ᠪᠣᠳᠠᠰ ᠤᠨ ᠪᠤᠰᠤ ᠰᠣᠶᠣᠯ ᠤᠨ ᠥᠪ ᠦᠵᠡᠮᠵᠢ ᠶᠢᠨ ᠣᠷᠣᠨ ᠳᠤ ᠬᠦᠨᠵᠡᠬᠡᠶᠢᠷᠡᠨ ᠬᠤᠤᠯᠢᠩᠭᠤᠤᠯ ᠬᠤᠳᠠ ᠶᠢᠨ | ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠪᠠ | | ︽ᠥᠨᠥᠳᠥᠷ ᠤᠤᠯ ᠨᠢ ᠠᠭᠤᠯᠠ ᠠᠪᠠᠷᠢᠬᠤ ᠪᠠᠷ ᠢᠷᠡᠭᠰᠡᠨ ᠶᠤᠮ᠃ ᠠᠳᠡ ᠪᠠᠰᠠ ᠪᠣᠳᠠᠰ ᠤᠨ ᠪᠤᠰᠤ | ᠰᠣᠶᠣᠯ ᠤᠨ ᠥᠪ ᠤᠨ ᠲᠣᠭᠯᠠᠯᠲᠠ ᠶᠢ ᠦᠵᠡᠵᠦ ᠮᠣᠩᠭᠤᠯ ᠦᠨᠳᠦᠰᠦᠲᠡᠨ ᠤ ᠤᠯᠠᠮᠵᠢᠯᠠᠯᠳᠦ ᠰᠣᠶᠣᠯ ᠤᠨ | ᠤᠷᠠᠯᠢᠭ ᠤᠨ ᠷᠢᠳᠢ ᠰᠢᠳᠢ ᠶᠢ ᠹᠢᠯᠢᠮ ᠪᠤᠯᠭᠠᠨ ᠲᠡᠮᠳᠡᠭᠯᠡᠵᠦ᠂ ᠬᠠᠵᠠᠭᠤᠳᠠᠬᠢ ᠨᠠᠶᠢᠵᠠ ᠤᠳ ᠲᠠᠢ ᠪᠠᠨ | ᠬᠤᠪᠢᠶᠠᠯᠴᠠᠵᠤ᠂ ᠪᠤᠰᠤᠳ ᠬᠦᠮᠦᠰ ᠲᠤ ᠪᠣᠳᠠᠰ ᠤᠨ ᠪᠤᠰᠤ ᠰᠣᠶᠣᠯ ᠤᠨ ᠥᠪ ᠢ ᠢᠯᠡᠭᠦᠬᠡᠨ ᠤᠶᠢᠯᠭᠠᠭᠤᠯᠵᠦ᠂ | ᠮᠠᠨ ᠤ ᠬᠤᠲᠠ ᠶᠢᠨ ᠨᠢᠭᠡᠨ ᠵᠤᠭᠠᠴᠠᠭᠴᠢ ᠬᠠᠭᠠᠨᠳᠦ ᠠᠭᠤᠯᠠᠨ ᠤ ᠦᠵᠡᠮᠵᠢ ᠶᠢᠨ ᠣᠷᠣᠨ ᠳᠤ | ᠲᠤᠭᠯᠠᠯᠳᠠ ᠰᠣᠨᠢᠷᠬᠠᠬᠤ ᠳᠠᠭᠠᠨ ᠰᠤᠷᠪᠤᠯᠵᠢᠯᠠᠭᠴᠢ ᠳᠤ ᠬᠡᠯᠡᠪᠡ᠃ | | | | | ᠠᠷᠠᠳ ᠣᠯᠠᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ | ᠠᠯᠬᠤᠮ ᠲᠡᠭᠡᠭᠰᠢᠯᠡᠭᠦᠯᠬᠦ ᠶᠢᠨ ᠲᠥᠯᠥᠭᠡ᠂ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ | ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠳᠠ ᠶᠢᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ | ᠪᠤᠢ ᠪᠣᠯᠭᠠᠵᠤ᠂ ᠣᠶᠢᠷ᠎ᠠ ᠳᠤ᠂ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ︽ᠤᠳᠤᠮᠰᠢᠯ ᠤᠨ | ᠪᠤᠰᠤ ᠪᠠᠷ ᠡᠷᠡᠭᠦᠯ ᠴᠢᠭᠢᠷᠠᠭ ᠠᠮᠢᠳᠤᠷᠠᠯ ᠢ ᠵᠠᠯᠭᠠᠮᠵᠢᠯᠠᠶ᠎ᠠ︾ ᠬᠡᠬᠦ ᠭᠤᠤᠯ ᠰᠡᠳᠦᠪ ᠪᠣᠯᠭᠠᠭᠰᠠᠨ ᠪᠣᠳᠠᠰ ᠤᠨ ᠪᠤᠰᠤ | ᠰᠣᠶᠣᠯ ᠤᠨ ᠥᠪ ᠤᠨ ᠦᠵᠡᠭᠦᠯᠦᠯᠭᠡ ᠶᠢ ᠦᠵᠡᠮᠵᠢ ᠶᠢᠨ ᠣᠷᠣᠨ ᠳᠤ ᠣᠷᠣᠭᠤᠯᠬᠤ ᠰᠢᠷᠢᠰ ᠠᠵᠢᠯᠯᠠᠭ᠎ᠠ ᠶᠢ | ᠲᠥᠪᠯᠡᠷᠡᠭᠦᠯᠦᠨ ᠦᠷᠨᠢᠬᠦᠯᠵᠦ᠂ ᠮᠠᠨ ᠤ ᠬᠤᠲᠠ ᠶᠢᠨ ᠥᠪᠡᠷᠮᠢᠴᠡ ᠰᠣᠶᠣᠯ ᠤᠨ ᠷᠢᠳᠢ ᠰᠢᠳᠢ ᠲᠠᠢ ᠪᠣᠳᠠᠰ ᠤᠨ | ᠪᠤᠰᠤ ᠰᠣᠶᠣᠯ ᠤᠨ ᠥᠪ ᠢ ᠪᠦᠬᠦ ᠲᠠᠯ᠎ᠠ ᠪᠠᠷ ᠳᠡᠯᠭᠡᠨ ᠦᠵᠡᠭᠦᠯᠵᠡᠶ᠃ ᠪᠣᠳᠠᠰ ᠤᠨ ᠪᠤᠰᠤ ᠰᠣᠶᠣᠯ ᠤᠨ ᠥᠪ ᠤᠨ | ᠵᠦᠢᠯᠡᠰ ᠤᠨ ᠤᠯᠠᠮᠵᠢᠯᠠᠨ ᠲᠠᠷᠬᠠᠭᠠᠬᠤ ᠬᠡᠮᠵᠢᠶ᠎ᠡ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ | | | | | ︽ᠮᠠᠨ ᠤ ᠦᠵᠡᠭᠦᠯᠦᠯᠭᠡ ᠶᠢᠨ ᠠᠭᠤᠯᠭ᠎ᠠ ᠳᠤ ᠵᠠᠭᠤᠨ ᠬᠥᠮᠦᠨ ᠤ ᠠᠨᠳᠠᠶ ᠪᠥᠵᠢᠭ᠂ ᠤᠯᠠᠮᠵᠢᠯᠠᠯᠲᠤ ᠮᠣᠩᠭᠤᠯ | ᠦᠨᠳᠦᠰᠦᠳᠡᠨ ᠤ ᠬᠤᠪᠴᠠᠰᠤ ᠵᠠᠰᠠᠯ ᠤᠨ ᠦᠵᠡᠭᠦᠯᠦᠯᠭᠡ᠂ ᠨᠠᠶᠢᠷᠠᠯ ᠪᠥᠵᠢᠭ᠂ ᠮᠣᠷᠢᠨ ᠬᠤᠭᠤᠷ ᠤᠨ ᠨᠠᠶᠢᠷᠠᠯ | ᠬᠥᠭᠵᠢᠮ᠂ ᠮᠤᠩᠭᠤᠯ ᠦᠨᠳᠦᠰᠦᠲᠡᠨ ᠤ ᠬᠦᠤᠮᠠᠢ ᠵᠡᠷᠭᠡ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ | ᠲᠥᠷᠥᠯ ᠵᠦᠢᠯ ᠪᠠᠭᠲᠠᠨ᠎ᠠ᠃ ᠬᠤᠲᠠ ᠶᠢᠨ ᠰᠣᠶᠣᠯ ᠤᠨ ᠣᠷᠳᠣᠨ ᠤ ᠳᠠᠷᠤᠭ᠎ᠠ ᠭᠦᠸᠧ ᠬᠤᠩ ᠲᠤᠤ᠄ | ᠦᠵᠡᠭᠦᠯᠦᠯᠭᠡ ᠪᠠᠷ ᠳᠠᠮᠵᠢᠨ ᠣᠶᠢᠷ᠎ᠠ ᠶᠢᠨ ᠵᠢᠯ ᠤᠨ ᠲᠤᠷᠰᠢ ᠮᠠᠨ ᠤ ᠬᠤᠲᠠ ᠶᠢᠨ ᠪᠣᠳᠠᠰ ᠤᠨ ᠪᠤᠰᠤ ᠰᠣᠶᠣᠯ ᠤᠨ | ᠥᠪ ᠢ ᠬᠠᠮᠠᠭᠠᠯᠠᠭᠰᠠᠨ ᠦᠷ᠎ᠡ ᠪᠦᠲᠦᠭᠡᠯ ᠢ ᠳᠡᠯᠭᠡᠨ ᠦᠵᠡᠭᠦᠯᠦᠭᠰᠡᠨ᠂ ᠪᠣᠳᠠᠰ ᠤᠨ ᠪᠤᠰᠤ ᠰᠣᠶᠣᠯ ᠤᠨ ᠥᠪ ᠢ | ᠠᠮᠢᠯᠠᠭᠤᠯᠵᠠᠶ᠃ ᠪᠠᠰᠠ ᠦᠵᠡᠮᠵᠢ ᠶᠢᠨ ᠣᠷᠣᠨ ᠤ ᠬᠥᠮᠦᠨ ᠰᠣᠶᠣᠯ ᠤᠨ ᠣᠷᠴᠢᠨ ᠲᠣᠭᠤᠷᠢᠨ ᠵᠢᠴᠢ ᠮᠠᠨ ᠤ | ᠬᠤᠲᠠ ᠶᠢᠨ ᠵᠤᠭᠠᠴᠠᠯ ᠤᠨ ᠨᠡᠷ ᠡ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠬᠦ ᠳᠤ ᠬᠦᠴᠦᠨ | ᠨᠡᠮᠡᠷᠢᠯᠡᠨ᠎ᠡ ᠬᠡᠵᠦ ᠦᠨᠳᠦᠷ ᠦᠨᠡᠯᠡᠪᠠ᠃ | | | | | ᠤᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ | ᠤᠯᠠᠮᠵᠢᠯᠠᠨ ᠵᠠᠯᠭᠠᠮᠵᠢᠯᠠᠬᠤ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠳᠠᠰ ᠤᠨ ᠪᠤᠰᠤ ᠰᠣᠶᠣᠯ ᠤᠨ | ᠥᠪ ᠤᠨ ᠨᠡᠷᠡᠰ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭ᠎ᠠ ᠠᠳᠬᠠᠵᠤ᠂ ᠣᠲᠣ | ᠪᠣᠯᠲᠠᠯ᠎ᠠ᠂ ᠮᠠᠨ ᠤ ᠬᠤᠲᠠ ᠳᠤ ᠪᠠᠶᠢᠭ᠎ᠠ ᠲᠣᠭᠤᠷᠢᠭ ᠤᠨ ᠲᠠᠰ ᠤᠨ ᠲᠥᠷᠥᠯ ᠵᠦᠢᠯ 1᠂ ᠬᠤᠲᠠ ᠶᠢᠨ ᠲᠠᠰ ᠤᠨ | ᠲᠥᠷᠥᠯ ᠵᠦᠢᠯ 4᠂ ᠬᠤᠰᠢᠭᠤ ᠰᠢᠶᠠᠨ ᠤ ᠱᠠᠲᠤᠨ ᠤ ᠲᠥᠷᠥᠯ ᠵᠦᠢᠯ 9 ᠪᠣᠶ᠃ ᠥᠪᠡᠷᠲᠡᠭᠡᠨ ᠵᠠᠰᠠᠬᠤ | ᠣᠷᠣᠨ ᠠᠴᠠ ᠨᠡᠷᠡᠶᠢᠳᠦᠭᠳᠡᠭᠰᠡᠨ ᠣᠷᠣᠨ ᠤ ᠲᠡᠰ ᠤᠨ ᠤᠯᠠᠮᠵᠢᠯᠠᠭᠴᠢ 5 ᠬᠥᠮᠦᠨ᠂ ᠲᠦᠩᠯᠢᠶᠣᠤ ᠬᠤᠲᠠ ᠶᠢᠨ | ᠨᠡᠷᠡᠶᠢᠳᠦᠭᠳᠡᠭᠰᠡᠨ ᠬᠤᠲᠠ ᠶᠢᠨ ᠲᠡᠰ ᠤᠨ ᠤᠯᠠᠮᠵᠢᠯᠠᠭᠴᠢ 5 ᠬᠥᠮᠦᠨ᠂ ᠬᠤᠤᠯᠢᠩᠭᠤᠤᠯ ᠬᠤᠲᠠ ᠶᠢᠨ | ᠨᠡᠷᠡᠶᠢᠳᠦᠭᠳᠡᠭᠰᠡᠨ ᠬᠤᠰᠢᠭᠤ ᠰᠢᠶᠠᠨ ᠤ ᠲᠡᠰ ᠤᠨ ᠤᠯᠠᠮᠵᠢᠯᠠᠭᠴᠢ 16 ᠬᠥᠮᠦᠨ ᠪᠠᠶᠢᠨ᠎ᠠ᠃ | | | | | ᠮᠠᠨ ᠤ ᠬᠤᠲᠠ ᠶᠢᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠳᠠᠭᠠᠯᠳᠤᠨ᠂ ᠬᠤᠤᠯᠢᠩᠭᠤᠤᠯ ᠳᠤ | ᠲᠠᠷᠬᠠᠵᠤ ᠪᠠᠶᠢᠭ᠎ᠠ ᠪᠣᠳᠠᠰ ᠤᠨ ᠪᠤᠰᠤ ᠰᠣᠶᠣᠯ ᠤᠨ ᠥᠪ ᠴᠦ ᠮᠠᠨ ᠤ ᠬᠤᠲᠠ ᠶᠢᠨ ᠵᠢᠭᠤᠯᠴᠢᠯᠠᠯ ᠤᠨ ᠵᠠᠬ᠎ᠠ | ᠳᠡᠯᠭᠡᠭᠦᠷ ᠢ ᠲᠡᠭᠦᠯᠳᠡᠷᠵᠢᠭᠦᠯᠵᠦ᠂ ᠵᠢᠭᠤᠯᠴᠢᠳ ᠤᠨ ᠵᠢᠭᠤᠯᠴᠢᠯᠠᠯ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠠᠶ | ᠃ ᠵᠢᠭᠤᠯᠴᠢᠯᠠᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃ ᠰᠣᠶᠣᠯ ᠵᠢᠭᠤᠯᠴᠢᠯᠠᠯ ᠤᠨ ᠠᠭᠤᠰᠤᠯᠴᠠᠨ | ᠬᠥᠭᠵᠢᠬᠦ ᠶᠢ ᠠᠬᠢᠭᠤᠯᠬᠤ ᠶᠢᠨ ᠲᠥᠯᠥᠭᠡ᠂ ᠮᠠᠨ ᠤ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠨ ᠤᠯᠠᠮᠵᠢᠯᠠᠬᠤ ᠠᠵᠢᠯ ᠤᠨ ᠦᠷ᠎ᠡ ᠪᠦᠳᠦᠬᠡᠯ ᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠬᠤᠲᠠ ᠶᠢᠨ | ᠰᠣᠶᠣᠯ ᠪᠣᠯᠤᠨ ᠵᠢᠭᠤᠯᠴᠢᠯᠠᠯ ᠤᠨ ᠲᠣᠪᠴᠢᠶ᠎ᠠ ᠶᠢᠨ ᠢᠳᠡᠪᠬᠢᠲᠡᠶ ᠠᠵᠢᠯᠯᠠᠭ᠎ᠠ ᠶᠢ ᠬᠠᠷᠠᠭᠤᠯᠵᠠᠶ᠃ ᠦᠵᠡᠮᠵᠢ ᠶᠢᠨ | ᠣᠷᠣᠨ ᠳᠤ ᠬᠦᠷᠴᠦ ᠰᠢᠷᠢᠰ ᠦᠵᠡᠭᠦᠯᠦᠯᠭᠡ ᠶᠢᠨ ᠲᠣᠭᠯᠠᠯᠲᠠ ᠥᠷᠨᠢᠭᠦᠯᠬᠦ ᠠᠴᠠ ᠭᠠᠳᠠᠨ᠎ᠠ᠂ ᠪᠠᠰᠠ ᠨᠡᠶᠢᠭᠡᠮ | ᠲᠣᠭᠤᠷᠢᠭ ᠲᠤ ᠦᠢᠯᠡᠰ ᠪᠤᠰᠬᠠᠬᠤ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ | ᠪᠤᠯᠪᠠᠰᠤᠷᠠᠯ ᠤᠨ ᠠᠩᠬᠢ ᠶᠢ ᠪᠠᠶᠢᠭᠤᠯᠵᠤ᠂ ᠤᠳᠤᠮᠰᠢᠯ ᠤᠨ ᠪᠤᠰᠤ ᠵᠠᠯᠭᠠᠮᠵᠢᠯᠠᠭᠴᠢ ᠳᠦᠷᠪᠡᠨ ᠤᠲᠠᠰᠤᠲᠤ ᠬᠤᠭᠤᠷ᠂ | ᠮᠤᠷᠢᠨ ᠬᠤᠭᠤᠷ᠂ ᠬᠤᠷᠴᠢᠨ ᠠᠷᠠᠳ ᠤᠨ ᠳᠠᠭᠤᠤ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ | ᠵᠦᠢᠯ ᠳᠤ ᠵᠢᠭᠠᠨ ᠰᠤᠷᠭᠠᠬᠤ ᠠᠵᠢᠯ ᠥᠷᠨᠢᠭᠦᠯᠵᠡᠢ᠃ ᠡᠭᠦᠨ ᠤ ᠬᠠᠮᠲᠤ᠂ ᠤᠳᠤᠮᠯᠠᠯ ᠤᠨ ᠪᠤᠰᠤ ᠵᠠᠯᠭᠠᠮᠵᠢᠯᠠᠭᠴᠢ ᠶᠢ | ᠵᠣᠬᠢᠶᠠᠨ ᠪᠠᠶᠢᠭᠤᠯᠵᠤ ᠸᠢᠴᠠᠲ᠂ ᠴᠤᠤᠷᠢᠶ᠎ᠠ ᠲᠠᠪᠴᠠᠩ ᠢ ᠵᠣᠬᠢᠶᠠᠨ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ | ᠥᠪ ᠢ ᠰᠦᠯᠵᠢᠶᠡᠨ ᠳᠡᠭᠡᠷ᠎ᠡ ᠤᠯᠠᠮᠵᠢᠯᠠᠨ ᠳᠡᠯᠭᠡᠷᠡᠭᠦᠯᠬᠦ ᠶᠢ ᠪᠡᠶᠡᠯᠡᠭᠦᠯᠪᠡ᠃ | | | | | ᠬᠤᠲᠠ ᠶᠢᠨ ᠰᠣᠶᠣᠯ ᠤᠨ ᠣᠷᠳᠣᠨ ᠤ ᠳᠠᠷᠤᠭ᠎ᠠ ᠭᠦᠸᠧ ᠬᠤᠩ ᠲᠤᠤ ᠰᠤᠷᠪᠤᠯᠵᠢᠯᠠᠭᠴᠢ ᠳᠤ᠄ ︽ᠳᠠᠷᠠᠭ᠎ᠠ | ᠠᠯᠬᠤᠮ᠂ ᠪᠢᠳᠡ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ | ᠤᠯᠠᠮᠵᠢᠯᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠪᠣᠳᠠᠰ ᠤᠨ ᠪᠤᠰᠤ ᠰᠣᠶᠣᠯ ᠤᠨ ᠥᠪ ᠪᠣᠯᠤᠨ | ᠵᠢᠭᠤᠯᠴᠢᠯᠠᠯ ᠤᠨ ᠲᠠᠰᠤᠷᠠᠯᠲᠠ ᠤᠢᠭᠡᠢ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠵᠢᠭᠤᠯᠴᠢᠯᠠᠯ ᠳᠤ | ᠨᠡᠩ ᠰᠠᠶᠢᠨ ᠲᠣᠬᠢᠶᠠᠯ ᠣᠯᠭᠤᠵᠠᠶ᠃ ᠪᠣᠳᠠᠰ ᠤᠨ ᠪᠤᠰᠤ ᠰᠣᠶᠣᠯ ᠤᠨ ᠥᠪ ᠤᠨ ᠲᠥᠰᠦᠯ ᠢ ᠤᠯᠠᠮ ᠨᠢᠭᠡ ᠠᠯᠬᠤᠮ | ᠬᠦᠭᠵᠢᠬᠦᠯᠬᠦ ᠨᠢ ᠮᠠᠨ ᠤ ᠬᠤᠲᠠ ᠶᠢᠨ ᠵᠢᠭᠤᠯᠴᠢᠯᠠᠯ ᠤᠨ ᠰᠤᠶᠤᠯ ᠤᠨ ᠠᠭᠤᠯᠤᠭᠳᠠᠴᠠ ᠶᠢ ᠳᠡᠭᠡᠭᠰᠢᠯᠡᠭᠦᠯᠦᠨ᠎ᠡ ᠬᠡᠵᠦ | ᠲᠠᠶᠢᠯᠪᠤᠷᠢᠯᠠᠯ᠎ᠠ᠃ | | | |