ᠬᠤᠤᠯᠢᠩᠭᠤᠤᠯ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠡᠮᠨᠡᠭᠦᠯᠬᠦ ᠬᠠᠮᠢᠶ᠎ᠠ ᠪᠥᠬᠦᠶ ᠵᠦᠢᠯᠡᠰ ᠤᠨ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/10/27
     ᠥᠷᠭᠡᠨ ᠣᠯᠠᠨ ᠡᠮᠨᠡᠯᠭᠡ ᠶᠢᠨ ᠠᠵᠢᠯᠲᠠᠨ᠄ ᠣᠳᠣᠬᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠦᠢᠯ ᠤᠨ ᠬᠦᠨᠳᠦ ᠬᠡᠴᠡᠭᠦᠤ ᠪᠥᠭᠡᠳ ᠪᠤᠳᠤᠯᠢᠶᠠᠨᠲᠠᠶ ᠪᠠᠶᠢᠵᠤ᠂ ᠥᠷᠭᠡᠨ ᠣᠯᠠᠨ ᠡᠪᠡᠳᠴᠢᠲᠡᠨ ᠤ ᠡᠪᠡᠳᠴᠢᠨ ᠦᠵᠡᠭᠦᠯᠬᠦ ᠠᠮᠤᠷ ᠲᠦᠪᠰᠢᠨ ᠢ ᠤᠯᠠᠮ ᠨᠢᠭᠡ ᠠᠯᠬᠤᠮ ᠪᠠᠲᠤᠯᠠᠬᠤ ᠶᠢᠨ ᠲᠤᠰᠠᠳᠠ᠂ ︽ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠡᠮᠨᠡᠭᠦᠯᠦᠭᠰᠡᠳ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠳᠡᠯ︾ ︵ᠥᠪᠥᠷ ᠡᠷᠡᠭᠦᠯ ᠬᠠᠮᠠᠭᠠᠯᠠᠯ ᠡᠮᠨᠡᠯᠭᠡ ᠥᠰᠥᠭ ︹ 2021 ︺ 558 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠮᠠᠨ ᠤ ᠬᠤᠷᠢᠶᠠᠨ ᠤ ᠡᠪᠡᠳᠴᠢᠨ ᠦᠵᠡᠭᠦᠯᠬᠦ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄         ᠲᠣᠰ ᠡᠳᠦᠷ ᠠᠴᠠ ᠡᠬᠢᠯᠡᠨ᠂ ᠡᠮᠴᠢᠯᠡᠭᠦᠯᠦᠭᠴᠢ 72 ᠴᠠᠭ ᠤᠨ ᠳᠣᠲᠣᠷᠠᠬᠢ ᠬᠦᠴᠦᠨ ᠪᠥᠬᠦᠶ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠠᠪᠴᠤ ᠡᠮᠨᠡᠯᠭᠡ ᠳᠤ ᠣᠷᠣᠵᠤ ᠪᠣᠯᠤᠨ᠎ᠠ᠃ ᠮᠠᠨ ᠤ ᠬᠤᠷᠢᠶᠠᠨ ᠳᠤ ᠢᠷᠡᠵᠦ ᠡᠮᠨᠡᠭᠦᠯᠦᠭᠴᠢ ᠠᠴᠠ ᠤᠷᠢᠳᠴᠢᠯᠠᠨ ᠥᠪᠡᠷ ᠢᠶᠠᠨ ᠪᠥᠭᠡᠮ ᠬᠦᠴᠢᠯ ᠤᠨ ᠪᠠᠶᠢᠴᠠᠭᠠᠯᠲᠠ ᠬᠢᠵᠦ ᠂ ᠴᠠᠭ ᠲᠤᠬᠠᠶ ᠳᠤᠨᠢ ᠡᠮᠨᠡᠭᠦᠯᠬᠦ ᠳᠤ ᠳᠥᠭᠦᠮ ᠪᠣᠯᠭᠠᠨ᠎ᠠ᠂ ᠪᠠᠴᠢᠮ ᠲᠦᠭᠰᠢᠭᠦᠷᠢᠲᠡᠶ ᠬᠦᠨᠳᠦ ᠡᠪᠡᠳᠴᠢᠲᠡᠨ ᠤ ᠡᠮᠨᠡᠯᠭᠡ ᠶᠢᠨ ᠬᠤᠷᠢᠶ᠎ᠠ ᠤᠷᠢᠳ ᠢᠶᠠᠷ ᠲᠦᠷᠭᠡᠨ ᠠᠪᠤᠷᠠᠬᠤ ᠠᠷᠭ᠎ᠠ ᠬᠡᠮᠵᠢᠶ᠎ᠡ ᠠᠪᠴᠤ᠂ ᠠᠮᠢ ᠨᠠᠰᠤᠨ ᠤ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠴᠠᠭ ᠲᠤᠬᠠᠶ ᠳᠤᠨᠢ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃      ᠲᠠ ᠪᠣᠯᠤᠨ ᠭᠡᠷ ᠤᠨ ᠬᠥᠮᠦᠰ ᠤᠨ ᠢᠶᠠᠨ ᠡᠷᠡᠭᠦᠯ ᠮᠡᠨᠳᠤ ᠶᠢ ᠪᠠᠲᠤᠯᠠᠬᠤ ᠶᠢᠨ ᠲᠥᠯᠥᠭᠡ᠂ ᠲᠠ ᠳᠡᠭᠡᠷᠡᠬᠢ ᠠᠯᠪᠠᠨ ᠵᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠬᠤ ᠶᠢ ᠣᠨᠴᠠᠭᠠᠶᠢᠯᠠᠨ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠂ ᠡᠭᠦᠨ ᠤ ᠤᠯᠠᠮ ᠠᠴᠠ ᠲᠠᠨ ᠳᠤ ᠳᠥᠭᠦᠮ ᠦᠭᠡᠢ ᠪᠣᠯᠵᠦ ᠠᠭᠤᠴᠢᠯᠠᠯ ᠬᠦᠰᠡᠵᠦ ᠪᠠᠶᠢᠨ᠎ᠠ᠂ ᠲᠠᠨ ᠤ ᠳᠡᠮᠵᠢᠯᠭᠡ ᠪᠣᠯᠤᠨ ᠬᠠᠮᠵᠢᠯᠴᠠᠭ᠎ᠠ ᠳᠤ ᠲᠠᠯᠠᠷᠬᠠᠵᠤ ᠪᠠᠶᠢᠨ᠎ᠠ︕         ᠬᠤᠤᠯᠢᠨ ᠭᠤᠤᠯ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号