ᠥᠷᠭᠡᠨ ᠤᠯᠠᠨ ᠰᠠᠶᠢᠨ ᠳᠤᠷ᠎ᠠ ᠶᠢᠨ ᠠᠵᠢᠯᠯᠠᠭᠴᠢ ᠶᠢ ᠤᠷᠢᠶᠠᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠢᠳᠡᠪᠬᠢᠲᠡᠶ ᠣᠷᠣᠯᠴᠠᠭᠤᠯᠬᠤ ᠲᠤᠬᠠᠶ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2021/10/27
ᠪᠥᠬᠦ ᠬᠤᠲᠠ ᠶᠢᠨ ᠡᠯ᠎ᠡ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠥᠷᠭᠡᠨ ᠣᠯᠠᠨ ᠰᠠᠶᠢᠨ ᠲᠤᠷᠠᠴᠤᠳ᠄    ᠣᠳᠣᠬᠠᠨ ᠳᠤ᠂ ᠤᠯᠤᠰ ᠤᠨ ᠳᠣᠲᠣᠭᠠᠳᠤ ᠶᠢᠨ ᠣᠯᠠᠨ ᠮᠤᠵᠢ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠰᠢᠨ᠎ᠡ ᠪᠠᠷ ᠡᠭᠦᠰᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶᠢᠨ᠎ᠠ᠃ ᠢᠯᠠᠩᠭᠤᠶ᠎ᠠ ᠥᠪᠥᠷ ᠮᠣᠩᠭᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠯᠭᠠᠷᠠᠵᠤ ᠪᠠᠶᠢᠭ᠎ᠠ ᠲᠦᠭᠰᠢᠭᠦᠷᠢ ᠥᠷᠢᠰᠥᠯᠳᠦᠭᠡᠨ ᠦᠷᠭᠦᠯᠵᠢᠯᠡᠨ ᠨᠡᠮᠡᠭᠳᠡᠵᠦ ᠪᠠᠶᠢᠨ᠎ᠠ᠃ ᠣᠳᠣᠬᠠᠨ ᠤ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠠᠶ ᠪᠠᠶᠢᠳᠠᠯ ᠢ ᠦᠨᠳᠦᠰᠦᠯᠡᠨ᠂ ᠰᠠᠶᠢᠨ ᠳᠤᠷ᠎ᠠ ᠶᠢᠨ ᠦᠢᠯᠡᠴᠢᠯᠡᠬᠡᠨ ᠤ ᠦᠢᠯᠡᠳᠦᠯ ᠢ ᠨᠠᠩ ᠰᠠᠶᠢᠨ ᠪᠠᠳᠠᠷᠠᠭᠤᠯᠬᠤ ᠶᠢᠨ ᠲᠥᠯᠥᠭᠡ᠂ ᠥᠷᠭᠡᠨ ᠣᠯᠠᠨ ᠰᠠᠶᠢᠨ ᠳᠤᠷ᠎ᠠ ᠶᠢᠨ ᠠᠵᠢᠯᠯᠠᠭᠴᠢ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠲᠤᠰᠬᠠᠶ ᠮᠡᠷᠭᠡᠵᠢᠯ ᠢᠶᠠᠷ ᠥᠷᠨᠢᠭᠦᠯᠬᠦ ᠶᠢᠨ ᠲᠥᠯᠥᠭᠡ᠂ ᠡᠳᠦᠭᠡ ᠳᠣᠤᠷᠠᠬᠢ ᠮᠡᠳᠦ‌ᠤᠷᠢᠶᠠᠯᠠᠵᠦ ᠪᠠᠶᠢᠨ᠎ᠠ᠄            ᠨᠢᠭᠡ᠂ ᠲᠦᠷᠦᠭᠦᠯᠡᠨ ᠰᠡᠷᠭᠡᠶᠢᠯᠡᠨ ᠬᠠᠮᠠᠭᠠᠯᠠᠵᠤ᠂ ᠵᠢᠱᠢᠶ᠎ᠡ ᠦᠵᠡᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠲᠣᠭᠲᠠᠭᠠᠯ ᠢ ᠡᠷᠡᠰ ᠵᠢᠷᠤᠮᠯᠠᠵᠤ᠂ ᠬᠤᠪᠢ ᠬᠥᠮᠦᠨ ᠤ ᠸᠠᠺᠼᠢᠨ ᠤ ᠲᠠᠷᠢᠯᠭ᠎ᠠ ᠶᠢ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠣᠰᠣᠭᠠᠷ ᠲᠦᠷᠦᠭᠦᠯᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠬᠦ ᠵᠡᠷᠭᠡ ᠰᠠᠶᠢᠨ ᠰᠠᠶᠢᠬᠠᠨ ᠬᠤᠪᠢ ᠬᠥᠮᠦᠨ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠳᠠᠳᠬᠠᠯ ᠢ ᠤᠬᠠᠮᠰᠠᠷ ᠠᠴᠠ ᠪᠠᠨ ᠪᠤᠢ ᠪᠣᠯᠭᠠᠬᠤ ᠬᠡᠷᠡᠭᠲᠡᠶ᠃ ᠣᠯᠠᠨ ᠨᠡᠶᠢᠲᠡ ᠶᠢᠨ ᠲᠠᠯᠠᠪᠤᠷ ᠢᠶᠠᠷ ᠣᠷᠣᠵᠤ ᠭᠠᠷᠬᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠳᠠᠭᠠᠨ᠂ ᠱᠠᠭᠠᠷᠳᠠᠯᠭ᠎ᠠ ᠶᠣᠰᠣᠭᠠᠷ ᠠᠮᠠᠪᠴᠢ ᠵᠡᠭᠦᠵᠦ᠂ ᠪᠡᠶ᠎ᠡ ᠶᠢᠨ ᠳᠤᠯᠠᠭᠠᠨ ᠢ ᠬᠡᠮᠵᠢᠨ᠂ ᠡᠷᠡᠭᠦᠯ ᠮᠡᠨᠳᠦ ᠶᠢᠨ ᠨᠣᠮᠧᠷ ᠢ ᠰᠢᠷᠪᠢᠵᠦ᠂ ︽ᠨᠢᠭᠡ ᠮᠧᠲᠷ ᠤᠨ ᠱᠤᠭᠤᠮ︾ ᠤᠨ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠬᠡᠷᠡᠭᠲᠡᠶ᠃ ᠴᠢᠬᠤᠯᠠ ᠤᠴᠢᠷ ᠦᠭᠡᠢ ᠪᠤᠯ ᠬᠤᠤᠯᠢᠩᠭᠤᠤᠯ ᠠᠴᠠ ᠰᠠᠯᠵᠤ ᠪᠣᠯᠬᠤ ᠥᠬᠡᠶ᠂ ᠤᠯᠤᠰ ᠤᠨ ᠳᠣᠲᠣᠭᠠᠳᠤ ᠶᠢᠨ ᠲᠦᠭᠰᠢᠭᠦᠷᠢ ᠶᠡᠬᠡᠲᠡᠶ ᠣᠷᠣᠨ ᠵᠢᠴᠢ ᠪᠠᠶᠢᠭ᠎ᠠ ᠰᠢᠶᠠᠨ ︵ᠬᠤᠲᠠ᠂ ᠲᠣᠭᠤᠷᠢᠭ︶ ᠳᠤ ᠬᠦᠷᠴᠦ ᠵᠢᠭᠤᠯᠴᠢᠯᠠᠬᠤ᠂ ᠲᠥᠷᠥᠯ ᠰᠠᠳᠤᠨ ᠢᠶᠠᠨ ᠡᠷᠭᠢᠵᠦ ᠦᠵᠡᠬᠦ᠂ ᠨᠠᠶᠢᠵᠠ ᠨᠥᠬᠦᠳ ᠢᠶᠠᠨ ᠡᠷᠭᠢᠵᠦ ᠦᠵᠡᠬᠦ ᠵᠡᠷᠭᠡ ᠳᠤ ᠬᠦᠷᠴᠦ ᠪᠣᠯᠬᠤ ᠥᠬᠡᠶ᠂ ᠨᠡᠭᠦᠳᠡᠯ ᠬᠠᠯᠳᠠᠪᠤᠷᠢᠯᠠᠯ ᠤᠨ ᠲᠦᠭᠰᠢᠭᠦᠷᠢ ᠶᠢ ᠤᠮᠳᠤᠭᠠᠶᠢᠯᠠᠵᠦ ᠪᠣᠯᠬᠤ ᠥᠬᠡᠶ᠃        ᠬᠤᠶᠠᠷ᠂ ᠨᠢᠭᠡᠳᠦᠭᠡᠷ ᠹᠷᠣᠨᠲ ᠲᠤ ᠰᠠᠭᠤᠷᠢᠯᠠᠵᠤ᠂ ᠤᠢᠢᠷ᠎ᠠ ᠬᠠᠪᠢ ᠳᠠᠭᠠᠨ ᠦᠢᠯᠡᠴᠢᠯᠡᠨ᠎ᠡ᠃ ᠣᠶᠢᠷ᠎ᠠ ᠬᠠᠪᠢ ᠳᠠᠭᠠᠨ ᠳᠥᠭᠦᠮ ᠦᠵᠡᠭᠦᠯᠬᠦ ᠵᠠᠷᠴᠢᠮ ᠢ ᠪᠠᠷᠢᠮᠲᠠᠯᠠᠵᠤ᠂ ᠰᠠᠶᠢᠨ ᠳᠤᠷ᠎ᠠ ᠶᠢᠨ ᠠᠵᠢᠯᠯᠠᠭᠴᠢᠳ ᠤᠢᠢᠷ᠎ᠠ ᠬᠠᠪᠢ ᠳᠠᠭᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠦᠷᠳᠡᠭᠡ ᠳᠤ ᠲᠦᠰᠢᠭᠯᠡᠨ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠳᠤ ᠳᠡᠮᠵᠢᠯᠭᠡ ᠪᠠ ᠬᠠᠪᠰᠤᠷᠤᠯᠭ᠎ᠠ ᠬᠠᠩᠭᠠᠵᠤ᠂ ᠨᠡᠶᠢᠭᠡᠮ ᠲᠣᠭᠤᠷᠢᠭ ᠲᠤ ᠬᠠᠮᠵᠢᠨ ᠰᠠᠭᠤᠭᠠᠯᠢ ᠠᠷᠠᠳ ᠤᠨ ᠦᠨᠳᠦᠰᠦᠨ ᠪᠠᠶᠢᠳᠠᠯ ᠢ ᠣᠶᠢᠯᠠᠭᠠᠵᠤ᠂ ᠠᠷᠢᠭᠤᠳᠬᠠᠬᠤ᠂ ᠳᠠᠩᠰᠠᠯᠠᠬᠤ᠂ ᠬᠡᠮᠵᠢᠬᠦ᠂ ᠬᠢᠵᠢᠭ ᠢ ᠰᠡᠷᠭᠡᠶᠢᠯᠡᠬᠦ ᠤᠬᠠᠭᠤᠯᠭ᠎ᠠ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠡᠮᠬᠢ ᠳᠢᠭᠯᠢᠮ ᠢ ᠬᠠᠮᠠᠭᠠᠯᠠᠬᠤ᠂ ᠰᠡᠳᠬᠢᠴᠡ ᠶᠢ ᠲᠠᠶᠢᠳᠬᠤᠷᠠᠭᠤᠯᠬᠤ᠂ ᠴᠤᠤᠷᠬᠠᠯ ᠢ ᠢᠯᠡᠴᠢᠯᠡᠨ ᠮᠡᠳᠡᠭᠦᠯᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠵᠡᠷᠭᠡ ᠠᠵᠢᠯ ᠢ ᠰᠠᠶᠢᠲᠤᠷ ᠬᠢᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠡᠭᠡ ᠪᠠᠶᠢᠷᠢᠰᠢᠯ ᠢ ᠪᠦᠷᠢᠯᠳᠦᠭᠦᠯᠵᠦ ᠪᠣᠯᠤᠨ᠎ᠠ᠃            ᠭᠤᠷᠪᠠ᠂ ᠵᠥᠪ ᠲᠠᠯ᠎ᠠ ᠠᠴᠠ ᠤᠬᠠᠭᠤᠯᠵᠤ᠂ ᠴᠤᠤᠷᠬᠠᠯ ᠢ ᠡᠰᠡᠷᠭᠦᠴᠡᠨ ᠬᠤᠷᠢᠭᠯᠠᠬᠤ ᠬᠡᠷᠡᠭᠲᠡᠶ᠃ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ ᠲᠥᠪ ︵ᠭᠠᠵᠠᠷ᠂ ᠥᠷᠲᠡᠭᠡ︶ ᠳᠤ ᠲᠦᠰᠢᠭᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠶᠡᠭᠡ ᠪᠠᠷ ᠤᠬᠠᠭᠤᠯᠤᠨ ᠲᠦᠭᠡᠮᠡᠯᠵᠢᠭᠦᠯᠵᠦ᠂ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠤᠯᠠᠮᠵᠢᠯᠠᠨ ᠲᠠᠶᠢᠯᠪᠤᠷᠢᠯᠠᠵᠤ᠂ ᠣᠯᠠᠨ ᠲᠦᠮᠡᠨ ᠢ ᠬᠥᠮᠦᠵᠢᠭᠦᠯᠦᠨ ᠬᠥᠲᠥᠯᠦᠨ ᠵᠢᠯᠣᠭᠤᠳᠴᠤ ᠪᠠᠶᠢᠭᠠᠳ ᠴᠤᠤᠷᠬᠠᠯ ᠲᠠᠯᠪᠢᠬᠤ ᠥᠬᠡᠶ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠢ ᠲᠠᠷᠬᠠᠭᠠᠬᠤ ᠥᠬᠡᠶ᠂ ᠰᠦᠯᠵᠢᠶ᠎ᠡ᠂ ᠨᠠᠶᠢᠵᠠ ᠶᠢᠨ ᠲᠣᠭᠤᠷᠢᠭ᠂ ᠸᠢᠴᠠᠲ ᠤᠨ ᠪᠦᠯᠦᠭ ᠲᠤ ᠬᠤᠳᠠᠯ ᠬᠠᠭᠤᠷᠮᠠᠭ ᠮᠡᠳᠡᠭᠡ ᠨᠡᠶᠢᠲᠡᠯᠡᠬᠦ ᠥᠬᠡᠶ ᠪᠣᠯᠭᠠᠬᠤ ᠬᠡᠷᠡᠭᠲᠡᠶ᠃ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠪᠣᠯᠤᠨ ᠬᠢᠵᠢᠭ ᠤᠨ ᠪᠠᠶᠢᠳᠠᠯ ᠤᠨ ᠪᠠᠶᠢᠳᠠᠯ ᠢ ᠨᠢᠭᠲᠠ ᠠᠩᠬᠠᠷᠴᠤ᠂ ᠤᠯᠠᠨ ᠲᠦᠮᠡᠨ ᠳᠤ ᠬᠠᠨᠳᠤᠭᠤᠯᠤᠨ ᠤᠬᠠᠭᠤᠯᠤᠨ ᠲᠠᠶᠢᠯᠪᠤᠷᠢᠯᠠᠬᠤ᠂ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠢᠳᠡᠪᠬᠢ ᠬᠦᠴᠦᠨ ᠢ ᠤᠯᠠᠮᠵᠢᠯᠠᠵᠤ᠂ ᠤᠶᠤᠨ ᠰᠠᠨᠠᠭ᠎ᠠ ᠴᠤᠭ ᠰᠦᠯᠳᠡ ᠶᠢ ᠨᠢᠭᠲᠠᠷᠠᠭᠤᠯᠤᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠨ᠎ᠠ᠃      ᠳᠥᠷᠪᠡ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠵᠤ᠂ ᠵᠠᠩ ᠳᠠᠳᠬᠠᠯ ᠢ ᠥᠭᠡᠷᠡᠴᠢᠯᠡᠨ᠎ᠡ᠃ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠦᠷᠳᠡᠭᠡ︶ ᠪᠣᠯᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠬᠢᠨ ᠬᠡᠪ ᠵᠠᠩᠰᠢᠯ ᠢ ᠥᠭᠡᠷᠡᠴᠢᠯᠡᠬᠦ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠷᠭᠡᠨ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ᠂ ᠡᠷᠡᠭᠦᠯ ᠴᠢᠭᠢᠷᠠᠭ᠂ ᠪᠣᠯᠪᠠᠰᠤᠨ ᠠᠮᠢᠳᠤᠷᠠᠯ ᠤᠨ ᠤᠢᠢᠯᠠᠭᠠᠭᠳᠠᠬᠤᠨ ᠢ ᠤᠬᠠᠮᠰᠠᠷ ᠠᠴᠠ ᠪᠠᠨ ᠪᠤᠢ ᠪᠣᠯᠭᠠᠨ ᠦᠢᠯᠡᠳᠦᠯᠭᠡᠵᠢᠭᠦᠯᠵᠦ᠂ ᠴᠡᠪᠡᠷ ᠲᠡᠭᠰᠢ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠤᠢ ᠪᠣᠯᠭᠠᠵᠤ᠂ ᠬᠠᠭᠤᠴᠢᠨ ᠶᠣᠰᠣ ᠪᠦᠳᠦᠭᠦᠯᠢᠭ ᠵᠠᠩᠰᠢᠯ ᠢ ᠲᠠᠶᠠᠭᠳᠠᠵᠤ᠂ ᠪᠠᠶᠠᠷᠲᠤ ᠶᠠᠪᠤᠳᠠᠯ ᠢ ᠠᠯᠭᠤᠷᠯᠠᠬᠤ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ ᠬᠢᠬᠦ ᠶᠢ ᠰᠠᠨᠠᠭᠠᠴᠢᠯᠠᠵᠤ᠂ ᠪᠣᠯᠪᠠᠰᠤᠨ ᠰᠢᠨ᠎ᠡ ᠰᠤᠷᠲᠠᠯ ᠤᠨ ᠰᠠᠨᠠᠭᠠᠴᠢᠯᠠᠭᠴᠢ᠂ ᠤᠯᠠᠮᠵᠢᠯᠠᠭᠴᠢ ᠪᠠ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃      ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠤᠯᠠᠨ ᠢᠶᠠᠷ ᠢᠶᠠᠨ ᠥᠷᠭᠡᠨ ᠤᠯᠠᠨ ᠰᠠᠶᠢᠨ ᠳᠤᠷ᠎ᠠ ᠶᠢᠨ ᠦᠢᠯᠡᠴᠢᠯᠡᠭᠴᠢᠳ ᠳᠠᠷᠦ᠋ᠢᠬᠠᠨ ᠬᠥᠳᠡᠯᠦᠯᠴᠡᠵᠦ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠰ ᠪᠡᠶ᠎ᠡ ᠶᠢᠨ ᠠᠮᠤᠷ ᠲᠦᠪᠰᠢᠨ ᠢᠶᠠᠨ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠵᠢᠯᠤᠭᠤᠳᠤᠯᠭ᠎ᠠ ᠲᠤᠬᠢᠷᠠᠭᠤᠯᠭ᠎ᠠ ᠶᠢ ᠳᠠᠭᠠᠵᠤ᠂ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠢ ᠣᠷᠣᠯᠴᠠᠵᠤ᠂  ᠬᠤᠤᠯᠢᠩᠭᠤᠤᠯ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠲᠡᠢ ᠳᠡᠮᠵᠢᠯᠭᠡ ᠬᠠᠩᠭᠠᠬᠤ ᠶᠢ ᠬᠦᠰᠡᠵᠦ ᠪᠠᠶᠢᠨ᠎ᠠ︕                  ᠬᠤᠤᠯᠢᠩᠭᠤᠤᠯ ᠬᠤᠲᠠ ᠶᠢᠨ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ                     2021 ᠣᠨ ᠤ 10 ᠰᠠᠷ᠎ᠠ ᠶᠢᠨ 26
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号