ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠵᠤ ᠬᠥᠭᠵᠢᠯᠲᠡ ᠶᠢ ᠠᠬᠢᠭᠤᠯᠤᠨ᠎ᠠ | | | | | ᠰᠤᠷᠪᠤᠯᠵᠢᠯᠠᠭᠰᠠᠨ ᠴᠠᠭ᠄ 2020 — 08 — 26 09᠄ 58 | ᠰᠤᠷᠪᠤᠯᠵᠢᠯᠠᠭᠰᠠᠨ ᠵᠣᠴᠢᠨ ᠄ ᠬᠤᠤᠯᠢᠩᠭᠤᠤᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠲᠤᠪᠴᠢᠶᠠᠨ ᠳᠠᠷᠤᠭ᠎ᠠ — ᠸᠠᠩ ᠵᠢᠩ ᠹᠠᠩ | ᠰᠤᠷᠪᠤᠯᠵᠢᠯᠠᠭᠰᠠᠨ ᠪᠠᠶᠢᠳᠠᠯ᠄ ᠰᠤᠷᠪᠤᠯᠵᠢᠯᠠᠵᠦ ᠲᠠᠭᠤᠰᠪᠠ | ᠭᠤᠣᠯ ᠠᠭᠤᠯᠭ᠎ᠠ᠄ ᠡᠨᠡ ᠵᠢᠯ᠂ ᠭᠡᠨᠡᠳᠲᠡ ᠡᠭᠦᠰᠦᠭᠰᠡᠨ ᠰᠢᠨ᠎ᠡ ᠲᠢᠲᠢᠮ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠨᠢ ᠠᠵᠤ ᠠᠬᠤᠶᠢᠯᠠᠯ ᠳᠤ ᠢᠯᠡᠳᠳᠡ ᠳᠠᠭᠠᠷᠢᠯᠲᠠ ᠪᠣᠯᠵᠤ᠂ ᠡᠭᠦᠨ ᠤ ᠬᠠᠮᠲᠤ ᠠᠵᠢᠯ | ᠣᠯᠭᠤᠯᠲᠠ ᠳᠤ ᠴᠤ ᠠᠰᠢᠭ ᠦᠭᠡᠢ ᠨᠥᠯᠥᠭᠡ ᠦᠵᠡᠭᠦᠯᠵᠡᠶ᠃ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ | ᠮᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠤᠯᠤᠰ ᠪᠠ ᠮᠤᠵᠢ᠂ ᠬᠤᠲᠠ ᠶᠢᠨ ᠨᠡᠶᠢᠲᠡᠯᠡᠭᠰᠡᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠡᠯ᠎ᠡ ᠵᠦᠢᠯ ᠤᠨ | ᠲᠥᠷᠥ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ | ᠣᠯᠭᠤᠯᠲᠠ ᠶᠢᠨ ᠪᠠᠶᠢᠳᠠᠯ ᠤᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠲᠣᠰ | ᠬᠤᠭᠤᠴᠠᠭᠠᠨ ᠤ ᠰᠤᠷᠪᠤᠯᠵᠢᠯᠠᠨ ᠶᠠᠷᠢᠯᠴᠠᠭᠰᠠᠨ ᠠᠭᠤᠯᠭ᠎ᠠ ᠨᠢ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠮᠠᠨ ᠤ | ᠬᠤᠲᠠ ᠶᠢᠨ ᠣᠳᠣᠬᠠᠨ ᠤ ᠠᠵᠢᠯ ᠣᠯᠭᠤᠯᠲᠠ ᠶᠢᠨ ᠪᠠᠶᠢᠳᠠᠯ ᠵᠡᠷᠭᠡ ᠶᠢᠨ ᠲᠣᠭᠤᠷᠢᠨ ᠳᠤ ᠶᠠᠪᠤᠭᠳᠠᠪᠠ᠃ | | ᠬᠥᠲᠥᠯᠥᠭᠴᠢ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠢᠳᠡᠨ ᠳᠤ ᠤᠷᠢᠳᠠᠪᠠᠷ ᠲᠠᠨᠢᠯᠴᠠᠭᠤᠯᠤᠭᠠᠳ ᠥᠭᠭᠦᠨ᠎ᠡ ᠤᠤ | ︖ | ᠲᠣᠪᠴᠢᠶᠠᠨ ᠳᠠᠷᠤᠭ᠎ᠠ ᠸᠠᠩ ᠵᠢᠩ ᠹᠠᠩ᠄ ᠬᠤᠤᠯᠢᠩᠭᠤᠤᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠣᠯ ᠨᠠᠮ ᠪᠠ ᠲᠥᠷᠥ ᠶᠢᠨ ᠦᠨᠳᠦᠰᠦᠲᠡᠨ ᠤ ᠲᠥᠷᠥ ᠶᠢᠨ ᠪᠣᠳᠣᠯᠭ᠎ᠠ | ᠪᠠ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠲᠤᠬᠠᠶ ᠰᠢᠢᠳᠪᠦᠷᠢᠳᠦ ᠪᠣᠳᠣᠯᠭ᠎ᠠ ᠶᠢᠨ | ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ | ᠮᠥᠨ᠃ ᠭᠤᠤᠯ ᠡᠭᠦᠷᠭᠡ ᠬᠠᠷᠢᠭᠤᠴᠠᠯᠭ᠎ᠠ ᠪᠣᠯ᠄ ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠠ | ᠲᠦᠩᠯᠢᠶᠣᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠬᠠᠤᠯᠢ ᠴᠠᠭᠠᠵᠠ ᠬᠠᠤᠯᠢ | ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠬᠤᠤᠯᠢᠩᠭᠤᠤᠯ ᠬᠤᠲᠠ ᠶᠢᠨ ᠬᠥᠮᠦᠨ ᠤ ᠬᠦᠴᠦᠨ ᠤ ᠡᠬᠢ | ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠬᠦᠭᠵᠢᠯᠳᠡ ᠶᠢᠨ ᠲᠥᠯᠥᠪᠵᠢᠭᠦᠯᠪᠡ᠂ ᠲᠥᠷᠥ ᠶᠢᠨ ᠪᠣᠳᠣᠯᠭ᠎ᠠ᠂ | ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ | ᠲᠠᠯᠪᠢᠵᠤ ᠪᠠᠶᠢᠴᠠᠭᠠᠨ᠎ᠠ᠃ ︵ᠬᠤᠶᠠᠷ︶ ᠬᠤᠤᠯᠢᠩᠭᠤᠤᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠢ | ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠳᠤᠷᠠᠨ ᠴᠢᠳᠠᠪᠤᠷᠢᠲᠠᠨ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ | ᠦᠨᠡᠯᠡᠬᠦ᠂ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠬᠡᠷᠡᠭᠲᠡᠶ᠃ ᠪᠦᠬᠦ ᠬᠤᠲᠠ ᠶᠢᠨ ᠬᠥᠮᠦᠨ ᠤ | ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠦᠯᠦᠪᠵᠢᠬᠦᠯᠭᠡ ᠪᠣᠯᠤᠨ ᠬᠥᠮᠦᠨ ᠤ | ᠬᠦᠴᠦᠨ ᠤ ᠡᠬᠢ ᠪᠠᠶᠠᠯᠢᠭ ᠤᠨ ᠦᠢᠯᠡᠴᠢᠯᠡᠬᠡᠨ ᠤ ᠦᠢᠯᠡᠰ ᠤᠨ ᠬᠥᠭᠵᠢᠯᠲᠡ᠂ ᠬᠦᠮᠦᠨ ᠤ ᠬᠦᠴᠦᠨ ᠤ ᠡᠬᠢ | ᠪᠠᠶᠠᠯᠢᠭ ᠤᠨ ᠰᠢᠯᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠦᠶ ᠵᠣᠬᠢᠰᠲᠠᠶ ᠪᠠᠷ ᠰᠢᠯᠵᠢᠬᠦ᠂ | ᠪᠦᠲᠦᠮᠵᠢᠲᠡᠶ ᠪᠠᠷ ᠲᠣᠬᠢᠷᠠᠭᠤᠯᠬᠤ ᠶᠢ ᠠᠬᠢᠭᠤᠯᠤᠨ᠎ᠠ᠃ ︵ᠭᠤᠷᠪᠠ︶ ᠬᠤᠤᠯᠢᠩᠭᠤᠤᠯ ᠬᠤᠲᠠ ᠶᠢᠨ ᠬᠤᠲᠠ | ᠬᠥᠳᠡᠭᠡ ᠶᠢᠨ ᠠᠵᠢᠯ ᠣᠯᠭᠤᠯᠲᠠ ᠶᠢ ᠨᠢᠭᠡᠳᠦᠯᠲᠡᠶ ᠲᠥᠯᠥᠪᠯᠡᠬᠦ ᠲᠥᠯᠥᠪᠵᠢᠭᠦᠯᠪᠡ ᠪᠠ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠵᠤ᠂ ᠤᠯᠠᠨ ᠨᠡᠶᠢᠲᠡ ᠶᠢᠨ ᠠᠵᠢᠯ ᠣᠯᠭᠤᠬᠤ ᠠᠳᠠᠯ ᠦᠢᠯᠡᠰ ᠴᠣᠭᠴᠠᠯᠠᠬᠤ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠬᠥᠳᠡᠯᠮᠦᠷᠢᠯᠡᠭᠴᠢᠳ ᠲᠤ | ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠳᠦᠷᠢᠮ ᠢ ᠨᠢᠭᠡᠳᠦᠯᠲᠡᠶ ᠲᠥᠯᠥᠪᠯᠡᠨ ᠪᠠᠶᠢᠭᠤᠯᠵᠤ᠂ | ᠠᠵᠢᠯ ᠣᠯᠭᠤᠬᠤ ᠳᠠᠬᠢ ᠲᠤᠰᠠᠯᠠᠮᠵᠢ ᠦᠵᠡᠭᠦᠯᠬᠦ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ | ᠃ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ | ᠲᠤᠭᠤᠷᠪᠢᠨ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠬᠤ ᠬᠡᠷᠡᠭᠲᠡᠶ᠃ ︵ᠲᠦᠷᠪᠡ︶ ᠬᠤᠳᠠ ᠬᠥᠳᠡᠭᠡ ᠶᠢ | ᠬᠠᠮᠤᠷᠤᠭᠰᠠᠨ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠬᠤ ᠶᠢ | ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠲᠦᠩᠯᠢᠶᠣᠤ ᠬᠤᠲᠠ ᠶᠢᠨ ᠨᠠᠰᠤᠵᠢᠯ᠂ ᠠᠵᠢᠯ ᠠᠯᠳᠠᠯᠲᠠ᠂ | ᠠᠵᠢᠯ ᠠᠴᠠ ᠪᠣᠯᠤᠭᠰᠠᠨ ᠭᠡᠮᠲᠦᠯ ᠵᠡᠷᠭᠡ ᠨᠡᠶᠢᠭᠡᠮ ᠤᠨ ᠲᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ ᠲᠥᠷᠥ ᠶᠢᠨ | ᠪᠣᠳᠣᠯᠭ᠎ᠠ ᠪᠣᠯᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ ᠬᠡᠷᠡᠭᠵᠢᠭᠦᠯᠦᠨ᠎ᠡ᠃ ᠨᠠᠰᠤᠵᠢᠯ ᠤᠨ ᠠᠰᠠᠷᠠᠮᠵᠢ᠂ ᠠᠵᠢᠯ | ᠠᠯᠳᠠᠬᠤ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ | ᠰᠠᠭᠤᠷᠢ ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠳᠦᠷᠢᠮ ᠢ ᠲᠤᠭᠳᠠᠭᠠᠵᠦ᠂ ᠪᠦᠬᠦ ᠬᠤᠲᠠ ᠶᠢᠨ | ᠬᠤᠯᠪᠣᠭᠳᠠᠯ ᠪᠦᠬᠦᠢ ᠨᠡᠶᠢᠬᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ | ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠦᠯᠦᠪᠵᠢᠬᠦᠯᠬᠡ ᠶᠢ ᠬᠡᠷᠡᠭᠵᠢᠭᠦᠯᠵᠦ᠂ ᠤᠯᠤᠰ᠂ | ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠱᠠᠭᠠᠷᠳᠠᠯᠭ᠎ᠠ ᠶᠤᠰᠤᠭᠠᠷ ᠨᠡᠶᠢᠭᠡᠮ ᠤᠨ ᠳᠠᠭᠠᠳᠬᠠᠯ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠶ ᠲᠠᠪᠴᠠᠩ ᠢ ᠪᠠᠶᠢᠭᠤᠯᠬᠤ ᠬᠡᠷᠡᠭᠲᠡᠶ᠃ ︵ᠲᠠᠪᠤ︶ ᠪᠥᠬᠦ | ᠬᠤᠲᠠ ᠶᠢᠨ ᠠᠵᠢᠯ ᠣᠯᠭᠤᠯᠲᠠ᠂ ᠠᠵᠢᠯ ᠠᠯᠳᠠᠯᠲᠠ ᠪᠠ ᠬᠠᠮᠢᠶ᠎ᠠ ᠪᠥᠬᠦᠶ ᠨᠡᠶᠢᠭᠡᠮ ᠤᠨ ᠲᠠᠭᠠᠳᠬᠠᠯ ᠤᠨ ᠰᠠᠭᠤᠷᠢ | ᠮᠥᠩᠭᠦ ᠶᠢ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠵᠢᠴᠢ ᠮᠡᠳᠡᠭᠡ ᠵᠠᠩᠭᠢ ᠪᠠᠷ ᠬᠥᠲᠥᠯᠦᠨ | ᠵᠢᠯᠣᠭᠤᠳᠬᠤ ᠶᠢ ᠬᠠᠷᠢᠭᠤᠴᠠᠨ᠎ᠠ᠃ ᠠᠷᠭᠠᠴᠠᠬᠤ ᠪᠡᠯᠡᠳᠬᠡᠯ ᠲᠥᠰᠦᠯ ᠢ ᠲᠤᠭᠤᠷᠪᠢᠨ ᠲᠣᠭᠲᠠᠭᠠᠵᠤ᠂ ᠤᠷᠢᠳᠴᠢᠯᠠᠨ | ᠰᠡᠷᠭᠡᠶᠢᠯᠡᠬᠦ᠂ ᠲᠣᠬᠢᠷᠠᠭᠤᠯᠬᠤ ᠪᠠ ᠬᠢᠵᠠᠭᠠᠷᠯᠠᠬᠤ ᠶᠢ ᠬᠡᠷᠡᠭᠵᠢᠭᠦᠯᠵᠦ᠂ ᠠᠵᠢᠯ ᠣᠯᠭᠤᠯᠲᠠ ᠶᠢᠨ ᠪᠠᠶᠢᠳᠠᠯ ᠤᠨ | ᠲᠣᠭᠲᠠᠭᠤᠨ ᠪᠠᠶᠢᠬᠤ ᠪᠠ ᠬᠤᠯᠪᠣᠭᠳᠠᠯ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ | ᠣᠷᠣᠯᠭ᠎ᠠ ᠵᠠᠷᠤᠯᠭ᠎ᠠ ᠶᠢᠨ ᠲᠡᠩᠴᠡᠭᠦᠷᠢᠲᠡᠶ ᠪᠠᠶᠢᠬᠤ ᠶᠢ ᠪᠠᠲᠤᠯᠠᠨ᠎ᠠ᠃ ︵ᠵᠢᠷᠭᠤᠭ᠎ᠠ︶ ᠬᠥᠳᠡᠯᠮᠦᠷᠢ ᠠᠵᠢᠯᠲᠠᠨ ᠤ | ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠠᠬᠤ ᠳᠦᠷᠢᠮ ᠪᠣᠯᠤᠨ ᠬᠥᠳᠡᠯᠮᠦᠷᠢ ᠶᠢᠨ | ᠬᠠᠷᠢᠴᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠢᠳᠠᠪᠤᠷᠢᠵᠢᠭᠤᠯᠬᠤ᠂ ᠬᠦᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ | ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ᠠᠵᠢᠯᠲᠠᠨ ᠠᠵᠢᠯᠴᠢᠨ ᠤ ᠠᠵᠢᠯᠯᠠᠬᠤ ᠴᠠᠭ᠂ | ᠠᠮᠠᠷᠠᠬᠤ᠂ ᠠᠮᠠᠷᠠᠯᠲᠠ ᠶᠢᠨ ᠴᠢᠯᠥᠭᠡ᠂ ᠠᠮᠠᠷᠠᠯᠲᠠ ᠶᠢᠨ ᠳᠦᠷᠢᠮ ᠪᠠ ᠬᠡᠤᠬᠡᠳ ᠠᠵᠢᠯᠴᠢᠨ᠂ ᠡᠮᠡᠭᠲᠡᠶ ᠠᠵᠢᠯᠴᠢᠨ | ᠵᠢᠴᠢ ᠨᠠᠰᠤᠨ ᠳᠤ ᠬᠦᠷᠦᠭᠡᠳᠦᠶ ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠶᠢ ᠦᠭᠡᠶᠢᠰᠬᠡᠬᠦ ᠣᠨᠴᠠᠭᠠᠶ | ᠬᠥᠳᠡᠯᠮᠦᠷᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠬᠦᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ ᠠᠵᠢᠯ ᠢ ᠵᠣᠬᠢᠴᠠᠭᠤᠯᠵᠤ᠂ ᠬᠦᠨᠳᠦ ᠶᠡᠭᠡ ᠬᠡᠷᠡᠭ ᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ︵ᠳᠣᠯᠤᠭ᠎ᠠ︶ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠦᠷᠦᠬᠦᠯᠡᠨ | ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠲᠤᠰᠬᠠᠶ ᠮᠡᠷᠭᠡᠵᠢᠯ ᠤᠨ ᠠᠵᠢᠯᠲᠠᠨ ᠤ | ᠬᠠᠮᠢᠶᠠᠷᠤᠯᠲᠠ᠂ ᠦᠷᠬᠦᠯᠵᠢᠯᠡᠭᠰᠡᠨ ᠰᠤᠷᠭᠠᠨ ᠬᠥᠮᠦᠵᠢᠯ ᠪᠠ ᠫᠤᠰᠲ ᠳ᠋ᠣᠺᠲ᠋ᠣᠷ ᠤᠨ ᠬᠠᠮᠢᠶᠠᠷᠤᠯᠲᠠ ᠶᠢᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠦ᠂ ᠲᠡᠭᠡᠳᠦ ᠳᠡᠰ ᠳᠠᠪᠬᠤᠷᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ | ᠰᠢᠯᠢᠨ ᠰᠣᠩᠭᠤᠬᠤ ᠪᠠ ᠬᠥᠮᠦᠵᠢᠭᠦᠯᠬᠦ ᠠᠵᠢᠯ ᠢ ᠬᠠᠷᠢᠭᠤᠴᠠᠨ᠎ᠠ᠃ ᠤᠯᠤᠰ ︵ᠬᠢᠯᠢ︶ ᠤᠨ ᠭᠠᠳᠠᠨᠠᠬᠢ ᠲᠤᠰᠬᠠᠶ | ᠮᠡᠷᠭᠡᠵᠢᠯᠲᠡᠨ᠂ ᠭᠠᠳᠠᠭᠠᠳᠤ ᠳᠤ ᠰᠤᠷᠤᠯᠴᠠᠭᠰᠠᠳ ᠢ ᠲᠠᠲᠠᠵᠤ ᠠᠪᠴᠢᠷᠠᠬᠤ ᠠᠵᠢᠯ ᠤᠨ ᠲᠦᠷᠦ ᠶᠢᠨ ᠪᠤᠳᠤᠯᠭ᠎ᠠ ᠶᠢ | ᠲᠤᠭᠤᠷᠪᠢᠨ ᠲᠣᠭᠲᠠᠭᠠᠨ᠎ᠠ᠃ ᠮᠡᠷᠭᠡᠵᠢᠯ ᠤᠨ ᠴᠢᠳᠠᠪᠤᠷᠢ ᠲᠠᠢ ᠴᠢᠳᠠᠪᠤᠷᠢᠲᠠᠨ ᠬᠥᠮᠦᠵᠢᠭᠦᠯᠬᠦ᠂ ᠦᠨᠡᠯᠡᠬᠦ᠂ ᠬᠡᠷᠡᠭᠯᠡᠬᠦ | ᠪᠠ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠡᠷᠬᠢᠯᠡᠭᠰᠡᠨ ᠠᠵᠢᠯ ᠤᠨ ᠬᠢᠷᠢ ᠭᠡᠮ ᠤᠨ ᠳᠦᠷᠢᠮ ᠢ ᠨᠠᠶᠢᠳᠠᠪᠤᠷᠢᠵᠢᠭᠤᠯᠬᠤ ᠬᠠᠮᠢᠶ᠎ᠠ ᠪᠦᠬᠦᠢ | ᠲᠥᠷᠥ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢ | ᠣᠯᠠᠨ ᠡᠰᠢᠵᠢᠭᠦᠯᠦᠨ ᠦᠨᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ︵ᠨᠠᠢᠮᠠ︶ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ | ᠳᠦᠷᠢᠮ ᠤᠨ ᠥᠭᠡᠷᠡᠴᠢᠯᠡᠯᠲᠡ ᠶᠢ ᠵᠢᠯᠣᠭᠤᠳᠴᠤ᠂ ᠬᠠᠮᠢᠶᠠᠷᠤᠯᠲᠠ ᠶᠢᠨ ᠡᠷᠬᠡ ᠮᠡᠳᠡᠯᠬᠡ ᠶᠣᠰᠣᠭᠠᠷ ᠠᠵᠢᠯ | ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠲᠣᠬᠢᠷᠠᠭᠤᠯᠬᠤ᠂ ᠢᠯᠡ ᠪᠠᠷ ᠤᠷᠢᠨ ᠬᠡᠷᠡᠭᠯᠡᠬᠦ᠂ ᠤᠷᠢᠨ ᠬᠡᠷᠡᠭᠯᠡᠬᠦ | ᠭᠡᠷ᠎ᠡ ᠵᠡᠷᠭᠡ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ | ᠵᠢᠷᠤᠮᠵᠢᠭᠤᠯᠤᠨ᠎ᠠ᠃ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠣᠯᠤᠨ ᠪᠠᠶᠢᠭᠤᠯᠤᠯᠭ᠎ᠠ ᠶᠢᠨ ᠦᠢᠯᠡᠴᠢᠯᠡᠭᠡᠨ ᠤ | ᠠᠵᠢᠯᠲᠠᠨ ᠤ ᠬᠠᠮᠢᠶᠠᠷᠤᠯᠳᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ︵ᠶᠢᠰᠦ︶ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠥᠬᠢᠭᠦᠯᠦᠨ ᠱᠠᠩᠨᠠᠬᠤ ᠳᠦᠷᠢᠮ ᠢ ᠨᠠᠶᠢᠳᠠᠪᠤᠷᠢᠵᠢᠭᠤᠯᠵᠦ᠂ ᠬᠥᠬᠢᠭᠦᠯᠦᠨ | ᠱᠠᠩᠨᠠᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠷᠬᠡ ᠣᠯᠭᠤᠯᠲᠠ ᠶᠢ ᠦᠨᠳᠦᠰᠦᠯᠡᠨ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠨᠡᠷ᠎ᠡ ᠪᠠᠷ ᠥᠷᠨᠢᠭᠦᠯᠦᠭᠰᠡᠨ ᠬᠤᠲᠠ ᠶᠢᠨ ᠱᠠᠲᠤᠨ ᠤ ᠬᠦᠬᠢᠭᠦᠯᠦᠨ | ᠱᠠᠩᠨᠠᠬᠤ ᠠᠵᠢᠯᠯᠠᠭ᠎ᠠ ᠶᠢ ᠳᠠᠭᠠᠭᠠᠴᠢᠯᠠᠨ ᠡᠷᠬᠢᠯᠡᠨᠡᠮ᠃ ︵ᠠᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ | ᠠᠵᠢᠯᠲᠠᠨ ᠤ ᠴᠠᠯᠢᠩ ᠤᠨ ᠲᠣᠭᠲᠠᠭᠠᠯ᠂ ᠬᠡᠪ ᠤᠨ ᠨᠡᠮᠡᠭᠳᠡᠯ ᠪᠠ ᠤᠯᠭᠤᠬᠤ ᠪᠠᠲᠤᠯᠠᠭ᠎ᠠ ᠶᠢᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ | ᠠᠰᠠᠷᠠᠮᠵᠢ ᠪᠠ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ︵ᠠᠷᠪᠠᠨ ᠨᠢᠭᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠲᠠᠷᠢᠶᠠᠴᠢᠨ ᠮᠠᠯᠴᠢᠨ ᠬᠦᠴᠦ ᠶᠠᠪᠤᠬᠰᠠᠨ ᠠᠵᠢᠯᠴᠢᠨ ᠤ ᠠᠵᠢᠯ ᠤᠨ ᠶᠡᠷᠦᠩᠬᠡᠶᠢᠯᠡᠭᠰᠡᠨ ᠴᠢᠨᠠᠷᠲᠠᠶ | ᠲᠥᠷᠥ ᠶᠢᠨ ᠪᠣᠳᠣᠯᠭ᠎ᠠ ᠪᠠ ᠲᠥᠯᠥᠪᠵᠢᠭᠦᠯᠪᠡ ᠲᠤᠬᠳᠠᠭᠠᠵᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠲᠦᠯᠬᠢᠨ ᠠᠬᠢᠭᠤᠯᠵᠤ᠂ | ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠵᠦ᠂ ᠲᠠᠷᠢᠶᠠᠴᠢᠨ ᠮᠠᠯᠴᠢᠨ ᠬᠦᠴᠦ | ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︵ᠠᠷᠪᠠᠨ ᠬᠤᠶᠠᠷ︶ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠬᠦᠷᠭᠡ ᠶᠢ ᠪᠡᠶᠡᠯᠡᠭᠦᠯᠦᠨ᠎ᠡ᠃ ︵ᠠᠷᠪᠠᠨ | ᠭᠤᠷᠪᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ | ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠭᠦᠨᠵᠡᠭᠡᠶ ᠠᠬᠢᠭᠤᠯᠵᠤ᠂ ᠦᠢᠯᠡᠴᠢᠯᠡᠭᠡᠨ ᠤ | ᠥᠭᠡᠷᠡᠴᠢᠯᠡᠯᠲᠡ ᠶᠢ ᠰᠢᠯᠢᠳᠡᠭᠵᠢᠭᠦᠯᠵᠦ᠂ ᠭᠠᠳᠠᠭᠠᠳᠤ ᠳᠤ ᠭᠦᠢᠴᠡᠳᠬᠡᠬᠦ ᠤᠴᠢᠷ ᠶᠠᠪᠤᠳᠠᠯ ᠢ ᠵᠢᠷᠤᠮᠵᠢᠭᠤᠯᠤᠨ | ᠰᠢᠯᠢᠳᠡᠭᠵᠢᠭᠦᠯᠵᠦ᠂ ᠤᠯᠤᠰ ᠠᠴᠠ ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ ᠤᠨ ᠳᠦᠷᠢᠮ ᠢ | ᠨᠠᠢᠳᠠᠪᠤᠷᠢᠵᠢᠭᠤᠯᠬᠤ᠂ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ | ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠤᠯᠠᠨ | ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠥᠲᠥᠯᠥᠭᠴᠢ᠄ ᠣᠳᠣᠬᠠᠨ ᠳᠤ ᠮᠠᠨ ᠤ ᠬᠤᠲᠠ ᠶᠢᠨ ᠠᠵᠢᠯ ᠣᠯᠭᠤᠯᠲᠠ ᠶᠢᠨ ᠪᠠᠶᠢᠳᠠᠯ ᠶᠠᠮᠠᠷ ᠪᠣᠶ︖ | ᠲᠣᠪᠴᠢᠶᠠᠨ ᠳᠠᠷᠤᠭ᠎ᠠ ᠸᠠᠩ ᠵᠢᠩ ᠹᠠᠩ ᠄ ᠵᠢᠯ ᠤᠨ ᠡᠬᠢᠨ ᠠᠴᠠ ᠨᠠᠰᠢ᠂ ᠣᠨᠴᠠᠭᠠᠶᠢᠯᠠᠨ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠡᠭᠦᠰᠦᠭᠰᠡᠨ ᠠᠴᠠ ᠨᠠᠰᠢ᠂ ᠮᠠᠨ ᠤ ᠬᠤᠲᠠ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ᠂ ᠲᠦᠩᠯᠢᠶᠣᠤ ᠬᠤᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ | ᠲᠤᠤᠱᠯᠠᠭᠤᠯᠤᠨ ᠨᠠᠶᠢᠳᠠᠪᠤᠷᠢᠵᠢᠭᠤᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ | ᠂ ᠠᠵᠢᠯ ᠣᠯᠭᠤᠯᠲᠠ ᠶᠢ ᠲᠤᠭᠳᠠᠪᠤᠷᠢᠵᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠢᠳᠡᠪᠬᠢᠲᠡᠢ | ᠨᠠᠶᠢᠳᠠᠪᠤᠷᠢᠵᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠰᠦᠯᠵᠢᠶᠡᠨ ᠳᠡᠭᠡᠷ᠎ᠡ | ᠪᠣᠯᠪᠠᠰᠤᠷᠠᠭᠤᠯᠬᠤ᠂ ᠰᠦᠯᠵᠢᠶᠡᠨ ᠳᠡᠭᠡᠷ᠎ᠡ ᠤᠷᠢᠵᠤ ᠬᠡᠷᠡᠭᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠲᠤᠯᠭᠠᠭᠤᠷᠢ ᠠᠵᠤ ᠠᠬᠤᠶᠢᠯᠠᠯ ᠤᠨ ᠠᠵᠢᠯ ᠢᠶᠠᠨ ᠵᠣᠭᠰᠣᠭᠠᠬᠤ ᠥᠬᠡᠶ᠂ ᠦᠢᠯᠡᠳᠪᠦᠷᠢᠯᠡᠯ ᠢᠶᠠᠨ ᠵᠣᠭᠰᠣᠭᠠᠬᠤ | ᠥᠬᠡᠶ ᠪᠠᠶᠢᠬᠤ ᠶᠢ ᠪᠠᠳᠤᠯᠠᠨ᠎ᠠ᠃ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠳᠡᠰ ᠢ 2 ᠲᠥᠷᠥᠯ ᠤᠨ ᠭᠠᠵᠠᠷ | ᠣᠷᠣᠨ ᠠᠴᠠ ᠲᠦᠭᠰᠢᠭᠦᠷᠢ ᠪᠠᠭ᠎ᠠ ᠭᠠᠵᠠᠷ ᠣᠷᠣᠨ ᠪᠣᠯᠭᠠᠨ ᠲᠣᠬᠢᠷᠠᠭᠤᠯᠤᠭᠰᠠᠨ ᠤ ᠳᠠᠷᠠᠭ᠎ᠠ᠂ ᠬᠠᠪᠤᠷ ᠤᠨ | ᠠᠬᠢᠯᠲᠠ ᠶᠢᠨ ᠵᠤᠷᠪᠤᠰ ᠢ ᠪᠦᠬᠦ ᠬᠦᠴᠦᠨ ᠢᠶᠠᠷ ᠢᠶᠠᠨ ᠬᠦᠢᠴᠡᠵᠦ᠂ ᠡᠯ᠎ᠡ ᠠᠵᠢᠯ ᠲᠥᠷᠥᠯ ᠤᠨ ᠬᠢᠨ ᠤ | ᠬᠠᠷᠢᠭᠤᠯᠲᠠ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃ ᠡᠨᠡ ᠵᠢᠯ ᠤᠨ ᠲᠦᠷᠦᠭᠦᠦ ᠳᠣᠯᠣᠭᠠᠨ | ᠰᠠᠷ᠎ᠠ ᠶᠢᠨ ᠴᠢᠷᠮᠠᠶᠢᠯᠭ᠎ᠠ ᠪᠠᠷ ᠳᠠᠮᠵᠢᠨ᠂ ᠠᠵᠢᠯ ᠣᠯᠭᠤᠯᠲᠠ ᠶᠢᠨ ᠪᠠᠶᠢᠳᠠᠯ ᠨᠢᠭᠡᠨᠲᠡ ᠰᠢᠨ᠎ᠡ ᠠᠭᠤᠰᠬᠢᠨ | ᠦᠷᠪᠢᠰᠦᠯ ᠤᠨ ᠬᠢᠵᠢᠭ ᠤᠨ ᠨᠥᠯᠥᠭᠡ ᠶᠢ ᠢᠯᠠᠨ ᠲᠠᠪᠠᠵᠦ᠂ ᠬᠤᠲᠠ ᠪᠠᠯᠭᠠᠰᠤᠨ ᠤ 911 ᠬᠥᠮᠦᠨ ᠳᠤ ᠰᠢᠨ᠎ᠡ ᠪᠠᠷ | ᠠᠵᠢᠯ ᠣᠯᠭᠤᠵᠤ᠂ ᠵᠢᠯ ᠤᠨ ᠡᠭᠦᠷᠭᠡ ᠪᠠᠨ ᠪᠡᠶᠡᠯᠡᠭᠦᠯᠬᠦ ᠬᠠᠷᠠᠯᠲᠠ ᠶᠢᠨ 62.8%︔ ᠬᠤᠲᠠ ᠪᠠᠯᠭᠠᠰᠤᠨ ᠤ | ᠠᠵᠢᠯ ᠠᠯᠳᠠᠭᠰᠠᠳ 255 ᠬᠥᠮᠦᠨ ᠳᠤ ᠳᠠᠬᠢᠨ ᠠᠵᠢᠯ ᠣᠯᠭᠤᠵᠤ᠂ ᠪᠦᠬᠦ ᠵᠢᠯ ᠤᠨ ᠲᠦᠯᠦᠪᠯᠡᠯᠭᠡ ᠶᠢᠨ 127. | 5% ᠶᠢ ᠪᠡᠶᠡᠯᠡᠭᠦᠯᠪᠡ᠃ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢᠨ | ᠵᠠᠭᠤᠨ ᠤ ᠭᠤᠷᠪᠠ ᠴᠡᠭ ᠤᠨ ᠲᠤᠳᠤᠷ᠎ᠠ ᠬᠢᠵᠠᠭᠠᠷᠯᠠᠵᠤ᠂ ᠡᠵᠡᠮᠳᠡᠬᠦ ᠬᠠᠷᠠᠯᠲᠠ ᠠᠴᠠ 1.6 ᠵᠠᠭᠤᠨ ᠤ ᠨᠢᠭᠡᠴᠢ | ᠳᠣᠤᠷ᠎ᠠ ᠪᠠᠶᠢᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠳᠡᠭᠡᠭᠰᠢᠯᠡᠯᠲᠡ ᠲᠠᠢ ᠪᠠᠶᠢᠬᠤ ᠶᠢ ᠪᠠᠲᠤᠯᠠᠪᠠ᠃ | ᠬᠥᠲᠥᠯᠥᠭᠴᠢ᠄ ᠬᠢᠵᠢᠭ ᠤᠨ ᠪᠠᠶᠢᠳᠠᠯ ᠢ ᠠᠷᠭᠠᠴᠠᠬᠤ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | ᠲᠣᠪᠴᠢᠶᠠᠨ ᠳᠠᠷᠤᠭ᠎ᠠ ᠸᠠᠩ ᠵᠢᠩ ᠹᠠᠩ᠄ ᠨᠢᠭᠡ ᠳᠤ᠂ ᠲᠥᠷᠥ ᠶᠢᠨ ᠪᠣᠳᠣᠯᠭ᠎ᠠ ᠶᠢᠨ ᠡᠰᠡᠷᠭᠦᠴᠡᠯᠳᠦᠯ ᠪᠠ | ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠨ᠎ᠠ᠃ ︽ᠬᠠᠰᠤᠵᠤ ᠬᠡᠯᠲᠦᠷᠢᠭᠦᠯᠬᠦ ᠶᠢ ᠤᠳᠠᠭᠠᠰᠢᠷᠠᠭᠤᠯᠤᠨ ᠪᠤᠴᠠᠭᠠᠵᠤ | ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠠᠪᠴᠤ᠂ ᠭᠤᠷᠪᠠᠨ ᠵᠦᠢᠯ ᠤᠨ ᠨᠡᠶᠢᠭᠡᠮ ᠤᠨ | ᠳᠠᠭᠠᠳᠬᠠᠯ ᠤᠨ ᠨᠢᠭᠡᠴᠡ ᠶᠢᠨ ᠰᠦᠢᠳᠬᠡᠯ ᠲᠤᠰᠢᠶᠠᠬᠤ ᠬᠡᠰᠡᠭ ᠢ ᠱᠠᠲᠤ ᠦᠶ᠎ᠡ ᠶᠢᠨ ᠴᠢᠨᠠᠷᠲᠠᠶ ᠬᠠᠰᠤᠵᠤ | ᠬᠡᠯᠲᠦᠷᠢᠭᠦᠯᠵᠦ᠂ ᠨᠡᠶᠢᠭᠡᠮ ᠤᠨ ᠳᠠᠭᠠᠳᠬᠠᠯ ᠤᠨᠰᠦ᠋ᠢᠳᠬᠡᠯ ᠢ ᠬᠤᠶᠢᠰᠢᠯᠠᠭᠤᠯᠤᠨ ᠲᠤᠰᠢᠶᠠᠬᠤ ᠶᠢ ᠵᠥᠪᠰᠢᠶᠡᠷᠡᠨ᠎ᠡ᠃ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ | ᠲᠤᠭᠳᠠᠪᠤᠷᠢᠵᠢᠭᠤᠯᠤᠨ ᠪᠤᠴᠠᠭᠠᠬᠤ᠂ ᠠᠵᠢᠯ ᠢᠶᠠᠷ ᠪᠣᠯᠪᠠᠰᠤᠷᠠᠯ ᠢ ᠣᠷᠣᠯᠠᠭᠤᠯᠬᠤ ᠲᠥᠷᠥ ᠶᠢᠨ ᠪᠣᠳᠣᠯᠭ᠎ᠠ ᠶᠢᠨ | ᠠᠰᠢᠭ ᠬᠦᠷᠳᠡᠬᠦ ᠬᠡᠪᠴᠢᠶ᠎ᠡ ᠶᠢ ᠥᠷᠭᠡᠳᠬᠡᠵᠦ᠂ ᠠᠵᠤ ᠠᠬᠤᠶᠢᠯᠠᠯ ᠤᠨ ᠭᠤᠤᠯᠳᠠᠯᠭ᠎ᠠ ᠲᠠᠢ ᠬᠥᠮᠦᠰ ᠤᠨ ᠠᠵᠢᠯ | ᠣᠯᠭᠤᠯᠲᠠ ᠶᠢ ᠰᠢᠩᠭᠡᠭᠡᠨ ᠠᠪᠬᠤ ᠳᠤ ᠨᠥᠬᠦᠪᠥᠷᠢ᠂ ᠠᠵᠢᠯ ᠣᠯᠭᠤᠯᠲᠠ ᠶᠢᠨ ᠳᠠᠳᠤᠯᠭ᠎ᠠ ᠶᠢᠨ ᠨᠥᠬᠦᠪᠥᠷᠢ ᠵᠡᠷᠭᠡ | ᠣᠯᠭᠤᠨ᠎ᠠ᠃ 2 ᠠᠴᠠ 7 ᠰᠠᠷ᠎ᠠ ᠪᠣᠯᠲᠠᠯ᠎ᠠ ᠠᠵᠤ ᠠᠬᠤᠶᠢᠯᠠᠯ ᠤᠨ ᠭᠤᠷᠪᠠᠨ ᠵᠦᠢᠯ ᠤᠨ ᠨᠡᠶᠢᠭᠡᠮ ᠤᠨ | ᠳᠠᠭᠠᠳᠬᠠᠯ ᠤᠨ ᠵᠠᠷᠤᠳᠠᠯ ᠢ ᠨᠡᠶᠢᠲᠡ 7046 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠵᠡᠶ᠃ ᠳᠡᠭᠡᠷ᠎ᠡ | ᠬᠠᠭᠠᠰ ᠵᠢᠯ ᠳᠤ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢᠨ | ᠪᠤᠴᠠᠭᠠᠭᠰᠠᠨ ᠪᠠᠯᠠ ᠮᠥᠩᠭᠦ 3032.79 ᠲᠦᠮᠡᠨ ᠲᠥᠭᠦᠷᠢᠭ᠂ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ | ᠵᠢᠭᠡᠯᠡᠯᠬᠡ 903.2 ᠲᠦᠮᠡᠨ ᠲᠥᠭᠦᠷᠢᠭ ᠲᠠᠷᠬᠠᠭᠠᠪᠠ᠃ 1 ᠠᠵᠤ ᠠᠬᠤᠶᠢᠯᠠᠯ ᠢ ᠲᠦᠷ ᠬᠤᠶᠢᠰᠢᠯᠠᠭᠤᠯᠬᠤ ᠪᠠᠷ | ᠭᠤᠶᠤᠴᠢᠯᠠᠵᠤ᠂ 300 ᠲᠦᠮᠡᠨ ᠲᠥᠭᠦᠷᠢᠭ ᠤᠨ ᠵᠣᠭᠤᠰ ᠤᠨ ᠲᠤᠭ᠎ᠠ ᠲᠠᠢ᠃ ᠬᠤᠶᠠᠷ ᠲᠤ᠂ ᠠᠵᠢᠯ | ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ ᠭᠤᠤᠯᠳᠠᠯᠭ᠎ᠠ ᠶᠢ ᠪᠠᠲᠤᠯᠠᠨ᠎ᠠ᠃ ᠲᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠭᠤᠬᠤ ᠠᠷᠭ᠎ᠠ ᠵᠠᠮ ᠢ ᠥᠷᠭᠡᠳᠬᠡᠵᠦ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠳᠤ ᠠᠵᠢᠯ ᠣᠯᠭᠤᠯᠲᠠ ᠶᠢᠨ ᠨᠥᠬᠦᠪᠥᠷᠢ ᠮᠥᠩᠭᠦ ᠰᠢᠩᠭᠡᠭᠡᠨ ᠠᠪᠬᠤ ᠡᠷᠴᠢᠮ ᠢ ᠴᠢᠩᠭᠠᠷᠠᠭᠤᠯᠵᠤ᠂ | ᠬᠥᠯᠥᠰᠥᠨ ᠠᠵᠢᠯᠴᠢᠨ ᠤ ᠠᠵᠢᠯ ᠣᠯᠭᠤᠯᠲᠠ ᠶᠢᠨ ᠦᠢᠯᠡᠴᠢᠯᠡᠭᠡ᠂ ᠠᠵᠢᠯ ᠮᠡᠷᠭᠡᠵᠢᠯ ᠤᠨ ᠪᠤᠯᠪᠠᠰᠤᠷᠠᠭᠤᠯᠤᠯ ᠪᠠ | ᠡᠷᠬᠡ ᠠᠰᠢᠭ ᠢ ᠬᠠᠮᠠᠭᠠᠯᠠᠬᠤ ᠠᠵᠢᠯ ᠢ ᠵᠡᠷᠭᠡ ᠪᠠᠷ ᠰᠠᠶᠢᠲᠤᠷ ᠬᠢᠨ᠎ᠠ᠃ ᠭᠤᠷᠪᠠ ᠳᠤ᠂ ᠠᠵᠢᠯ ᠣᠯᠭᠤᠯᠲᠠ ᠶᠢᠨ | ᠦᠢᠯᠡᠴᠢᠯᠡᠭᠡ ᠶᠢ ᠰᠢᠯᠢᠳᠡᠭᠵᠢᠭᠦᠯᠦᠨ ᠢᠵᠢ ᠪᠦᠷᠢᠳᠦᠭᠦᠯᠬᠦ ᠶᠢ ᠠᠬᠢᠭᠤᠯᠤᠨ᠎ᠠ᠃ ᠰᠦᠯᠵᠢᠶᠡᠨ ᠳᠡᠭᠡᠷᠡᠬᠢ ᠠᠵᠢᠯ | ᠣᠯᠭᠤᠬᠤ ᠦᠢᠯᠡᠴᠢᠯᠡᠭᠡ ᠶᠢ ᠪᠥᠬᠦ ᠲᠠᠯ᠎ᠠ ᠪᠠᠷ ᠡᠬᠢᠯᠡᠭᠦᠯᠵᠦ᠂ ᠠᠵᠢᠯ ᠡᠷᠢᠭᠰᠡᠳ ᠲᠤ ᠵᠣᠯᠭᠠᠯᠳᠤᠭᠤᠯᠬᠤ ᠲᠠᠪᠴᠠᠩ | ᠪᠠᠶᠢᠭᠤᠯᠵᠤ ᠥᠭᠭᠦᠨ᠎ᠡ᠃ ᠡᠯ᠎ᠡ ᠲᠥᠷᠥᠯ ᠤᠨ ᠬᠠᠮᠳᠤᠷᠠᠯ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ | ᠶᠡᠬᠡᠪᠡᠷ ᠠᠬᠢᠭᠤᠯᠤᠨ᠎ᠠ᠃ ︽ᠲᠤᠰᠠᠯᠠᠬᠤ ᠠᠵᠢᠯᠯᠠᠭ᠎ᠠ ᠵᠢᠴᠢ ᠠᠵᠢᠯ ᠣᠯᠭᠤᠯᠲᠠ ᠪᠠᠷ ᠲᠤᠰᠠᠯᠠᠬᠤ ᠰᠠᠷ᠎ᠠ︾ ᠶᠢᠨ | ᠲᠤᠰᠬᠠᠶ ᠠᠵᠢᠯᠯᠠᠭ᠎ᠠ ᠥᠷᠨᠢᠭᠦᠯᠵᠦ᠂ ︽ᠥᠪᠥᠷ ᠮᠣᠩᠭᠤᠯ ᠤᠨ ᠴᠢᠳᠠᠪᠤᠷᠢᠲᠠᠨ ᠤ ᠰᠦᠯᠵᠢᠶᠡᠨ ᠤ ᠡᠭᠦᠯᠡᠨ ᠲᠠᠪᠴᠠᠩ | ︾ ᠢ ᠡᠬᠢᠯᠡᠭᠦᠯᠵᠦ᠂ ᠲᠤᠬᠠᠶ ᠶᠢᠨ ᠲᠠᠯᠠᠪᠠᠢ ᠳᠤ ᠠᠵᠢᠯᠲᠠᠨ ᠡᠯᠰᠡᠬᠦ ᠬᠤᠷᠠᠯ ᠢ ᠰᠦᠯᠵᠢᠶᠡᠨ ᠭᠠᠳᠠᠨ᠎ᠠ | ᠪᠠᠶᠢᠭᠰᠠᠨ ᠠᠴᠠ ᠨᠢ ᠰᠦᠯᠵᠢᠶᠡᠨ ᠳᠡᠭᠡᠷ᠎ᠡ ᠥᠭᠡᠷᠡᠴᠢᠯᠡᠵᠦ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠨᠡᠶᠢᠲᠡ | 47 ᠪᠠᠶᠢᠵᠤ᠂ 4057 ᠠᠵᠢᠯ ᠤᠨ ᠪᠠᠶᠢᠷᠢ ᠬᠠᠩᠭᠠᠵᠤ᠂ 300 ᠬᠥᠮᠦᠨ ︵ᠡᠭᠦᠨ ᠳᠤ ᠮᠠᠯᠴᠢᠨ ᠲᠠᠷᠢᠶᠠᠴᠢᠨ | ᠬᠦᠴᠦ ᠶᠠᠪᠤᠭᠰᠠᠳ 85 ᠬᠥᠮᠦᠨ ᠪᠣᠶ︶ ᠲᠠᠢ ᠪᠣᠯᠪᠠ᠃ ᠲᠦᠷᠪᠡ ᠳᠤ᠂ ᠬᠦᠴᠢᠷᠳᠡᠯ ᠢ ᠬᠠᠪᠰᠤᠷᠤᠨ ᠲᠡᠳᠬᠦᠬᠦ ᠶᠢ | ᠴᠢᠩᠭᠠᠳᠬᠠᠵᠤ ᠬᠤᠷᠢᠭ᠎ᠠ ᠱᠤᠭᠤᠮ ᠢ ᠪᠠᠲᠤᠯᠠᠨ᠎ᠠ᠃ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠲᠦᠷᠦᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ | ᠪᠠᠶᠢᠷᠢ ᠶᠢ ᠭᠦᠢᠴᠡᠳ ᠰᠠᠶᠢᠲᠤᠷ ᠬᠡᠷᠡᠭᠯᠡᠵᠦ᠂ ᠠᠵᠢᠯ ᠣᠯᠭᠤᠯᠲᠠ ᠶᠢᠨ ᠦᠨᠳᠦᠰᠦᠨ ᠵᠦᠢᠯ ᠢ ᠪᠠᠲᠤᠯᠠᠬᠤ | ᠦᠢᠯᠡᠳᠦᠯ ᠢ ᠪᠦᠲᠦᠮᠵᠢᠲᠡᠢ ᠪᠠᠳᠠᠷᠠᠭᠤᠯᠤᠨ᠎ᠠ᠃ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠠᠵᠢᠯ ᠣᠯᠵᠤ | ᠣᠷᠣᠯᠭ᠎ᠠ ᠪᠠᠨ ᠨᠡᠮᠡᠭᠳᠡᠭᠦᠯᠬᠦ ᠡᠨᠡ ᠬᠦ ᠭᠤᠤᠯᠳᠠᠯᠭ᠎ᠠ ᠶᠢ ᠴᠢᠩᠭ᠎ᠠ ᠠᠩᠬᠠᠷᠴᠤ᠂ ᠠᠵᠢᠯ ᠤᠯᠬᠤ ᠬᠦᠰᠡᠯ | ᠡᠷᠡᠮᠡᠯᠵᠡᠯ ᠲᠠᠢ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠠᠵᠢᠯ ᠣᠯᠵᠤ ᠶᠠᠳᠠᠭᠤ ᠠᠴᠠ ᠠᠩᠭᠢᠵᠢᠷᠠᠬᠤ ᠶᠢ | ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ | ᠬᠦᠴᠢᠷᠳᠡᠯᠲᠡᠶ ᠬᠥᠳᠡᠯᠮᠦᠷᠢ ᠬᠦᠴᠦᠨ ᠤ ᠰᠠᠭᠤᠷᠢ ᠮᠡᠳᠡᠭᠡ ᠵᠠᠩᠭᠢ ᠶᠢᠨ ᠡᠬᠡ ᠲᠠᠩᠰᠠ ᠶᠢ ᠪᠥᠬᠦ ᠲᠠᠯ᠎ᠠ ᠪᠠᠷ | ᠡᠮᠬᠢᠯᠡᠵᠦ᠂ ᠠᠵᠢᠯ ᠤᠯᠬᠤ ᠪᠠᠶᠢᠳᠠᠯ᠂ ᠠᠵᠢᠯ ᠤᠯᠬᠤ ᠬᠦᠰᠡᠯ ᠰᠠᠨᠠᠭ᠎ᠠ᠂ ᠪᠣᠯᠪᠠᠰᠤᠷᠠᠭᠤᠯᠤᠯ ᠤᠨ ᠬᠡᠷᠡᠭᠴᠡᠭᠡ | ᠱᠠᠭᠠᠷᠳᠠᠯᠭ᠎ᠠ᠂ ᠲᠥᠷᠥ ᠶᠢᠨ ᠪᠣᠳᠣᠯᠭ᠎ᠠ ᠪᠠᠷ ᠲᠡᠳᠬᠦᠨ ᠳᠡᠮᠵᠢᠬᠦ᠂ ᠮᠥᠷᠳᠡᠨ ᠬᠠᠪᠰᠤᠷᠤᠨ ᠲᠡᠳᠬᠦᠬᠦ ︽ᠲᠠᠪᠤᠨ | ᠨᠠᠷᠢᠯᠢᠭ ᠣᠨᠣᠴᠠᠲᠠᠶ︾ ᠶᠢ ᠪᠡᠶᠡᠯᠡᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ | ᠨᠠᠭᠠᠳᠤ ᠵᠠᠬ᠎ᠠ ᠶᠢᠨ ᠱᠤᠭᠤᠮ ᠢ ᠪᠠᠳᠤᠯᠠᠵᠦ ᠪᠠᠴᠢᠮ ᠪᠠᠶᠢᠳᠠᠯ ᠠᠴᠠ ᠠᠪᠤᠷᠠᠬᠤ ᠦᠢᠯᠡᠳᠦᠯ ᠢ ᠦᠨᠡᠨᠬᠦ ᠪᠠᠳᠠᠷᠠᠭᠤᠯᠵᠠᠶ᠃ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ 23 ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠬᠢᠵᠢᠭ ᠤᠨ | ᠪᠠᠶᠢᠳᠠᠯ ᠤᠨ ᠨᠥᠯᠥᠭᠡᠯᠡᠯ ᠳᠤ ᠳᠠᠬᠢᠨ ᠶᠠᠳᠠᠭᠤᠷᠠᠬᠤ ᠲᠦᠭᠰᠢᠭᠦᠷᠢ ᠳᠤ ᠲᠤᠯᠭᠠᠷᠠᠭᠰᠠᠨ ᠳᠠᠩᠰᠠ ᠡᠪᠬᠡᠮᠡᠯ ᠪᠠ | ᠺᠠᠷᠲ ᠲᠠᠢ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠡᠩ ᠲᠡᠷᠢᠭᠦᠨ ᠳᠤ ᠲᠥᠪᠬᠢᠨᠡᠭᠦᠯᠵᠦ᠂ ᠵᠢᠴᠢ ᠠᠵᠢᠯ | ᠣᠯᠬᠤ ᠬᠦᠰᠡᠯ ᠡᠷᠡᠮᠡᠯᠵᠡᠯ ᠲᠠᠢ ᠲᠦᠷ ᠴᠠᠭ ᠭᠠᠳᠠᠭᠰᠢ ᠭᠠᠷᠴᠤ ᠠᠵᠢᠯ ᠬᠢᠬᠦ ᠶᠢᠨ ᠠᠷᠭ᠎ᠠ ᠦᠭᠡᠢ ᠲᠠᠩᠰᠠᠯᠠᠵᠦ | ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠳᠡᠯᠮᠦᠷᠢ ᠶᠢᠨ ᠬᠦᠴᠦᠨ᠃ | ᠬᠥᠲᠥᠯᠥᠭᠴᠢ᠄ ᠲᠠᠷᠠᠭᠠᠴᠢ ᠶᠢᠨ ᠠᠯᠬᠤᠮ ᠳᠤ᠂ ᠠᠵᠢᠯ ᠣᠯᠭᠤᠬᠤ ᠠᠵᠢᠯ ᠢ ᠰᠠᠶᠢᠲᠤᠷ ᠬᠢᠬᠦ ᠲᠤᠬᠠᠶ ᠮᠠᠨ ᠤ | ᠬᠤᠲᠠ ᠳᠤ ᠶᠠᠮᠠᠷ ᠶᠠᠮᠠᠷ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠᠶᠢᠬᠤ ᠪᠣᠶ︖ | ᠲᠣᠪᠴᠢᠶᠠᠨ ᠳᠠᠷᠤᠭ᠎ᠠ ᠸᠠᠩ ᠵᠢᠩ ᠹᠠᠩ᠄ ᠣᠳᠣᠬᠠᠨ ᠳᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ | ᠠᠵᠢᠯ ᠣᠯᠭᠤᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠥᠷᠢᠰᠥᠯᠳᠦᠭᠡᠨ ᠮᠥᠨ ᠬᠦ | ᠲᠦᠢᠯ ᠤᠨ ᠲᠤᠪᠤᠶᠢᠮ᠎ᠠ ᠪᠠᠶᠢᠵᠤ᠂ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠤᠯᠳᠠᠯᠭ᠎ᠠ ᠲᠠᠢ ᠠᠵᠢᠯ | ᠤᠯᠭᠤᠯᠳᠠ ᠳᠤ ᠨᠡᠩ ᠶᠡᠭᠡ ᠳᠠᠷᠤᠯᠲᠠ ᠲᠤᠯᠭᠠᠷᠠᠵᠤ ᠪᠠᠶᠢᠨ᠎ᠠ᠃ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠪᠠ ᠠᠵᠤ ᠠᠬᠤᠢ ᠶᠢᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠬᠤᠷᠢᠭ᠎ᠠ ᠱᠤᠭᠤᠮ ᠤᠨ | ᠰᠡᠳᠬᠢᠬᠦᠶ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠠᠷᠤᠭᠠᠰᠦ ᠶᠢ ᠬᠥᠩᠭᠡᠷᠡᠭᠦᠯᠦᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠠᠷᠭ᠎ᠠ ᠬᠡᠮᠵᠢᠶ᠎ᠡ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠬᠤ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ᠂ ᠠᠮᠢᠳᠤᠯᠢᠭ ᠢᠶᠠᠷ ᠠᠵᠢᠯ | ᠣᠯᠭᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ | ᠬᠥᠯᠥᠰᠥᠨ ᠠᠵᠢᠯᠴᠢᠨ ᠵᠡᠷᠭᠡ ᠭᠤᠣᠯᠳᠠᠯᠭ᠎ᠠ ᠲᠠᠢ ᠬᠥᠮᠦᠰ ᠤᠨᠠᠵᠢᠯ ᠣᠯᠬᠤ ᠦᠢᠯᠡᠰ ᠪᠣᠰᠬᠠᠬᠤ ᠶᠢ ᠠᠬᠢᠭᠤᠯᠬᠤ | ᠠᠵᠢᠯᠯᠠᠭ᠎ᠠ᠂ ᠲᠤᠰᠬᠠᠢ ᠲᠥᠷᠥᠯ ᠤᠨ ᠠᠵᠢᠯ ᠣᠯᠭᠤᠬᠤ ᠦᠢᠯᠡᠴᠢᠯᠡᠭᠡ ᠵᠡᠷᠭᠡ ᠠᠵᠢᠯᠯᠠᠭ᠎ᠠ ᠶᠢ ᠬᠡᠷᠡᠭᠵᠢᠭᠦᠯᠵᠦ᠂ | ᠪᠦᠬᠦ ᠵᠢᠯ ᠤᠨ ᠠᠵᠢᠯ ᠣᠯᠬᠤ ᠬᠠᠷᠠᠯᠲᠠ ᠶᠢᠨ ᠪᠡᠶᠡᠯᠡᠭᠳᠡᠬᠦ ᠶᠢ ᠴᠢᠷᠮᠠᠶᠢᠨ ᠪᠠᠲᠤᠯᠠᠨ᠎ᠠ᠃ ᠠᠵᠢᠯ ᠣᠯᠭᠤᠯᠲᠠ ᠶᠢᠨ | ᠶᠡᠭᠡ ᠲᠠᠯ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠴᠢᠷᠮᠠᠶᠢᠨ ᠪᠠᠲᠤᠯᠠᠨ᠎ᠠ ᠃ | ᠬᠥᠲᠥᠯᠥᠭᠴᠢ᠄ ᠵᠠ᠂ ᠸᠠᠩ ᠲᠣᠪᠴᠢᠶᠠᠨ ᠳᠠᠷᠤᠭ᠎ᠠ ᠶᠠᠭᠠᠷᠠᠤ ᠴᠠᠭ ᠲᠤ ᠪᠢᠳᠡᠨ ᠤ ᠰᠤᠷᠪᠤᠯᠵᠢᠯᠠᠭ᠎ᠠ ᠶᠢ | ᠬᠦᠯᠢᠶᠡᠭᠰᠡᠨ ᠳᠤ ᠮᠠᠰᠢ ᠲᠠᠯᠠᠷᠬᠠᠵᠤ ᠪᠠᠶᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ | ᠲᠡᠭᠦᠰᠦᠯ᠎ᠡ᠂ ᠪᠢᠳᠡ ᠳᠠᠷᠠᠭ᠎ᠠ ᠬᠤᠭᠤᠴᠠᠭᠠᠨ ᠳᠤ ᠳᠠᠬᠢᠨ ᠠᠭᠤᠯᠵᠠᠶ᠎ᠠ᠃ | | | | | | | | |