ᠬᠤᠤᠯᠢᠩᠭᠤᠤᠯ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠡᠮᠨᠡᠭᠦᠯᠬᠦ ᠬᠠᠮᠢᠶ᠎ᠠ ᠪᠥᠬᠦᠶ ᠵᠦᠢᠯᠡᠰ ᠤᠨ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/10/27
    ᠣᠳᠣᠬᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠬᠦᠨᠳᠦ ᠬᠡᠴᠡᠭᠦᠦ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠡᠮᠨᠡᠭᠦᠯᠦᠭᠰᠡᠳ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠥᠪᠥᠷ ᠮᠣᠩᠭᠤᠯ ᠡᠷᠡᠭᠦᠯ ᠬᠠᠮᠠᠭᠠᠯᠠᠯ ᠡᠮᠨᠡᠯᠭᠡ ᠦᠰᠦᠭ 2021︾ ᠤᠨ 558 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠲᠣᠰ ᠡᠳᠦᠷ ᠠᠴᠠ ᠡᠬᠢᠯᠡᠨ ᠮᠠᠨ ᠤ ᠬᠤᠷᠢᠶᠠᠨ ᠤ ᠡᠮᠴᠢᠯᠡᠭᠦᠯᠦᠭᠴᠢ 72 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠰᠢᠯᠭᠠᠭᠰᠠᠨ ᠭᠡᠷᠡᠴᠢ ︵ᠨᠢᠭᠡᠳᠦᠭᠡᠷ ᠳᠠᠪᠬᠤᠷᠯᠢᠭ ᠤᠨ ᠤᠷᠢᠳᠴᠢᠯᠠᠨ ᠪᠠᠶᠢᠴᠠᠭᠠᠬᠤ ᠬᠤᠪᠢᠶᠠᠷᠢ ᠭᠠᠵᠠᠷ ᠲᠤ ᠴᠠᠭᠠᠰᠤᠨ ᠬᠡᠪ ᠤᠨ ᠮᠡᠳᠡᠭᠦᠯᠦᠯᠲᠡ ᠪᠤᠶᠤ ᠭᠠᠷ ᠤᠲᠠᠰᠤᠨ ᠤ ᠦᠵᠦᠭᠦᠷ ᠤᠨ ᠪᠠᠶᠢᠴᠠᠭᠠᠨ ᠯᠠᠪᠯᠠᠭᠰᠠᠨ ᠮᠡᠳᠡᠭᠦᠯᠦᠯᠲᠡ ᠬᠠᠩᠭᠠᠨ᠎ᠠ︶ ᠬᠠᠩᠭᠠᠬᠤ ᠴᠢᠬᠤᠯᠠᠲᠠᠶ᠂ ᠡᠮᠨᠡᠯᠭᠡ ᠳᠤ ᠡᠮᠴᠢᠯᠡᠭᠦᠯᠬᠦ ᠪᠠᠷ ᠢᠷᠡᠭᠰᠡᠨ ᠬᠥᠮᠦᠰ ᠤᠷᠢᠳᠴᠢᠯᠠᠨ ᠥᠪᠡᠷᠲᠡᠭᠡᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠶᠢ ᠬᠦᠰᠡᠵᠦ ᠪᠠᠶᠢᠨ᠎ᠠ᠃ ᠲᠦᠷᠭᠡᠨ ᠡᠮᠨᠡᠬᠦ ᠡᠪᠡᠳᠴᠢᠲᠡᠨ ᠡᠪᠡᠳᠴᠢᠨ ᠦᠵᠡᠭᠦᠯᠬᠦ ᠦᠶ᠎ᠡ ᠳᠤ᠂ ᠮᠠᠨ ᠤ ᠬᠤᠷᠢ᠊ ᠡᠶ᠎ᠡ ᠤᠷᠢᠳ ᠢᠶᠠᠷ ᠲᠦᠷᠭᠡᠨ ᠠᠪᠤᠷᠠᠬᠤ ᠠᠷᠭ᠎ᠠ ᠬᠡᠮᠵᠢᠶ᠎ᠡ ᠬᠠᠩᠭᠠᠵᠤ᠂ ᠠᠮᠢ ᠨᠠᠰᠤᠨ ᠤ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠴᠠᠭ ᠲᠤᠬᠠᠢ ᠳᠤᠨᠢ ᠪᠥᠭᠡᠮ ᠬᠦᠴᠢᠯ ᠤᠨ ᠪᠠᠶᠢᠴᠠᠭᠠᠯᠲᠠ ᠬᠢᠪᠡ᠃            ᠡᠭᠦᠨ ᠤ ᠲᠤᠯᠠ ᠮᠡᠳᠡᠭᠳᠡᠪᠡ       ᠢᠷᠡᠯᠲᠡ᠄ ᠬᠤᠤᠯᠢᠨ ᠭᠤᠤᠯ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ                                   2021 ᠣᠨ ᠤ 10 ᠰᠠᠷ᠎ᠠ ᠶᠢᠨ 26
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号