ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠦᠢᠯᠡᠰ ᠤᠨ ᠥᠭᠡᠷᠡᠴᠢᠯᠡᠯᠲᠡ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠰᠢᠨ᠎ᠡ ᠬᠤᠤᠯᠢᠩᠭᠤᠤᠯ ᠤᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2020/7/9
 ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠦᠢᠯᠡᠰ ᠤᠨ ᠥᠭᠡᠷᠡᠴᠢᠯᠡᠯᠲᠡ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠰᠢᠨ᠎ᠡ ᠬᠤᠤᠯᠢᠩᠭᠤᠤᠯ ᠤᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠨ᠎ᠡ

   ᠰᠤᠷᠪᠤᠯᠵᠢᠯᠠᠭᠰᠠᠨ ᠴᠠᠭ᠄ 2020 — 07 — 09 ᠤ ᠡᠳᠦᠷ ᠤᠨ 10᠄ 49

   ᠰᠤᠷᠪᠤᠯᠵᠢᠯᠠᠭᠰᠠᠨ ᠵᠣᠴᠢᠨ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ

ᠲᠤᠪᠴᠢᠶᠠᠨ ᠳᠠᠷᠤᠭ᠎ᠠ ᠱᠤᠸᠠᠩ ᠯᠦᠩ

   ᠭᠤᠤᠯ ᠠᠭᠤᠯᠭ᠎ᠠ᠄ 2019 ᠣᠨ ᠤ 3 ᠳ᠋ᠤᠭᠠᠷ ᠰᠠᠷ᠎ᠠ ᠳᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ

ᠬᠠᠮᠢᠶᠠᠷᠤᠯᠲᠠ ᠶᠢᠨ ᠲᠣᠪᠴᠢᠶ᠎ᠠ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠵᠤ᠂ ᠰᠢᠨ᠎ᠡ ᠪᠠᠷ ᠪᠠᠶᠢᠭᠤᠯᠤᠭᠳᠠᠭᠰᠠᠨ

ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠡᠭᠦᠷᠭᠡ ᠴᠢᠳᠠᠪᠤᠷᠢ ᠳᠤ ᠴᠤᠬᠤᠮ ᠶᠠᠮᠠᠷ

ᠬᠤᠪᠢᠷᠠᠯᠲᠠ ᠭᠠᠷᠤᠭᠰᠠᠨ ᠪᠣᠶ︖ ᠠᠵᠢᠯ ᠤᠨ ᠭᠤᠣᠯᠳᠠᠯᠭ᠎ᠠ ᠨᠢ ᠶᠠᠭᠤ ᠪᠤᠢ︖ ᠡᠨᠡ ᠬᠤᠭᠤᠴᠠᠭᠠᠨ ᠤ

ᠫᠷᠤᠭ᠍ᠷᠠᠮ ᠤᠨ ᠲᠤᠬᠠᠢ ᠶᠢᠨ ᠲᠠᠯᠠᠪᠠᠢ ᠳᠤ᠂ ᠪᠢᠳᠡ ᠬᠤᠤᠯᠢᠩᠭᠤᠤᠯ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ

ᠬᠠᠮᠢᠶᠠᠷᠤᠯᠲᠠ ᠶᠢᠨ ᠲᠣᠪᠴᠢᠶᠠᠨ ᠤ ᠲᠤᠪᠴᠢᠶᠠᠨ ᠳᠠᠷᠤᠭ᠎ᠠ ᠱᠤᠸᠠᠩ ᠯᠦᠩ ᠢ ᠤᠷᠢᠵᠤ᠂ ᠡᠨᠡ ᠵᠢᠯ ᠲᠡᠳᠡ ᠶᠠᠮᠠᠷ

ᠶᠠᠮᠠᠷ ᠠᠵᠢᠯ ᠬᠢᠭᠰᠡᠨ ᠢᠶᠠᠨ ᠣᠯᠠᠨ ᠳᠤ  ᠲᠡᠯᠬᠡᠨ ᠶᠠᠷᠢᠬᠤ ᠪᠣᠯᠪᠠ︖

  ᠬᠥᠲᠥᠯᠥᠭᠴᠢ᠄ ᠰᠢᠨ᠎ᠡ ᠪᠠᠷ ᠪᠠᠶᠢᠭᠤᠯᠤᠬᠳᠠᠭᠰᠠᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ

ᠲᠣᠪᠴᠢᠶ᠎ᠠ ᠶᠢᠨ ᠡᠭᠦᠷᠭᠡ ᠴᠢᠳᠠᠪᠤᠷᠢ ᠨᠢ ᠴᠤᠬᠤᠮ ᠶᠠᠮᠠᠷ ᠶᠠᠩᠵᠤ ᠶᠢᠨ ᠨᠡᠶᠢᠯᠡᠬᠦᠯᠦᠯᠳᠡ ᠪᠠ ᠬᠤᠪᠢᠷᠠᠯᠲᠠ ᠲᠠᠢ ᠪᠣᠶ︖

   ᠲᠣᠪᠴᠢᠶᠠᠨ ᠳᠠᠷᠤᠭ᠎ᠠ ᠱᠤᠸᠠᠩ ᠯᠦᠩ᠄ ᠲᠣᠰ ᠤᠳᠠᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠳᠤ

ᠤᠤᠯ ᠤᠨ ᠬᠤᠳᠠ ᠶᠢᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠭᠦᠷᠭᠡ

ᠬᠠᠷᠢᠭᠤᠴᠠᠯᠭ᠎ᠠ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠪᠠᠴᠢᠮ ᠪᠠᠶᠢᠳᠠᠯ ᠢ ᠠᠷᠭᠠᠴᠠᠬᠤ

ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠭᠠᠯ ᠤᠨᠲᠠᠷᠠᠭᠠᠬᠤ

ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ

ᠭᠠᠮᠰᠢᠭ ᠠᠴᠠ ᠠᠪᠤᠷᠠᠬᠤ ᠡᠭᠦᠷᠭᠡ ᠬᠠᠷᠢᠭᠤᠴᠠᠯᠭ᠎ᠠ᠂ ᠬᠤᠲᠠ ᠶᠢᠨ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ

ᠲᠣᠪᠴᠢᠶ᠎ᠠ ᠶᠢᠨ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠡᠭᠦᠷᠭᠡ ᠬᠠᠷᠢᠭᠤᠴᠠᠯᠭ᠎ᠠ᠂ ᠬᠤᠲᠠ ᠶᠢᠨ ᠤᠰᠤᠨ ᠤ

ᠶᠠᠪᠤᠳᠠᠯ ᠤᠨ ᠲᠣᠪᠴᠢᠶ᠎ᠠ ᠶᠢᠨ ᠤᠰᠤ ᠭᠠᠩ ‍ᠤᠨ‌ᠭᠠᠮᠰᠢᠭ ᠢ ᠰᠡᠷᠭᠡᠶᠢᠯᠡᠨ ᠵᠠᠰᠠᠬᠤ ᠡᠭᠦᠷᠭᠡ ᠬᠠᠷᠢᠭᠤᠴᠠᠯᠭ᠎ᠠ᠂

ᠬᠤᠲᠠ ᠶᠢᠨ ᠲᠠᠷᠢᠶᠠᠯᠠᠩ ᠮᠠᠯ ᠠᠵᠤ ᠠᠬᠤᠶ ᠣᠢ ᠰᠢᠭᠤᠶ ᠶᠢᠨ ᠲᠣᠪᠴᠢᠶ᠎ᠠ ᠶᠢᠨ ᠨᠤᠲᠤᠭ ᠪᠡᠯᠴᠢᠭᠡᠷ ᠤᠨ ᠭᠠᠯ

ᠰᠡᠷᠭᠡᠶᠢᠯᠡᠬᠦ᠂ ᠣᠢ ᠰᠢᠭᠤᠶ ᠶᠢᠨ ᠭᠠᠯ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ᠂ ᠬᠤᠲᠠ ᠶᠢᠨ ᠰᠢᠨᠵᠢᠯᠡᠬᠦ ᠤᠬᠠᠭᠠᠨ

ᠮᠡᠷᠭᠡᠵᠢᠯ ᠤᠨ ᠲᠣᠪᠴᠢᠶ᠎ᠠ ᠶᠢᠨ ᠭᠠᠵᠠᠷ ᠬᠦᠳᠡᠯᠦᠯᠳᠡ ᠶᠢᠨ ᠡᠭᠦᠷᠭᠡ ᠬᠠᠷᠢᠭᠤᠴᠠᠯᠭ᠎ᠠ ᠶᠢᠨ ᠪᠣᠳᠠᠲᠠᠶ ᠠᠵᠢᠯ ᠢ

ᠡᠮᠬᠢᠯᠡᠨ ᠨᠡᠶᠢᠯᠡᠭᠦᠯᠵᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢ

ᠪᠠᠶᠢᠭᠤᠯᠪᠠ᠃

   ᠬᠥᠲᠥᠯᠥᠭᠴᠢ᠄ ᠲᠡᠭᠡᠪᠡᠯ ᠰᠢᠨ᠎ᠡ ᠪᠠᠷ ᠪᠠᠶᠢᠭᠤᠯᠤᠭᠳᠠᠭᠰᠠᠨ ᠨᠢᠭᠡᠴᠢ ᠪᠣᠯᠤᠭᠰᠠᠨ ᠤ ᠬᠤᠪᠢ ᠳᠤ᠂ ᠡᠨᠡ

ᠵᠢᠯ ᠦᠬᠡᠷ᠎ᠡ ᠶᠠᠮᠠᠷ ᠶᠠᠮᠠᠷ ᠠᠵᠢᠯ ᠥᠷᠨᠢᠭᠦᠯᠦᠭᠰᠡᠨ ᠪᠣᠶ︖

   ᠱᠤᠸᠠᠩ ᠯᠦᠩ ᠲᠣᠪᠴᠢᠶᠠᠨ ᠳᠠᠷᠤᠭ᠎ᠠ᠄ ᠨᠢᠭᠡ ᠳᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠠᠯ᠎ᠠ ᠪᠠᠷ᠄

ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠣᠳᠣ ᠪᠣᠯᠲᠠᠯ᠎ᠠ᠂ ᠨᠡᠶᠢᠲᠡ 205

ᠠᠵᠤ ᠠᠬᠤᠶᠢᠯᠠᠯ ᠢ ᠪᠠᠶᠢᠴᠠᠭᠠᠵᠤ᠂ 1138 ᠠᠰᠠᠭᠤᠳᠠᠯ ᠤᠨ ᠳᠠᠯᠳᠠ ᠭᠡᠮ ᠢ ᠢᠯᠡᠷᠡᠭᠦᠯᠵᠦ᠂ 992 ᠵᠦᠢᠯ ᠤᠨ

ᠠᠰᠠᠭᠤᠳᠠᠯ ᠢ ᠨᠢᠭᠡᠨᠲᠡ ᠴᠡᠭᠴᠡᠯᠡᠨ ᠥᠭᠡᠷᠡᠴᠢᠯᠡᠵᠦ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 87.2 %

ᠪᠠᠶᠢᠵᠤ᠂ 2.5 ᠲᠦᠮᠡᠨ ᠲᠥᠭᠦᠷᠢᠭ ᠤᠨ ᠵᠣᠭᠤᠰ ᠢᠶᠠᠷ   ᠲᠤᠷᠭᠠᠵᠦ᠂ 1 ᠠᠵᠤ ᠠᠬᠤᠶᠢᠯᠠᠯ ᠢ ᠵᠠᠷᠯᠢᠭᠳᠠᠵᠤ

ᠪᠠᠶᠢᠭᠠᠳ ᠠᠵᠢᠯ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠵᠦ᠂ ᠣᠳᠣ ᠪᠣᠯᠲᠠᠯ᠎ᠠ᠂ ᠠᠳᠠᠯᠢ

ᠬᠤᠭᠤᠴᠠᠭᠠᠨ ᠤ ᠬᠢ ᠠᠴᠠ ᠨᠢᠳᠤᠨᠤᠨ ᠤ ᠭᠡᠨᠡᠳᠡᠯ ᠭᠠᠷᠤᠭᠰᠠᠨ ᠲᠤᠭ᠎ᠠ ᠵᠢᠴᠢ ᠠᠳᠡᠭᠰᠡᠨ ᠬᠥᠮᠦᠨ ᠤ ᠲᠤᠭ᠎ᠠ

ᠵᠠᠭᠤᠨ ᠤ ᠳᠥᠴᠢ ᠪᠠᠷ ᠪᠠᠭᠤᠷᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠵᠢᠴᠢ ᠪᠤᠰᠤᠳ ᠡᠯ᠎ᠡ

ᠲᠥᠷᠥᠯ ᠤᠨ ᠪᠠᠶᠢᠭᠠᠯᠢ ᠶᠢᠨ ᠭᠠᠮᠰᠢᠭ ᠡᠭᠦᠰᠦᠭᠰᠡᠨ ᠥᠬᠡᠶ᠃ ᠬᠤᠶᠠᠷ ᠲᠤ᠂ 3 ᠳ᠋ᠤᠭᠠᠷ ᠰᠠᠷ᠎ᠠ ᠳᠤ᠂ ᠣᠢ ᠰᠢᠭᠤᠶ

ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠢ ᠳᠠᠬᠢᠨ ᠲᠤᠬᠢᠷᠠᠭᠤᠯᠵᠦ᠂ ᠣᠢ

ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠬᠠᠷᠠᠯᠲᠠᠲᠤ ᠬᠠᠷᠢᠭᠤᠴᠠᠯᠭ᠎ᠠ ᠶᠢᠨ

ᠪᠢᠴᠢᠭ ᠲᠤ ᠭᠠᠷ ᠤᠨ ᠦᠰᠦᠭ ᠵᠢᠷᠤᠬᠤ᠂ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ

ᠤᠨᠳᠠᠷᠭᠠᠬᠤ ᠠᠯᠪᠠᠨ ᠵᠠᠷ ᠨᠡᠶᠢᠲᠡᠯᠡᠬᠦ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠭᠠᠷ ᠳᠡᠪᠲᠡᠷ ᠢ ᠥᠷᠭᠡᠨ ᠢᠶᠠᠷ

ᠲᠠᠷᠬᠠᠭᠠᠬᠤ᠂ ᠰᠠᠯᠠᠭ᠎ᠠ ᠮᠥᠴᠢᠷ ᠠᠴᠠ ᠭᠤᠤᠯᠳᠠᠯᠭ᠎ᠠ ᠲᠠᠢ ᠣᠷᠣᠨ ᠪᠦᠰᠡ ᠶᠢ ᠳᠠᠭᠠᠭᠠᠴᠢᠯᠠᠨ ᠬᠤᠯᠪᠣᠬᠤ᠂ ᠭᠠᠯ  

ᠤᠨᠳᠠᠷᠭᠠᠬᠤ ᠬᠤᠪᠴᠠᠰᠤ ᠬᠤᠨᠠᠷ ᠪᠠᠭᠠᠵᠢ ᠬᠡᠷᠡᠭᠰᠡᠯ ᠬᠤᠳᠠᠯᠳᠤᠨ ᠠᠪᠴᠤ ᠲᠣᠬᠢᠷᠠᠭᠤᠯᠬᠤ᠂ ᠣᠢ ᠰᠢᠭᠤᠶ ᠨᠤᠲᠤᠭ

ᠪᠡᠯᠴᠢᠭᠡᠷ ᠤᠨ ᠭᠠᠯ ᠤᠨᠲᠠᠷᠠᠭᠠᠬᠤ ᠰᠣᠷᠢᠯᠲᠠ ᠬᠢᠬᠦ᠂ ᠬᠡᠭᠡᠷ᠎ᠡ ᠭᠠᠳᠠᠨᠠᠬᠢ ᠭᠠᠯ ᠤᠨ ᠢᠷᠡᠯᠲᠡ ᠶᠢ ᠬᠠᠮᠢᠶᠠᠷᠤᠨ

ᠡᠵᠡᠮᠳᠡᠬᠦ ᠵᠡᠷᠭᠡ ᠰᠢᠷᠢᠰ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ 2020 ᠣᠨ ᠳᠤ ᠬᠤᠤᠯᠢᠩᠭᠤᠤᠯ

ᠬᠤᠲᠠ ᠳᠤ ᠣᠳᠣ ᠪᠣᠯᠲᠠᠯ᠎ᠠ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠤᠭ᠎ᠠ ᠦᠭᠡᠢ᠃

ᠳᠥᠷᠪᠡ ᠳᠤ ᠪᠤᠰᠤᠳ ᠭᠤᠤᠯᠳᠠᠯᠭ᠎ᠠ ᠲᠠᠢ ᠠᠵᠢᠯ ᠤᠨ ᠲᠠᠯ᠎ᠠ ᠪᠠᠷ — ᠬᠢᠵᠢᠭ ᠤᠨ ᠪᠠᠶᠢᠳᠠᠯ ᠤᠨ

ᠬᠤᠭᠤᠴᠠᠭᠠᠨ ᠳᠠᠬᠢ ᠬᠠᠮᠢᠶᠠᠷᠤᠨ ᠡᠵᠡᠮᠳᠡᠬᠦ ᠠᠵᠢᠯ᠂ ᠠᠶᠤᠯ ᠦᠭᠡᠶ ᠦᠢᠯᠡᠳᠪᠦᠷᠢᠯᠡᠯ ᠤᠨ ᠲᠣᠤᠷᠵᠢᠭᠤᠯᠤᠭᠰᠠᠨ

ᠬᠠᠮᠢᠶᠠᠷᠤᠯᠲᠠ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠠᠬᠤ᠂ ︽ᠠᠶᠤᠯ ᠦᠭᠡᠶ

ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠥᠷᠨᠢᠭᠦᠯᠬᠦ᠂ ᠠᠶᠤᠯ ᠦᠭᠡᠶ ᠦᠢᠯᠡᠳᠪᠦᠷᠢᠯᠡᠯ ᠤᠨ ︽ᠲᠤᠰᠬᠠᠶ

ᠮᠡᠷᠭᠡᠵᠢᠯᠲᠡᠨ ᠬᠠᠮᠲᠤᠷᠠᠨ ᠣᠨᠣᠰᠢᠯᠠᠬᠤ︾᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠲᠠᠯ᠎ᠠ ᠶᠢᠨ

ᠭᠤᠤᠯᠳᠠᠯᠭ᠎ᠠ ᠲᠠᠢ ᠠᠵᠢᠯ ᠢᠶᠠᠷ ᠳᠠᠮᠵᠢᠭᠤᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ

ᠡᠯ᠎ᠡ ᠵᠦᠢᠯ ᠤᠨ ᠠᠵᠢᠯ ᠢ ᠥᠷᠨᠢᠭᠦᠯᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠬᠡᠷᠡᠭᠲᠡᠶ᠃

   ᠬᠥᠲᠥᠯᠥᠭᠴᠢ᠄ ᠲᠠᠷᠠᠭᠠᠴᠢ ᠶᠢᠨ ᠠᠯᠬᠤᠮ ᠳᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ

ᠬᠠᠮᠢᠶᠠᠷᠤᠯᠲᠠ ᠶᠢᠨ ᠲᠣᠪᠴᠢᠶ᠎ᠠ ᠳᠤ ᠶᠠᠮᠠᠷ ᠶᠠᠮᠠᠷ ᠠᠵᠢᠯ ᠤᠨ ᠲᠣᠬᠢᠷᠠᠭᠤᠯᠤᠯᠲᠠ ᠪᠠᠶᠢᠬᠤ ᠪᠣᠶ︖

ᠨᠢᠭᠡ ᠳᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠪᠲᠡᠷᠡᠯᠴᠡᠨ ᠵᠣᠯᠭᠠᠭᠤᠯᠬᠤ ᠶᠢ

ᠴᠢᠩᠭᠠᠳᠬᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠡᠭᠦᠯᠡᠨ ᠲᠠᠪᠴᠠᠩ ᠢ ᠡᠷᠲᠡᠬᠡᠨ ᠪᠠᠶᠢᠭᠤᠯᠵᠤ

ᠳᠠᠭᠤᠰᠬᠠᠬᠤ ᠪᠠᠷ ᠴᠢᠷᠮᠠᠶᠢᠨ᠎ᠠ᠃ ᠬᠤᠶᠠᠷ ᠲᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂

ᠠᠶᠤᠯ ᠥᠬᠡᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠪᠠᠷ ᠪᠦᠲᠦᠮᠵᠢᠲᠡᠶ

ᠠᠴᠢᠶᠠᠯᠠᠪᠤᠷᠢ ᠪᠣᠯᠭᠠᠵᠤ᠂ ᠠᠶᠤᠯ ᠥᠬᠡᠶ ᠦᠢᠯᠡᠳᠪᠦᠷᠢᠯᠡᠯ ᠤᠨ ᠣᠨ ᠤ ᠠᠵᠢᠯ ᠢ ᠦᠷᠭᠦᠯᠵᠢᠯᠡᠨ ᠥᠷᠨᠢᠭᠦᠯᠬᠦ ᠶᠢ

ᠠᠬᠢᠭᠤᠯᠤᠨ᠎ᠠ᠃ ᠭᠤᠷᠪᠠ ᠳᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ

ᠴᠢᠩᠭᠠᠷᠠᠭᠤᠯᠤᠨ᠎ᠠ᠃ ᠬᠤᠲᠠ ᠶᠢᠨ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠠᠵᠢᠯ ᠤᠨ ᠬᠢᠨᠠᠨ ᠵᠢᠯᠣᠭᠤᠳᠴᠤ

ᠪᠠᠶᠢᠴᠠᠭᠠᠬᠤ ᠪᠠᠨ ᠴᠢᠩᠭᠠᠳᠬᠠᠵᠦ᠂ ᠰᠠᠯᠠᠭ᠎ᠠ ᠮᠥᠴᠢᠷ ᠤᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ

ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠭᠤᠤᠯᠳᠠᠯᠭ᠎ᠠ ᠲᠠᠢ ᠠᠵᠢᠯ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ

ᠠᠬᠢᠭᠤᠯᠤᠨ᠎ᠠ᠃ ᠲᠦᠷᠪᠡ ᠳᠤ᠂ ᠠᠶᠤᠯᠭᠦᠢ ᠦᠢᠯᠡᠳᠪᠦᠷᠢᠯᠡᠯ ᠪᠣᠯᠤᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ

ᠤᠬᠠᠭᠤᠯᠭ᠎ᠠ ᠬᠦᠮᠦᠵᠢᠯ ᠤᠨ ᠠᠵᠢᠯ ᠢ ᠴᠢᠩᠭᠠᠳᠬᠠᠵᠤ᠂ ᠪᠦᠬᠦ ᠠᠷᠠᠳ ᠤᠨ ᠠᠮᠤᠷ ᠲᠦᠪᠰᠢᠨ ᠤ ᠬᠡᠪ ᠪᠣᠯᠪᠠᠰᠤᠷᠠᠯ ᠢ

ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠲᠠᠪᠤ ᠳᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ

ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠤ ᠬᠦᠮᠦᠷᠭᠡ ᠶᠢ ᠲᠦᠷᠭᠡᠬᠡᠨ ᠪᠠᠶᠢᠭᠤᠯᠵᠤ᠂ ᠲᠤᠰᠬᠠᠶ ᠮᠡᠷᠭᠡᠵᠢᠯᠲᠡᠨ ᠤ

ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠤᠨ᠂ ᠠᠶᠤᠯ ᠦᠭᠡᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ

ᠬᠠᠮᠢᠶᠠᠷᠤᠯᠲᠠ ᠵᠡᠷᠭᠡ ᠠᠵᠢᠯ ᠤᠨ ᠳᠤᠮᠳᠠ ᠤᠷᠤᠰᠢᠵᠦ ᠪᠠᠶᠢᠭ᠎ᠠ ᠳᠠᠯᠳᠠ ᠭᠡᠮ ᠤᠨ ᠠᠰᠠᠭᠤᠳᠠᠯ ᠢ ᠭᠦᠨᠵᠡᠭᠡᠶ ᠣᠯᠵᠤ

ᠮᠡᠳᠡᠨ᠂ ᠠᠵᠢᠯ ᠤᠨ ᠲᠣᠭᠲᠠᠴᠠ ᠶᠢ ᠰᠢᠯᠢᠳᠡᠭᠵᠢᠭᠦᠯᠦᠨ ᠠᠵᠢᠯ ᠤᠨ ᠰᠠᠭᠤᠷᠢ ᠶᠢ ᠪᠦᠷᠢᠨᠰᠢᠭᠦᠯᠬᠦ ᠬᠡᠷᠡᠭᠲᠡᠶ᠃

  ᠬᠥᠲᠥᠯᠥᠭᠴᠢ᠄ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠪᠠᠴᠢᠮ ᠪᠠᠶᠢᠳᠠᠯ ᠢ ᠠᠷᠭᠠᠴᠠᠬᠤ

ᠠᠵᠢᠯ ᠳᠤᠮᠳᠠᠬᠢ ᠴᠢᠬᠤᠯᠠ ᠦᠢᠯᠡᠳᠦᠯ ᠢ ᠪᠢᠳᠡ ᠪᠦᠷ ᠮᠡᠳᠡᠨ᠎ᠡ᠂ ᠮᠠᠨ ᠤ ᠬᠤᠲᠠ ᠪᠠᠴᠢᠮ ᠪᠠᠶᠢᠳᠠᠯ ᠢ ᠠᠷᠭᠠᠴᠠᠬᠤ

ᠪᠡᠯᠡᠳᠬᠡᠯ ᠲᠥᠰᠦᠯ ᠢ ᠬᠡᠷᠬᠢᠨ ᠲᠣᠭᠲᠠᠭᠠᠬᠤ ᠪᠣᠢ︖ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ

ᠰᠣᠷᠢᠯᠲᠠ ᠶᠢᠨ ᠠᠴᠢ ᠬᠤᠯᠪᠣᠭᠳᠠᠯ ᠨᠢ ᠬᠠᠮᠢᠭ᠎ᠠ ᠪᠠᠶᠢᠬᠤ ᠪᠤᠢ︖

   ᠱᠤᠸᠠᠩ ᠯᠦᠩ ᠲᠣᠪᠴᠢᠶᠠᠨ ᠳᠠᠷᠤᠭ᠎ᠠ᠄ ᠪᠠᠴᠢᠮ ᠪᠠᠶᠢᠳᠠᠯ ᠢ ᠠᠷᠭᠠᠴᠠᠬᠤ ᠲᠥᠰᠦᠯ ᠪᠣᠯ ᠨᠢᠭᠡ ᠵᠦᠢᠯ ᠤᠨ

ᠲᠦᠯᠦᠪᠯᠡᠯᠬᠡᠨ ᠤ ᠴᠢᠨᠠᠷᠲᠠᠢ ᠠᠵᠢᠯ ᠪᠣᠯᠤᠨ᠎ᠠ᠃ ᠡᠭᠦᠨ ᠤ ᠵᠣᠷᠢᠯᠭ᠎ᠠ ᠨᠢ ᠭᠡᠨᠡᠳᠲᠡ ᠶᠢᠨ ᠬᠡᠷᠡᠭ ᠢ ᠠᠷᠭᠠᠴᠠᠬᠤ ᠶᠢᠨ

ᠲᠥᠯᠥᠭᠡ ᠴᠠᠭ ᠲᠤᠬᠠᠶ ᠳᠤᠨᠢ᠂ ᠰᠢᠨᠵᠢᠯᠡᠬᠦ ᠤᠬᠠᠭᠠᠨᠴᠢ ᠰᠢᠢᠳᠪᠦᠷᠢᠯᠡᠬᠦ ᠲᠤᠰᠬᠠᠯ ᠭᠠᠷᠭᠠᠬᠤ ᠶᠢᠨ ᠲᠥᠯᠥᠭᠡ ᠶᠤᠮ᠃

ᠪᠢᠳᠡ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠦᠯ ᠢ ᠨᠠᠶᠢᠷᠠᠭᠤᠯᠤᠨ ᠵᠣᠬᠢᠶᠠᠬᠤ ᠪᠠ

ᠬᠠᠮᠢᠶᠠᠷᠬᠤ ᠪᠠᠷ ᠳᠠᠮᠵᠢᠭᠤᠯᠤᠨ᠂ ᠭᠡᠨᠡᠳᠲᠡ ᠡᠭᠦᠰᠬᠦ ᠬᠡᠷᠡᠭ ᠢ ᠰᠡᠷᠭᠡᠶᠢᠯᠡᠬᠦ ᠴᠢᠳᠠᠪᠤᠷᠢ ᠶᠢ ᠪᠦᠲᠦᠮᠵᠢᠲᠡᠶ ᠪᠠᠷ

ᠳᠡᠭᠡᠭᠰᠢᠯᠡᠭᠦᠯᠵᠦ᠂ ᠭᠡᠨᠡᠳᠳᠡ ᠶᠢᠨ ᠬᠡᠷᠡᠭ ᠢ ᠰᠢᠢᠳᠪᠦᠷᠢᠯᠡᠬᠦ ᠳᠤ ᠠᠪᠤᠷᠠᠨ ᠲᠤᠰᠠᠯᠠᠬᠤ ᠦᠷ᠎ᠡ ᠪᠦᠲᠦᠮᠵᠢ ᠶᠢ

ᠳᠡᠭᠡᠭᠰᠢᠯᠡᠭᠦᠯᠬᠦ ᠬᠡᠷᠡᠭ ᠲᠠᠢ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠠᠴᠢᠮ ᠪᠠᠶᠢᠳᠠᠯ ᠢ

ᠠᠷᠭᠠᠴᠠᠬᠤ ᠭᠤᠭᠴᠤᠭ᠎ᠠ ᠨᠢᠭᠡᠪᠦᠷᠢ᠂ ᠬᠦᠷᠢᠶ᠎ᠡ ᠨᠢᠭᠡᠪᠦᠷᠢ ᠳᠤ ᠪᠦᠬᠦᠨ ᠢ ᠬᠠᠮᠤᠷᠬᠤ ᠶᠢ ᠪᠡᠶᠡᠯᠡᠭᠦᠯᠵᠦ᠂ ︽

ᠬᠥᠨᠳᠡᠯᠡᠨ ᠢᠶᠠᠷ ᠬᠢᠵᠠᠭᠠᠷ ᠲᠤ ᠬᠦᠷᠬᠦ᠂ ᠭᠤᠯᠳᠤ ᠪᠠᠷ ᠡᠴᠦᠰ ᠲᠤᠨᠢ ᠲᠤᠯᠲᠠᠯ᠎ᠠ ᠬᠠᠨᠳᠤᠬᠤ᠂ ᠥᠨᠴᠥᠭ ᠪᠤᠯᠤᠩ

ᠦᠯᠡᠳᠡᠬᠡᠬᠦ ᠦᠭᠡᠢ︾ ᠪᠠᠶᠢᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠦᠯ ᠢ

ᠨᠠᠶᠢᠷᠠᠭᠤᠯᠤᠨ ᠵᠣᠬᠢᠶᠠᠬᠤ ᠨᠢ ᠨᠢᠭᠡ ᠯᠡ ᠳᠡᠭᠡᠷ᠎ᠡ ᠰᠢᠢᠳᠪᠦᠷᠢᠯᠡᠬᠡᠳ ᠨᠢᠭᠡᠮᠦᠰᠦᠨ ᠰᠠᠨᠠᠭ᠎ᠠ ᠠᠮᠠᠷᠠᠴᠢᠬᠠᠬᠤ ᠶᠠᠪᠤᠳᠠᠯ

ᠪᠢᠰᠢ᠂ ᠮᠥᠨ ᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠣᠷᠢᠯᠲᠠ ᠥᠷᠨᠢᠭᠦᠯᠬᠦ ᠪᠠᠷ ᠳᠠᠮᠵᠢᠨ᠂

ᠰᠤᠷᠢᠯᠳᠠ ᠶᠢᠨ ᠦᠷ᠎ᠡ ᠪᠦᠲᠦᠮᠵᠢ ᠶᠢ ᠦᠨᠳᠦᠰᠦᠯᠡᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ

ᠠᠷᠭᠠᠴᠠᠬᠤ ᠪᠡᠯᠡᠳᠬᠡᠯ ᠲᠥᠰᠦᠯ ᠤᠨ ᠰᠢᠨᠵᠢᠯᠡᠬᠦ ᠤᠬᠠᠭᠠᠨᠴᠢ ᠴᠢᠨᠠᠷ ᠪᠣᠯᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ

ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠶ᠃ ᠣᠯᠠᠨ ᠨᠡᠶᠢᠲᠡ ᠳᠤ ᠭᠡᠨᠡᠳᠲᠡ ᠶᠢᠨ ᠬᠡᠷᠡᠭ ᠤᠨ ᠳᠤᠮᠳᠠ ᠰᠠᠶᠢᠨ

ᠰᠠᠶᠢᠬᠠᠨ ᠰᠡᠳᠬᠢᠴᠡ ᠶᠢᠨ ᠪᠠᠶᠢᠳᠠᠯ ᠢᠶᠠᠨ ᠪᠠᠳᠤᠯᠠᠵᠦ᠂ ᠠᠶᠤᠳᠠᠰᠤ ᠬᠦᠷᠬᠦ ᠰᠡᠳᠬᠢᠯᠭᠡ ᠶᠢ ᠪᠠᠭᠠᠰᠬᠠᠵᠤ᠂

ᠵᠠᠰᠠᠭ ᠤᠨ ᠣᠷᠳᠣᠨ ᠪᠣᠯᠤᠨ ᠰᠠᠯᠠᠭ᠎ᠠ ᠮᠥᠴᠢᠷ ᠲᠠᠢ ᠬᠠᠮᠵᠢᠯᠴᠠᠨ ᠭᠡᠨᠡᠳᠲᠡ ᠶᠢᠨ ᠬᠡᠷᠡᠭ ᠢ ᠬᠠᠮᠲᠤᠪᠠᠷ

ᠠᠷᠭᠠᠴᠠᠬᠤ ᠶᠢᠨ ᠤᠯᠠᠮ ᠠᠴᠠ ᠪᠦᠬᠦ᠋ᠢᠯᠡ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ

ᠳᠡᠭᠡᠭᠰᠢᠯᠡᠭᠦᠯᠬᠦ ᠳᠤ ᠠᠰᠢᠭᠲᠠᠢ ᠶᠤᠮ᠃

   ᠬᠥᠲᠥᠯᠥᠭᠴᠢ᠄ ᠡᠩ ᠤᠨ ᠬᠤᠲᠠ ᠶᠢᠨ ᠠᠷᠠᠳ ᠲᠤ ᠶᠠᠮᠠᠷ ᠶᠠᠮᠠᠷ ᠪᠠᠴᠢᠮ ᠪᠠᠶᠢᠳᠠᠯ ᠢ ᠠᠷᠭᠠᠴᠠᠬᠤ ᠶᠡᠷᠦ ᠶᠢᠨ

ᠮᠡᠳᠡᠯᠬᠡ ᠪᠠ ᠴᠢᠳᠠᠪᠤᠷᠢ ᠪᠠᠶᠢᠬᠤ ᠬᠡᠷᠡᠭᠲᠡᠶ ᠪᠣᠶ︖

  ᠱᠤᠸᠠᠩ ᠯᠦᠩ ᠲᠣᠪᠴᠢᠶᠠᠨ ᠳᠠᠷᠤᠭ᠎ᠠ᠄ ᠭᠡᠨᠡᠳᠲᠡ ᠶᠢᠨ ᠬᠡᠷᠡᠭ ᠲᠣᠬᠢᠶᠠᠯᠳᠤᠪᠠᠯ ᠠᠷᠠᠳ ᠤᠯᠠᠨ ᠥᠪᠡᠷ ᠢ ᠪᠠᠨ

ᠠᠪᠤᠷᠠᠵᠤ ᠴᠢᠳᠠᠬᠤ ᠪᠠ ᠥᠪᠡᠷ ᠢ ᠪᠠᠨ ᠬᠠᠮᠠᠭᠠᠯᠠᠵᠤ ᠴᠢᠳᠠᠬᠤ ᠤᠷᠢᠲᠠᠯ ᠳᠣᠤᠷ᠎ᠠ᠂ ᠲᠤᠬᠠᠢ ᠶᠢᠨ ᠭᠠᠵᠠᠷ ᠲᠤᠨᠢ

ᠬᠥᠲᠥᠯᠥᠨ ᠵᠢᠯᠣᠭᠤᠳᠬᠤ᠂ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ᠂ ᠮᠡᠳᠡᠭᠡ ᠵᠠᠩᠭᠢ ᠴᠤᠭᠯᠠᠭᠤᠯᠬᠤ

ᠵᠡᠷᠭᠡ ᠡᠮᠦᠨᠡᠬᠢ ᠬᠤᠭᠤᠴᠠᠭᠠᠨ ᠤ ᠰᠢᠢᠳᠪᠦᠷᠢᠯᠡᠬᠦ ᠠᠵᠢᠯ ᠢ ᠥᠷᠨᠢᠭᠦᠯᠬᠦ ᠬᠡᠷᠡᠭᠲᠡᠶ᠃ ᠠᠵᠢᠯ ᠠᠮᠢᠳᠤᠷᠠᠯ ᠤᠨ

ᠣᠷᠣᠰᠢᠵᠤ ᠪᠠᠶᠢᠭ᠎ᠠ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠣᠶᠢᠯᠠᠭᠠᠵᠤ᠂ ᠭᠠᠮᠰᠢᠭ ᠢ ᠰᠡᠷᠭᠡᠶᠢᠯᠡᠵᠦ

ᠭᠠᠮᠰᠢᠭ ᠢ ᠪᠠᠭᠠᠰᠬᠠᠬᠤ ᠠᠶᠤᠯ ᠲᠦᠭᠰᠢᠭᠦᠷᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠳᠡᠷᠭᠡᠳᠡᠬᠢ ᠠᠮᠤᠷ

ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠭᠠᠮᠰᠢᠭ ᠢ ᠰᠡᠷᠬᠡᠶᠢᠯᠡᠬᠦ ᠮᠡᠳᠡᠯᠭᠡ ᠪᠣᠯᠤᠨ

ᠲᠦᠷᠭᠡᠨ ᠠᠪᠤᠷᠠᠬᠤ ᠮᠡᠷᠭᠡᠵᠢᠯ ᠢ ᠢᠳᠡᠪᠬᠢᠲᠡᠶ ᠳᠡᠯᠭᠡᠷᠡᠭᠦᠯᠵᠡᠶ᠃ ᠬᠤᠪᠢ ᠬᠥᠮᠦᠨ ᠵᠢᠴᠢ ᠪᠠᠶᠢᠭ᠎ᠠ ᠨᠢᠭᠡᠴᠡ᠂

ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠠᠮᠰᠢᠭ ᠢ ᠰᠡᠷᠭᠡᠶᠢᠯᠡᠬᠦ ᠦᠵᠡᠯ ᠤᠬᠠᠮᠰᠠᠷ ᠪᠣᠯᠤᠨ

ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠨ ᠥᠪᠡᠷ ᠢ ᠪᠠᠨ ᠠᠪᠤᠷᠠᠬᠤ ᠬᠠᠷᠢᠯᠴᠠᠨ

ᠠᠪᠤᠷᠠᠬᠤ ᠴᠢᠳᠠᠪᠤᠷᠢ ᠶᠢ ᠡᠵᠡᠮᠰᠢᠨ᠎ᠡ᠃

   ᠬᠥᠲᠥᠯᠥᠭᠴᠢ᠄ ᠱᠤᠸᠠᠩ ᠯᠦᠩ ᠲᠣᠪᠴᠢᠶᠠᠨ ᠳᠠᠷᠤᠭ᠎ᠠ ᠶᠢᠨ ᠥᠨᠥᠳᠦᠷ ᠮᠠᠨ ᠤ ᠰᠤᠷᠪᠤᠯᠵᠢᠯᠠᠭ᠎ᠠ ᠶᠢ

ᠬᠦᠯᠢᠶᠡᠭᠰᠡᠨ ᠳᠤ ᠲᠠᠯᠠᠷᠬᠠᠵᠤ ᠪᠠᠶᠢᠨ᠎ᠠ᠃

   ᠱᠤᠸᠠᠩ ᠯᠦᠩ ᠲᠣᠪᠴᠢᠶᠠᠨ ᠳᠠᠷᠤᠭ᠎ᠠ᠄ ᠬᠥᠲᠥᠯᠥᠭᠴᠢ ᠳᠤ ᠲᠠᠯᠠᠷᠬᠠᠵᠤ ᠪᠠᠶᠢᠨ᠎ᠠ᠃ ᠪᠢ ᠪᠦᠬᠦ ᠬᠤᠲᠠ ᠶᠢᠨ

ᠪᠣᠶ ᠪᠦᠬᠦᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯᠲᠠᠨ ᠢ ᠲᠦᠯᠦᠬᠡᠯᠡᠨ ᠨᠡᠶᠢᠭᠡᠮ ᠤᠨ ᠡᠯ᠎ᠡ

ᠡᠲᠡᠭᠡᠳ ᠤᠨ ᠬᠢᠨ ᠤ ᠮᠠᠨ ᠤ ᠠᠵᠢᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠬᠤ ᠶᠢᠨ ᠬᠠᠮᠲᠤ

ᠣᠯᠠᠨ ᠢᠶᠠᠷ ᠢᠶᠠᠨ ᠮᠠᠨ ᠤ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠳᠤ ᠡᠷᠬᠢᠮ

ᠨᠠᠨᠳᠢᠨ ᠰᠠᠨᠠᠯ ᠰᠠᠨᠠᠭᠤᠯᠭ᠎ᠠ ᠳᠤᠷᠠᠳᠤᠭᠰᠠᠨ ᠢ ᠴᠢᠩ ᠰᠡᠳᠬᠢᠯ ᠠᠴᠠ ᠪᠠᠶᠠᠷᠯᠠᠨ  ᠤᠬᠳᠤᠵᠦ ᠪᠠᠶᠢᠨ᠎ᠠ᠃ ᠪᠢᠳᠡ

ᠢᠳᠡᠪᠬᠢᠲᠡᠢ ᠪᠠᠷ ᠬᠦᠯᠢᠶᠡᠨ ᠠᠪᠴᠤ ᠥᠭᠡᠷᠡᠴᠢᠯᠡᠨ ᠰᠠᠶᠢᠵᠢᠷᠠᠭᠤᠯᠵᠤ᠂ ᠮᠠᠨ ᠤ ᠬᠤᠲᠠ ᠶᠢᠨ ᠠᠵᠤ ᠠᠬᠤᠢ᠂

ᠨᠡᠶᠢᠭᠡᠮ ᠤᠨ ᠲᠦᠷᠭᠡᠨ ᠬᠥᠭᠵᠢᠯᠲᠡ ᠳᠤ ᠨᠠᠩ ᠰᠠᠶᠢᠨ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃

 
ᠢᠷᠡᠯᠲᠡ᠄ ᠬᠤᠤᠯᠢᠩᠭᠤᠤᠯ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号