ᠰᠤᠷᠪᠤᠯᠵᠢᠯᠠᠭ᠎ᠠ ᠶᠢᠨ ᠨᠡᠷᠡᠶᠢᠳᠦᠯ᠄ ᠮᠥᠩᠭᠦᠨ ᠭᠦᠢᠯᠭᠡᠭᠡ ᠶᠢ ᠲᠣᠭᠲᠠᠪᠤᠷᠢᠵᠢᠭᠤᠯᠵᠤ ᠪᠣᠳᠠᠲᠤ ᠴᠣᠭᠴᠠ ᠶᠢ | ᠴᠢᠩᠭᠠᠳᠬᠠᠨ ᠬᠥᠭᠵᠢᠯᠲᠡ ᠶᠢ ᠠᠬᠢᠭᠤᠯᠤᠨ᠎ᠠ | ᠰᠤᠷᠪᠤᠯᠵᠢᠯᠠᠭᠰᠠᠨ ᠴᠠᠭ᠄ 2021 — 09 — 2416᠄ 24 | ᠰᠤᠷᠪᠤᠯᠵᠢᠯᠠᠭᠰᠠᠨ ᠵᠣᠴᠢᠨ᠄ ᠵᠠᠩ ᠯᠢ ᠡᠷᠬᠢᠯᠡᠭᠴᠢ | ᠰᠤᠷᠪᠤᠯᠵᠢᠯᠠᠭ᠎ᠠ ᠶᠢᠨ ᠪᠠᠶᠢᠳᠠᠯ᠄ ᠨᠢᠭᠡᠨᠲᠡ ᠳᠠᠭᠤᠰᠪᠠ | | | | | | | ᠭᠤᠣᠯ ᠠᠭᠤᠯᠭ᠎ᠠ ᠨᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︖ | ᠵᠠᠰᠠᠭ ᠤᠨ ᠣᠷᠳᠣᠨ ᠤ ᠰᠦᠯᠵᠢᠶᠡᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠳᠤ ᠢᠷᠡᠭᠰᠡᠨ ᠢ | ᠪᠠᠶᠠᠷᠯᠠᠨ ᠤᠭᠲᠤᠵᠤ ᠪᠠᠶᠢᠨ᠎ᠠ᠃ ᠥᠨᠥᠳᠦᠷ᠂ ᠪᠢᠳᠡ ᠬᠤᠤᠯᠢᠩᠭᠤᠤᠯ ᠬᠤᠲᠠ ᠶᠢᠨ ᠵᠠᠰᠠᠭ ᠤᠨ ᠣᠷᠳᠣᠨ ᠤ | ᠮᠥᠩᠭᠦᠨ ᠬᠦᠢᠯᠭᠡᠭᠡᠨ ᠤ ᠠᠵᠢᠯ ᠤᠨ ᠠᠯᠪᠠᠨ ᠬᠡᠷ ᠤᠨ ᠡᠷᠬᠢᠯᠡᠭᠴᠢ ᠵᠠᠩ ᠯᠢ ᠶᠢ ᠤᠷᠢᠵᠤ᠂ ︽ᠮᠥᠩᠭᠦᠨ | ᠭᠦᠢᠯᠭᠡᠭᠡ ᠶᠢ ᠲᠣᠭᠲᠠᠪᠤᠷᠢᠵᠢᠭᠤᠯᠵᠤ ᠪᠣᠳᠠᠲᠤ ᠴᠣᠭᠴᠠ ᠶᠢ ᠬᠦᠴᠦᠷᠬᠡᠭᠵᠢᠭᠦᠯᠦᠨ ᠬᠥᠭᠵᠢᠯᠲᠡ ᠶᠢ ᠠᠬᠢᠭᠤᠯᠬᠤ︾ | ᠭᠤᠤᠯ ᠰᠡᠳᠦᠪ ᠤᠨ ᠲᠣᠭᠤᠷᠢᠨ ᠳᠤ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠨ᠎ᠠ᠃ | ﹇ᠬᠥᠲᠥᠯᠥᠭᠴᠢ﹈ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︖ ᠵᠠᠰᠠᠭ ᠤᠨ ᠣᠷᠳᠣᠨ ᠤ | ᠰᠦᠯᠵᠢᠶᠡᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠳᠤ ᠢᠷᠡᠭᠰᠡᠨ ᠳᠤ ᠪᠠᠨ ᠪᠠᠶᠠᠷᠯᠠᠨ | ᠳᠤᠭᠳᠤᠯᠵᠤ ᠪᠠᠶᠢᠨ᠎ᠠ᠃ ᠥᠨᠥᠳᠦᠷ᠂ ᠪᠢᠳᠡ ᠬᠤᠤᠯᠢᠩᠭᠤᠤᠯ ᠬᠤᠲᠠ ᠶᠢᠨ ᠵᠠᠰᠠᠭ ᠤᠨ ᠣᠷᠳᠣᠨ ᠤ ᠮᠥᠩᠭᠦᠨ | ᠭᠦᠢᠯᠭᠡᠭᠡᠨ ᠤ ᠠᠵᠢᠯ ᠤᠨ ᠠᠯᠪᠠᠨ ᠬᠡᠷ ᠤᠨ ᠡᠷᠬᠢᠯᠡᠭᠴᠢ ᠵᠠᠩ ᠯᠢ ᠶᠢ ᠤᠷᠢᠵᠤ᠂ ︽ᠮᠥᠩᠭᠦᠨ ᠭᠦᠢᠯᠭᠡᠭᠡ ᠶᠢ | ᠲᠣᠭᠲᠠᠪᠤᠷᠢᠵᠢᠭᠤᠯᠵᠤ ᠪᠣᠳᠠᠲᠤ ᠴᠣᠭᠴᠠ ᠶᠢ ᠬᠦᠴᠦᠷᠬᠡᠭᠵᠢᠭᠦᠯᠦᠨ ᠬᠥᠭᠵᠢᠯᠲᠡ ᠶᠢ ᠠᠬᠢᠭᠤᠯᠬᠤ︾ ᠭᠤᠤᠯ | ᠰᠡᠳᠦᠪ ᠤᠨ ᠲᠣᠭᠤᠷᠢᠨ ᠳᠤ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠨ᠎ᠠ᠃ | ᠵᠠᠩ ᠡᠷᠬᠢᠯᠡᠭᠴᠢ ᠡ᠂ ᠲᠠ ᠰᠠᠶᠢᠨ ᠤᠤ︖ | ﹇ᠵᠠᠩ ᠯᠢ ᠡᠷᠬᠢᠯᠡᠭᠴᠢ﹈ ᠬᠥᠲᠥᠯᠥᠭᠴᠢ ᠰᠠᠶᠢᠨ ᠂ ᠰᠦᠯᠵᠢᠶᠡᠨ ᠤ ᠠᠨᠳᠠ ᠨᠠᠷ ᠰᠠᠶᠢᠨ ᠤᠤ︖ | ﹇ᠬᠥᠲᠥᠯᠥᠭᠴᠢ﹈ ᠲᠠ ᠤᠷᠢᠳ ᠢᠶᠠᠷ ᠪᠢᠳᠡᠨ ᠳᠤ ᠬᠤᠲᠠ ᠶᠢᠨ ᠵᠠᠰᠠᠭ ᠤᠨ ᠣᠷᠳᠣᠨ ᠤ ᠮᠥᠩᠭᠦᠨ | ᠭᠦᠢᠯᠭᠡᠭᠡᠨ ᠤ ᠠᠯᠪᠠᠨ ᠭᠡᠷ ᠤᠨ ᠭᠤᠣᠯ ᠡᠭᠦᠷᠭᠡ ᠬᠠᠷᠢᠭᠤᠴᠠᠯᠭ᠎ᠠ ᠨᠢ ᠶᠠᠭᠤ ᠶᠠᠭᠤ ᠪᠠᠶᠢᠬᠤ ᠶᠢ ᠲᠠᠨᠢᠯᠴᠠᠭᠤᠯᠤᠭᠠᠳ | ᠥᠭᠭᠦᠨ᠎ᠡ ᠤᠤ︖ | ﹇ᠵᠠᠩ ᠯᠢ ᠡᠷᠬᠢᠯᠡᠭᠴᠢ﹈ ᠬᠤᠤᠯᠢᠩᠭᠤᠤᠯ ᠬᠤᠲᠠ ᠶᠢᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ | ᠠᠵᠢᠯ ᠤᠨ ᠠᠯᠪᠠᠨ ᠭᠡᠷ ᠪᠣᠯ ᠨᠠᠮ ᠪᠠ ᠤᠯᠤᠰ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠶ ᠴᠢᠭᠯᠡᠯᠲᠡ | ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠵᠠᠰᠠᠭ ᠤᠨ | ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠃ ᠭᠤᠣᠯ ᠲᠤᠰᠢᠶᠠᠯ ᠬᠠᠷᠢᠭᠤᠴᠠᠯᠭ᠎ᠠ ᠪᠣᠯ᠄ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠦᠢᠯᠡᠰ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠ ᠰᠢᠨ᠎ᠡ ᠶᠢ ᠡᠭᠦᠳᠦᠨ ᠬᠥᠭᠵᠢᠬᠦ ᠶᠢ ᠵᠣᠬᠢᠴᠠᠭᠤᠯᠤᠨ ᠠᠬᠢᠭᠤᠯᠤᠨ᠎ᠠ᠃ ᠪᠥᠬᠦ ᠬᠤᠲᠠ ᠶᠢᠨ | ᠠᠵᠤ ᠠᠬᠤᠶᠢᠯᠠᠯ ᠤᠨ ᠪᠠᠯᠠ ᠳᠣᠭᠢᠷᠠᠭᠤᠯᠬᠤ ᠠᠵᠢᠯ ᠢ ᠵᠢᠯᠣᠭᠤᠳᠴᠤ᠂ ᠬᠥᠷᠥᠩᠭᠡ ᠶᠢᠨ ᠵᠠᠬ᠎ᠠ ᠳᠡᠯᠭᠡᠭᠦᠷ ᠤᠨ | ᠬᠥᠭᠵᠢᠯᠲᠡ ᠶᠢ ᠠᠬᠢᠭᠤᠯᠤᠨ᠎ᠠ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠲᠤᠬᠢᠷᠠᠭᠤᠯᠭ᠎ᠠ ᠶᠢᠨ | ᠳᠠᠭᠠᠭᠠᠯᠲᠠ ᠶᠢᠨ ᠺᠣᠮᠫᠠᠨᠢ ᠪᠣᠯᠤᠨ ᠳᠠᠨᠵᠢᠯᠠᠬᠤ ᠭᠠᠵᠠᠷ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ | ᠬᠠᠤᠯᠢ ᠪᠤᠰᠤ ᠶᠢ ᠰᠢᠢᠳᠪᠦᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠠᠵᠢᠯ ᠤᠨ | ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ | ᠰᠢᠢᠳᠪᠦᠷᠢᠯᠡᠬᠦ ᠠᠵᠢᠯ ᠢ ᠲᠦᠷᠦᠭᠦᠯᠡᠨ ᠥᠷᠨᠢᠭᠦᠯᠦᠨ᠎ᠡ︔ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠪᠠ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ | ᠵᠣᠬᠢᠴᠠᠭᠤᠯᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠠᠷᠢᠶ᠎ᠠ ᠭᠠᠵᠠᠷ ᠤᠨ ᠠᠶᠤᠯ ᠲᠦᠭᠰᠢᠭᠦᠷᠢ ᠶᠢ | ᠰᠢᠢᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠪᠠ ᠠᠮᠤᠷ ᠲᠦᠪᠰᠢᠨ ᠢ ᠬᠠᠮᠠᠭᠠᠯᠠᠨ᠎ᠠ᠃ | ︹ ᠬᠥᠲᠥᠯᠥᠭᠴᠢ ︺ ᠣᠳᠣᠬᠠᠨ ᠳᠤ ᠮᠠᠨ ᠤ ᠬᠤᠲᠠ ᠶᠢᠨ ᠮᠥᠩᠭᠦᠨ ᠭᠦᠢᠯᠭᠡᠭᠡᠨ ᠤ ᠦᠢᠯᠡᠰ ᠤᠨ ᠠᠵᠢᠯᠯᠠᠭᠠᠨ ᠤ | ᠪᠠᠶᠢᠳᠠᠯ ᠶᠠᠮᠠᠷ ᠪᠠᠶᠢᠨ᠎ᠠ︖ | [ ᠵᠠᠩ ᠯᠢ ᠡᠷᠬᠢᠯᠡᠭᠴᠢ᠄ ] 2021 ᠣᠨ ᠳᠤ᠂ ᠪᠦᠬᠦ ᠬᠤᠳᠠ ᠶᠢᠨ ᠮᠥᠩᠭᠦᠨ ᠭᠦᠢᠯᠭᠡᠭᠡᠨ ᠤ ᠦᠢᠯᠡᠰ | ᠲᠣᠭᠲᠠᠭᠤᠨ ᠢᠶᠠᠷ ᠬᠥᠭᠵᠢᠵᠦ᠂ ᠢᠲᠡᠭᠡᠮᠵᠢᠲᠦ ᠵᠢᠭᠡᠯᠡᠯᠭᠡ ᠶᠢᠨ ᠪᠦᠲᠦᠴᠡ ᠲᠠᠰᠤᠷᠠᠯᠳᠡ ᠦᠭᠡᠢ ᠰᠢᠯᠢᠳᠡᠭᠵᠢᠵᠦ᠂ | ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠦᠷᠭᠦᠯᠵᠢᠯᠡᠨ ᠥᠷᠭᠡᠵᠢᠵᠦ᠂ ᠪᠦᠬᠦ ᠬᠤᠳᠠ ᠶᠢᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠵᠡᠭᠦᠯᠬᠦ ᠮᠥᠩᠭᠦᠨ ᠭᠦᠢᠯᠭᠡᠭᠡᠨ ᠤ ᠦᠢᠯᠡᠰ ᠤᠨ ᠬᠤᠪᠢ ᠨᠡᠮᠡᠷᠢ ᠶᠢᠨ ᠬᠡᠮᠵᠢᠶ᠎ᠡ | ᠤᠯᠠᠮ ᠨᠢᠭᠡ ᠠᠯᠬᠤᠮ ᠳᠡᠭᠡᠭᠰᠢᠯᠡᠵᠡᠢ᠃ 7 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ᠶᠢᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠨᠡᠶᠢᠲᠡ 28 ᠪᠠᠶᠢᠵᠤ᠂ ᠡᠭᠦᠨ ᠳᠤ᠄ ᠪᠠᠩᠬᠢ ᠶᠢᠨ ᠦᠢᠯᠡᠰ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ 10᠂ ᠳᠠᠭᠠᠳᠬᠠᠯ ᠤᠨ ᠺᠣᠮᠫᠠᠨᠢ 17᠂ ᠦᠨᠡᠲᠦ ᠲᠡᠮᠳᠡᠭᠲᠦ ᠶᠢᠨ ᠺᠣᠮᠫᠠᠨᠢ 1᠃ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ 2 ᠪᠣᠶ᠂ ᠡᠭᠦᠨ ᠳᠤ᠄ ᠪᠠᠭ᠎ᠠ ᠲᠣᠭᠠᠨ ᠤ | ᠵᠢᠭᠡᠯᠡᠯᠭᠡ ᠶᠢᠨ ᠺᠣᠮᠫᠠᠨᠢ 1᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ 1 ᠪᠣᠶ᠃ ᠡᠯ᠎ᠡ ᠪᠠᠩᠬᠢ ᠶᠢᠨ | ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠬᠠᠷᠢᠴᠠᠯ 104. | 83%︔ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 113.84 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 12.68 ᠳ᠋ᠦᠩᠰᠢᠭᠤᠷ ᠲᠥᠭᠦᠷᠢᠭ ᠨᠡᠮᠡᠭᠳᠡᠨ᠂ 12.54% | ᠨᠡᠮᠡᠭᠳᠡᠵᠦ᠂ ᠲᠦᠩᠯᠢᠶᠣᠤ ᠬᠤᠲᠠ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ ᠶᠢᠨ 7. | 42% ᠢ ᠡᠵᠡᠯᠡᠵᠦ᠂ ᠳᠥᠷᠪᠡᠳᠦᠭᠡᠷ ᠲᠤ ᠵᠢᠭᠰᠠᠭᠠᠭᠳᠠᠪᠠ᠃ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ | 119.34 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.1 ᠳ᠋ᠦᠩᠰᠢᠭᠤᠷ | ᠲᠥᠭᠦᠷᠢᠭ ᠨᠡᠮᠡᠭᠳᠡᠨ᠂ 2.66% ᠨᠡᠮᠡᠭᠳᠡᠵᠦ᠂ ᠲᠦᠩᠯᠢᠶᠣᠤ ᠬᠤᠲᠠ ᠶᠢᠨ ᠡᠯ᠎ᠡ ᠵᠦᠢᠯ ᠤᠨ ᠵᠢᠭᠡᠯᠡᠯᠭᠡ ᠶᠢᠨ | ᠦᠯᠡᠳᠡᠪᠦᠷᠢ ᠲᠤᠭ᠎ᠠ ᠶᠢᠨ 10.04% ᠶᠢ ᠡᠵᠡᠯᠡᠵᠦ᠂ 2 ᠳ᠋ᠤᠭᠠᠷ ᠲᠤ ᠵᠢᠭᠰᠠᠭᠠᠭᠳᠠᠪᠠ᠃ ᠵᠢᠵᠢᠭ ᠵᠢᠭᠡᠯᠡᠯᠭᠡ ᠶᠢᠨ | ᠭᠦᠩᠰᠧ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ 0.27 ᠳ᠋ᠦᠩᠰᠢᠭᠤᠷ ᠲᠥᠭᠦᠷᠢᠭ︔ ᠪᠠᠯᠠ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠶᠢᠨ ᠪᠠᠲᠤᠯᠠᠵᠤ ᠪᠠᠶᠢᠭ᠎ᠠ ᠦᠯᠡᠳᠡᠪᠦᠷᠢ ᠲᠤᠭ᠎ᠠ 0.81 | ᠳ᠋ᠦᠩᠰᠢᠭᠤᠷ ᠲᠥᠭᠦᠷᠢᠭ ᠲᠤ ᠬᠥᠷᠪᠡ᠃ | [ ᠡᠷᠬᠢᠯᠡᠭᠴᠢ᠄ ] ᠡᠨᠡ ᠵᠢᠯ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ | ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ᠂ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖ | [ ᠵᠠᠩ ᠯᠢ ᠡᠷᠬᠢᠯᠡᠭᠴᠢ᠄ ] ᠨᠢᠭᠡ ᠳᠤ᠂ ᠵᠠᠰᠠᠭ ᠤᠨ ᠣᠷᠳᠣᠨ ᠪᠠ ᠮᠥᠩᠭᠦᠨ ᠭᠦᠢᠯᠭᠡᠭᠡᠨ ᠤ ᠠᠵᠤ | ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠥᠪᠥᠷ ᠮᠣᠩᠭᠤᠯ ᠤᠨ | ᠪᠠᠩᠬᠢ ᠶᠢᠨ ᠲᠦᠩᠯᠢᠶᠣᠤ ᠶᠢᠨ ᠬᠤᠪᠢᠶᠠᠷᠢ ᠪᠠᠩᠬᠢ᠂ ᠥᠪᠥᠷ ᠮᠣᠩᠭᠤᠯ ᠤᠨ ᠪᠠᠩᠬᠢ ᠶᠢᠨ ᠥᠪᠡᠷᠲᠡᠭᠡᠨ ᠵᠠᠰᠠᠬᠤ | ᠣᠷᠣᠨ ᠤ ᠶᠡᠷᠦᠩᠬᠡᠶ ᠪᠠᠩᠬᠢ ᠪᠠ ᠭᠤᠸᠠᠩ ᠳ᠋ᠠ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠵᠡᠷᠭᠡ ᠳᠡᠭᠡᠳᠦ | ᠱᠠᠲᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠬᠤᠤᠯᠢᠩᠭᠤᠤᠯ ᠬᠤᠲᠠ ᠶᠢᠨ ᠲᠣᠰ ᠱᠠᠲᠤᠨ ᠤ ᠮᠥᠩᠭᠦᠨ | ᠭᠦᠢᠯᠭᠡᠭᠡᠨ ᠤ ᠪᠠᠶᠢᠭᠤᠯᠤᠮᠵᠢ ᠯᠤᠭ᠎ᠠ ᠵᠠᠰᠠᠭ ᠮᠥᠩᠭᠦ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ 10 ᠭᠠᠷᠤᠶ | ᠤᠳᠠᠭ᠎ᠠ ᠥᠷᠨᠢᠭᠦᠯᠵᠦ᠂ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ | ᠂ ᠮᠥᠩᠭᠦᠨ ᠭᠦᠢᠯᠭᠡᠭᠡᠨ ᠤ ᠦᠢᠯᠡᠴᠢᠯᠡᠬᠡᠨ ᠤ ᠪᠠᠲᠤᠯᠠᠭ᠎ᠠ ᠶᠢ ᠴᠢᠩᠭᠠᠷᠠᠭᠤᠯᠪᠠ᠃ 7 ᠰᠠᠷ᠎ᠠ ᠶᠢᠨ ᠰᠡᠭᠦᠯᠴᠢ ᠪᠣᠯᠲᠠᠯ᠎ᠠ | ᠂ ᠡᠯ᠎ᠡ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠡᠶᠢᠳᠡ 71.69 ᠳ᠋ᠦᠩᠰᠢᠭᠤᠷ | ᠲᠥᠭᠦᠷᠢᠭ ᠤᠨ ᠠᠵᠤ ᠠᠬᠤᠶᠢᠯᠠᠯ ᠤᠨ ᠵᠢᠭᠡᠯᠡᠯᠭᠡ ᠲᠠᠯᠪᠢᠵᠤ᠂ ᠠᠳᠠᠯᠢ ᠬᠤᠭᠤᠴᠠᠭᠠᠨ ᠤ ᠬᠢ ᠠᠴᠠ 45.4 | ᠳ᠋ᠦᠩᠰᠢᠭᠤᠷ ᠲᠥᠭᠦᠷᠢᠭ ᠨᠡᠮᠡᠭᠳᠡᠵᠦ᠂ 2020 ᠣᠨ ᠤ ᠪᠦᠬᠦ ᠵᠢᠯ ᠤᠨ ᠠᠵᠤ ᠠᠬᠤᠶᠢᠯᠠᠯ ᠤᠨ ᠵᠢᠭᠡᠯᠡᠯᠭᠡ | ᠲᠠᠯᠪᠢᠭᠰᠠᠨ ᠶᠡᠷᠦᠩᠬᠡᠢ ᠬᠡᠮᠵᠢᠶ᠎ᠡ ᠠᠴᠠ ᠳᠠᠪᠠᠵᠠᠢ᠃ ᠣᠲᠣ ᠶᠠᠭ 27 ᠬᠤᠪᠢ ᠪᠠᠯᠠ ᠲᠣᠬᠢᠷᠠᠭᠤᠯᠭ᠎ᠠ ᠶᠢ | ᠭᠤᠤᠯᠳᠠᠯᠭ᠎ᠠ ᠲᠠᠢ ᠵᠣᠯᠭᠠᠭᠤᠯᠵᠤ᠂ ᠵᠣᠭᠤᠰ ᠤᠨ ᠲᠤᠭ᠎ᠠ ᠨᠢ 37.29 ᠳ᠋ᠦᠩᠰᠢᠭᠤᠷ ᠲᠥᠭᠦᠷᠢᠭ ᠲᠤ ᠬᠦᠷᠴᠡᠶ᠃ | ᠬᠤᠶᠠᠷ ᠲᠤ ᠲᠦᠭᠡᠮᠡᠯ ᠬᠠᠷᠠᠭᠠᠯᠵᠠᠯᠲᠤ ᠮᠥᠩᠭᠦᠨ ᠬᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢ ᠪᠥᠬᠦ | ᠬᠦᠴᠦᠨ ᠢᠶᠠᠷ ᠳᠡᠭᠡᠭᠰᠢᠯᠡᠭᠦᠯᠦᠨ᠎ᠡ᠃ 2021 ᠣᠨ ᠳᠤ ᠡᠯ᠎ᠡ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠤᠭᠤᠳ ᠲᠦᠭᠡᠮᠡᠯ ᠬᠠᠷᠠᠭᠠᠯᠵᠠᠯᠲᠤ ᠮᠥᠩᠭᠦᠨᠭᠦ᠋ᠢᠯᠭᠡᠭᠡᠨ ᠤ ︽ᠪᠡᠶ᠎ᠡ ᠪᠠᠨ ᠬᠡᠮᠵᠢᠵᠦ ᠬᠤᠪᠴᠠᠰᠤ | ᠡᠰᠬᠡᠬᠦ︾ ᠳᠤ ᠴᠢᠭᠯᠡᠭᠦᠯᠦᠨ ︽ᠭᠠᠶᠢᠯᠢ ᠶᠢᠨ ᠶᠠᠪᠤᠳᠠᠯ ᠤᠨ ᠵᠢᠭᠡᠯᠡᠯᠭᠡ︾ ︽ᠮᠣᠩᠭᠤᠯ ᠲᠠᠷᠢᠶᠠᠯᠠᠩ ᠤᠨ ᠵᠢᠭᠡᠯᠡᠯᠭᠡ︾ | ︽ᠠᠳᠠᠯ ᠦᠢᠯᠡᠰ ᠴᠣᠭᠴᠠᠯᠠᠬᠤ ᠵᠢᠭᠡᠯᠡᠯᠭᠡ︾ ︽ᠲᠦᠭᠡᠮᠡᠯ ᠬᠠᠷᠠᠭᠠᠯᠵᠠᠯᠲᠤ ᠵᠢᠭᠡᠯᠡᠯᠭᠡ︾ ᠵᠡᠷᠭᠡ ᠣᠯᠠᠨ | ᠵᠦᠢᠯ ᠤᠨ ᠮᠥᠩᠭᠦᠨ ᠭᠦᠢᠯᠭᠡᠭᠡᠨ ᠤ ᠦᠢᠯᠡᠳᠬᠦᠨ ᠭᠠᠷᠭᠠᠪᠠ᠃ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ | ᠬᠦᠷᠦᠯᠴᠡᠬᠦ ᠲᠠᠯ᠎ᠠ ᠨᠢ ᠵᠢᠵᠢᠭ ᠠᠵᠤ ᠠᠬᠤᠶᠢᠯᠠᠯ᠂ ᠲᠠᠷᠢᠶᠠᠴᠢᠨ᠂ ᠣᠷᠣᠯᠭ᠎ᠠ ᠪᠠᠭᠠᠲᠠᠶ ᠬᠥᠮᠦᠰ ᠵᠡᠷᠭᠡ ᠣᠨᠴᠠᠭᠠᠶ | ᠬᠠᠮᠲᠤᠯᠢᠭ ᠳᠠᠰᠢ ᠲᠠᠰᠤᠷᠠᠯᠲᠠ ᠥᠬᠡᠶ ᠥᠷᠭᠡᠵᠢᠨ᠂ ᠮᠥᠩᠭᠦᠨᠭᠦ᠋ᠢᠯᠭᠡᠭᠡᠨ ᠤ ᠦᠢᠯᠡᠴᠢᠯᠡᠭᠡ ᠶᠢ ᠨᠡᠶᠢᠳᠡᠮ | ᠪᠦᠷᠬᠦᠭᠦᠯᠬᠦ ᠶᠢ ᠤᠯᠠᠮ ᠨᠢᠭᠡ ᠠᠯᠬᠤᠮ ᠪᠡᠶᠡᠯᠡᠭᠦᠯᠪᠡ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠵᠢᠵᠢᠭ | ᠪᠢᠴᠢᠯ ᠠᠵᠤ ᠠᠬᠤᠶᠢᠯᠠᠯ ᠳᠤ ᠲᠠᠯᠪᠢᠭᠰᠠᠨ ᠵᠢᠭᠡᠯᠡᠯᠭᠡ 11.01 ᠳ᠋ᠦᠩᠰᠢᠭᠤᠷ ᠲᠥᠭᠦᠷᠢᠭ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠯᠭᠡ 34.57 ᠳ᠋ᠦᠩᠰᠢᠭᠤᠷ ᠲᠥᠭᠦᠷᠢᠭ᠂ ᠠᠩᠬᠠᠨ ᠤ ᠵᠢᠭᠡᠯᠡᠯᠭᠡ 4.6 | ᠳ᠋ᠦᠩᠰᠢᠭᠤᠷ ᠲᠥᠭᠦᠷᠢᠭ᠂ ᠦᠷᠭᠦᠯᠵᠢᠯᠡᠨ ᠵᠢᠭᠡᠯᠡᠭᠰᠡᠨ ᠵᠢᠭᠡᠯᠡᠯᠭᠡ 61.86 ᠳ᠋ᠦᠩᠰᠢᠭᠤᠷ ᠲᠥᠭᠦᠷᠢᠭ᠂ | ᠬᠤᠭᠤᠴᠠᠭ᠎ᠠ ᠤᠷᠲᠤᠳᠬᠠᠭᠰᠠᠨ ᠵᠢᠭᠡᠯᠡᠯᠭᠡ 0.11 ᠳ᠋ᠦᠩᠰᠢᠭᠤᠷ ᠲᠥᠭᠦᠷᠢᠭ᠂ ᠢᠲᠡᠭᠡᠮᠵᠢᠲᠦ ᠵᠢᠭᠡᠯᠡᠯᠭᠡ 12.24 | ᠳ᠋ᠦᠩᠰᠢᠭᠤᠷ ᠲᠥᠭᠦᠷᠢᠭ ᠪᠣᠯᠤᠨ᠎ᠠ᠃ ᠭᠤᠷᠪᠠ ᠳᠤ᠂ ᠬᠦᠷᠦᠩᠬᠡ ᠶᠢᠨ ᠵᠠᠬ᠎ᠠ ᠳᠡᠯᠭᠡᠭᠦᠷ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ᠃ ᠠᠵᠢᠯ ᠤᠨ ᠲᠤᠰᠬᠠᠶ ᠠᠩᠭᠢ ᠪᠠᠶᠢᠭᠤᠯᠵᠤ᠂ ᠠᠵᠢᠯ ᠤᠨ ᠡᠭᠦᠷᠭᠡ ᠪᠠᠨ | ᠲᠣᠳᠣᠷᠬᠠᠶᠢᠯᠠᠨ᠂ ᠬᠡᠷᠡᠭᠴᠡᠭᠡ ᠱᠠᠭᠠᠷᠳᠠᠯᠭ᠎ᠠ ᠲᠠᠢ ᠠᠵᠤ ᠠᠬᠤᠶᠢᠯᠠᠯ ᠳᠤ ᠴᠢᠭᠯᠡᠭᠦᠯᠬᠦ ᠴᠢᠨᠠᠷᠲᠠᠶ ᠦᠢᠯᠡᠴᠢᠯᠡᠭᠡ | ᠬᠠᠩᠭᠠᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ | ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠡᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠱᠧᠨᠵᠧᠨ ᠤ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ᠂ ᠥᠪᠥᠷ ᠮᠣᠩᠭᠤᠯ ᠤᠨ ᠰᠲ᠋ᠣᠺ ᠤᠨ | ᠡᠷᠬᠡ ᠶᠢᠨ ᠠᠷᠠᠯᠵᠢᠶᠠᠨ ᠤ ᠲᠥᠪ ᠵᠡᠷᠭᠡ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠤᠷᠢᠵᠤ ᠮᠠᠨ ᠤ ᠬᠤᠲᠠ ᠶᠢᠨ | ᠰᠢᠤᠢ ᠶᠠᠩ᠂ ᠴᠤᠸᠠᠩ ᠶᠤᠸᠠᠨ 2 ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠭ᠎ᠠ ᠠᠵᠤ ᠠᠬᠤᠶᠢᠯᠠᠯ ᠳᠤ | ᠭᠦᠨᠵᠡᠭᠡᠶᠢᠷᠡᠭᠦᠯᠦᠨ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠪᠣᠯᠪᠠᠰᠤᠷᠠᠭᠤᠯᠤᠯ ᠣᠳᠣᠬᠠᠨ ᠳᠤ᠂ ᠥᠪᠡᠷᠲᠡᠭᠡᠨ | ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ 2 ᠠᠵᠤ ᠠᠬᠤᠶᠢᠯᠠᠯ ᠢ | ︽ᠲᠢᠶᠠᠨ ᠵᠢᠶᠦ᠋ᠨ ᠲᠥᠯᠥᠪᠯᠡᠭᠡ︾ ᠳᠤ ᠣᠷᠣᠭᠤᠯᠤᠨ ᠭᠤᠤᠯᠳᠠᠯᠭ᠎ᠠ ᠲᠠᠢ ᠪᠤᠶᠢᠵᠢᠭᠤᠯᠬᠤ ᠶᠢᠨ ᠬᠠᠮᠲᠤ | ᠵᠣᠬᠢᠴᠠᠩᠭᠤᠶ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢ ᠬᠦᠷᠲᠡᠭᠡᠬᠦ ᠶᠢ ᠵᠥᠪᠰᠢᠶᠡᠷᠡᠪᠡ᠃ | ﹇ᠬᠥᠲᠥᠯᠥᠭᠴᠢ﹈ ᠡᠨᠡ ᠵᠢᠯ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠲᠠᠯ᠎ᠠ ᠪᠠᠷ ᠶᠠᠮᠠᠷ | ᠶᠠᠮᠠᠷ ᠠᠵᠢᠯ ᠬᠢᠭᠰᠡᠨ ᠪᠤᠶ︖ | [ ᠵᠠᠩ ᠯᠢ ᠡᠷᠬᠢᠯᠡᠭᠴᠢ᠄ ] ᠨᠢᠭᠡ ᠳᠤ ᠪᠠᠩᠬᠢ ᠶᠢᠨ ᠦᠢᠯᠡᠰ ᠤᠨ ᠠᠶᠤᠯ ᠲᠦᠭᠰᠢᠭᠦᠷᠢ ᠶᠢ ᠰᠡᠷᠭᠡᠶᠢᠯᠡᠨ᠎ᠡ᠃ | ᠠᠷᠠᠳ ᠤᠨ ᠪᠠᠩᠬᠢ ᠲᠠᠢ ᠬᠤᠯᠪᠣᠭᠠᠯᠠᠨ ᠠᠶᠤᠯ ᠲᠦᠭᠰᠢᠭᠦᠷᠢ ᠶᠡᠬᠡᠲᠡᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ | ᠪᠠᠶᠢᠴᠠᠭᠠᠨ ᠰᠤᠳᠤᠯᠤᠯᠲᠠ ᠬᠢᠵᠦ᠂ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ | ᠪᠦᠷᠢᠯᠳᠦᠭᠦᠯᠦᠨ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠲᠡᠭᠦᠨ ᠢ ᠲᠣᠭᠲᠠᠮᠠᠯ | ᠬᠤᠭᠤᠴᠠᠭ᠎ᠠ ᠲᠠᠢ ᠪᠠᠷ ᠮᠥᠷᠳᠡᠨ ᠳᠠᠭᠠᠵᠤ᠂ ᠪᠠᠩᠬᠢ ᠵᠢᠨᠦᠢᠯᠡᠰ ᠤᠨ ᠠᠶᠤᠯ ᠲᠦᠭᠰᠢᠭᠦᠷᠢ ᠶᠢ ᠪᠥᠬᠦ | ᠬᠦᠴᠦᠨ ᠢᠶᠠᠷ ᠢᠶᠠᠨ ᠰᠡᠷᠭᠡᠶᠢᠯᠡᠨ᠂ ᠡᠷᠡᠭᠦᠯ ᠪᠤᠰᠤ ᠵᠢᠭᠡᠯᠡᠯᠭᠡ ᠶᠢᠨ ᠠᠳᠠᠯᠢ ᠬᠤᠭᠤᠴᠠᠭᠠᠨ ᠤ ᠬᠢ ᠠᠴᠠ ︽ᠬᠤᠤᠰ | ᠪᠠᠭᠤᠷᠠᠯᠲᠠ︾ ᠶᠢ ᠪᠡᠶᠡᠯᠡᠭᠦᠯᠪᠡ᠃ ᠬᠤᠶᠠᠷ ᠲᠤ ᠠᠵᠢᠯ ᠲᠥᠷᠥᠯ ᠳᠤ ᠭᠦᠨᠵᠡᠭᠡᠶᠢᠷᠡᠨ ᠡᠷᠦᠶ ᠬᠤᠷᠤᠶ ᠥᠬᠡᠶ | ᠦᠵᠡᠭᠳᠡᠯ ᠢ ᠴᠡᠭᠴᠡᠯᠡᠨ ᠵᠠᠰᠠᠨ᠎ᠠ᠃ ᠬᠤᠯᠪᠣᠭᠳᠠᠯ ᠪᠥᠬᠦᠶ ᠬᠢᠨᠠᠨ ᠬᠠᠮᠢᠶᠠᠷᠬᠤ ᠲᠦᠷᠢᠮ ᠤᠨ ᠱᠠᠭᠠᠷᠳᠠᠯᠭ᠎ᠠ ᠶᠢ | ᠦᠨᠳᠦᠰᠦᠯᠡᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠳᠤ ᠬᠢᠨᠠᠨ ᠬᠠᠮᠢᠶᠠᠷᠤᠯᠲᠠ | ᠶᠠᠪᠤᠭᠤᠯᠵᠤ᠂ ᠲᠤᠬᠠᠶ ᠶᠢᠨ ᠲᠠᠯᠠᠪᠤᠷ ᠲᠤ ᠬᠦᠷᠴᠦ ᠡᠳ᠋ ᠤᠨ ᠶᠠᠪᠤᠳᠠᠯ ᠤᠨ ᠲᠠᠩᠰᠠ ᠬᠠᠷ᠎ᠠ᠂ ᠲᠤᠬᠠᠶᠢᠯᠠᠭᠰᠠᠨ | ᠠᠵᠢᠯ ᠤᠨ ᠨᠠᠷᠢᠨ ᠵᠦᠢᠯᠡᠰ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠳᠡᠨ ᠤ | ᠡᠵᠡᠩᠨᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠵᠤ᠂ ᠬᠠᠷᠢᠶ᠎ᠠ ᠭᠠᠵᠠᠷ ᠤᠨ ᠬᠢᠨᠠᠨ ᠬᠠᠮᠢᠶᠠᠷᠬᠤ ᠠᠵᠢᠯ ᠢ ᠰᠠᠶᠢᠲᠤᠷ | ᠬᠢᠨ᠎ᠠ︔ ᠬᠤᠲᠠ ᠶᠢᠨ ᠬᠠᠷᠢᠶ᠎ᠠ ᠰᠠᠯᠠᠭ᠎ᠠ ᠮᠥᠴᠢᠷ ᠲᠠᠢ ᠬᠤᠯᠪᠣᠭᠠᠯᠠᠨ ᠪᠥᠬᠦ ᠬᠤᠲᠠ ᠶᠢᠨ ᠬᠡᠪᠴᠢᠶᠡᠨ ᠳᠤ ᠠᠵᠢᠯ | ᠲᠥᠷᠥᠯ ᠤᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠬᠠᠷᠢᠶ᠎ᠠ ᠳᠣᠲᠣᠭᠠᠳᠤ ᠶᠢᠨ ᠲᠥᠷᠥᠯ ᠤᠨ | ᠮᠥᠩᠭᠦᠨ ᠭᠦᠢᠯᠭᠡᠭᠡᠨ ᠤ ᠠᠵᠤ ᠠᠬᠤᠶᠢᠯᠠᠯ ᠢ ᠨᠡᠶᠢᠲᠡ 57 ᠡᠮᠬᠢᠯᠡᠨ ᠳᠢᠭᠯᠡᠬᠦ ᠶᠢᠨ ᠬᠠᠮᠲᠤ ᠡᠬᠡ ᠲᠠᠩᠰᠠ ᠶᠢᠨ | ᠮᠠᠶ᠋ᠢᠭ ᠤᠨ ᠬᠠᠮᠢᠶᠠᠷᠤᠯᠲᠠ ᠶᠠᠪᠤᠭᠤᠯᠵᠤ᠂ ᠴᠠᠭ ᠲᠤᠬᠠᠶ ᠳᠤᠨᠢ ᠬᠢᠨᠠᠨ ᠬᠡᠮᠵᠢᠬᠦ ᠳᠤ ᠲᠥᠬᠦᠮ ᠪᠣᠯᠭᠠᠪᠠ︔ ᠵᠠᠬ᠎ᠠ | ᠳᠡᠯᠭᠡᠭᠦᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ | ᠪᠥᠬᠦ ᠬᠤᠲᠠ ᠶᠢᠨ ᠬᠡᠪᠴᠢᠶᠡᠨ ᠳᠤ ︽ᠠᠰᠠᠷ ᠵᠡᠭᠡᠯᠢ ᠭᠤᠳᠤᠮᠵᠢ ᠶᠢᠨ ᠱᠦᠭᠦᠷᠳᠡᠯᠲᠡ︾ ᠶᠢᠨ ᠮᠥᠩᠭᠦᠨ | ᠭᠦᠢᠯᠭᠡᠭᠡᠨ ᠤ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠦᠯᠡᠳᠡᠭᠡᠯ ᠬᠡᠮᠵᠢᠶ᠎ᠡ ᠶᠢ ᠠᠷᠢᠯᠭᠠᠬᠤ ᠲᠤᠰᠬᠠᠶ | ᠠᠵᠢᠯᠯᠠᠭ᠎ᠠ ᠶᠢ ᠥᠷᠨᠢᠭᠦᠯᠵᠦ᠂ ᠨᠡᠶᠢᠲᠡ 500 ᠭᠠᠷᠤᠶ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠪᠠ︔ ᠬᠠᠤᠯᠢ | ᠪᠤᠰᠤ ᠬᠡᠷᠡᠭ ᠢ ᠰᠢᠢᠳᠪᠦᠷᠢᠯᠡᠬᠦ ᠠᠬᠢᠴᠠ ᠶᠢᠨ ᠪᠠᠶᠢᠳᠠᠯ ᠢ ᠨᠢᠭᠲᠠ ᠠᠩᠬᠠᠷᠴᠤ᠂ ᠳᠣᠲᠣᠭᠠᠳᠤ ᠶᠢ ᠬᠠᠮᠠᠭᠠᠯᠠᠬᠤ | ᠪᠠᠶᠢᠴᠠᠭᠠᠬᠤ ᠰᠢᠭᠦᠬᠦ ᠰᠠᠯᠠᠭ᠎ᠠ ᠮᠥᠴᠢᠷ ᠯᠦᠭᠡ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠵᠦ᠂ ᠦᠯᠡᠳᠡᠭᠡᠯ | ᠬᠡᠷᠡᠭ ᠤᠨ ᠠᠬᠢᠴᠠ ᠶᠢᠨ ᠪᠠᠶᠢᠳᠠᠯ ᠵᠢᠴᠢ ᠰᠢᠨ᠎ᠡ ᠪᠠᠷ ᠨᠡᠮᠡᠭᠳᠡᠭᠰᠡᠨ ᠬᠡᠷᠡᠭ ᠤᠨ ᠪᠠᠶᠢᠳᠠᠯ ᠢ ᠴᠠᠭ ᠲᠤᠬᠠᠶ ᠳᠤᠨᠢ | ᠣᠶᠢᠯᠠᠭᠠᠵᠤ᠂ ᠬᠠᠤᠯᠢ ᠪᠤᠰᠤ ᠬᠡᠷᠡᠭ ᠢ ᠰᠢᠢᠳᠪᠦᠷᠢᠯᠡᠬᠦ ᠠᠴᠠ ᠪᠣᠯᠵᠣ ᠭᠡᠨᠡᠳᠲᠡ ᠶᠢᠨ ᠬᠡᠷᠡᠭ ᠡᠭᠦᠰᠬᠦ ᠶᠢ ᠴᠢᠩᠭ᠎ᠠ | ᠰᠡᠷᠭᠡᠶᠢᠯᠡᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠬᠠᠤᠯᠢ ᠶᠢ ᠰᠤᠷᠴᠤ ᠬᠠᠤᠯᠢ ᠶᠢ ᠬᠡᠷᠡᠭᠯᠡᠵᠦ | ᠪᠠᠭ᠎ᠠ ᠭᠡᠷ ᠢ ᠬᠠᠮᠠᠭᠠᠯᠠᠵᠤ ᠬᠠᠤᠯᠢ ᠪᠤᠰᠤ ᠶᠢ ᠰᠡᠷᠭᠡᠶᠢᠯᠡᠵᠦ ᠤᠯᠠᠨ ᠢ ᠲᠦᠰᠢᠭᠯᠡᠬᠦ︾ ᠵᠡᠷᠭᠡ ᠲᠥᠪᠯᠡᠷᠡᠭᠦᠯᠦᠨ | ᠤᠬᠠᠭᠤᠯᠬᠤ ᠠᠵᠢᠯᠯᠠᠭ᠎ᠠ ᠶᠢ 3 ᠤᠳᠠᠭ᠎ᠠ ᠥᠷᠨᠢᠭᠦᠯᠪᠡ︔ ᠬᠠᠮ ᠵᠠᠭᠤᠴᠢᠯᠠᠭᠤᠷ ᠤᠨ ᠲᠥᠪ ᠤᠨ ᠷᠠᠳᠢᠣ᠋ | ᠨᠡᠪᠲᠡᠷᠡᠭᠦᠯᠭᠡ᠂ ᠨᠡᠶᠢᠲᠡ ᠶᠢᠨ ᠳ᠋ᠤᠭᠠᠷ ᠵᠡᠷᠭᠡ ᠵᠠᠭᠤᠴᠢᠯᠠᠭᠤᠷ ᠢ ᠠᠰᠢᠭᠯᠠᠨ ᠰᠡᠷᠭᠡᠶᠢᠯᠡᠯᠲᠡ ᠨᠡᠶᠢᠲᠡᠯᠡᠪᠡ᠃ | ︹ ᠬᠥᠲᠥᠯᠥᠭᠴᠢ᠄ ︺ ᠳᠠᠷᠠᠭᠠᠴᠢ ᠶᠢᠨ ᠠᠯᠬᠤᠮ ᠳᠤ᠂ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ | ᠬᠢᠬᠦ ᠳᠤ ᠮᠠᠨ ᠤ ᠬᠤᠲᠠ ᠳᠤ ᠶᠠᠮᠠᠷ ᠶᠠᠮᠠᠷ ᠲᠣᠬᠢᠷᠠᠭᠤᠯᠤᠯᠲᠠ ᠪᠠᠶᠢᠷᠢᠯᠠᠭᠤᠯᠤᠯᠲᠠ ᠲᠠᠢ ᠪᠣᠢ︖ | [ ᠵᠠᠩ ᠯᠢ ᠡᠷᠬᠢᠯᠡᠭᠴᠢ᠄ ] ᠣᠳᠣᠬᠠᠨ ᠳᠤ᠂ ᠮᠠᠨ ᠤ ᠬᠤᠳᠠ ᠶᠢᠨ ᠵᠠᠰᠠᠭ ᠭᠦᠢᠯᠭᠡᠭᠡ ᠠᠵᠤ ᠠᠬᠤᠶᠢᠯᠠᠯ ᠢ | ᠵᠣᠯᠭᠠᠭᠤᠯᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ | ᠵᠢᠭᠡᠯᠡᠯᠭᠡ ᠶᠢᠨ ᠲᠠᠷᠬᠠᠭᠠᠯᠲᠠ ᠶᠢᠨ ᠬᠡᠪᠴᠢᠶ᠎ᠠ ᠶᠢ ᠥᠷᠭᠡᠳᠬᠡᠨ ᠨᠡᠮᠡᠭᠳᠡᠭᠦᠯᠵᠦ᠂ ᠲᠦᠭᠡᠮᠡᠯ ᠬᠠᠷᠠᠭᠠᠯᠵᠠᠯᠳᠤ | ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠲᠠᠰᠤᠷᠠᠯᠳᠡ ᠦᠭᠡᠢ ᠴᠢᠩᠭᠠᠷᠠᠭᠤᠯᠵᠤ᠂ ᠠᠵᠤ ᠠᠬᠤᠶᠢᠯᠠᠯ ᠤᠨ | ᠵᠠᠬ᠎ᠠ ᠳᠡᠯᠭᠡᠭᠦᠷ ᠲᠤ ᠭᠠᠷᠬᠤ ᠠᠵᠢᠯ ᠢ ᠰᠢᠨ᠎ᠡ ᠠᠬᠢᠴᠠ ᠲᠠᠢ ᠪᠣᠯᠭᠠᠬᠤ ᠶᠢ ᠠᠬᠢᠭᠤᠯᠪᠠ᠃ ᠭᠡᠪᠡᠴᠦ ᠣᠳᠣᠬᠠᠨ ᠳᠤ | ᠬᠡᠰᠡᠭ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠬᠦᠴᠢᠷᠲᠡᠶ ᠪᠠᠶᠢᠬᠤ᠂ ᠬᠥᠷᠥᠩᠭᠡ ᠶᠢᠨ ᠵᠠᠬ᠎ᠠ | ᠳᠡᠯᠭᠡᠭᠦᠷ ᠤᠨ ᠬᠥᠭᠵᠢᠯᠲᠡ ᠬᠠᠷᠠᠬᠠᠨ ᠪᠣᠯᠪᠠᠰᠤᠷᠠᠩᠭᠤᠶ ᠪᠣᠯᠤᠭᠠᠳᠤᠶ ᠪᠠᠶᠢᠬᠤ ᠵᠡᠷᠭᠡ ᠠᠰᠠᠭᠤᠳᠠᠯ ᠮᠥᠨ ᠣᠷᠣᠰᠢᠵᠤ | ᠪᠠᠶᠢᠨ᠎ᠠ᠂ ᠲᠠᠷᠠᠭᠠᠴᠢ ᠶᠢᠨ ᠠᠯᠬᠤᠮ ᠳᠤ ᠮᠠᠨ ᠤ ᠤᠯᠤᠰ ᠤᠨ ᠠᠯᠪᠠᠨ ᠬᠡᠷ ᠳᠡᠭᠡᠷᠡᠬᠢ ᠪᠠᠶᠢᠳᠠᠯ ᠳᠤ ᠴᠢᠭᠯᠡᠭᠦᠯᠦᠨ᠂ | ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠮᠥᠨ ᠴᠢᠨᠠᠷ ᠢ ᠪᠠᠲᠤ ᠡᠵᠡᠮᠰᠢᠵᠦ | ᠂ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ | ᠠᠬᠢᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠳᠤ ᠨᠠᠷᠢᠯᠢᠭ ᠣᠨᠣᠴᠠᠲᠠᠶ ᠮᠥᠩᠭᠦᠨ ᠭᠦᠢᠯᠭᠡᠭᠡᠨ ᠤ | ᠦᠢᠯᠡᠴᠢᠯᠡᠭᠡ ᠶᠢ ᠨᠡᠮᠡᠭᠳᠡᠭᠦᠯᠦᠨ᠎ᠡ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ | ᠂ ᠨᠢᠭᠡ ᠳᠤ᠂ ᠬᠤᠲᠠ ᠶᠢᠨ ᠬᠤᠳᠠᠯᠳᠤᠭᠠᠨ ᠤ ᠪᠠᠩᠬᠢ ᠵᠢᠴᠢ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ | ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢ ᠠᠷᠢᠯᠭᠠᠨ ᠰᠢᠢᠳᠪᠦᠷᠢᠯᠡᠵᠦ ᠪᠠᠶᠢᠭ᠎ᠠ ᠪᠠᠶᠢᠳᠠᠯ ᠢ ᠭᠤᠤᠯᠳᠠᠯᠭ᠎ᠠ ᠲᠠᠢ | ᠠᠩᠬᠠᠷᠴᠤ᠂ ᠲᠡᠳᠡᠨ ᠢ ᠬᠠᠪᠰᠤᠷᠤᠨ ᠡᠷᠡᠭᠦᠯ ᠪᠤᠰᠤ ᠬᠥᠷᠥᠩᠭᠡ ᠶᠢ ᠠᠷᠢᠯᠭᠠᠨ ᠢᠯᠭᠠᠷᠠᠭᠤᠯᠤᠨ ᠬᠤᠷᠢᠶᠠᠬᠤ ᠠᠵᠢᠯ ᠢ | ᠰᠠᠶᠢᠲᠤᠷ ᠬᠢᠨ᠎ᠠ︔ ᠬᠤᠶᠠᠷ ᠲᠤ ᠬᠠᠷᠢᠶ᠎ᠠ ᠭᠠᠵᠠᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠵᠢᠭᠰᠠᠭᠠᠨ ᠪᠠᠶᠢᠴᠠᠭᠠᠬᠤ᠂ | ᠤᠷᠢᠳᠴᠢᠯᠠᠨ ᠰᠡᠷᠡᠮᠵᠢᠯᠡᠭᠦᠯᠬᠦ᠂ ᠦᠨᠡᠯᠡᠨ ᠵᠢᠱᠢᠬᠦ᠂ ᠰᠢᠢᠳᠪᠦᠷᠢᠯᠡᠬᠦ᠂ ᠠᠷᠢᠯᠭᠠᠬᠤ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠤᠯᠠᠨ ᠲᠦᠮᠡᠨ ᠤ ᠠᠶᠤᠯ ᠲᠦᠭᠰᠢᠭᠦᠷᠢ ᠶᠢ | ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠪᠠ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠳᠠᠪᠬᠤᠷ ᠡᠭᠦᠷᠭᠡ ᠶᠢ ᠦᠨᠡᠨ ᠬᠦ ᠰᠠᠶᠢᠲᠤᠷ ᠠᠳᠬᠤᠨ᠎ᠠ᠃ | ﹇ᠬᠥᠲᠥᠯᠥᠭᠴᠢ﹈ ᠵᠠ᠂ ᠶᠠᠭᠠᠷᠠᠤ ᠴᠠᠭ ᠲᠤ ᠵᠠᠩ ᠡᠷᠬᠢᠯᠡᠭᠴᠢ ᠪᠢᠳᠡᠨ ᠤ ᠰᠤᠷᠪᠤᠯᠵᠢᠯᠠᠭ᠎ᠠ ᠶᠢ ᠬᠦᠯᠢᠶᠡᠨ | ᠠᠪᠤᠭᠰᠠᠨ ᠳᠤ ᠮᠠᠰᠢ ᠲᠠᠯᠠᠷᠬᠠᠵᠤ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ | ᠲᠡᠭᠦᠰᠦᠯ᠎ᠡ᠂ ᠪᠢᠳᠡ ᠳᠠᠷᠠᠭ᠎ᠠ ᠬᠤᠭᠤᠴᠠᠭᠠᠨ ᠳᠤ ᠳᠠᠬᠢᠨ ᠠᠭᠤᠯᠵᠠᠶ᠎ᠠ᠃ | |