᠯ ᠡᠭᠡᠯᠵᠢᠯᠡᠨ ᠲᠣᠭᠯᠠᠵᠠᠶ᠃ ᠲᠣᠭᠯᠠᠯᠲᠠ ᠶᠢᠨ | ᠠᠬᠤᠢ ᠲᠠᠯᠠᠪᠠᠢ ᠳᠤ᠂ ᠲᠣᠭᠯᠠᠭᠴᠢᠳ ᠤᠨ ᠰᠣᠨᠣᠰᠪᠤᠷᠢᠲᠠᠢ ᠳᠠᠭᠤᠤ ᠵᠢᠴᠢ ᠮᠤᠷᠢᠨ ᠬᠤᠭᠤᠷ ᠤᠨ ᠠᠶᠠᠰ | ᠬᠠᠩᠭᠢᠨᠠᠮ᠎ᠠ ᠶᠠᠲᠤᠭ᠎ᠠ ᠶᠢᠨ ᠲᠠᠭᠤᠨ ᠮᠠᠰᠢ ᠤᠯᠠᠨ ᠵᠤᠭᠠᠴᠠᠭᠰᠠᠳ ᠤᠨ ᠠᠩᠬᠠᠷᠤᠯ ᠢ ᠲᠠᠲᠠᠪᠠ᠃ | | | | | ︽ᠮᠠᠨ ᠤ ᠡᠨᠡ ᠬᠦ ᠪᠣᠳᠠᠰ ᠤᠨ ᠪᠤᠰᠤ ᠰᠣᠶᠣᠯ ᠤᠨ ᠥᠪ ᠤᠨ ᠦᠵᠡᠮᠵᠢ ᠶᠢᠨ ᠣᠷᠣᠨ ᠳᠤ ᠣᠷᠣᠵᠤ᠂ ᠮᠠᠨ ᠤ | ᠰᠣᠶᠣᠯ ᠤᠨ ᠥᠪ ᠬᠥᠷᠥᠩᠭᠡ ᠪᠠᠨ ᠰᠤᠷᠲᠠᠯᠴᠢᠯᠠᠵᠤ᠂ ᠵᠢᠭᠤᠯᠴᠢᠳ ᠲᠤ ᠨᠤᠲᠤᠭ ᠤᠨ ᠠᠷᠠᠳ ᠤᠨ ᠪᠠᠶᠢᠳᠠᠯ᠂ | ᠥᠪᠥᠷ ᠮᠣᠩᠭᠤᠯ ᠤᠨ ᠰᠣᠶᠣᠯ ᠢ ᠣᠶᠢᠯᠠᠭᠠᠭᠤᠯᠬᠤ ᠶᠢᠨ ᠲᠥᠯᠥᠭᠡ ᠶᠤᠮ᠃ ᠰᠣᠶᠣᠯ ᠤᠨ ᠬᠦᠷᠢᠶᠡᠨ ᠳᠠᠬᠢ ᠬᠠᠮᠤᠭ | ᠲᠥᠯᠥᠭᠡᠯᠡᠬᠦ ᠴᠢᠨᠠᠷᠲᠠᠶ ᠪᠣᠳᠠᠰ ᠤᠨ ᠪᠤᠰᠤ ᠰᠣᠶᠣᠯ ᠤᠨ ᠥᠪ ᠪᠣᠯᠤᠭᠰᠠᠨ ᠤ ᠬᠤᠪᠢ ᠳᠤ᠂ ᠵᠢᠭᠤᠯᠴᠢᠯᠠᠯ ᠤᠨ | ᠪᠦᠲᠦᠭᠡᠭᠳᠡᠬᠦᠨ ᠪᠣᠯᠵᠤ ᠬᠤᠪᠢᠷᠠᠮᠠᠭᠴᠠ ᠰᠢᠨ᠎ᠡ ᠪᠠᠷ ᠮᠠᠨᠳᠤᠭᠰᠠᠨ ᠰᠣᠶᠣᠯ ᠵᠢᠭᠤᠯᠴᠢᠯᠠᠯ ᠤᠨ ᠠᠵᠤ ᠦᠶ᠋ᠯᠡᠰ ᠤᠨ | ᠡᠵᠡᠩᠨᠡᠯᠲᠡ ᠶᠢᠨ ᠬᠡᠯᠪᠡᠷᠢ ᠪᠣᠯᠵᠤ᠂ ᠮᠠᠨ ᠤ ᠬᠤᠲᠠ ᠶᠢᠨ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠢ | ᠬᠥᠭᠵᠢᠭᠦᠯᠬᠦ ᠳᠤ ᠬᠡᠮᠡᠷᠯᠢᠭ ᠳᠡᠭᠡᠷ᠎ᠡ ᠬᠠᠳᠬᠤᠮᠠᠯ ᠨᠡᠮᠡᠵᠦ ᠥᠭᠭᠦᠨ᠎ᠡ︾ ᠬᠡᠵᠦ ᠬᠤᠲᠠ ᠶᠢᠨ ᠰᠣᠶᠣᠯ ᠪᠠ | ᠵᠢᠭᠤᠯᠴᠢᠯᠠᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠡᠯᠡᠪᠡ᠃ | | | | | ᠣᠶᠢᠯᠠᠭᠠᠭᠰᠠᠨ ᠢᠶᠠᠷ᠂ 2020 ᠤᠨ᠂ ᠮᠠᠨ ᠤ ᠬᠤᠲᠠ ᠰᠣᠶᠣᠯ ᠪᠣᠯᠤᠨ ᠵᠤᠭᠠᠴᠠᠯ ᠤᠨ ᠭᠦᠨᠵᠡᠭᠡᠢ | ᠠᠭᠤᠰᠤᠯᠴᠠᠨ ᠬᠥᠭᠵᠢᠬᠦ ᠶᠢ ᠪᠦᠬᠦ ᠬᠦᠴᠦᠨ ᠢᠶᠠᠷ ᠠᠬᠢᠭᠤᠯᠵᠦ᠂ ︽ᠪᠣᠳᠠᠰ ᠤᠨ ᠪᠤᠰᠤ ᠰᠣᠶᠣᠯ ᠤᠨ ᠥᠪ︾ ᠢ | ᠦᠵᠡᠮᠵᠢ ᠶᠢᠨ ᠣᠷᠣᠨ ᠳᠤ ᠣᠷᠣᠭᠤᠯᠵᠤ᠂ ᠦᠵᠡᠮᠵᠢ ᠶᠢᠨ ᠣᠷᠣᠨ ᠤ ᠵᠢᠭᠤᠯᠴᠢᠯᠠᠯ ᠤᠨ ᠰᠢᠨ᠎ᠡ ᠭᠢᠯᠠᠰ ᠴᠡᠭ | ᠪᠣᠯᠭᠠᠨ ᠴᠣᠭᠴᠠᠯᠠᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠭᠠᠷᠠᠭ ᠪᠦᠷᠢ ᠦᠵᠡᠮᠵᠢ ᠶᠢᠨ ᠣᠷᠣᠨ ᠳᠤ ᠬᠦᠷᠴᠦ | ᠨᠢᠭᠡ ᠤᠳᠠᠭᠠᠨ ᠤ ︽ᠪᠣᠳᠠᠰ ᠤᠨ ᠪᠤᠰᠤ ᠰᠣᠶᠣᠯ ᠤᠨ ᠥᠪ︾ ᠤᠨ ᠤᠷᠠᠨ ᠰᠠᠶᠢᠬᠠᠨ ᠤ ᠲᠣᠭᠯᠠᠯᠲᠠ ᠶᠢᠨ | ᠠᠵᠢᠯᠯᠠᠭ᠎ᠠ ᠥᠷᠨᠢᠭᠦᠯᠵᠦ᠂ ︽ᠪᠣᠳᠠᠰ ᠤᠨ ᠪᠤᠰᠤ ᠰᠣᠶᠣᠯ ᠤᠨ ᠥᠪ︾ ᠢ ᠠᠷᠠᠳ ᠣᠯᠠᠨ ᠤ ᠬᠠᠷᠠᠭᠠᠨ ᠳᠤ | ᠣᠷᠣᠭᠤᠯᠬᠤ ᠶᠢᠨ ᠬᠠᠮᠲᠤ ︽ᠪᠣᠳᠠᠰ ᠤᠨ ᠪᠤᠰᠤ ᠰᠣᠶᠣᠯ ᠤᠨ ᠥᠪ︾ ᠤᠨ ᠣᠨᠴᠠᠯᠢᠭ ᠢᠶᠠᠷ ᠦᠵᠡᠮᠵᠢ ᠶᠢᠨ | ᠣᠷᠣᠨ ᠤ ᠬᠢᠯᠠᠰ ᠴᠡᠭ ᠢ ᠨᠡᠮᠡᠭᠳᠡᠭᠦᠯᠵᠦ᠂ ᠵᠤᠭᠠᠴᠠᠯ ᠤᠨ ᠬᠥᠭᠵᠢᠯᠲᠡ ᠶᠢ ᠬᠠᠮᠲᠤᠪᠠᠷ ᠠᠬᠢᠭᠤᠯᠤᠨ᠎ᠠ᠃ | | | | | |