ᠬᠤᠤᠯᠢᠩᠭᠤᠤᠯ ᠬᠤᠲᠠ ᠶᠢᠨ ᠲᠦᠷᠦᠭᠦᠦ ᠭᠤᠷᠪᠠᠨ ᠤᠯᠠᠷᠢᠯ ᠤᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 108 . 98 ᠳ᠋ᠦᠩᠰᠢᠭᠤᠷ ᠲᠥᠭᠦᠷᠢᠭ  ᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/1/25
ᠬᠤᠤᠯᠢᠩᠭᠤᠤᠯ ᠬᠤᠲᠠ ᠶᠢᠨ ᠲᠦᠷᠦᠭᠦᠦ ᠭᠤᠷᠪᠠᠨ ᠤᠯᠠᠷᠢᠯ ᠤᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 108 . 98 ᠳ᠋ᠦᠩᠰᠢᠭᠤᠷ ᠲᠥᠭᠦᠷᠢᠭ   ᠢ ᠪᠡᠶᠡᠯᠡᠭᠦᠯᠪᠡ    1 — 9 ᠳ᠋ᠦ᠋ᠭᠡᠷ ᠰᠠᠷ᠎ᠠ ᠳᠤ᠂ ᠮᠠᠨ ᠤ ᠬᠤᠲᠠ ᠶᠢᠨ GDP   ᠶᠢᠨ ᠶᠡᠷᠦᠩᠬᠡᠶ ᠬᠡᠮᠵᠢᠶ᠎ᠡ 108 . 98 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠦᠩᠯᠢᠶᠣᠤ ᠬᠤᠲᠠ ᠶᠢᠨ ᠲᠣᠭᠤᠷᠢᠭ ᠤᠨ ᠬᠤᠰᠢᠭᠤ ᠰᠢᠶᠠᠨ ᠤ ᠳᠣᠲᠣᠷ᠎ᠠ ᠬᠤᠶᠠᠳᠤᠭᠠᠷ ᠲᠤ ᠵᠢᠭᠰᠠᠭᠠᠭᠳᠠᠵᠤ᠂ ᠥᠯᠥ ᠬᠤᠪᠢᠰᠬᠤ ᠦᠨ᠎ᠡ ᠬᠠᠩᠰᠢ ᠪᠠᠷ ᠪᠤᠳᠤᠪᠠᠯ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 2 . 8 %   ᠪᠠᠷ ᠪᠠᠭᠤᠷᠠᠵᠤ᠂ ᠲᠦᠩᠯᠢᠶᠣᠤ ᠬᠤᠲᠠ ᠶᠢᠨ ᠲᠣᠭᠤᠷᠢᠭ ᠬᠤᠰᠢᠭᠤ ᠰᠢᠶᠠᠨ ᠤ ᠳᠣᠲᠣᠷ᠎ᠠ ᠵᠢᠷᠭᠤᠳᠤᠭᠠᠷ ᠲᠤ ᠵᠢᠭᠰᠠᠭᠠᠭᠳᠠᠵᠤ᠂ ᠬᠤᠶᠠᠳᠤᠭᠠᠷ ᠤᠯᠠᠷᠢᠯ ᠠᠴᠠ 1 . 4 ᠵᠠᠭᠤᠨ ᠤ ᠴᠡᠭ ᠪᠠᠭᠠᠰᠴᠤ᠂ ᠠᠵᠤ ᠠᠬᠤᠶ ᠶᠢᠨ ᠪᠦᠬᠦᠯᠢ ᠴᠣᠭᠴᠠ ᠲᠣᠭᠲᠠᠭᠤᠨ ᠢᠶᠠᠷ ᠳᠡᠭᠡᠭᠰᠢᠯᠡᠬᠦ ᠪᠠᠶᠢᠳᠠᠯ  ᠢᠶᠠᠨ ᠪᠠᠲᠤᠯᠠᠪᠠ᠃ ᠡᠭᠦᠨ ᠳᠤ᠂ ᠨᠢᠭᠡᠳᠦᠭᠡᠷ ᠠᠵᠤ ᠦᠶᠯᠡᠰ ᠤᠨ ᠨᠡᠮᠡᠭᠳᠡᠯ ᠥᠷᠲᠡᠭ 0 . 86 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠲᠡᠩᠴᠡᠪᠡ᠃ ᠬᠤᠶᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ 81 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2 . 7 %   ᠪᠠᠷ ᠪᠠᠭᠤᠷᠠᠵᠤ᠂ ᠠᠵᠤ ᠦᠶᠯᠡᠳᠪᠦᠷᠢ ᠶᠢᠨ ᠨᠡᠮᠡᠭᠳᠡᠯ ᠥᠷᠲᠡᠭ 72 . 74 ᠳ᠋ᠦᠩᠰᠢᠭᠤᠷ ᠲᠥᠭᠦᠷᠢᠭ ᠲᠤ ᠬᠦᠷᠴᠦ᠂ ᠲᠦᠩᠯᠢᠶᠣᠤ ᠬᠤᠲᠠ ᠶᠢᠨ ᠲᠣᠭᠤᠷᠢᠭ ᠤᠨ ᠬᠤᠰᠢᠭᠤ ᠰᠢᠶᠠᠨ ᠤ ᠳᠣᠲᠣᠷ᠎ᠠ ᠨᠢᠭᠡᠳᠦᠭᠡᠷ  ᠲᠤ ᠵᠢᠭᠰᠠᠭᠠᠭᠳᠠᠵᠤ᠂ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠤᠨ 66 . 75 %   ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 5 . 6 %   ᠪᠠᠷ ᠪᠠᠭᠤᠷᠠᠵᠤ᠂ ᠬᠤᠶᠠᠳᠤᠭᠠᠷ ᠤᠯᠠᠷᠢᠯ ᠤᠨ ᠬᠢ  ᠠᠴᠠ 0 . 6 ᠵᠠᠭᠤᠨ ᠤ ᠴᠡᠭ ᠪᠠᠭᠠᠰᠴᠠᠶ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 27 . 12 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3 . 5 % ᠪᠠᠷ ᠪᠠᠭᠤᠷᠠᠵᠤ᠂ ᠬᠤᠶᠠᠳᠤᠭᠠᠷ ᠤᠯᠠᠷᠢᠯ ᠤᠨ ᠬᠢ ᠠᠴᠠ ᠵᠠᠭᠤᠨ ᠤ ᠬᠠᠷᠢᠴᠠᠯ ᠢᠶᠠᠷ 5 . 5 ᠬᠤᠪᠢ ᠪᠠᠭᠠᠰᠴᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号