ᠬᠤᠤᠯᠢᠩᠭᠤᠤᠯ ᠬᠤᠲᠠ ︽ᠳᠥᠷᠪᠡᠨ ᠣᠳᠣᠬᠢᠴᠢᠯᠠᠯᠲᠠ ᠶᠢ ᠵᠡᠷᠭᠡᠪᠡᠷ ᠬᠥᠭᠵᠢᠭᠦᠯᠬᠦ︾ ᠠᠵᠢᠯᠯᠠᠭ᠎ᠠ ᠨᠢ ᠨᠠᠮ ᠪᠠ | ᠣᠯᠠᠨ ᠲᠦᠮᠡᠨ ᠤ ᠦᠢᠯᠡᠴᠢᠯᠡᠬᠡᠨ ᠤ ᠲᠥᠪ ᠤᠨ ᠦᠢᠯᠡᠴᠢᠯᠡᠬᠦ ᠴᠢᠳᠠᠪᠤᠷᠢ ᠶᠢ ᠨᠢ ᠲᠡᠭᠡᠭᠰᠢᠯᠡᠬᠦᠯᠵᠠᠢ | | ᠦᠨᠦ ᠵᠢᠯ ᠠᠴᠠ ᠨᠠᠰᠢ᠂ ᠬᠤᠤᠯᠢᠩᠭᠤᠤᠯ ᠬᠤᠲᠠ ᠶᠢᠨ ᠪᠣᠳᠠᠲᠤ ᠴᠣᠭᠴᠠᠲᠤ ᠠᠵᠢᠯᠯᠠᠭᠠᠨ ᠤ ᠨᠠᠮ ᠣᠯᠠᠨ | ᠲᠦᠮᠡᠨ ᠤ ᠦᠢᠯᠡᠴᠢᠯᠡᠬᠡᠨ ᠤ ᠲᠥᠪ ᠤᠨ ᠲᠤᠰᠬᠠᠶ ᠠᠵᠢᠯᠯᠠᠭ᠎ᠠ ᠶᠢ ᠠᠬᠢᠭᠤᠯᠵᠤ᠂ ᠣᠯᠠᠨ ᠲᠦᠮᠡᠨ ᠳᠤ | ᠦᠢᠯᠡᠴᠢᠯᠡᠬᠦ ᠪᠠᠷ ᠬᠠᠷᠠᠯᠲᠠ ᠪᠣᠯᠭᠠᠵᠠᠶ᠃ ᠦᠢᠯᠡᠴᠢᠯᠡᠬᠡᠨ ᠤ ᠵᠢᠭᠰᠠᠭᠠᠯ ᠤᠨ ᠭᠠᠵᠠᠷ ᠤᠨ ᠰᠠᠭᠤᠭᠠᠯᠢ ᠠᠷᠠᠳ ᠲᠤ | ᠥᠨᠳᠥᠷ ᠪᠦᠲᠦᠮᠵᠢᠲᠡᠶ ᠦᠢᠯᠡᠴᠢᠯᠡᠬᠦ ᠦᠢᠯᠡᠳᠦᠯ ᠢ ᠬᠦᠢᠴᠡᠳ ᠪᠠᠳᠠᠷᠠᠭᠤᠯᠵᠤ᠂ ᠶᠡᠷᠦᠩᠬᠡᠶᠢᠯᠡᠭᠰᠡᠨ ᠦᠢᠯᠡᠴᠢᠯᠡᠬᠡᠨ ᠤ | ᠴᠢᠳᠠᠪᠤᠷᠢ ᠶᠢ ᠲᠠᠰᠤᠷᠠᠯᠲᠠ ᠥᠬᠡᠶ ᠲᠡᠭᠡᠭᠰᠢᠯᠡᠬᠦᠯᠪᠡ᠃ | ᠨᠠᠮ ᠪᠠ ᠤᠯᠠᠨ ᠲᠦᠮᠡᠨ ᠤ ᠦᠢᠯᠡᠴᠢᠯᠡᠬᠡᠨ ᠤ ᠲᠥᠪ ᠤᠨ ︽ᠢᠵᠢᠯ ᠲᠥᠪᠲᠦ ᠲᠣᠭᠤᠷᠢᠭ︾ ᠢ ᠪᠠᠶᠢᠭᠤᠯᠵᠤ᠂ | ᠣᠷᠣᠨ ᠪᠦᠰᠡ ᠶᠢᠨ ᠬᠤᠯᠪᠣᠭᠠᠯᠠᠯᠲᠠ ᠶᠢ ᠪᠡᠶᠡᠯᠡᠭᠦᠯᠦᠨ᠎ᠡ᠃ ︽ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠢ ᠪᠣᠳᠠᠲᠤ ᠴᠣᠭᠴᠠᠴᠢᠯᠠᠭᠤᠯᠤᠨ ᠠᠵᠢᠯᠯᠠᠭᠤᠯᠬᠤ︾ ᠪᠠᠷ ᠠᠳᠬᠤᠯᠳᠠ ᠪᠣᠯᠭᠠᠵᠤ᠂ ︽ᠵᠡᠭᠡᠯᠢ ᠭᠤᠳᠤᠮᠵᠢ | ᠨᠡᠶᠢᠭᠡᠮ ᠲᠣᠭᠤᠷᠢᠭ + ᠠᠵᠢᠯ ᠲᠥᠷᠥᠯ ᠤᠨ ᠰᠠᠯᠠᠭ᠎ᠠ ᠮᠥᠴᠢᠷ + ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠶᠢᠯᠠᠯ + ᠬᠤᠳᠠᠯᠳᠤᠭᠠᠨ ᠤ ᠬᠦᠷᠢᠶ᠎ᠡ + ᠠᠰᠠᠷ ᠪᠠᠶᠢᠰᠢᠩ︾ ᠤᠨ ᠠᠵᠢᠯ ᠤᠨ ᠪᠦᠲᠦᠴᠡ ᠶᠢ ᠪᠠᠶᠢᠭᠤᠯᠵᠦ᠂ ︽ | ᠠᠵᠢᠯ ᠲᠥᠷᠥᠯ ᠤᠨ ᠬᠤᠯᠪᠣᠭ᠎ᠠ + ᠬᠤᠯᠪᠣᠭᠠᠲᠤ ᠨᠠᠮ ᠤᠨ ᠬᠤᠷᠢᠶ᠎ᠠ︾ ᠶᠢᠨ ᠵᠠᠭᠪᠤᠷ ᠢ ᠬᠡᠷᠡᠭᠵᠢᠭᠦᠯᠪᠡ᠃ ᠨᠠᠮ ᠤᠨ | ᠵᠣᠬᠢᠶᠠᠨ ᠪᠠᠶᠢᠭᠤᠯᠤᠯᠲᠠ ᠪᠣᠯᠤᠨ ᠠᠵᠢᠯ ᠲᠦᠷᠦᠯ ᠤᠨ ᠰᠠᠯᠠᠭ᠎ᠠ ᠮᠥᠴᠢᠷ ᠤᠨ ᠠᠵᠢᠯ ᠢ ᠢᠵᠢ ᠪᠦᠷᠢᠳᠤᠬᠦᠯᠵᠦ ᠶᠢ | ᠠᠬᠢᠭᠤᠯᠤᠨ᠎ᠠ᠃ ︽ᠦᠢᠯᠡᠴᠢᠯᠡᠭᠡᠨ ᠤ ᠲᠥᠪ + ᠬᠡᠶᠢᠰᠪᠦᠷᠢ ᠣᠷᠣᠨ ᠵᠠᠶ︾ ᠶᠢᠨ ᠵᠠᠭᠪᠤᠷ ᠢ ᠬᠡᠷᠡᠭᠵᠢᠭᠦᠯᠵᠦ᠂ | ᠨᠠᠮ ᠤᠨ ᠪᠠᠶᠢᠭᠤᠯᠤᠯᠳᠠ ᠶᠢᠨ ᠵᠢᠭᠰᠠᠭᠠᠯ ᠤᠨ ᠭᠠᠵᠠᠷ ᠪᠠ ᠤᠶᠤᠨᠲᠤ ᠲᠠᠪᠴᠠᠩ ᠤᠨ ᠵᠣᠯᠭᠠᠯᠳᠤᠯ ᠢ ᠠᠬᠢᠭᠤᠯᠤᠨ᠎ᠠ᠃ | ︽ᠬᠠᠮᠲᠤ ᠶᠢᠨ ᠲᠠᠨᠢᠯᠲᠠ ᠶᠢᠨ ᠬᠥᠮᠦᠵᠢᠯ + ᠣᠨᠴᠠᠯᠢᠭᠲᠤ ᠦᠢᠯᠡᠳᠦᠯᠬᠡ︾ ᠶᠢᠨ ᠵᠠᠭᠪᠤᠷ ᠢ ᠬᠡᠷᠡᠭᠵᠢᠭᠦᠯᠵᠦ᠂ | ᠤᠯᠠᠨ ᠲᠦᠮᠡᠨ ᠤ ᠪᠦᠯᠬᠦᠮ ᠤᠨ ᠬᠥᠲᠥᠯᠦᠨ ᠵᠢᠯᠣᠭᠤᠳᠬᠤ ᠪᠠ ᠨᠥᠬᠦᠷᠯᠡᠯ ᠤᠨ ᠠᠵᠢᠯᠯᠠᠭ᠎ᠠ ᠶᠢᠨ ᠬᠠᠷᠢᠯᠴᠠᠨ | ᠨᠡᠪᠴᠢᠬᠦ ᠶᠢ ᠠᠬᠢᠭᠤᠯᠤᠨ᠎ᠠ᠃ ︽ᠬᠤᠰᠢᠭᠤᠴᠢ ᠳᠠᠶᠢᠴᠢᠯᠠᠯᠲᠠ + ᠭᠤᠣᠯᠯᠠᠭᠴᠢ ᠬᠦᠴᠦᠨ ᠢ ᠪᠤᠶᠢᠵᠢᠭᠤᠯᠬᠤ︾ | ᠵᠠᠭᠪᠤᠷ ᠢ ᠬᠡᠷᠡᠭᠵᠢᠭᠦᠯᠵᠦ᠂ ᠨᠠᠮ ᠤᠨ ᠭᠡᠰᠢᠭᠦᠨ ᠤ ᠭᠤᠤᠯᠯᠠᠭᠴᠢ ᠬᠦᠴᠦᠨ ᠪᠣᠯᠤᠨ ︽ᠬᠤᠶᠠᠷ ᠰᠢᠨ᠎ᠡ︾ ᠵᠣᠬᠢᠶᠠᠨ | ᠪᠠᠶᠢᠭᠤᠯᠤᠯᠲᠠ ᠶᠢᠨ ᠠᠭᠤᠰᠤᠯᠴᠠᠯ ᠢ ᠠᠬᠢᠭᠤᠯᠵᠤ᠂ ᠪᠥᠬᠦ ᠣᠷᠣᠨ ᠪᠦᠰᠡ ᠪᠠᠷ ᠨᠢᠭᠡᠳᠦᠯᠲᠡᠶ ᠲᠥᠯᠥᠪᠯᠡᠬᠦ᠂ ᠣᠯᠠᠨ | ᠲᠠᠯ᠎ᠠ ᠪᠠᠷ ᠬᠤᠯᠪᠣᠭᠠᠯᠠᠨ ᠬᠦᠳᠡᠯᠦᠯᠴᠡᠬᠦ᠂ ᠡᠯ᠎ᠡ ᠬᠦᠷᠢᠶ᠎ᠡ ᠴᠠᠷᠠᠭ᠎ᠠ ᠶᠢ ᠠᠭᠤᠰᠤᠯᠴᠠᠭᠤᠯᠤᠭᠰᠠᠨ ᠣᠷᠣᠨ ᠪᠦᠰᠡ ᠪᠠᠷ | ᠬᠤᠯᠪᠣᠭᠠᠯᠠᠬᠤ ᠶᠢ ᠪᠠᠶᠢᠭᠤᠯᠤᠨ᠎ᠠ᠃ | ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ︽ᠲᠡᠯᠡᠶ ᠶᠢᠨ ᠢᠷᠣᠭᠠᠷ ᠠᠴᠠ ᠱᠦᠭᠦᠬᠦ︾ ᠶᠢ ᠪᠣᠶ | ᠪᠤᠯᠭᠠᠵᠦ᠂ ᠦᠢᠯᠡᠴᠢᠯᠡᠭᠡ ᠶᠢ ᠨᠠᠷᠢᠯᠢᠭᠵᠢᠭᠤᠯᠬᠤ ᠶᠢ ᠪᠡᠶᠡᠯᠡᠭᠦᠯᠦᠨ᠎ᠡ᠃ ᠣᠯᠠᠨ ᠲᠦᠮᠡᠨ ᠳᠤ ᠦᠢᠯᠡᠴᠢᠯᠡᠬᠦ ᠳᠡᠭᠡᠨ | ᠨᠢᠭᠲᠠ ᠠᠴᠠ ᠨᠢᠭᠲᠠ᠂ ᠨᠠᠷᠢᠯᠢᠭ ᠮᠥᠷᠲᠡᠭᠡᠨ ᠨᠠᠷᠢᠯᠢᠭ ᠪᠠᠶᠢᠬᠤ ᠶᠢ ᠪᠠᠷᠮᠳᠠᠯᠠᠵᠦ᠂ ︽ᠲᠡᠯᠡᠶ ᠶᠢᠨ ᠢᠷᠣᠭᠠᠷ ᠠᠴᠠ | ᠱᠦᠭᠦᠬᠦ︾ ᠮᠠᠶ᠋ᠢᠭ ᠤᠨ ᠦᠢᠯᠡᠴᠢᠯᠡᠭᠡ ᠶᠢ ᠬᠡᠷᠡᠭᠵᠢᠭᠦᠯᠦᠨ᠎ᠡ᠃ ᠠᠵᠢᠯ ᠳᠤ ᠪᠠᠶᠢᠭ᠎ᠠ ᠨᠠᠮ ᠤᠨ ᠭᠡᠰᠢᠭᠦᠨ ᠤ | ᠬᠤᠰᠢᠭᠤᠴᠢ ︽ᠵᠢᠷᠭᠤᠭᠠᠨ ᠨᠢᠭᠡ︾ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠨᠠᠮ ᠤᠨ ᠭᠡᠰᠢᠭᠦᠨ ᠤ | ᠬᠠᠷᠢᠭᠤᠴᠠᠯᠭ᠎ᠠ ᠶᠢᠨ ᠲᠣᠭᠤᠷᠢᠭ ᠢ ᠬᠤᠪᠢᠶᠠᠵᠤ᠂ ᠨᠠᠮ ᠤᠨ ᠭᠡᠰᠢᠭᠦᠨ ᠤ ᠭᠡᠷ ᠪᠦᠯᠢ ᠶᠢᠨ ᠡᠷᠦᠬᠡ ᠶᠢ ᠪᠠᠶᠢᠭᠤᠯᠬᠤ | ᠵᠡᠷᠭᠡ ᠠᠵᠢᠯᠯᠠᠭ᠎ᠠ ᠶᠢᠨ ᠲᠣᠭᠤᠷᠢᠨ ᠳᠤ ︽ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠪᠠ ᠭᠡᠷ ᠲᠡᠭᠡᠨ | ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ︾᠂ ︽ᠬᠥᠷᠰᠢ ᠵᠡᠷᠭᠡᠯᠡᠳᠡᠭᠡ ᠪᠠᠷ ᠢᠶᠠᠨ ᠰᠠᠬᠢᠨ ᠪᠠᠷᠠᠯᠠᠬᠤ︾ | ᠵᠡᠷᠭᠡ ᠰᠠᠶᠢᠨ ᠳᠤᠷ᠎ᠠ ᠶᠢᠨ ᠦᠢᠯᠡᠴᠢᠯᠡᠬᠡᠨ ᠤ ᠲᠥᠷᠥᠯ ᠵᠦᠢᠯ ᠢ ᠬᠡᠪ ᠤᠨ ᠪᠠᠶᠢᠳᠠᠯ ᠢᠶᠠᠷ ᠥᠷᠨᠢᠭᠦᠯᠵᠦ᠂ ︽ | ᠴᠠᠭ ᠤᠨ ᠪᠠᠩᠬᠢ︾ ︽ᠪᠣᠬᠢᠷᠲᠤᠯ ᠦᠭᠡᠢ ᠳᠠᠩᠰᠠ ᠡᠷᠦᠬᠡ︾ ᠵᠡᠷᠭᠡ ᠰᠠᠶᠢᠨ ᠳᠤᠷ᠎ᠠ ᠶᠢᠨ | ᠦᠢᠯᠡᠴᠢᠯᠡᠭᠡᠨ ᠤ ᠲᠦᠷᠦᠯ ᠵᠦᠢᠯ ᠢ ᠰᠦᠪᠡᠭᠴᠢᠯᠡᠨ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ | ᠲᠣᠭᠲᠠᠴᠠ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠥᠷᠭᠡᠳᠬᠡᠨ᠂ ᠦᠢᠯᠡᠴᠢᠯᠡᠭᠡᠨ ᠤ | ᠬᠦᠷᠢᠶ᠎ᠡ ᠬᠡᠪᠴᠢᠶ᠎ᠡ ᠪᠠᠨ ᠤᠷᠲᠤᠳᠬᠠᠵᠤ᠂ ︽ᠰᠤᠷᠤᠯᠴᠠᠯᠭ᠎ᠠ ᠶᠢ ᠲᠡᠳᠭᠦᠵᠦ ᠬᠦᠴᠢᠷᠳᠡᠯ ᠢ ᠲᠤᠰᠠᠯᠠᠬᠤ︾᠂ ︽ | ᠨᠠᠰᠤᠵᠢᠯ ᠤᠨ ᠠᠰᠠᠷᠠᠮᠵᠢ ᠶᠢᠨ ᠡᠮᠨᠡᠯᠭᠡ ᠶᠢ ᠲᠤᠰᠠᠯᠠᠬᠤ︾ ᠵᠡᠷᠭᠡ ᠨᠠᠮ ᠤᠨ ᠪᠠᠶᠢᠭᠤᠯᠤᠯᠲᠠ ᠶᠢᠨ 50 ᠭᠠᠷᠤᠶ | ᠲᠥᠷᠥᠯ ᠵᠦᠢᠯ ᠢ ᠬᠡᠷᠡᠭᠵᠢᠭᠦᠯᠵᠡᠶ᠃ ᠣᠳᠣ ᠠᠷᠠᠳ ᠲᠤ ᠦᠢᠯᠡᠴᠢᠯᠡᠬᠦ ᠠᠵᠢᠯᠯᠠᠭ᠎ᠠ ᠶᠢ 335 ᠤᠳᠠᠭ᠎ᠠ | ᠥᠷᠨᠢᠭᠦᠯᠵᠦ᠂ 8000 ᠭᠠᠷᠤᠶ ᠬᠥᠮᠦᠨ ᠳᠤ ᠠᠰᠢᠭ ᠬᠦᠷᠲᠡᠭᠡᠵᠦ᠂ ᠦᠨᠳᠦᠰᠦᠨ ᠱᠠᠲᠤᠨ ᠤ ᠵᠠᠰᠠᠯᠲᠠ ᠶᠢᠨ ︽ | ᠡᠴᠦᠰ ᠤᠨ ᠨᠢᠭᠡ ᠺᠢᠯᠣᠮᠧᠲᠷ︾ ᠤᠨ ᠪᠡᠷᠬᠡ ᠰᠡᠳᠦᠪ ᠢ ᠰᠢᠢᠳᠪᠦᠷᠢᠯᠡᠬᠦ ᠪᠠ ᠤᠯᠠᠨ ᠲᠦᠮᠡᠨ ᠤ ᠠᠮᠢ ᠪᠡᠶ᠎ᠡ ᠶᠢᠨ | ᠠᠰᠢᠭ ᠲᠤᠰᠠ ᠳᠤ ᠬᠤᠯᠪᠣᠭᠳᠠᠬᠤ 67 ᠠᠰᠠᠭᠤᠳᠠᠯ ᠢ ᠰᠢᠢᠳᠪᠦᠷᠢᠯᠡᠪᠡ᠃ | ᠨᠠᠮ ᠪᠠ ᠣᠯᠠᠨ ᠲᠦᠮᠡᠨ ᠤ ᠦᠢᠯᠡᠴᠢᠯᠡᠬᠡᠨ ᠤ ᠲᠥᠪ ᠤᠨ ︽ᠭᠤᠤᠯ ᠬᠤᠸᠠᠷᠠᠨ︾ ᠢ ᠪᠦᠷᠢᠯᠳᠦᠭᠦᠯᠵᠦ᠂ | ᠵᠢᠭᠰᠠᠭᠠᠯ ᠤᠨ ᠭᠠᠵᠠᠷ ᠤᠨ ᠲᠣᠤᠷᠵᠢᠯᠲᠠ ᠶᠢ ᠪᠡᠶᠡᠯᠡᠭᠦᠯᠦᠨ᠎ᠡ᠃ ᠨᠢᠭᠡ ᠨᠠᠮ ᠤᠨ ᠭᠡᠰᠢᠭᠦᠨ ᠨᠢᠭᠡ ᠲᠤᠭ | ᠲᠡᠮᠳᠡᠭ ᠲᠠᠢ᠂ ᠨᠢᠭᠡ ᠡᠭᠦᠷ ᠨᠢᠭᠡ ᠪᠠᠬᠢᠯᠡᠯᠲᠡ ᠶᠢ ᠪᠠᠷᠢᠮᠲᠠᠯᠠᠨ᠎ᠠ᠃ ︽ᠠᠵᠢᠯ ᠢ ᠵᠡᠷᠭᠡᠪᠡᠷ ᠬᠢᠬᠦ᠂ ᠬᠠᠮᠢᠶᠠᠷᠤᠯᠲᠠ ᠶᠢ | ᠵᠡᠷᠭᠡ ᠪᠠᠷ ᠶᠠᠪᠤᠭᠤᠯᠬᠤ᠂ ᠦᠢᠯᠡᠴᠢᠯᠡᠭᠡ ᠶᠢ ᠵᠡᠷᠭᠡ ᠪᠠᠷ ᠶᠠᠪᠤᠭᠤᠯᠬᠤ︾ ︽ᠭᠤᠷᠪᠠ ᠶᠢ ᠵᠡᠷᠭᠡ ᠪᠠᠷ ᠶᠠᠪᠤᠭᠤᠯᠬᠤ︾ | ᠵᠠᠷᠴᠢᠮ ᠶᠣᠰᠣᠭᠠᠷ᠂ ᠨᠠᠮ ᠤᠨ ᠵᠣᠬᠢᠶᠠᠨ ᠪᠠᠶᠢᠭᠤᠯᠤᠯᠲᠠ ᠶᠢ ᠲᠣᠣᠷᠯᠢᠭ ᠳᠡᠭᠡᠷ᠎ᠡ ᠪᠠᠶᠢᠭᠤᠯᠵᠤ᠂ ᠬᠠᠮᠤᠭ ᠤᠨ | ᠬᠦᠴᠦᠷᠬᠡᠭ ᠨᠠᠮ ᠤᠨ ᠡᠬᠦᠷ ᠤᠨ ᠪᠠᠶᠢᠭᠤᠯᠤᠯᠲᠠ᠂ ᠲᠣᠣᠷᠴᠢᠯᠠᠭᠰᠠᠨ ᠵᠠᠰᠠᠯᠲᠠ ᠪᠠ ᠨᠠᠮ ᠤᠯᠠᠨ ᠲᠦᠮᠡᠨ ᠤ | ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃ ᠲᠣᠣᠷᠯᠢᠭ ᠪᠦᠯᠬᠦᠮ | ᠪᠠᠶᠢᠭᠤᠯᠤᠨ ᠦᠢᠯᠡᠴᠢᠯᠡᠭᠡᠨ ᠤ ᠬᠦᠴᠦᠨ ᠪᠣᠯᠵᠤ᠂ ᠰᠠᠭᠤᠭᠠᠯᠢ ᠠᠷᠠᠳ ᠤᠨ ᠲᠥᠯᠥᠭᠡᠯᠡᠭᠴᠢ᠂ ᠰᠦᠯᠵᠢᠶᠡᠨ ᠤ ᠬᠡᠷᠡᠭ | ᠵᠥᠪᠯᠡᠬᠦ ᠳᠤᠭᠤᠶᠢᠯᠠᠩ᠂ ᠨᠡᠶᠢᠭᠡᠮ ᠲᠣᠭᠤᠷᠢᠭ ᠤᠨ ᠵᠦᠪᠯᠡᠬᠦ ᠵᠥᠪᠯᠡᠯ ᠤᠨ ᠭᠤᠷᠪᠠᠨ ᠡᠩᠨᠡᠭᠡ ᠶᠢ ᠰᠠᠶᠢᠲᠤᠷ | ᠰᠣᠩᠭᠤᠨ ᠬᠦᠴᠦᠷᠬᠡᠭᠵᠢᠭᠦᠯᠵᠦ᠂ ᠰᠦᠯᠵᠢᠶᠡᠨ ᠤ ᠤᠯᠠᠭᠠᠨ ᠬᠠᠮᠢᠶᠠᠷᠤᠭᠴᠢ ᠶᠢᠨ ᠡᠩᠨᠡᠭᠡ ᠶᠢ ᠪᠠᠶᠢᠭᠤᠯᠤᠨ᠎ᠠ᠃ | ᠣᠳᠣ ᠠᠷᠠᠳᠴᠢᠯᠠᠯ ᠢᠶᠠᠷ ᠵᠥᠪᠳᠡᠯᠴᠡᠨ ᠬᠠᠷᠢᠯᠴᠠᠬᠤ ᠬᠤᠷᠠᠯ ᠢ 6 ᠤᠳᠠᠭ᠎ᠠ ᠬᠤᠷᠠᠯᠳᠤᠭᠤᠯᠵᠤ᠂ ᠰᠦᠢᠳᠬᠡᠯ | ᠬᠤᠷᠢᠶᠠᠬᠤ ᠪᠠ ᠠᠳᠠᠯ ᠠᠬᠤᠶ ᠶᠢᠨ ᠦᠢᠯᠡᠴᠢᠯᠡᠭᠡ ᠠᠳᠠᠯᠢ ᠪᠤᠰᠤ ᠪᠠᠶᠢᠬᠤ᠂ ᠢᠯᠴᠢ ᠬᠠᠩᠭᠠᠬᠤ ᠬᠤᠭᠤᠯᠠᠶ | ᠬᠠᠭᠤᠴᠢᠷᠠᠬᠤ ᠵᠡᠷᠭᠡ ᠠᠰᠠᠭᠤᠳᠠᠯ ᠢ 13 ᠰᠢᠢᠳᠪᠦᠷᠢᠯᠡᠵᠦ᠂ 50 ᠠᠵᠤ ᠠᠬᠤᠶᠢᠯᠠᠯ ᠤᠨ ᠠᠵᠢᠯ ᠣᠯᠭᠤᠬᠤ | ᠠᠵᠢᠯ ᠤᠨ ᠪᠠᠶᠢᠷᠢ 430 ᠭᠠᠷᠤᠶ᠂ 560 ᠭᠠᠷᠤᠶ ᠬᠥᠮᠦᠨ ᠲᠠᠢ ᠵᠣᠬᠢᠴᠠᠭᠤᠯᠤᠨ ᠬᠠᠷᠢᠯᠴᠠᠵᠤ ᠳᠠᠬᠢᠨ ᠠᠵᠢᠯ | ᠣᠯᠭᠤᠪᠠ᠃ | ᠨᠠᠮ ᠪᠠ ᠣᠯᠠᠨ ᠲᠦᠮᠡᠨ ᠤ ᠦᠢᠯᠡᠴᠢᠯᠡᠬᠡᠨ ᠤ ᠲᠥᠪ ᠤᠨ ︽ᠰᠢᠭᠤᠳ ᠨᠡᠪᠲᠡᠷᠡᠬᠦ ᠲᠡᠷᠭᠡ︾ ᠶᠢ | ᠨᠡᠪᠲᠡᠷᠡᠭᠦᠯᠵᠦ᠂ ᠲᠤᠯᠭᠠᠭᠤᠷᠢᠯᠠᠬᠤ ᠤᠶᠤᠨᠴᠢᠯᠠᠯᠲᠠ ᠶᠢ ᠪᠡᠶᠡᠯᠡᠭᠦᠯᠦᠨ᠎ᠡ᠃ ︽ᠠᠷᠠᠳ ᠲᠦᠮᠡᠨ ᠪᠢᠳᠡᠨ ᠢ | ᠳᠠᠭᠤᠳᠠᠵᠤ᠂ ᠨᠠᠮ ᠪᠠ ᠣᠯᠠᠨ ᠲᠦᠮᠡᠨ ᠬᠠᠮᠲᠤ ᠪᠠᠷ ᠵᠠᠰᠠᠬᠤ︾ ᠠᠵᠢᠯ ᠤᠨ ᠲᠣᠭᠲᠠᠴᠠ ︽ᠰᠠᠭᠤᠭᠠᠯᠢ ᠠᠷᠠᠳ | ᠣᠯᠠᠨ ᠵᠠᠬᠢᠶᠠᠯᠠᠭ᠎ᠠ ᠬᠢᠬᠦ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠠᠴᠠ ᠬᠠᠭᠤᠳᠠᠰᠤ ᠶᠠᠪᠤᠭᠤᠯᠬᠤ᠂ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠠᠴᠠ ᠬᠠᠭᠤᠳᠠᠰᠤ ᠭᠥᠯᠢᠶᠡᠨ ᠠᠪᠬᠤ᠂ ᠨᠠᠮ ᠤᠨ ᠭᠡᠰᠢᠭᠦᠨ ᠺᠠᠳ᠋ᠷ ᠭᠠᠷᠭᠠᠨ ᠠᠪᠬᠤ᠂ | ᠨᠡᠶᠢᠭᠡᠮ ᠲᠣᠭᠤᠷᠢᠭ ᠤᠨ ᠰᠦᠯᠵᠢᠶᠡᠨ ᠳᠡᠭᠡᠷ᠎ᠡ ᠪᠤᠴᠠᠭᠠᠵᠤ ᠠᠪᠬᠤ︾ ᠵᠠᠭᠪᠤᠷ ᠢ ᠬᠡᠷᠡᠭᠵᠢᠬᠦᠯᠵᠦ᠂ ︽ᠴᠠᠭ | ᠲᠤᠬᠠᠶ ᠳᠤᠨᠢ ᠬᠦᠢᠴᠡᠳᠬᠡᠬᠦ᠂ ᠴᠠᠭ ᠬᠢᠵᠠᠭᠠᠷᠯᠠᠨ ᠬᠦᠢᠴᠡᠳᠬᠡᠬᠦ᠂ ᠤᠷᠢᠳᠴᠢᠯᠠᠨ ᠪᠤᠯᠵᠤᠵᠦ ᠬᠦᠢᠴᠡᠳᠬᠡᠬᠦ᠂ | ᠬᠡᠷ ᠲᠤᠨᠢ ᠬᠦᠷᠴᠦ ᠬᠦᠢᠴᠡᠳᠬᠡᠬᠦ᠂ ᠰᠦᠯᠵᠢᠶᠡᠨ ᠳᠡᠭᠡᠷ᠎ᠡ ᠬᠦᠢᠴᠡᠳᠬᠡᠬᠦ︾ ᠶᠢ ᠪᠡᠶᠡᠯᠡᠭᠦᠯᠵᠦ᠂ ︽ᠰᠦᠯᠵᠢᠶᠡᠨ | ᠳᠡᠭᠡᠷ᠎ᠡ︾ ᠪᠠ ︽ᠰᠦᠯᠵᠢᠶᠡᠨ ᠭᠠᠳᠠᠨ᠎ᠠ︾ ᠶᠢᠨ ᠭᠦᠨ ᠠᠭᠤᠰᠤᠯᠴᠠᠯ ᠦᠨᠳᠦᠰᠦᠨ ᠱᠠᠲᠤᠨ ᠤ ᠣᠯᠠᠨ ᠲᠦᠮᠡᠨ ᠤ | ᠦᠢᠯᠡᠴᠢᠯᠡᠬᠡᠨ ᠤ ᠬᠡᠷᠡᠭᠴᠡᠭᠡ ᠶᠢ ᠬᠠᠩᠬᠠᠵᠤ᠂ ᠨᠠᠮ ᠤᠨ ᠭᠡᠰᠢᠭᠦᠨ ᠺᠠᠳ᠋ᠷ ᠪᠣᠯᠤᠨ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠤᠨ ᠦᠢᠯᠡᠴᠢᠯᠡᠬᠡᠨ ᠤ ᠴᠢᠳᠠᠪᠬᠢ ᠶᠢ ᠲᠡᠭᠡᠭᠰᠢᠯᠡᠬᠦᠯᠵᠠᠢ᠃ ᠤᠴᠢᠷ ᠶᠠᠪᠤᠳᠠᠯ ᠢ ᠰᠢᠢᠳᠪᠦᠷᠢᠯᠡᠬᠦ ᠴᠠᠭ ᠤᠨ | ᠬᠢᠵᠠᠭᠠᠷ ᠢ 61.8% ᠪᠠᠷ ᠪᠣᠭᠤᠨᠢᠰᠬᠠᠵᠤ᠂ ᠣᠯᠠᠨ ᠲᠦᠮᠡᠨ ᠤ ᠬᠠᠨᠤᠮᠵᠢ ᠶᠢᠨ ᠨᠣᠷᠮ᠎ᠠ ᠶᠢ 93.6 ᠪᠣᠯᠲᠠᠯ᠎ᠠ | ᠳᠡᠭᠡᠭᠰᠢᠯᠡᠭᠦᠯᠪᠡ᠃ | ᠢᠷᠡᠯᠲᠡ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠤᠯᠢᠩᠭᠤᠤᠯ ᠬᠤᠲᠠ ᠶᠢᠨ ᠬᠤᠷᠢᠶᠠᠨ ᠤ | ᠵᠣᠬᠢᠶᠠᠨ ᠪᠠᠶᠢᠭᠤᠯᠬᠤ ᠬᠡᠯᠲᠡᠰ | | | | |