ᠬᠤᠤᠯᠢᠩᠭᠤᠤᠯ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2021/10/27
    ᠣᠶᠢᠷ᠎ᠠ ᠳᠤ᠂ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠬᠠᠮᠵᠢᠨ ᠪᠠᠶᠢᠴᠠᠭᠠᠬᠤ ᠮᠡᠳᠡᠭᠳᠡᠯ ᠢ ᠲᠤᠰᠪᠠ᠂ ᠮᠠᠨ ᠤ ᠬᠤᠲᠠ ᠳᠤ ᠬᠥᠬᠡᠬᠤᠲᠠ ᠶᠢᠨ ᠣᠨᠣᠰᠢᠯᠠᠭᠰᠠᠨ ᠡᠪᠡᠳᠴᠢᠲᠡᠨ ᠲᠠᠢ ᠨᠢᠭᠲᠠ ᠣᠶᠢᠷᠠᠲᠤᠭᠰᠠᠳ 1 ᠪᠣᠶ᠂ ᠣᠳᠣᠬᠠᠨ ᠳᠤ ᠨᠢᠭᠲᠠ ᠣᠶᠢᠷᠠᠲᠤᠭᠰᠠᠳ ᠨᠢᠭᠡᠨᠲᠡ ᠠᠨᠠᠭᠠᠬᠤ ᠤᠬᠠᠭᠠᠨ ᠤ ᠠᠵᠢᠭᠯᠠᠯᠲᠠ ᠶᠢ   ᠨᠢ ᠲᠤᠰᠠᠭᠠᠷᠯᠠᠵᠤ᠂ 4 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠨᠢ ᠴᠥᠮ ᠪᠢᠯᠢᠭ ᠴᠢᠨᠠᠷᠲᠠᠶ ᠪᠣᠯᠵᠠᠶ᠃         ᠣᠳᠣᠬᠠᠨ ᠳᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠥᠷᠭᠡᠨ ᠣᠯᠠᠨ ᠬᠤᠲᠠ ᠶᠢᠨ ᠠᠷᠠᠳ ᠲᠤ ᠥᠪᠡᠷ ᠢ ᠪᠠᠨ ᠬᠠᠮᠠᠭᠠᠯᠠᠬᠤ᠂ ᠠᠮᠠᠪᠴᠢ ᠵᠡᠭᠦᠬᠦ᠂ ᠴᠤᠭᠯᠠᠷᠠᠬᠤ ᠶᠢ ᠪᠠᠭᠠᠰᠬᠠᠬᠤ᠂ ᠬᠡᠷᠪᠡ ᠦᠨᠡᠬᠡᠷ ᠭᠠᠳᠠᠭᠰᠢ ᠭᠠᠷᠬᠤ ᠴᠢᠬᠤᠯᠠᠲᠠᠶ ᠪᠣᠯ ᠵᠣᠷᠢᠭᠰᠠᠨ ᠭᠠᠵᠠᠷ ᠤᠨ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠲᠠᠰ ᠢ ᠪᠠᠶᠢᠴᠠᠭᠠᠨ ᠯᠠᠪᠯᠠᠬᠤ ᠶᠢ ᠠᠩᠬᠠᠷᠴᠤ᠂ ᠪᠥᠬᠦ ᠶᠠᠪᠤᠴᠠ ᠳᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠵᠢᠷᠤᠮᠯᠠᠬᠤ ᠬᠡᠷᠡᠭᠲᠡᠶ ᠭᠡᠵᠦ ᠰᠠᠨᠠᠭᠤᠯᠵᠤ ᠪᠠᠶᠢᠨ᠎ᠠ᠃ ᠬᠢᠯᠢ ᠶᠢᠨ ᠭᠠᠳᠠᠨ᠎ᠠ ᠪᠠ ᠬᠢᠵᠢᠭ ᠤᠨ ᠪᠠᠶᠢᠳᠠᠯ ᠤᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ ᠣᠴᠢᠬᠤ ᠠᠴᠠ ᠵᠠᠶᠢᠯᠠᠰᠬᠢᠬᠦ ᠬᠡᠷᠡᠭᠲᠡᠶ᠂ ᠬᠡᠷᠪᠡ ᠣᠨᠴᠠᠭᠠᠶ ᠰᠢᠯᠲᠠᠭᠠᠨ ᠠᠴᠠ ᠪᠣᠯᠵᠣ ᠦᠨᠡᠬᠡᠷ ᠣᠴᠢᠬᠤ ᠴᠢᠬᠤᠯᠠᠲᠠᠶ ᠪᠠᠶᠢᠪᠠᠯ᠂ ᠭᠠᠳᠠᠭᠰᠢ ᠭᠠᠷᠬᠤ ᠠᠴᠠ ᠪᠠᠨ ᠡᠮᠦᠨ᠎ᠡ ᠪᠠᠶᠢᠭ᠎ᠠ ᠨᠡᠶᠢᠭᠡᠮ ᠲᠣᠭᠤᠷᠢᠭ᠂ ᠨᠢᠭᠡᠴᠡ ᠳᠡᠭᠡᠨ ᠪᠦᠷᠢᠳᠬᠡᠨ ᠳᠠᠩᠰᠠᠯᠠᠭᠤᠯᠵᠤ ᠂ ᠬᠤᠤᠯᠢᠩᠭᠤᠤᠯ ᠳᠤ ᠪᠤᠴᠠᠭᠰᠠᠨ ᠤ ᠳᠠᠷᠠᠭ᠎ᠠ ᠲᠡᠷᠡ ᠳᠠᠷᠤᠶ ᠳᠤᠨᠢ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ᠃              ᠰᠢᠨ᠎ᠡ ᠲᠢᠳᠢᠮᠯᠢᠭ ᠤᠨ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠣᠳᠣᠬᠠᠨ ᠤ ᠰᠢᠨ᠎ᠡ ᠲᠢᠳᠢᠮᠯᠢᠭ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠪᠣᠯᠤᠨ᠎ᠠ᠃ ᠮᠠᠨ ᠤ ᠬᠤᠲᠠ ᠨᠢᠭᠡᠨᠲᠡ ᠭᠤᠷᠪᠠᠳᠤᠭᠠᠷ ᠤᠳᠠᠭᠠᠨ ᠤ ᠰᠢᠨ᠎ᠡ ᠲᠢᠳᠢᠮᠯᠢᠭ ᠤᠨ ᠸᠢᠷᠦ᠋ᠰ ᠢ ᠤᠰᠠᠳᠬᠠᠬᠤ ᠸᠠᠺᠼᠢᠨ ᠤ ᠲᠠᠷᠢᠯᠭ᠎ᠠ ᠶᠢ ᠡᠬᠢᠯᠡᠭᠦᠯᠪᠡ᠂ ᠸᠠᠺᠼᠢᠨ ᠤ ᠲᠠᠷᠢᠯᠭ᠎ᠠ ᠬᠢᠭᠰᠡᠨ ᠥᠬᠡᠶ᠂ ᠸᠠᠺᠼᠢᠨ ᠤ ᠲᠠᠷᠢᠯᠭ᠎ᠠ ᠶᠢ ᠪᠥᠬᠦ ᠶᠠᠪᠤᠴᠠ ᠳᠤ ᠬᠢᠭᠰᠡᠨ ᠥᠬᠡᠶ ᠬᠥᠮᠦᠰ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠲᠠᠷᠢᠯᠭ᠎ᠠ ᠶᠢᠨ ᠴᠡᠭ ᠪᠠ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢᠨ ᠸᠠᠺᠼᠢᠨ ᠤ ᠲᠠᠷᠢᠯᠭ᠎ᠠ ᠶᠢᠨ ᠴᠡᠭ ᠲᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠬᠦᠷᠴᠦ ᠲᠠᠷᠢᠯᠭ᠎ᠠ ᠬᠢᠵᠦ᠂ ᠬᠠᠮᠤᠭ ᠤᠨ ᠰᠠᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠶᠢ ᠬᠦᠰᠡᠵᠦ ᠪᠠᠶᠢᠨ᠎ᠠ᠃ ᠲᠣᠰ ᠡᠳᠦᠷ ᠠᠴᠠ ᠡᠬᠢᠯᠡᠨ᠂ ᠸᠠᠺᠼᠢᠨ ᠤ ᠲᠠᠷᠢᠯᠭ᠎ᠠ ᠬᠢᠭᠰᠡᠨ ᠥᠬᠡᠶ ︵ᠴᠢᠩᠭᠠᠳᠬᠠᠬᠤ ᠲᠠᠷᠢᠯᠭ᠎ᠠ ᠶᠢ ᠪᠠᠭᠲᠠᠭᠠᠨ᠎ᠠ︶ ᠬᠥᠮᠦᠰ ︵ᠴᠡᠭᠡᠷᠯᠡᠬᠦ ᠡᠪᠡᠳᠴᠢᠨ ᠪᠠ ᠲᠠᠷᠢᠯᠭ᠎ᠠ ᠬᠢᠯᠭᠡᠭᠰᠡᠨ ᠥᠬᠡᠶ 12 ᠨᠠᠰᠤᠨ ᠠᠴᠠ ᠳᠣᠷᠣᠭᠰᠢᠬᠢ ᠬᠡᠤᠬᠡᠳ ᠪᠠᠭᠲᠠᠬᠤ ᠥᠬᠡᠶ︶ ᠢ ᠨᠢᠭᠲᠠ ᠣᠶᠢᠷᠠᠲᠤᠭᠰᠠᠳ ᠪᠠ ᠨᠢᠭᠲᠠ ᠵᠠᠯᠭᠠᠯᠳᠤᠭᠰᠠᠨ ᠢᠶᠠᠷ ᠮᠠᠭᠠᠳᠯᠠᠨ ᠲᠣᠭᠲᠠᠭᠠᠵᠤ᠂ ᠠᠨᠠᠭᠠᠬᠤ ᠤᠬᠠᠭᠠᠨ ᠤ ᠠᠵᠢᠭᠯᠠᠯᠲᠠ ᠶᠢᠨ ᠵᠠᠷᠤᠳᠠᠯ ᠢ ᠲᠥᠪᠯᠡᠷᠡᠭᠦᠯᠦᠨ ᠲᠤᠰᠠᠭᠠᠷᠯᠠᠵᠤ ᠥᠪᠡᠷ ᠢᠶᠠᠨ  ᠰᠢᠢᠳᠪᠦᠷᠢᠯᠡᠨ᠎ᠡ᠃            ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠴᠠ ᠬᠢᠵᠢᠭ ᠤᠨ ᠪᠠᠶᠢᠳᠠᠯ ᠤᠨ ᠬᠤᠯᠪᠣᠭᠳᠠᠯ ᠪᠥᠬᠦᠶ ᠪᠠᠶᠢᠳᠠᠯ ᠢ ᠴᠠᠭ ᠲᠤᠬᠠᠶ ᠳᠤᠨᠢ ᠨᠡᠶᠢᠲᠡᠯᠡᠵᠦ᠂ ᠥᠷᠭᠡᠨ ᠣᠯᠠᠨ ᠬᠤᠲᠠ ᠶᠢᠨ ᠠᠷᠠᠳ ᠣᠯᠠᠨ ᠠᠯᠪᠠᠨ ᠤ ᠲᠠᠯ᠎ᠠ ᠶᠢᠨ ᠠᠷᠭ᠎ᠠ ᠵᠠᠮ ᠢᠶᠠᠷ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠣᠶᠢᠯᠠᠭᠠᠵᠤ᠂ ᠴᠤᠤᠷᠬᠠᠯ ᠲᠠᠯᠪᠢᠬᠤ ᠥᠬᠡᠶ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠢ ᠲᠠᠷᠬᠠᠭᠠᠬᠤ ᠥᠬᠡᠶ ᠪᠠᠶᠢᠬᠤ ᠶᠢ ᠬᠦᠰᠡᠵᠦ ᠪᠠᠶᠢᠨ᠎ᠠ᠃                   ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠰᠠᠭᠤᠨ ᠯᠠᠪᠯᠠᠬᠤ ᠤᠲᠠᠰᠤ᠄ 7927271           ᠬᠤᠤᠯᠢᠩᠭᠤᠤᠯ ᠬᠤᠲᠠ ᠶᠢᠨ ᠰᠢᠨ᠎ᠡ ᠲᠢᠳᠢᠮᠯᠢᠭ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ           ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                              2021 ᠣᠨ ᠤ 10 ᠰᠠᠷ᠎ᠠ ᠶᠢᠨ 26
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号