ᠰᠢᠤᠢ ᠸᠧᠨ ᠵᠢᠶᠧ | ᠲᠤᠰᠢᠶᠠᠯ᠄ ᠬᠤᠤᠯᠢᠩᠭᠤᠤᠯ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ | ᠬᠤᠪᠢᠳᠠᠨ ᠬᠠᠮᠢᠶᠠᠷᠬᠤ ᠠᠵᠢᠯ ᠤᠨ ᠭᠤᠤᠯ ᠬᠤᠪᠢᠶᠠᠷᠢᠯᠠᠯ᠄ ᠬᠤᠲᠠ ᠶᠢᠨ ᠳᠠᠷᠤᠭ᠎ᠠ ᠶᠢ ᠬᠠᠮᠵᠢᠨ ᠰᠢᠨᠵᠢᠯᠡᠬᠦ | ᠤᠬᠠᠭᠠᠨ ᠮᠡᠷᠭᠡᠵᠢᠯ᠂ ᠰᠣᠶᠣᠯ ᠵᠢᠭᠤᠯᠴᠢᠯᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠤᠯᠳᠠ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠣᠶᠣᠯ ᠪᠠ | ᠵᠢᠭᠤᠯᠴᠢᠯᠠᠯ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠪᠠᠯᠠ ᠣᠷᠣᠭᠤᠯᠵᠤ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ | ᠺᠣᠮᠫᠠᠨᠢ᠃ | ᠬᠠᠷᠢᠯᠴᠠᠬᠤ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠪᠯᠡᠯ ᠤᠨ ᠬᠤᠲᠠ ᠶᠢᠨ | ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ | ᠥᠪᠥᠷ ᠮᠣᠩᠭᠤᠯ ᠤᠨ ᠮᠧᠩ ᠳ᠋ᠦᠩ ᠬᠦᠩᠭᠡᠨᠴᠠᠭᠠᠨ ᠵᠢᠴᠢ ᠰᠢᠨ᠎ᠡ ᠮᠠᠲ᠋ᠧᠷᠢᠶᠠᠯ ᠤᠨ ᠠᠵᠤ ᠦᠢᠯᠡᠳᠪᠦᠷᠢ ᠶᠢᠨ | ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠃ | ᠤᠳᠤᠷᠢᠳᠤᠯᠭ᠎ᠠ ᠶᠢᠨ ᠲᠣᠪᠴᠢ ᠲᠠᠨᠢᠯᠴᠠᠭᠤᠯᠭ᠎ᠠ | ᠰᠢᠤᠢ ᠸᠧᠨ ᠵᠢᠶᠧ᠂ ᠡᠮᠡᠭᠲᠡᠶ᠂ ᠮᠣᠩᠭᠤᠯ ᠦᠨᠳᠦᠰᠦᠲᠡᠨ᠂ 1989 ᠣᠨ ᠤ 1 ᠰᠠᠷ᠎ᠠ ᠳᠤ ᠲᠦᠷᠦᠵᠠᠢ᠂ | 2011 ᠣᠨ ᠤ 8 ᠰᠠᠷ᠎ᠠ ᠳᠤ ᠠᠵᠢᠯᠯᠠᠵᠠᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠶᠡᠭᠡ | ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃ | 2011.08 — 2014.01 ᠵᠠᠷᠤᠳ ᠬᠤᠰᠢᠭᠤᠨ ᠤ ᠤᠯᠤᠰ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠭᠡᠰᠢᠭᠦᠴᠢ | 2014.01 — 2017.06 ᠡᠪ ᠬᠠᠮᠲᠤ ᠵᠠᠯᠠᠭᠤᠴᠤᠳ ᠤᠨ ᠡᠪᠯᠡᠯ ᠤᠨ ᠵᠠᠷᠤᠳ ᠬᠤᠰᠢᠭᠤᠨ ᠤ | ᠬᠤᠷᠢᠶ᠎ᠠ ᠶᠢᠨ ᠳᠡᠳ᠋ ᠱᠦᠵᠢ | 2017.06 — 2021.07 ᠡᠪ ᠬᠠᠮᠲᠤ ᠵᠠᠯᠠᠭᠤᠴᠤᠳ ᠤᠨ ᠡᠪᠯᠡᠯ ᠤᠨ ᠵᠠᠷᠤᠳ ᠬᠤᠰᠢᠭᠤᠨ ᠤ ᠬᠤᠷᠢᠶᠠᠨ ᠤ | ᠱᠦᠵᠢ | 2021.07 — ᠣᠳᠣ ᠪᠣᠯᠲᠠᠯ᠎ᠠ ᠬᠤᠤᠯᠢᠩᠭᠤᠤᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ | ᠬᠤᠲᠠ ᠶᠢᠨ ᠳᠠᠷᠤᠭ᠎ᠠ | | |