2021 ᠣᠨ ᠤ ᠲᠦᠷᠦᠭᠦᠦ ᠭᠤᠷᠪᠠᠨ ᠤᠯᠠᠷᠢᠯ ᠳᠤ ᠮᠠᠨ ᠤ ᠬᠤᠲᠠ ᠶᠢᠨ ᠦᠢᠯᠡᠴᠢᠯᠡᠭᠡᠨ ᠤ ᠦᠢᠯᠡᠰ ᠦᠷᠭᠦᠯᠵᠢᠯᠡᠨ ᠰᠠᠶᠢᠵᠢᠷᠠᠪᠠ
ᠨᠡᠶᠢᠲᠡᠯᠡᠭᠰᠡᠨ ᠴᠠᠭ᠄
2021/10/28
   1 — 9 ᠰᠠᠷ᠎ᠠ ᠳᠤ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠪᠠ ᠰᠠᠭᠤᠭᠠᠯᠢ ᠠᠷᠠᠳ ᠤᠨ ᠦᠢᠯᠡᠴᠢᠯᠡᠭᠡᠨ ᠤ ᠦᠢᠯᠡᠰ ᠦᠷᠭᠦᠯᠵᠢᠯᠡᠨ ᠰᠠᠶᠢᠵᠢᠷᠠᠪᠠ᠃ 1 — 9 ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ 17 ᠭᠤᠤᠯᠳᠠᠯᠭ᠎ᠠ ᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠨᠡᠶᠢᠲᠡ 11.75 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 21.94% ᠪᠠᠷ ᠨᠡᠮᠡᠭᠳᠡᠪᠡ︔ ᠡᠭᠦᠨ ᠳᠤ ᠵᠠᠮ ᠲᠡᠭᠡᠭᠡᠪᠦᠷᠢ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 6.47% ᠪᠠᠷ ᠪᠠᠭᠤᠷᠠᠵᠤ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠪᠠ ᠰᠠᠭᠤᠭᠠᠯᠢ ᠠᠷᠠᠳ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 6.21 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 68.31% ᠪᠠᠷ ᠨᠡᠮᠡᠭᠳᠡᠪᠡ᠃ ᠡᠭᠦᠨ ᠤ ᠵᠡᠷᠭᠡ ᠳᠤ᠂ 1 — 9 ᠰᠠᠷ᠎ᠠ ᠳᠤ ᠠᠰᠢᠭ ᠣᠯᠵᠠᠪᠤᠷᠢ ᠨᠡᠮᠡᠭᠳᠡᠭᠰᠡᠨ ᠠᠵᠤ ᠠᠬᠤᠶᠢᠯᠠᠯ ᠤᠨ ᠡᠵᠡᠯᠡᠬᠦ ᠬᠠᠷᠢᠴᠠᠯ ᠨᠢ 64.7% ᠪᠠᠶᠢᠵᠤ᠂ ᠠᠰᠢᠭ ᠣᠯᠵᠠᠪᠤᠷᠢ ᠬᠠᠰᠤᠭᠳᠠᠭᠰᠠᠨ ᠠᠵᠤ ᠠᠬᠤᠶᠢᠯᠠᠯ ᠤᠨ ᠡᠵᠡᠯᠡᠬᠦ ᠬᠠᠷᠢᠴᠠᠯ ᠨᠢ 35.5% ᠪᠠᠶᠢᠵᠤ᠂ ᠲᠦᠷᠦᠭᠦᠤ ᠤᠯᠠᠷᠢᠯ ᠤᠨ ᠬᠢ ᠠᠴᠠ 8 ᠵᠠᠭᠤᠨ ᠤ ᠨᠢᠭᠡᠴᠢ ᠪᠠᠭᠠᠰᠤᠭᠰᠠᠨ ᠪᠠᠶᠢᠨ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号