ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠤᠨ ᠰᠢᠰᠲ᠋ᠧᠮ ᠤᠨ ᠲᠦᠩᠯᠢᠶᠣᠤ ᠶᠢᠨ ᠰᠦᠯᠵᠢᠶᠡᠨ ᠳᠤ ᠰᠤᠯᠢᠬᠤ ᠠᠯᠪᠠᠨ ᠵᠠᠷ
ᠨᠡᠶᠢᠲᠡᠯᠡᠭᠰᠡᠨ ᠴᠠᠭ᠄
2021/10/28
    ᠡᠮ ᠡᠮᠨᠡᠯᠭᠡ ᠶᠢᠨ ᠪᠠᠲᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠮᠠᠨ ᠤ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠳᠤ ᠨᠢᠭᠡᠳᠦᠯᠲᠡᠶ ᠰᠣᠯᠢᠵᠤ᠂ ᠰᠢᠰᠲ᠋ᠧᠮ ᠢ ᠰᠣᠯᠢᠬᠤ ᠬᠤᠭᠤᠴᠠᠭᠠᠨ ᠳᠤ ᠪᠥᠬᠦ ᠬᠤᠲᠠ ᠶᠢᠨ ᠡᠯ᠎ᠡ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠬᠦᠢᠴᠡᠳᠭᠡᠬᠦ ᠪᠠᠶᠢᠭᠤᠯᠤᠮᠵᠢ ᠵᠢᠴᠢ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠯ᠎ᠡ ᠵᠦᠢᠯ ᠤᠨ ᠡᠮ ᠡᠮᠨᠡᠯᠭᠡ ᠶᠢᠨ ᠳᠠᠭᠠᠳᠬᠠᠯ ᠤᠨ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠃      ᠨᠢᠭᠡ᠂ ᠲᠤᠬᠠᠶᠢᠯᠠᠭᠰᠠᠨ ᠠᠵᠢᠯ ᠤᠨ ᠭᠦᠢᠴᠡᠳᠭᠡᠬᠦ ᠶᠢ ᠵᠣᠭᠰᠣᠭᠠᠬᠤ ᠬᠡᠪᠴᠢᠶ᠎ᠡ ᠪᠠ ᠴᠠᠭ ᠤᠨ ᠲᠣᠬᠢᠷᠠᠭᠤᠯᠤᠯᠲᠠ   2021 ᠣᠨ ᠤ 11 ᠰᠠᠷ᠎ᠠ ᠶᠢᠨ 5 ᠤ ᠡᠳᠦᠷ ᠤᠨ 18᠄ 00 ᠴᠠᠭ ᠠᠴᠠ ᠡᠬᠢᠯᠡᠨ᠂ ᠲᠦᠩᠯᠢᠶᠣᠤ ᠬᠤᠲᠠ ᠶᠢᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠪᠠ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ᠂ ᠵᠠᠷᠤᠳᠠᠯ ᠢ ᠳ᠋ᠦᠩᠨᠡᠨ ᠪᠤᠳᠤᠬᠤ᠂ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠺᠠᠷᠲ ᠱᠦᠷᠭᠦᠭᠡᠵᠦ ᠡᠮᠨᠡᠯᠭᠡ ᠶᠢᠨ  ᠵᠦᠢᠯ ᠬᠤᠳᠠᠯᠳᠤᠨ ᠠᠪᠬᠤ ᠵᠡᠷᠭᠡ ᠪᠣᠶ ᠪᠥᠬᠦᠶ ᠡᠮ ᠡᠮᠨᠡᠯᠭᠡ ᠶᠢᠨ ᠪᠠᠲᠤᠯᠠᠭ᠎ᠠ ᠶᠢᠨ ᠭᠠᠳᠠᠭᠠᠳᠤ ᠳᠤ ᠦᠢᠯᠡᠴᠢᠯᠡᠬᠦ ᠲᠤᠬᠠᠶᠢᠯᠠᠭᠰᠠᠨ ᠠᠵᠢᠯ ᠢ ᠲᠦᠷ ᠵᠣᠭᠰᠣᠭᠠᠨ᠎ᠠ᠃         2021 ᠣᠨ ᠤ 11 ᠰᠠᠷ᠎ᠠ ᠶᠢᠨ 13 ᠤ ᠡᠳᠦᠷ ᠤᠨ 0᠄ 00 ᠴᠠᠭ ᠠᠴᠠ ᠡᠬᠢᠯᠡᠨ᠂ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠮᠠᠰᠢᠨ ᠢᠶᠠᠨ ᠵᠣᠭᠰᠣᠭᠠᠵᠤ᠂ ᠠᠯᠢᠪᠠ ᠡᠮ ᠡᠮᠨᠡᠯᠭᠡ ᠶᠢᠨ ᠳᠠᠭᠠᠳᠬᠠᠯ ᠤᠨ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠢ ᠬᠦᠢᠴᠡᠳᠭᠡᠬᠦ ᠪᠠᠨ ᠲᠦᠷ ᠵᠤᠭᠰᠤᠭᠠᠨ᠎ᠠ᠃        2021 ᠣᠨ ᠤ 11 ᠰᠠᠷ᠎ᠠ ᠶᠢᠨ 30 ᠤ ᠡᠳᠦᠷ ᠤᠨ 15᠄ 00 ᠴᠠᠭ ᠠᠴᠠ ᠡᠬᠢᠯᠡᠨ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠤᠨ ᠰᠢᠰᠲ᠋ᠧᠮ ᠢ ᠵᠢᠩᠬᠢᠨᠢ ᠪᠠᠷ ᠰᠦᠯᠵᠢᠶᠡᠨ ᠳᠤ ᠨᠡᠪᠳᠡᠷᠡᠭᠦᠯᠵᠦ ᠡᠬᠢᠯᠡᠭᠦᠯᠦᠨ᠎ᠡ᠃      ᠬᠤᠶᠠᠷ᠂ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠰᠦᠯᠵᠢᠶᠡᠨ ᠳᠤ ᠣᠷᠣᠭᠤᠯᠬᠤ ᠴᠠᠭ ᠤᠨ ᠲᠣᠬᠢᠷᠠᠭᠤᠯᠤᠯᠲᠠ     2021 ᠣᠨ ᠤ 11 ᠰᠠᠷ᠎ᠠ ᠶᠢᠨ 30 ᠤ ᠡᠳᠦᠷ ᠤᠨ 15᠄ 00 ᠴᠠᠭ ᠠᠴᠠ ᠡᠬᠢᠯᠡᠨ᠂ ᠪᠥᠬᠦ ᠬᠤᠲᠠ ᠳᠤ ᠡᠯ᠎ᠡ ᠵᠦᠢᠯ ᠤᠨ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠬᠦᠢᠴᠡᠳᠭᠡᠬᠦ ᠶᠢ ᠠᠯᠬᠤᠮ ᠠᠯᠬᠤᠮ ᠢᠶᠠᠷ ᠰᠡᠷᠭᠦᠭᠡᠵᠦ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠠ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠡᠮᠨᠡᠯᠭᠡ ᠶᠢᠨ ᠳᠠᠭᠠᠳᠬᠠᠯ ᠤᠨ ᠳ᠋ᠦᠩᠨᠡᠨ ᠪᠤᠳᠤᠬᠤ ᠦᠢᠯᠡᠴᠢᠯᠡᠭᠡ ᠶᠢ ᠠᠯᠬᠤᠮ ᠠᠯᠬᠤᠮ ᠢᠶᠠᠷ ᠰᠡᠷᠭᠦᠭᠡᠵᠦ᠂ ᠣᠨᠳᠣᠤ ᠭᠠᠵᠠᠷ ᠲᠤ ᠡᠮᠨᠡᠯᠭᠡ ᠳᠤ ᠰᠠᠭᠤᠬᠤ᠂ ᠡᠭᠦᠳᠡᠨ ᠡᠮᠨᠡᠯᠭᠡ ᠳᠤ ᠴᠠᠭ ᠲᠤᠬᠠᠶ ᠳᠤᠨᠢ ᠳ᠋ᠦᠩᠨᠡᠨ ᠳᠠᠩᠰᠠ ᠪᠤᠳᠤᠨ᠎ᠠ᠃      ᠬᠡᠷᠪᠡ ᠰᠢᠰᠲ᠋ᠧᠮ ᠢ ᠰᠣᠯᠢᠬᠤ ᠠᠬᠢᠴᠠ ᠶᠢ ᠤᠷᠢᠳᠴᠢᠯᠠᠭᠤᠯᠬᠤ ᠪᠤᠶᠤ ᠬᠤᠶᠢᠰᠢᠯᠠᠭᠤᠯᠬᠤ ᠳᠤ ᠭᠦᠷᠪᠡᠯ᠂ ᠬᠠᠮᠢᠶ᠎ᠠ ᠪᠥᠬᠦᠶ ᠵᠠᠭᠤᠴᠢᠯᠠᠭᠤᠷ ᠳᠡᠭᠡᠷ᠎ᠡ ᠠᠯᠪᠠᠨ ᠵᠠᠷ ᠨᠡᠶᠢᠲᠡᠯᠡᠨ᠎ᠡ᠂ ᠴᠠᠭ ᠲᠤᠬᠠᠶ ᠳᠤᠨᠢ ᠠᠩᠬᠠᠷᠤᠭᠠᠷᠠᠶ᠃    ᠭᠤᠷᠪᠠ᠂ ᠮᠠᠰᠢᠨ ᠵᠣᠭᠰᠣᠬᠤ ᠠᠴᠠ ᠡᠮᠦᠨᠡᠬᠢ ᠲᠤᠬᠠᠶᠢᠯᠠᠭᠰᠠᠨ ᠠᠵᠢᠯ ᠤᠨ ᠰᠠᠨᠠᠭᠤᠯᠤᠮᠵᠢ ᠬᠢᠭᠡᠳ ᠰᠢᠢᠳᠪᠦᠷᠢᠯᠡᠬᠦ ᠠᠷᠭ᠎ᠠ ᠬᠡᠮᠵᠢᠶ᠎ᠡ    ︵ᠨᠢᠭᠡ︶ 2021 ᠣᠨ ᠤ 11 ᠳ᠋ᠤᠭᠡᠷ ᠰᠠᠷ᠎ᠠ ᠶᠢᠨ 5 ᠤ ᠡᠳᠦᠷ ᠤᠨ 18᠄ 00 ᠴᠠᠭ ᠠᠴᠠ ᠡᠮᠦᠨ᠎ᠡ᠂ ᠳᠠᠭᠠᠳᠬᠠᠯ ᠳᠤ ᠣᠷᠣᠯᠴᠠᠭᠰᠠᠨ ᠨᠢᠭᠡᠴᠡ ᠪᠠ ᠬᠤᠪᠢ ᠬᠥᠮᠦᠨ ᠢᠶᠠᠷ ᠨᠢᠭᠡᠨᠲᠡ ᠬᠢᠨᠠᠨ ᠲᠣᠭᠲᠠᠭᠠᠭᠰᠠᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠴᠠᠭ ᠲᠤᠬᠠᠶ ᠳᠤᠨᠢ ᠲᠤᠰᠢᠶᠠᠯᠭᠠᠵᠤ᠂ ᠡᠮᠴᠢᠯᠡᠭᠡᠨ ᠤ ᠳᠠᠭᠠᠳᠬᠠᠯ ᠤᠨ ᠣᠯᠭᠤᠮᠵᠢ ᠶᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠶ᠃    ︵ᠬᠤᠶᠠᠷ︶ 2021 ᠣᠨ ᠤ 11 ᠰᠠᠷ᠎ᠠ ᠶᠢᠨ 5 ᠤ ᠡᠳᠦᠷ ᠤᠨ 18᠄ 00 ᠴᠠᠭ ᠠᠴᠠ ᠡᠮᠦᠨ᠎ᠡ᠂ ᠪᠥᠬᠦ ᠬᠤᠲᠠ ᠶᠢᠨ ᠪᠣᠶ ᠪᠥᠬᠦᠶ ᠡᠮᠨᠡᠯᠭᠡ ᠳᠤ ᠰᠠᠭᠤᠭᠰᠠᠨ ᠡᠪᠡᠳᠴᠢᠲᠡᠨ ᠴᠥᠮ ᠡᠮᠨᠡᠯᠭᠡ ᠠᠴᠠ ᠭᠠᠷᠤᠭᠰᠠᠨ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠯᠲᠠ ᠶᠢ ᠭᠦ᠋ᠶᠢᠴᠡᠳᠭᠡᠵᠦ ᠳᠠᠭᠤᠰᠬᠠᠬᠤ ᠬᠡᠷᠡᠭᠲᠡᠶ᠃ ᠪᠣᠶ ᠪᠥᠬᠦᠶ ᠡᠭᠦᠳᠡᠨ ᠡᠮᠨᠡᠯᠭᠡ ᠶᠢᠨ ᠣᠨᠴᠠ ᠤᠳᠠᠭᠠᠨ ᠴᠢᠨᠠᠷᠲᠠᠶ ᠡᠪᠡᠳᠴᠢᠲᠡᠨ᠂ ᠡᠭᠦᠳᠡᠨ ᠡᠮᠨᠡᠯᠭᠡ ᠶᠢᠨ ᠣᠨᠴᠠᠭᠠᠶ ᠡᠮ ᠬᠡᠷᠡᠭᠯᠡᠵᠦ ᠪᠠᠶᠢᠭ᠎ᠠ ᠡᠪᠡᠳᠴᠢᠲᠡᠨ ᠴᠥᠮ ᠡᠷᠬᠡᠪᠰᠢ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠯᠲᠠ ᠶᠢ ᠭᠦᠢᠴᠡᠳᠭᠡᠵᠦ ᠳᠠᠭᠤᠰᠬᠠᠬᠤ ᠬᠡᠷᠡᠭᠲᠡᠶ᠃    ︵ᠭᠤᠷᠪᠠ︶ 2021 ᠣᠨ ᠤ 11 ᠰᠠᠷ᠎ᠠ ᠶᠢᠨ 5 ᠤ ᠡᠳᠦᠷ ᠤᠨ 18᠄ 00 ᠠᠴᠠ ᠰᠡᠭᠦᠯᠡᠷ᠂ ᠡᠮᠨᠡᠯᠭᠡ ᠠᠴᠠ ᠭᠠᠷᠬᠤ ᠨᠥᠬᠦᠴᠡᠯ ᠳᠤ ᠭᠦᠷᠦᠭᠰᠡᠨ ᠥᠬᠡᠶ᠂ ᠪᠠᠰᠠ ᠦᠷᠭᠦᠯᠵᠢᠯᠡᠨ ᠡᠮᠨᠡᠯᠭᠡ ᠳᠤ ᠰᠠᠭᠤᠬᠤ ᠴᠢᠬᠤᠯᠠᠲᠠᠶ᠂ ᠣᠨᠴᠠᠭᠠᠶ ᠰᠢᠯᠲᠠᠭᠠᠨ ᠠᠴᠠ ᠪᠣᠯᠵᠣ ᠲᠡᠰᠦᠯᠦᠨ ᠪᠤᠳᠤᠬᠤ ᠶᠢᠨ ᠠᠷᠭ᠎ᠠ ᠥᠬᠡᠶ ᠪᠣᠯᠤᠭᠰᠠᠨ ᠵᠢᠴᠢ ᠰᠢᠨ᠎ᠡ ᠪᠠᠷ ᠡᠮᠨᠡᠯᠭᠡ ᠳᠤ ᠰᠠᠭᠤᠭᠰᠠᠨ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠴᠥᠮ ᠥᠪᠡᠷ ᠤᠨ ᠵᠠᠷᠤᠳᠠᠯ ᠢᠶᠠᠷ ᠢᠶᠠᠨ ᠡᠮᠨᠡᠯᠭᠡ ᠳᠤ ᠰᠠᠭᠤᠬᠤ ᠬᠡᠷᠡᠭᠲᠡᠶ᠂ ᠡᠮᠨᠡᠯᠭᠡ ᠠᠴᠠ ᠭᠠᠷᠤᠭᠰᠠᠨ ᠤ ᠳᠠᠷᠠᠭ᠎ᠠ ᠡᠮᠨᠡᠯᠭᠡ ᠶᠢᠨ ᠳᠠᠭᠠᠳᠬᠠᠯ ᠤᠨ ᠺᠠᠷᠲ᠂ ᠡᠮᠨᠡᠯᠭᠡ ᠠᠴᠠ ᠭᠠᠷᠬᠤ ᠣᠨᠣᠰᠢᠯᠠᠯᠲᠠ᠂ ᠵᠠᠷᠤᠳᠠᠯ ᠤᠨ ᠨᠠᠷᠢᠨ ᠬᠠᠭᠤᠳᠠᠰᠤ᠂ ᠬᠦᠴᠦᠨ ᠪᠥᠬᠦᠶ ᠪᠠᠷᠢᠮᠲᠠ᠂ ᠪᠠᠩᠬᠢ ᠶᠢᠨ ᠺᠠᠷᠲ ᠤᠨ ᠨᠣᠮᠧᠷ ᠢᠶᠠᠨ ᠠᠪᠴᠤ ᠳᠠᠭᠠᠳᠬᠠᠯ ᠳᠤ ᠣᠷᠣᠯᠴᠠᠭᠰᠠᠨ ᠭᠠᠵᠠᠷ ᠤᠨ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠳᠤ ᠬᠦᠷᠴᠦ ᠳᠠᠩᠰᠠᠯᠠᠭᠤᠯᠬᠤ ᠭᠠᠷ ᠬᠦᠢᠴᠡᠳᠭᠡᠯ ᠬᠢᠵᠦ᠂ ᠰᠢᠨ᠎ᠡ ᠰᠢᠰᠲ᠋ᠧᠮ ᠰᠦᠯᠵᠢᠶᠡᠨ ᠳᠤ ᠭᠠᠷᠤᠭᠰᠠᠨ ᠤ ᠳᠠᠷᠠᠭ᠎ᠠ᠂ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠶᠢ ᠲᠥᠪᠯᠡᠷᠡᠭᠦᠯᠦᠨ ᠭᠦᠢᠴᠡᠳᠭᠡᠨ᠎ᠡ᠃        ︵ᠳᠥᠷᠪᠡ︶ ᠳᠠᠭᠠᠳᠬᠠᠯ ᠳᠤ ᠣᠷᠣᠭᠰᠠᠳ 2021 ᠣᠨ ᠤ 10 ᠰᠠᠷ᠎ᠠ ᠶᠢᠨ 1 ᠤ ᠡᠳᠦᠷ ᠠᠴᠠ 11 ᠰᠠᠷ᠎ᠠ ᠶᠢᠨ 30 ᠤ ᠡᠳᠦᠷ ᠪᠣᠯᠲᠠᠯ᠎ᠠ ᠣᠨᠳᠣᠤ ᠭᠠᠵᠠᠷ ᠲᠤ ᠡᠮᠨᠡᠭᠦᠯᠵᠦ ᠡᠮᠨᠡᠯᠭᠡ ᠳᠤ ᠰᠠᠭᠤᠭᠰᠠᠨ ᠪᠠᠶᠢᠪᠠᠯ᠂ ᠤᠷᠢᠳᠠᠪᠠᠷ ᠥᠪᠡᠷ ᠤᠨ ᠵᠠᠷᠤᠳᠠᠯ ᠢᠶᠠᠷ ᠢᠶᠠᠨ ᠡᠮᠨᠡᠯᠭᠡ ᠳᠤ ᠰᠠᠭᠤᠵᠤ᠂ ᠡᠮᠨᠡᠯᠭᠡ ᠠᠴᠠ ᠭᠠᠷᠤᠭᠰᠠᠨ ᠤ ᠳᠠᠷᠠᠭ᠎ᠠ ᠡᠮᠨᠡᠯᠭᠡ ᠶᠢᠨ ᠳᠠᠭᠠᠳᠬᠠᠯ ᠤᠨ ᠺᠠᠷᠲ᠂ ᠡᠮᠨᠡᠯᠭᠡ ᠠᠴᠠ ᠭᠠᠷᠤᠭᠰᠠᠨ ᠤ ᠣᠨᠣᠰᠢᠯᠠᠯᠲᠠ᠂ ᠵᠠᠷᠤᠳᠠᠯ ᠤᠨ ᠨᠠᠷᠢᠨ ᠬᠠᠭᠤᠳᠠᠰᠤ᠂ ᠬᠦᠴᠦᠨ ᠪᠥᠬᠦᠶ ᠪᠠᠷᠢᠮᠲᠠ᠂ ᠪᠠᠩᠬᠢ ᠶᠢᠨ ᠺᠠᠷᠲ ᠤᠨ ᠨᠣᠮᠧᠷ ᠢᠶᠠᠨ ᠠᠪᠴᠤ ᠳᠠᠭᠠᠳᠬᠠᠯ ᠳᠤ ᠣᠷᠣᠯᠴᠠᠭᠰᠠᠨ ᠭᠠᠵᠠᠷ ᠤᠨ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠳᠤ ᠬᠦᠷᠴᠦ ᠭᠠᠷ ᠢᠶᠠᠷ ᠲᠠᠩᠰᠠ ᠲᠠᠶᠢᠯᠤᠨ᠎ᠠ᠂ ᠵᠠᠷᠴᠢᠮ ᠳᠡᠭᠡᠷ᠎ᠡ ᠪᠠᠨ ᠡᠮᠨᠡᠯᠭᠡ ᠰᠢᠯᠵᠢᠭᠰᠡᠨ ᠲᠠᠢ ᠠᠳᠠᠯᠢ ᠪᠠᠷ  ᠰᠢᠢᠳᠪᠦᠷᠢᠯᠡᠨ᠎ᠡ᠃      ︵ᠲᠠᠪᠤ︶ ᠳᠠᠭᠠᠳᠬᠠᠯ ᠳᠤ ᠣᠷᠣᠭᠰᠠᠳ ᠲᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ᠂ ᠡᠭᠦᠳᠡᠨ ᠡᠮᠨᠡᠯᠭᠡ ᠶᠢᠨ ᠣᠨᠴᠠᠭᠠᠶ ᠬᠡᠷᠡᠭᠯᠡᠬᠦ ᠡᠮ ᠵᠢᠴᠢ ︽ᠬᠤᠶᠠᠷ ᠡᠪᠡᠳᠴᠢᠨ︾ ᠤ ᠬᠡᠷᠡᠭᠴᠡᠭᠡ ᠱᠠᠭᠠᠷᠳᠠᠯᠭ᠎ᠠ ᠲᠠᠢ ᠪᠠᠶᠢᠪᠠᠯ᠂ ᠠᠯᠢ ᠴᠢᠳᠠᠬᠤ ᠪᠠᠷ 2021 ᠣᠨ ᠤ 11 ᠰᠠᠷ᠎ᠠ ᠶᠢᠨ 5 ᠤ ᠡᠳᠦᠷ ᠠᠴᠠ ᠡᠮᠦᠨ᠎ᠡ ᠪᠤᠶᠤ ᠰᠢᠨ᠎ᠡ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠤᠨ ᠲᠠᠪᠴᠠᠩ ᠢ ᠰᠦᠯᠵᠢᠶᠡᠨ ᠳᠤ ᠣᠷᠣᠭᠤᠯᠤᠭᠰᠠᠨ ᠤ ᠳᠠᠷᠠᠭ᠎ᠠ ᠮᠠᠭᠠᠳᠯᠠᠨ ᠲᠣᠭᠲᠠᠭᠠᠯᠭᠠᠬᠤ ᠭᠤᠶᠤᠴᠢᠯᠠᠯ ᠭᠠᠷᠭᠠᠵᠤ᠂ ᠨᠢᠭᠡᠨᠲᠡ ᠬᠠᠷᠠᠭᠠᠯᠵᠠᠯ ᠭᠥᠷᠳᠡᠭᠰᠡᠨ ᠬᠥᠮᠦᠰ ᠡᠷᠬᠡᠪᠰᠢ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠤᠷᠢᠳᠴᠢᠯᠠᠨ ᠬᠦᠷᠴᠦ ᠵᠦᠶ ᠵᠣᠬᠢᠰᠲᠠᠶ᠂ ᠬᠡᠷᠡᠭᠴᠡᠭᠡ ᠶᠣᠰᠣᠭᠠᠷ ᠡᠮ ᠬᠤᠳᠠᠯᠳᠤᠨ ᠠᠪᠬᠤ ᠬᠡᠷᠡᠭᠲᠡᠶ᠃        ︵ᠵᠢᠷᠭᠤᠭ᠎ᠠ︶ ᠪᠥᠬᠦ ᠬᠤᠲᠠ ᠶᠢᠨ ᠡᠯ᠎ᠡ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ᠂ ᠴᠢᠬ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠲᠣᠰ ᠲᠣᠰ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ 3 — 5 ᠡᠳᠦᠷ ᠤᠨ ᠡᠮᠦᠨ᠎ᠡ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠵᠣᠯᠭᠠᠭᠤᠯᠬᠤ ᠠᠵᠢᠯ ᠢ ᠭᠦᠢᠴᠡᠳᠭᠡᠨ᠎ᠡ᠃        ︵ᠳᠣᠯᠤᠭ᠎ᠠ︶ ᠰᠢᠨ᠎ᠡ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠢ ᠰᠦᠯᠵᠢᠶᠡᠨ ᠳᠤ ᠣᠷᠣᠭᠤᠯᠤᠭᠰᠠᠨ ᠤ ᠳᠠᠷᠠᠭ᠎ᠠ ᠲᠤᠷᠰᠢᠨ ᠠᠵᠢᠯᠯᠠᠭᠤᠯᠬᠤ ᠡᠬᠢᠨ ᠤ ᠬᠤᠭᠤᠴᠠᠭᠠᠨ ᠳᠤ᠂ ᠲᠤᠬᠠᠶᠢᠯᠠᠭᠰᠠᠨ ᠠᠵᠢᠯ ᠨᠡᠯᠢᠶᠡᠳ ᠲᠥᠪᠯᠡᠷᠡᠭᠰᠡᠨ ᠪᠣᠯᠬᠤᠷ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠴᠣᠩᠬᠤ ᠪᠠᠷ ᠲᠣᠭᠠᠴᠠᠭ᠎ᠠ ᠬᠢᠬᠦ ᠴᠠᠭ ᠤᠨ ᠬᠢᠵᠠᠭᠠᠷ ᠢ 1 — 2 ᠰᠠᠷ᠎ᠠ ᠤᠷᠲᠤᠳᠬᠠᠬᠤ ᠪᠣᠯᠤᠨ᠎ᠠ᠂ ᠴᠣᠩᠬᠤᠨ ᠤ ᠠᠵᠢᠯᠲᠠᠨ ᠳᠠᠭᠠᠳᠬᠠᠯ ᠳᠤ ᠣᠷᠣᠯᠴᠠᠭᠰᠠᠳ ᠲᠤ ᠲᠠᠶᠢᠯᠪᠤᠷᠢᠯᠠᠬᠤ ᠠᠵᠢᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠶ᠃      ᠮᠡᠳᠡᠭᠡ ᠵᠠᠩᠭᠢ ᠶᠢᠨ ᠰᠢᠰᠲ᠋ᠧᠮ ᠢ ᠰᠣᠯᠢᠬᠤ ᠳᠤ ᠮᠠᠰᠢᠨ ᠵᠣᠭᠰᠣᠭᠰᠠᠨ ᠠᠴᠠ ᠪᠣᠯᠤᠭᠰᠠᠨ ᠨᠥᠯᠥᠭᠡ ᠪᠠ ᠳᠥᠭᠦᠮ ᠦᠭᠡᠢ ᠠᠴᠠ ᠪᠣᠯᠵᠣ᠂ ᠳᠠᠭᠠᠳᠬᠠᠯ ᠳᠤ ᠣᠷᠣᠯᠴᠠᠭᠴᠢ᠂ ᠡᠯ᠎ᠡ ᠬᠠᠮᠢᠶ᠎ᠠ ᠪᠥᠬᠦᠶ ᠨᠢᠭᠡᠴᠡ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠭᠤᠴᠢᠯᠠᠬᠤ ᠶᠢ ᠬᠦᠰᠡᠵᠦ ᠪᠠᠶᠢᠨ᠎ᠠ︕ ᠬᠡᠷᠪᠡ ᠪᠤᠰᠤᠳ ᠠᠵᠢᠯ ᠳᠤ ᠲᠣᠬᠢᠷᠠᠭᠤᠯᠤᠯᠲᠠ ᠬᠢᠪᠡᠯ ᠠᠰ ᠲᠤᠨᠢ ᠮᠡᠳᠡᠭᠳᠡᠨ᠎ᠡ᠃      ᠲᠦᠩᠯᠢᠶᠣᠤ ᠬᠤᠲᠠ ᠵᠢᠴᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠶ᠋ᠴᠡᠳᠬᠡᠬᠦ ᠪᠠᠶᠢᠭᠤᠯᠤᠮᠵᠢ ᠶᠢᠨ ᠦᠢᠯᠡᠴᠢᠯᠡᠭᠡᠨ ᠤ ᠤᠲᠠᠰᠤ᠄          ᠬᠤᠲᠠ ᠶᠢᠨ ᠲᠣᠰ ᠱᠠᠲᠤ᠄ 0475 — 8910921 8310477          ᠬᠤᠷᠴᠢᠨ ᠲᠣᠭᠤᠷᠢᠭ᠄ 0475 — 8316099          ᠬᠤᠤᠯᠢᠩᠭᠤᠤᠯ ᠬᠤᠲᠠ᠄ 0475 — 7969628          ᠺᠠᠶᠢᠯᠦ ᠰᠢᠶᠠᠨ᠄ 0475 — 6211773          ᠨᠠᠢᠮᠠᠨ ᠬᠤᠰᠢᠭᠤ᠄ 0475 — 4221846       ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠄ 0475 — 5210678 5220911    ᠬᠦᠷᠢᠶ᠎ᠡ ᠬᠤᠰᠢᠭᠤ᠄ 0475 — 4777693    ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠄ 0475 — 3215730    ᠵᠠᠷᠤᠳ ᠬᠤᠰᠢᠭᠤ᠄ 0475 — 7222087 7226902    ᠨᠡᠬᠡᠭᠡᠯᠳᠡ ᠶᠢᠨ ᠲᠤᠭᠤᠷᠢᠭ᠄ 0475 — 8628104                               ᠲᠦᠩᠯᠢᠶᠣᠤ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ                                      2021 ᠣᠨ ᠤ 10 ᠰᠠᠷ᠎ᠠ ᠶᠢᠨ 27
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号