ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2021/10/29
     ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯᠳᠤᠭᠠᠨ ᠠᠴᠠ ᠵᠠᠰᠠᠪᠤᠷᠢ ᠣᠷᠣᠭᠤᠯᠵᠤ᠂ 2020 ᠣᠨ ᠤ 12 ᠳ᠋ᠤᠭᠠᠷ ᠰᠠᠷ᠎ᠠ ᠶᠢᠨ 21 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠠᠴᠠ ᠨᠡᠶᠢᠲᠡᠯᠡᠪᠡ᠃      ᠨᠢᠭᠡᠳᠦᠭᠡᠷ ᠪᠦᠯᠦᠭ ᠶᠡᠷᠦᠩᠬᠡᠢ ᠳᠦᠷᠢᠮ    ᠨᠢᠭᠡᠳᠦᠭᠡᠷ ᠵᠦᠢᠯ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠨᠢᠭᠡᠳᠦᠮᠡᠯ ᠹᠷᠣᠨᠲ ᠤᠨ ᠠᠵᠢᠯ ᠤᠨ ᠰᠢᠨᠵᠢᠯᠡᠬᠦ ᠤᠬᠠᠭᠠᠨᠵᠢᠭᠤᠯᠤᠯᠳᠠ᠂ ᠵᠢᠷᠤᠮᠵᠢᠭᠤᠯᠤᠯᠳᠠ᠂ ᠲᠦᠷᠢᠮᠵᠢᠭᠦᠯᠦᠯᠳᠡ ᠶᠢᠨ ᠲᠦᠪᠰᠢᠨ ᠢ ᠳᠡᠭᠡᠭᠰᠢᠯᠡᠭᠦᠯᠵᠦ᠂ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠬᠦ ᠶᠢᠨ ᠲᠤᠰᠠᠳᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠢ ᠦᠨᠳᠦᠰᠦᠯᠡᠨ ᠲᠤᠰ ᠳᠦᠷᠢᠮ ᠢ ᠲᠣᠭᠲᠠᠭᠠᠪᠠ᠃     ᠬᠤᠶᠠᠳᠤᠭᠠᠷ ᠵᠦᠢᠯ ᠲᠤᠰ ᠲᠦᠷᠢᠮ ᠳᠤ ᠬᠡᠯᠡᠵᠦ ᠪᠠᠶᠢᠭ᠎ᠠ ᠨᠢᠭᠡᠳᠦᠮᠡᠯ ᠹᠷᠣᠨᠲ ᠭᠡᠳᠡᠭ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ᠂ ᠠᠵᠢᠯᠴᠢᠨ ᠲᠠᠷᠢᠶᠠᠴᠢᠨ ᠤ ᠬᠤᠯᠪᠣᠭ᠎ᠠ ᠪᠠᠷ ᠰᠠᠭᠤᠷᠢ ᠪᠣᠯᠭᠠᠭᠰᠠᠨ᠂ ᠪᠦᠬᠦ ᠨᠡᠶᠢᠭᠡᠮ ᠵᠢᠷᠤᠮᠲᠤ ᠬᠥᠳᠡᠯᠮᠦᠷᠢᠴᠢᠳ᠂ ᠨᠡᠶᠢᠭᠡᠮ ᠵᠢᠷᠤᠮᠲᠤ ᠦᠢᠯᠡᠰ ᠤᠨ ᠪᠦᠲᠦᠭᠡᠨ ᠪᠠᠶᠢᠭᠤᠯᠤᠭᠴᠢᠳ᠂ ᠨᠡᠶᠢᠭᠡᠮ ᠵᠢᠷᠤᠮ ᠢ ᠬᠦᠷᠢᠶᠡᠯᠡᠳᠡᠭ ᠤᠯᠤᠰ ᠢᠶᠠᠨ ᠬᠠᠶᠢᠷᠠᠯᠠᠭᠴᠢᠳ᠂ ᠤᠯᠤᠰ ᠤᠨ ᠨᠢᠭᠡᠳᠦᠯ ᠢ ᠬᠦᠷᠢᠶᠡᠯᠡᠳᠡᠭ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠥᠯᠥᠭᠡ ᠬᠦᠴᠦᠯᠡᠨ ᠴᠢᠷᠮᠠᠶᠢᠳᠠᠭ ᠤᠯᠤᠰ ᠢᠶᠠᠨ ᠬᠠᠶᠢᠷᠠᠯᠠᠭᠴᠢᠳ ᠤᠨ ᠬᠤᠯᠪᠣᠭ᠎ᠠ ᠶᠢ ᠵᠢᠭᠠᠵᠤ ᠪᠠᠶᠢᠨ᠎ᠠ᠃ ᠨᠢᠭᠡᠳᠦᠮᠡᠯ ᠹᠷᠣᠨᠲ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠮᠦᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠬᠤᠷᠠᠮᠳᠤᠭᠤᠯᠬᠤ ᠤᠯᠤᠰ ᠲᠦᠷᠤ ᠶᠢᠨ ᠳᠠᠪᠠᠭᠤᠯᠢᠭ ᠪᠠ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠮᠥᠨ᠂ ᠬᠤᠪᠢᠰᠬᠠᠯ᠂ ᠪᠦᠳᠤᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠦᠢᠯᠡᠰ ᠤᠨ ᠢᠯᠠᠯᠲᠠ ᠶᠢ ᠲᠡᠮᠡᠴᠡᠨ ᠤᠯᠬᠤ ᠶᠢᠨ ᠴᠢᠬᠤᠯᠠ ᠡᠷᠳᠡᠨᠢ ᠮᠥᠨ᠂ ᠨᠠᠮ ᠤᠨ ᠠᠩᠬᠢ ᠶᠢᠨ ᠰᠠᠭᠤᠷᠢ ᠶᠢ ᠴᠢᠩᠭᠠᠳᠬᠠᠬᠤ᠂ ᠨᠠᠮ ᠤᠨ ᠤᠯᠠᠨ ᠲᠦᠮᠡᠨ ᠤ ᠰᠠᠭᠤᠷᠢ ᠶᠢ ᠥᠷᠭᠡᠳᠬᠡᠬᠦ᠂ ᠨᠠᠮ ᠤᠨ ᠲᠦᠷᠤ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠬᠦ ᠶᠢᠨ ᠴᠢᠬᠤᠯᠠ ᠡᠷᠳᠡᠨᠢ ᠮᠥᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠤᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠴᠢᠬᠤᠯᠠ ᠡᠷᠳᠡᠨᠢ ᠮᠥᠨ᠃       ᠭᠤᠷᠪᠠᠳᠤᠭᠠᠷ ᠵᠦᠢᠯ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠠ ᠭᠤᠣᠯ ᠡᠭᠦᠷᠭᠡ ᠪᠣᠯ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠳᠠ ᠶᠢ ᠨᠢᠭᠡᠳᠦᠯᠲᠡᠶ ᠲᠦᠯᠦᠪᠵᠢᠭᠦᠯᠦᠨ ᠠᠬᠢᠭᠤᠯᠬᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠳᠠ ᠶᠢ ᠵᠣᠬᠢᠴᠠᠭᠤᠯᠤᠨ ᠠᠬᠢᠭᠤᠯᠬᠤ ᠶᠢᠨ ᠲᠤᠭᠤᠷᠢᠨ ᠳᠤ᠂ ᠲᠥᠷᠥ ᠶᠢᠨ ᠨᠠᠮ ᠤᠨ ᠬᠠᠷᠢᠴᠠᠭ᠎ᠠ᠂ ᠦᠨᠳᠦᠰᠦᠲᠡᠨ ᠤ ᠬᠠᠷᠢᠴᠠᠭ᠎ᠠ᠂ ᠱᠠᠰᠢᠨ ᠰᠤᠷᠲᠠᠬᠤᠨ ᠤ ᠬᠠᠷᠢᠴᠠᠭ᠎ᠠ᠂ ᠳᠠᠪᠬᠤᠷᠭ᠎ᠠ ᠶᠢᠨ ᠬᠠᠷᠢᠴᠠᠭ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠶᠢᠵᠠ ᠨᠦᠬᠦᠳ ᠤᠨ ᠬᠠᠷᠢᠴᠠᠭᠠᠨ ᠤ ᠡᠶ᠎ᠡ ᠵᠤᠬᠢᠴᠠᠯ ᠲᠠᠢ ᠪᠠᠶᠢᠬᠤ ᠶᠢ ᠢᠳᠡᠪᠬᠢᠲᠡᠢ ᠠᠬᠢᠭᠤᠯᠵᠤ᠂ ᠬᠠᠮᠤᠭ ᠤᠨ ᠥᠷᠭᠡᠨ ᠳᠡᠯᠭᠡᠷ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠪᠠᠬᠢᠵᠢᠭᠦᠯᠦᠨ ᠬᠦᠭᠵᠢᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠢᠯᠡᠴᠢᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠲᠤᠬᠳᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠦᠢᠯᠡᠴᠢᠯᠡᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠨ᠂ ᠤᠯᠤᠰ ᠤᠨ ᠡᠷᠬᠡ ᠮᠡᠳᠡᠯ ᠠᠮᠤᠷ ᠲᠦᠪᠰᠢᠨ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠳᠤ ᠦᠢᠯᠡᠴᠢᠯᠡᠵᠦ᠂ ᠰᠢᠶᠠᠩᠭᠠᠩ ᠣᠣᠮᠧᠨ ᠤ ᠤᠷᠲᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠳᠤᠯᠠᠵᠦ᠂ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠳᠤ ᠦᠢᠯᠡᠴᠢᠯᠡᠬᠦ ᠶᠠᠪᠤᠳᠠᠯ ᠪᠤᠯᠤᠨ᠎ᠠ᠃     ᠳᠥᠷᠪᠡᠳᠦᠭᠡᠷ ᠵᠦᠢᠯ ᠨᠢᠭᠡᠳᠦᠮᠡᠯ ᠹᠷᠣᠨᠲ ᠤᠨ ᠠᠵᠢᠯ ᠤᠨ ᠵᠠᠷᠴᠢᠮ ᠪᠣᠯ᠄        ︵ᠨᠢᠭᠡ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ︔        ︵ᠬᠤᠶᠠᠷ︶ ᠤᠯᠤᠰ ᠢᠶᠠᠨ ᠬᠠᠶᠢᠷᠠᠯᠠᠬᠤ ᠦᠵᠡᠯ᠂ ᠨᠡᠶᠢᠭᠡᠮ ᠵᠢᠷᠤᠮ ᠤᠨ ᠲᠤᠭ ᠢ ᠥᠨᠳᠥᠷ ᠮᠠᠨᠳᠤᠭᠤᠯᠬᠤ ᠶᠢ ᠪᠠᠷᠢᠮᠲᠠᠯᠠᠨ᠎ᠠ︔        ︵ᠭᠤᠷᠪᠠ︶ ᠭᠤᠣᠯ ᠠᠵᠢᠯ ᠤᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠨ᠎ᠠ︔         ︵ᠳᠥᠷᠪᠡ︶ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠨ᠎ᠠ︔         ︵ᠲᠠᠪᠤ︶ ᠨᠢᠭᠡᠳᠦᠮᠡᠯ ᠴᠢᠨᠠᠷ ᠬᠢᠭᠡᠳ ᠤᠯᠠᠨ ᠶᠠᠩᠵᠤᠲᠤ ᠴᠢᠨᠠᠷ ᠤᠨ ᠬᠠᠷᠢᠴᠠᠭ᠎ᠠ ᠶᠢ ᠵᠥᠪ ᠰᠢᠢᠳᠪᠦᠷᠢᠯᠡᠬᠦ ᠶᠢ ᠪᠠᠷᠢᠮᠲᠠᠯᠠᠨ᠎ᠠ︔        ︵ᠵᠢᠷᠭᠤᠭ᠎ᠠ︶ ᠬᠤᠯᠪᠣᠭᠠᠲᠠᠨ ᠤ ᠪᠠᠨ ᠠᠰᠢᠭ ᠲᠤᠰᠠ ᠶᠢ ᠬᠦᠨᠳᠦᠳᠬᠡᠵᠦ᠂ ᠬᠠᠮᠠᠭᠠᠯᠠᠬᠤ ᠪᠠ ᠬᠠᠷᠠᠭᠠᠯᠵᠠᠬᠤ ᠶᠢ ᠪᠠᠷᠢᠮᠳᠠᠯᠠᠨ᠎ᠠ︔        ︵ᠲᠤᠯᠤᠭ᠎ᠠ︶ ᠨᠠᠮ ᠤᠨ ᠭᠠᠳᠠᠨᠠᠬᠢ ᠨᠦᠭᠦᠳ ᠲᠠᠢ ᠥᠷᠭᠡᠨ ᠢᠶᠠᠷ ᠨᠠᠶᠢᠵᠠᠯᠠᠵᠦ᠂ ᠬᠦᠨ ᠨᠦᠬᠦᠷᠯᠡᠬᠦ ᠶᠢ ᠪᠠᠷᠢᠮᠲᠠᠯᠠᠨ᠎ᠠ︔        ︵ᠨᠠᠢᠮᠠ︶ ᠲᠤᠮᠤ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠪᠠᠷᠢᠮᠲᠠᠯᠠᠨ᠎ᠠ᠃  ᠲᠠᠪᠤᠳᠤᠭᠠᠷ ᠵᠦᠢᠯ ᠨᠢᠭᠡᠳᠦᠮᠡᠯ ᠹᠷᠣᠨᠲ ᠤᠨ ᠠᠵᠢᠯ ᠤᠨ ᠬᠦᠷᠢᠶ᠎ᠡ ᠬᠡᠪᠴᠢᠶ᠎ᠡ ᠪᠣᠯ᠄       ︵ᠨᠢᠭᠡ︶ ᠠᠷᠠᠳᠴᠢᠯᠠᠭᠰᠠᠨ ᠨᠠᠮ ᠪᠦᠯᠦᠭ ᠤᠨ ᠪᠦᠷᠢᠯᠳᠦᠬᠦᠨ︔       ︵ᠬᠤᠶᠠᠷ︶ ᠨᠠᠮ ᠪᠦᠯᠦᠭ ᠤᠨ ᠪᠤᠰᠤ ᠬᠥᠮᠦᠰ︔       ︵ᠭᠤᠷᠪᠠ︶ ᠨᠠᠮ ᠤᠨ ᠭᠠᠳᠠᠨᠠᠬᠢ ᠰᠡᠬᠡᠬᠡᠳᠡᠳ︔        ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠬᠥᠮᠦᠰ︔      ︵ᠲᠠᠪᠤ︶ ᠱᠠᠰᠢᠨ ᠰᠤᠷᠲᠠᠬᠤᠨ ᠤ ᠡᠲᠡᠭᠡᠳ ᠤᠨ ᠬᠥᠮᠦᠰ︔      ︵ᠵᠢᠷᠭᠤᠭ᠎ᠠ︶ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠮᠦᠰ︔      ︵ᠲᠤᠯᠤᠭ᠎ᠠ︶ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ︔       ︵ᠨᠠᠢᠮᠠ︶ ᠭᠠᠳᠠᠭᠠᠳᠤ ᠳᠤ ᠰᠤᠷᠤᠯᠴᠠᠭᠰᠠᠳ ᠪᠠ ᠤᠯᠤᠰ ᠲᠤ ᠪᠠᠨ ᠪᠤᠴᠠᠵᠤ ᠢᠷᠡᠭᠰᠡᠳ︔       ︵ᠶᠢᠰᠦ︶ ᠰᠢᠶᠠᠩᠭᠠᠩ ᠤᠨ ᠠᠬ᠎ᠠ ᠳᠡᠭᠦᠦ ᠨᠡᠷ᠂ ᠣᠣᠮᠧᠨ ᠤ ᠠᠬ᠎ᠠ ᠳᠡᠭᠦᠦ ᠨᠡᠷ︔       ︵ᠠᠷᠪᠠ︶ ᠲᠠᠶᠢᠸᠠᠨ ᠤ ᠠᠬ᠎ᠠ ᠳᠡᠭᠦᠦ ᠨᠡᠷ ᠵᠢᠴᠢ ᠲᠡᠲᠡᠨ ᠤ ᠡᠬᠡ ᠬᠠᠭᠤᠷᠠᠢ ᠳᠠᠬᠢ ᠲᠦᠷᠦᠯ ᠰᠠᠳᠤᠨ︔       ︵ᠠᠷᠪᠠᠨ ᠨᠢᠭᠡ︶ ᠳᠤᠮᠳᠠᠳᠤ ᠶᠢᠨ ᠬᠠᠷᠢᠶᠠᠲᠤ ᠨᠠᠷ᠂ ᠤᠯᠤᠰ ᠲᠤ ᠪᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠲᠦᠷᠦᠯ ᠰᠡᠳᠦᠠ︔        ︵ᠠᠷᠪᠠᠨ ᠬᠤᠶᠠᠷ︶ ᠬᠠᠷᠢᠯᠴᠠᠬᠤ ᠪᠠ ᠪᠦᠯᠬᠦᠮᠳᠡᠬᠦ ᠴᠢᠬᠤᠯᠠᠲᠠᠶ ᠪᠤᠰᠤᠳ ᠬᠥᠮᠦᠰ᠃ ᠨᠢᠭᠡᠳᠦᠮᠡᠯ ᠹᠷᠣᠨᠲ ᠤᠨ ᠠᠵᠢᠯ ᠤᠨ ᠬᠠᠨᠳᠤᠬᠤ ᠡᠳᠡᠭᠡᠳ ᠪᠣᠯ ᠨᠠᠮ ᠤᠨ ᠭᠠᠳᠠᠨᠠᠬᠢ ᠬᠥᠮᠦᠰ ᠮᠥᠨ᠂ ᠲᠡᠲᠡᠨ ᠤ ᠳᠣᠲᠣᠷᠠᠬᠢ ᠲᠥᠯᠥᠭᠡᠯᠡᠭᠴᠢ ᠬᠥᠮᠦᠰ ᠢᠶᠠᠷ ᠭᠤᠣᠯᠳᠠᠯᠭ᠎ᠠ ᠪᠣᠯᠭᠠᠨ᠎ᠠ᠃        ᠬᠤᠶᠠᠳᠤᠭᠠᠷ ᠪᠦᠯᠦᠭ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠲᠤᠰᠢᠶᠠᠯ ᠬᠠᠷᠢᠭᠤᠴᠠᠯᠭ᠎ᠠ      ᠵᠢᠷᠭᠤᠳᠤᠭᠠᠷ ᠵᠦᠢᠯ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠠᠴᠠ ᠨᠢᠭᠡᠳᠦᠮᠡᠯ ᠹᠷᠣᠨᠲ ᠤᠨ ᠠᠵᠢᠯ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠨ᠂ ᠡᠯ᠎ᠡ ᠲᠠᠯ᠎ᠠ ᠶᠢ ᠵᠣᠬᠢᠴᠠᠭᠤᠯᠬᠤ ᠶᠢ ᠦᠨᠡᠨ ᠬᠦ ᠪᠠᠲᠤᠯᠠᠵᠤ᠂ ᠨᠢᠭᠡᠳᠦᠮᠡᠯ ᠹᠷᠣᠨᠲ ᠤᠨ ᠠᠵᠢᠯ ᠤᠨ ᠢᠮᠠᠭᠲᠠ ᠤᠯᠤᠰ ᠲᠦᠷᠦ ᠶᠢᠨ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠨ᠎ᠠ᠃ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠤᠭᠰᠠᠨ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠤᠭᠰᠠᠨ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠭᠰᠡᠨ ᠲᠤᠮᠤ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠯᠠᠭᠤᠯᠤᠯᠳᠠ ᠶᠢ ᠪᠠᠶᠢᠭᠤᠯᠤᠨ᠎ᠠ᠃      ᠳᠣᠯᠣᠳᠤᠭᠠᠷ ᠵᠦᠢᠯ ᠨᠠᠮ ᠤᠨ ᠲᠥᠪ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ ᠨᠠᠮ ᠤᠨ ᠲᠥᠪ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠨᠢ ᠲᠥᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ ᠠᠵᠢᠯ ᠢᠶᠠᠨ ᠥᠷᠨᠢᠭᠦᠯᠵᠦ᠂ ᠨᠢᠭᠡᠳᠦᠮᠡᠯ ᠹᠷᠣᠨᠲ ᠤᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠤᠨᠤᠯ ᠴᠢᠭᠯᠡᠯᠲᠡ ᠲᠦᠷᠦ ᠶᠢᠨ ᠪᠤᠳᠤᠯᠭ᠎ᠠ ᠪᠠ ᠨᠢᠭᠡᠳᠦᠮᠡᠯ ᠹᠷᠣᠨᠲ ᠤᠨ ᠠᠵᠢᠯ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠲᠤᠬᠠᠢ ᠰᠤᠳᠤᠯᠤᠨ ᠪᠠᠶᠢᠷᠢᠯᠠᠭᠤᠯᠵᠤ᠂ ᠵᠣᠬᠢᠴᠠᠭᠤᠯᠤᠨ ᠵᠢᠯᠣᠭᠤᠳᠬᠤ ᠪᠠ ᠰᠢᠪᠠᠳᠠᠨ ᠪᠠᠶᠢᠴᠠᠭᠠᠵᠤ᠂ ᠨᠢᠭᠡᠳᠦᠮᠡᠯ ᠹᠷᠣᠨᠲ ᠤᠨ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠨᠠᠮ ᠤᠨ ᠲᠥᠪ ᠬᠤᠷᠢᠶ᠎ᠠ ᠳᠤ ᠰᠠᠨᠠᠭᠤᠯᠭ᠎ᠠ ᠲᠤᠷᠠᠳᠤᠨ᠎ᠠ᠃ ᠨᠠᠮ ᠤᠨ ᠲᠥᠪ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠲᠤ ᠪᠠᠶᠢᠷᠢᠰᠢᠯᠠᠭᠤᠯᠤᠨ᠎ᠠ᠃        ᠨᠠᠢᠮᠠᠳᠤᠭᠠᠷ ᠵᠦᠢᠯ ᠣᠷᠣᠨ ᠨᠤᠲᠤᠭ ᠤᠨ ᠨᠠᠮ ᠤᠨ ᠬᠤᠷᠢᠶ᠎ᠠ ᠨᠢ ᠲᠤᠰ ᠭᠠᠵᠠᠷ ᠣᠷᠣᠨ ᠤ ᠪᠠᠨ ᠨᠢᠭᠡᠳᠦᠮᠡᠯ ᠹᠷᠣᠨᠲ ᠤᠨ ᠠᠵᠢᠯ ᠳᠤ ᠭᠤᠤᠯ ᠴᠣᠭᠴᠠ ᠶᠢᠨ ᠬᠠᠷᠢᠭᠤᠴᠠᠯᠭ᠎ᠠ ᠡᠭᠦᠷᠭᠡᠯᠡᠨ᠎ᠡ᠂ ᠭᠤᠣᠯ ᠲᠤᠰᠢᠶᠠᠯ ᠬᠠᠷᠢᠭᠤᠴᠠᠯᠭ᠎ᠠ ᠨᠢ᠄     ︵ᠨᠢᠭᠡ︶ ᠨᠢᠭᠡᠳᠦᠮᠡᠯ ᠹᠷᠣᠨᠲ ᠤᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠵᠢᠴᠢ ᠳᠡᠭᠡᠳᠦ ᠱᠠᠲᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠤᠷᠠᠳᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠶᠢ ᠵᠢᠯᠤᠭᠤᠳᠬᠤ ᠪᠠ ᠰᠢᠪᠠᠳᠠᠨ ᠪᠠᠶᠢᠴᠠᠭᠠᠵᠤ᠂ ᠦᠨᠳᠦᠰᠦᠨ ᠱᠠᠲᠤᠨ ᠤ ᠨᠢᠭᠡᠳᠦᠮᠡᠯ ᠹᠷᠣᠨᠲ ᠤᠨ ᠠᠵᠢᠯ ᠢ ᠴᠢᠬᠤᠯᠠᠴᠢᠯᠠᠨ ᠴᠢᠩᠭᠠᠳᠬᠠᠨ᠎ᠠ︔     ︵ᠬᠤᠶᠠᠷ︶ ᠨᠢᠭᠡᠳᠦᠮᠡᠯ ᠹᠷᠣᠨᠲ ᠤᠨ ᠴᠢᠬᠤᠯᠠ ᠶᠡᠭᠡ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠴᠢᠬᠤᠯᠠ ᠠᠵᠢᠯ ᠢ ᠪᠠᠶᠢᠷᠢᠯᠠᠭᠤᠯᠤᠨ᠂ ᠵᠢᠯ ᠪᠦᠷᠢ ᠨᠠᠮ ᠤᠨ ᠲᠥᠪ ᠬᠤᠷᠢᠶ᠎ᠠ ᠪᠤᠶᠤ ᠳᠡᠭᠡᠷ᠎ᠡ ᠨᠢᠭᠡ ᠱᠠᠲᠤᠨ ᠤ ᠨᠠᠮ ᠤᠨ ᠬᠤᠷᠢᠶᠠᠨ ᠳᠤ ᠨᠢᠭᠡᠳᠦᠮᠡᠯ ᠹᠷᠣᠨᠲ ᠤᠨ ᠠᠵᠢᠯ ᠤᠨ ᠪᠠᠶᠢᠳᠠᠯ ᠢ ᠮᠡᠳᠡᠭᠦᠯᠦᠨ᠎ᠡ︔     ︵ᠭᠤᠷᠪᠠ︶ ᠡᠷᠬᠡ ᠶᠢᠨ ᠬᠡᠪᠴᠢᠶ᠎ᠡ ᠬᠢᠵᠠᠭᠠᠷ ᠶᠣᠰᠣᠭᠠᠷ ᠨᠢᠭᠡᠳᠦᠮᠡᠯ ᠹᠷᠣᠨᠲ ᠤᠨ ᠠᠵᠢᠯ ᠲᠠᠢ ᠬᠠᠮᠢᠶᠠᠳᠠᠬᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠ ᠴᠢᠬᠤᠯᠠ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠨᠢᠭᠡᠳᠦᠮᠡᠯ ᠹᠷᠣᠨᠲ ᠤᠨ ᠠᠵᠢᠯ ᠤᠨ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ ᠶᠢ ᠠᠬᠢᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔    ︵ᠲᠦᠷᠪᠡ︶ ᠨᠢᠭᠡᠳᠦᠮᠡᠯ ᠹᠷᠣᠨᠲ ᠤᠨ ᠤᠨᠤᠯ ᠴᠢᠭᠯᠡᠯᠲᠡ ᠲᠦᠷᠦ ᠶᠢᠨ ᠪᠤᠳᠤᠯᠭ᠎ᠠ ᠶᠢ ᠰᠤᠷᠤᠯᠴᠠᠬᠤ᠂ ᠰᠤᠳᠤᠯᠬᠤ᠂ ᠤᠬᠠᠭᠤᠯᠬᠤ ᠪᠠ ᠬᠦᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡᠳᠦᠮᠡᠯ ᠹᠷᠣᠨᠲ ᠤᠨ ᠤᠨᠤᠯ ᠴᠢᠭᠯᠡᠯᠲᠡ ᠲᠦᠷᠦ ᠶᠢᠨ ᠪᠤᠳᠤᠯᠭ᠎ᠠ ᠶᠢ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ ᠠᠭᠤᠯᠭ᠎ᠠ ᠪᠠ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ︶᠂ ᠺᠠᠳ᠋ᠷ ᠤᠨ ᠳᠡᠭᠡᠳᠦ ᠰᠤᠷᠭᠠᠭᠤᠯᠢ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠬᠤ ᠠᠭᠤᠯᠭ᠎ᠠ ᠳᠤ ᠣᠷᠣᠭᠤᠯᠵᠤ᠂ ᠨᠢᠭᠡᠳᠦᠮᠡᠯ ᠹᠷᠣᠨᠲ ᠤᠨ ᠠᠵᠢᠯ ᠢ ᠤᠬᠠᠭᠤᠯᠭ᠎ᠠ ᠶᠢᠨ ᠠᠵᠢᠯ ᠤᠨ ᠲᠥᠯᠥᠪᠯᠡᠭᠡ ᠳᠤ ᠣᠷᠣᠭᠤᠯᠵᠤ᠂ ᠨᠢᠭᠡᠳᠦᠮᠡᠯ ᠹᠷᠣᠨᠲ ᠤᠨ ᠮᠡᠳᠡᠯᠭᠡ ᠶᠢ ᠤᠯᠤᠰ ᠠᠷᠠᠳ ᠤᠨ ᠰᠤᠷᠭᠠᠨ ᠬᠥᠮᠦᠵᠢᠯ ᠤᠨ ᠠᠭᠤᠯᠭ᠎ᠠ ᠳᠤ ᠣᠷᠣᠭᠤᠯᠤᠨ᠎ᠠ︔    ︵ᠲᠠᠪᠤ︶ ᠨᠢᠭᠡᠳᠦᠮᠡᠯ ᠹᠷᠣᠨᠲ ᠤᠨ ᠠᠵᠢᠯ ᠤᠨ ᠰᠠᠯᠠᠭ᠎ᠠ ᠮᠥᠴᠢᠷ ᠪᠠ ᠨᠢᠭᠡᠳᠦᠮᠡᠯ ᠹᠷᠣᠨᠲ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠲᠤᠬᠠᠶ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠢᠭᠡᠳᠦᠮᠡᠯ ᠹᠷᠣᠨᠲ ᠤᠨ ᠰᠢᠰᠲ᠋ᠧᠮ ᠤᠨ ᠤᠳᠤᠷᠢᠳᠬᠤ ᠪᠠᠭ ᠪᠠ ᠭᠤᠣᠯ ᠬᠠᠷᠢᠭᠤᠴᠠᠯᠭᠠᠲᠠᠨ ᠢ ᠰᠢᠯᠢᠳᠡᠭ ᠢ ᠨᠢ ᠰᠣᠩᠭᠤᠨ ᠲᠣᠬᠢᠷᠠᠭᠤᠯᠵᠤ᠂ ᠨᠢᠭᠡᠳᠦᠮᠡᠯ ᠹᠷᠣᠨᠲ ᠤᠨ ᠺᠠᠳ᠋ᠷ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ︔     ︵ᠵᠢᠷᠭᠤᠭ᠎ᠠ︶ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠂ ᠤᠯᠤᠰ ᠲᠦᠷᠦ ᠶᠢᠨ ᠵᠥᠪᠯᠡᠯᠭᠡᠨ᠂ ᠬᠢᠨᠠᠨ ᠪᠠᠶᠢᠴᠠᠭᠠᠬᠤ ᠵᠥᠪᠯᠡᠯ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠪᠠ ᠬᠤᠯᠪᠣᠭᠳᠠᠯ ᠪᠦᠬᠦᠢ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠡᠷᠭᠡ ᠶᠢ ᠤᠳᠤᠷᠢᠳᠴᠤ ᠲᠤᠰ ᠰᠠᠯᠠᠭ᠎ᠠ ᠮᠥᠴᠢᠷ ᠲᠤᠰ ᠨᠢᠭᠡᠴᠢ ᠲᠤᠰ ᠬᠦᠷᠢᠶ᠎ᠡ ᠴᠠᠷᠠᠭᠠᠨ ᠳᠠᠬᠢ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠨ᠎ᠡ︔    ︵ᠲᠤᠯᠤᠭ᠎ᠠ︶ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠢ ᠢᠯᠡᠷᠡᠭᠦᠯᠵᠦ᠂ ᠬᠥᠮᠦᠵᠢᠭᠦᠯᠵᠦ᠂ ᠬᠡᠷᠡᠭᠯᠡᠵᠦ᠂ ᠬᠠᠮᠢᠶᠠᠷᠤᠨ᠂ ᠤᠳᠤᠷᠢᠳᠬᠤ ᠺᠠᠳ᠋ᠷ ᠪᠣᠯᠤᠨ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠨᠥᠬᠦᠷᠯᠡᠯ ᠤᠨ ᠲᠦᠷᠢᠮ ᠢ ᠲᠡᠭᠦᠯᠳᠡᠷᠵᠢᠭᠦᠯᠦᠨ᠎ᠡ᠃ ᠪᠤᠰᠤᠳ ᠰᠠᠯᠠᠭ᠎ᠠ ᠮᠥᠴᠢᠷ᠂ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠨᠢ ᠡᠮᠦᠨᠡᠬᠢ ᠵᠣᠷᠪᠤᠰ ᠤᠳ ᠤᠨ ᠲᠣᠭᠲᠠᠭᠠᠯ ᠢᠶᠠᠷ ᠯᠠᠪᠯᠠᠯᠲᠠ ᠪᠣᠯᠭᠠᠨ ᠨᠢᠭᠡᠳᠦᠮᠡᠯ ᠹᠷᠣᠨᠲ ᠤᠨ ᠠᠵᠢᠯ ᠲᠠᠢ ᠬᠠᠷᠠᠭᠠᠯᠵᠠᠬᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃ ᠲᠥᠪ ᠤᠨ ᠪᠠ ᠲᠥᠷᠥ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠵᠢᠴᠢ ᠡᠯ᠎ᠡ ᠱᠠᠲᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠨᠢ ᠡᠷᠬᠡ ᠲᠤᠰᠢᠶᠠᠯ ᠤᠨ ᠶᠣᠰᠣᠭᠠᠷ ᠢᠶᠠᠷ ᠢᠶᠠᠨ᠂ ᠨᠠᠮ ᠪᠠ ᠲᠥᠷᠥ ᠶᠢᠨ ᠪᠠᠶᠢᠭᠤᠯᠭ᠎ᠠ ᠶᠢᠨ ᠨᠢᠭᠡᠳᠦᠮᠡᠯ ᠹᠷᠣᠨᠲ ᠤᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠬᠠᠷᠢᠭᠤᠴᠠᠯᠭᠠᠲᠠᠨ ᠪᠣᠯ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠨᠢᠭᠡᠳᠦᠮᠡᠯ ᠹᠷᠣᠨᠲ ᠤᠨ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠳᠤᠷᠢᠳᠬᠤ ᠪᠠᠭ ᠤᠨ ᠪᠦᠷᠢᠯᠳᠦᠬᠦᠨ ᠨᠢᠭᠡᠳᠦᠮᠡᠯ ᠹᠷᠣᠨᠲ ᠤᠨ ᠤᠨᠤᠯ ᠴᠢᠭᠯᠡᠯᠲᠡ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠦᠷᠦᠭᠦᠯᠡᠨ ᠰᠤᠷᠤᠯᠴᠠᠵᠤ᠂ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠮᠡᠯ ᠹᠷᠣᠨᠲ ᠤᠨ ᠴᠢᠬᠤᠯᠠ ᠠᠵᠢᠯᠯᠠᠭ᠎ᠠ ᠳᠤ ᠲᠦᠷᠦᠭᠦᠯᠡᠨ ᠣᠷᠣᠯᠴᠠᠵᠤ᠂ ᠨᠠᠮ ᠤᠨ ᠭᠠᠳᠠᠨᠠᠬᠢ ᠨᠠᠶᠢᠵᠠ ᠨᠠᠷ ᠲᠠᠢ ᠥᠷᠭᠡᠨ ᠢᠶᠠᠷ ᠨᠠᠶᠢᠵᠠᠯᠠᠵᠦ ᠬᠦᠨ ᠨᠦᠬᠦᠷᠯᠡᠬᠦ ᠬᠡᠷᠡᠭᠲᠡᠢ᠃ ᠣᠷᠣᠨ ᠨᠤᠲᠤᠭ ᠤᠨ ᠨᠠᠮ ᠤᠨ ᠬᠤᠷᠢᠶ᠎ᠠ ᠨᠢ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠩ ᠤᠨ ᠪᠠᠶᠢᠳᠠᠯ ᠳᠤ ᠠᠳᠠᠯᠢ ᠱᠠᠲᠤᠨ ᠤ ᠨᠠᠮ ᠤᠨ ᠬᠤᠷᠢᠶᠠᠨ ᠤ ᠱᠦᠵᠢ ᠡᠭᠦᠷᠭᠡᠯᠡᠨ᠎ᠡ᠃      ᠶᠢᠰᠦᠳᠦᠭᠡᠷ ᠵᠦᠢᠯ ᠨᠠᠮ ᠤᠨ ᠲᠥᠪ ᠬᠤᠷᠢᠶ᠎ᠠ ᠪᠠ ᠣᠷᠣᠨ ᠨᠤᠲᠤᠭ ᠤᠨ ᠨᠠᠮ ᠤᠨ ᠬᠤᠷᠢᠶᠠᠨ ᠳᠤ ᠨᠢᠭᠡᠳᠦᠮᠡᠯ ᠹᠷᠣᠨᠲ ᠤᠨ ᠬᠡᠯᠲᠡᠰ ᠢ ᠪᠠᠶᠢᠭᠤᠯᠤᠨ᠎ᠠ᠃ ᠨᠢᠭᠡᠳᠦᠮᠡᠯ ᠹᠷᠣᠨᠲ ᠤᠨ ᠬᠡᠯᠲᠡᠰ ᠪᠣᠯ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠢ ᠭᠤᠤᠯᠯᠠᠨ ᠬᠠᠮᠢᠶᠠᠷᠬᠤ ᠡᠭᠦᠷᠭᠡ ᠲᠤᠰᠢᠶᠠᠯᠳᠤ ᠰᠠᠯᠠᠭ᠎ᠠ ᠮᠥᠴᠢᠷ ᠮᠥᠨ᠂ ᠪᠠᠰᠠ ᠴᠦ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠲᠠᠯ᠎ᠠ ᠶᠢᠨ ᠵᠦᠪᠯᠡᠭᠴᠢ᠂ ᠵᠣᠬᠢᠶᠠᠨ ᠪᠠᠶᠢᠭᠤᠯᠤᠨ ᠵᠣᠬᠢᠴᠠᠭᠤᠯᠤᠭᠴᠢ᠂ ᠪᠣᠳᠠᠲᠠᠢ ᠭᠦᠢᠴᠡᠳᠭᠡᠭᠴᠢ᠂ ᠱᠠᠭᠠᠷᠳᠠᠨ ᠪᠠᠶᠢᠴᠠᠭᠠᠭᠴᠢ ᠪᠠᠶᠢᠭᠤᠯᠤᠮᠵᠢ ᠮᠥᠨ᠂ ᠲᠡᠷᠡ ᠨᠢ ᠪᠠᠶᠢᠳᠠᠯ ᠢ ᠣᠶᠢᠯᠠᠭᠠᠬᠤ᠂ ᠲᠦᠷᠦ ᠶᠢᠨ ᠪᠤᠳᠤᠯᠭ᠎ᠠ ᠶᠢ ᠡᠵᠡᠮᠰᠢᠬᠦ᠂ ᠬᠠᠷᠢᠴᠠᠭ᠎ᠠ ᠶᠢ ᠵᠣᠬᠢᠴᠠᠭᠤᠯᠬᠤ᠂ ᠠᠵᠢᠯᠲᠠᠨ ᠤ ᠶᠠᠪᠤᠳᠠᠯ ᠢ ᠲᠤᠬᠢᠷᠠᠭᠤᠯᠬᠤ᠂ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ᠂ ᠪᠦᠯᠬᠦᠮᠳᠡᠯ ᠢ ᠴᠢᠩᠭᠠᠳᠬᠠᠬᠤ ᠵᠡᠷᠭᠡ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠂ ᠭᠤᠣᠯᠳᠠᠭᠤ᠄     ︵ᠨᠢᠭᠡ︶ ᠨᠢᠭᠡᠳᠦᠮᠡᠯ ᠹᠷᠣᠨᠲ ᠤᠨ ᠠᠵᠢᠯ ᠤᠨ ᠲᠤᠬᠠᠢ ᠨᠠᠮ ᠤᠨ ᠤᠨᠤᠯ ᠴᠢᠭᠯᠡᠯᠲᠡ ᠲᠦᠷᠦ ᠶᠢᠨ ᠪᠤᠳᠤᠯᠭ᠎ᠠ ᠪᠠ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠮᠡᠯ ᠹᠷᠣᠨᠲ ᠤᠨ ᠠᠵᠢᠯ ᠤᠨ ᠲᠦᠷᠦ ᠶᠢᠨ ᠪᠤᠳᠤᠯᠭ᠎ᠠ ᠪᠠ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠠᠳᠠᠯᠢ ᠱᠠᠲᠤᠨ ᠤ ᠨᠠᠮ ᠤᠨ ᠬᠤᠷᠢᠶᠠᠨ ᠳᠤ ᠨᠢᠭᠡᠳᠦᠮᠡᠯ ᠹᠷᠣᠨᠲ ᠤᠨ ᠠᠵᠢᠯ ᠢ ᠮᠡᠳᠡᠭᠦᠯᠦᠨ ᠵᠢᠭᠠᠪᠤᠷᠢ ᠠᠪᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠤᠨ᠎ᠠ᠃      ︵ᠬᠤᠶᠠᠷ︶ ᠨᠢᠭᠡᠳᠦᠮᠡᠯ ᠹᠷᠣᠨᠲ ᠤᠨ ᠠᠵᠢᠯ ᠢ ᠨᠢᠭᠡᠳᠦᠯᠲᠡᠢ ᠲᠦᠯᠦᠪᠵᠢᠭᠦᠯᠦᠨ ᠵᠣᠬᠢᠴᠠᠭᠤᠯᠬᠤ ᠶᠢ ᠵᠢᠯᠣᠭᠤᠳᠤᠨ᠂ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠶᠢ ᠵᠣᠬᠢᠴᠠᠭᠤᠯᠤᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃     ︵ᠭᠤᠷᠪᠠ︶ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠢ ᠢᠯᠡᠷᠡᠭᠦᠯᠬᠦ᠂ ᠬᠠᠷᠢᠯᠴᠠᠬᠤ ᠪᠠ ᠬᠥᠮᠦᠵᠢᠭᠦᠯᠬᠦ ᠶᠢ ᠬᠠᠷᠢᠭᠤᠴᠠᠵᠤ᠂ ᠠᠳᠠᠯᠢ ᠱᠠᠲᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠤᠯᠤᠰ ᠲᠦᠷᠦ ᠶᠢᠨ ᠲᠤᠬᠢᠷᠠᠭᠤᠯᠤᠯᠳᠠ ᠶᠢ ᠰᠠᠶᠢᠲᠤᠷ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠢ ᠵᠠᠰᠠᠭ ᠤᠨ ᠣᠷᠳᠣᠨ ᠪᠠ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠵᠡᠷᠭᠡ ᠶᠢᠨ ᠤᠳᠤᠷᠢᠳᠬᠤ ᠲᠤᠰᠢᠶᠠᠯ ᠳᠤ ᠲᠤᠬᠢᠷᠠᠭᠤᠯᠬᠤ ᠠᠵᠢᠯ ᠢ ᠰᠠᠶᠢᠲᠤᠷ ᠬᠢᠨ᠎ᠡ᠃ ︵ᠲᠦᠷᠪᠡ︶ ᠠᠷᠠᠳᠴᠢᠯᠠᠭᠰᠠᠨ ᠨᠠᠮ ᠪᠦᠯᠦᠭ ᠲᠠᠢ ᠬᠠᠷᠢᠯᠴᠠᠵᠤ᠂ ᠨᠠᠮ ᠪᠦᠯᠦᠭ ᠤᠨ ᠪᠤᠰᠤ ᠬᠥᠮᠦᠰ ᠤᠨ ᠠᠵᠢᠯ ᠢ ᠲᠦᠷᠦᠭᠦᠯᠡᠨ ᠵᠣᠬᠢᠴᠠᠭᠤᠯᠵᠤ᠂ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠦᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ ᠦᠢᠯᠡᠳᠦᠯ ᠢᠶᠠᠨ ᠪᠠᠳᠠᠷᠠᠭᠤᠯᠬᠤ ᠶᠢ ᠨᠢ ᠲᠡᠮᠵᠢᠵᠦ᠂ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠦᠰ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠲᠡᠮᠵᠢᠵᠤ ᠬᠠᠪᠰᠤᠷᠤᠨ᠎ᠠ᠃     ︵ᠲᠠᠪᠤ︶ ᠨᠠᠮ ᠤᠨ ᠭᠠᠳᠠᠨᠠᠬᠢ ᠰᠡᠬᠡᠭᠡᠲᠡᠨ ᠤ ᠨᠢᠭᠡᠳᠦᠮᠡᠯ ᠹᠷᠣᠨᠲ ᠤᠨ ᠠᠵᠢᠯ ᠢ ᠥᠷᠨᠢᠭᠦᠯᠦᠨ᠎ᠡ᠃     ︵ᠵᠢᠷᠭᠤᠭ᠎ᠠ︶ ᠦᠨᠳᠦᠰᠦᠲᠡᠨ ᠤ ᠠᠵᠢᠯ ᠢ ᠨᠢᠭᠡᠳᠦᠯᠲᠡᠢ ᠲᠦᠯᠦᠪᠵᠢᠭᠦᠯᠦᠨ ᠵᠣᠬᠢᠴᠠᠭᠤᠯᠵᠤ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠢ ᠤᠳᠤᠷᠢᠳᠤᠨ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃      ︵ᠳᠤᠯᠤᠭ᠎ᠠ︶ ᠱᠠᠰᠢᠨ ᠰᠤᠷᠲᠠᠬᠤᠨ ᠤ ᠠᠵᠢᠯ ᠢ ᠨᠢᠭᠡᠳᠦᠯᠲᠡᠢ ᠬᠠᠮᠢᠶᠠᠷᠴᠤ᠂ ᠱᠠᠰᠢᠨ ᠰᠤᠷᠲᠠᠬᠤᠨ ᠤ ᠠᠵᠢᠯ ᠤᠨ ᠰᠠᠯᠠᠭ᠎ᠠ ᠮᠥᠴᠢᠷ ᠢ ᠤᠳᠤᠷᠢᠳᠤᠨ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃    ︵ᠨᠠᠢᠮᠠ︶ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ ᠬᠥᠲᠥᠯᠥᠨ ᠵᠢᠯᠣᠭᠤᠳᠬᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠣᠷᠣᠯᠴᠠᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯᠳᠠᠳ ᠤᠨ ᠨᠢᠭᠡᠳᠦᠮᠡᠯ ᠹᠷᠣᠨᠲ ᠤᠨ ᠠᠵᠢᠯ ᠢ ᠨᠢᠭᠡᠳᠦᠯᠲᠡᠶ ᠲᠦᠯᠦᠪᠵᠢᠭᠦᠯᠦᠨ ᠥᠷᠨᠢᠭᠦᠯᠦᠨ᠎ᠡ᠃     ︵ᠶᠢᠰᠦ︶ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠢ ᠨᠢᠭᠡᠳᠦᠯᠲᠡᠢ ᠲᠦᠯᠦᠪᠵᠢᠭᠦᠯᠦᠨ ᠥᠷᠨᠢᠭᠦᠯᠦᠨ᠎ᠡ᠃     ︵ᠠᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠶᠠᠩᠭᠠᠩ ᠣᠣᠮᠧᠨ ᠤ ᠨᠢᠭᠡᠳᠦᠮᠡᠯ ᠹᠷᠣᠨᠲ ᠤᠨ ᠠᠵᠢᠯ ᠢ ᠥᠷᠨᠢᠭᠦᠯᠵᠦ᠂ ᠲᠠᠶᠢᠸᠠᠨ ᠤ ᠲᠤᠬᠠᠢ ᠨᠢᠭᠡᠳᠦᠮᠡᠯ ᠹᠷᠣᠨᠲ ᠤᠨ ᠠᠵᠢᠯ ᠢ ᠥᠷᠨᠢᠭᠦᠯᠦᠨ᠎ᠡ᠃       ︵ᠠᠷᠪᠠᠨ ᠨᠢᠭᠡ︶ ᠭᠠᠳᠠᠭᠠᠳᠤ ᠳᠠᠬᠢ ᠨᠢᠭᠡᠳᠦᠮᠡᠯ ᠹᠷᠣᠨᠲ ᠤᠨ ᠠᠵᠢᠯ ᠢ ᠨᠢᠭᠡᠳᠦᠯᠲᠡᠢ ᠤᠳᠤᠷᠢᠳᠴᠤ᠂ ᠬᠠᠷᠢᠶᠠᠲᠤ ᠨᠠᠷ ᠤᠨ ᠲᠤᠬᠠᠢ ᠠᠵᠢᠯ ᠢ ᠨᠢᠭᠡᠳᠦᠯᠲᠡᠢ ᠬᠠᠮᠢᠶᠠᠷᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠡᠶᠢᠭᠡᠮ ᠤᠨ ᠪᠦᠯᠬᠦᠮ ᠤᠨ ᠬᠠᠷᠢᠶᠠᠲᠤ ᠨᠠᠷ ᠲᠠᠢ ᠬᠤᠯᠪᠣᠭᠳᠠᠬᠤ ᠠᠵᠢᠯ ᠢ ᠨᠢᠭᠡᠳᠦᠯᠲᠡᠢ ᠲᠦᠯᠦᠪᠵᠢᠭᠦᠯᠦᠨ ᠵᠣᠬᠢᠴᠠᠭᠤᠯᠤᠨ᠎ᠠ᠃        ︵ᠠᠷᠪᠠᠨ ᠬᠤᠶᠠᠷ︶ ᠨᠢᠭᠡᠳᠦᠮᠡᠯ ᠹᠷᠣᠨᠲ ᠤᠨ ᠬᠦᠷᠢᠶᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃     ︵ᠠᠷᠪᠠᠨ ᠭᠤᠷᠪᠠ︶ ᠨᠢᠭᠡᠳᠦᠮᠡᠯ ᠹᠷᠣᠨᠲ ᠤᠨ ᠠᠵᠢᠯ ᠤᠨ ᠳᠤᠮᠳᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠨᠢᠭᠡᠳᠦᠮᠡᠯ ᠹᠷᠣᠨᠲ ᠤᠨ ᠤᠬᠠᠭᠤᠯᠭ᠎ᠠ ᠶᠢᠨ ᠠᠵᠢᠯ ᠢ ᠬᠠᠷᠢᠭᠤᠴᠠᠨ ᠥᠷᠨᠢᠭᠦᠯᠦᠨ᠎ᠡ᠃       ︵ᠠᠷᠪᠠᠨ ᠳᠦᠷᠪᠡ︶ ᠲᠤᠤᠷᠠᠳᠤ ᠱᠠᠲᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠢ ᠵᠢᠯᠣᠭᠤᠳᠴᠤ᠂ ᠲᠤᠤᠷᠠᠳᠤ ᠨᠢᠭᠡ ᠱᠠᠲᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢ ᠬᠠᠪᠰᠤᠷᠤᠨ ᠬᠠᠮᠢᠶᠠᠷᠤᠨ᠎ᠠ︔ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠢᠭᠡᠳᠦᠮᠡᠯ ᠹᠷᠣᠨᠲ ᠤᠨ ᠠᠵᠢᠯ ᠢ ᠵᠣᠬᠢᠴᠠᠭᠤᠯᠵᠤ᠂ ᠦᠨᠳᠦᠰᠦᠲᠡᠨ᠂ ᠱᠠᠰᠢᠨ ᠰᠤᠷᠲᠠᠬᠤᠨ ᠵᠡᠷᠭᠡ ᠠᠵᠢᠯ ᠤᠨ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠪᠦᠷᠢᠯᠳᠦᠬᠦᠨ ᠢ ᠲᠠᠨᠢᠯᠴᠠᠭᠤᠯᠬᠤ ᠠᠵᠢᠯ ᠢ ᠰᠠᠶᠢᠲᠤᠷ ᠬᠠᠮᠵᠢᠨ ᠬᠢᠨ᠎ᠡ︔ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠯᠤᠭ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠎ᠠ︔ ᠵᠥᠪᠳᠡᠭᠴᠢ ᠶᠢᠨ ᠲᠠᠰᠤᠭ᠂ ᠰᠣᠶᠣᠯ ᠲᠡᠦᠬᠡ ᠰᠤᠳᠤᠯᠬᠤ ᠣᠷᠳᠣᠨ ᠳᠠᠬᠢ ᠠᠵᠢᠯ ᠤᠨ ᠵᠢᠯᠣᠭᠤᠳᠣᠯᠭ᠎ᠠ ᠶᠢ ᠴᠢᠩᠭᠠᠳᠬᠠᠨ᠎ᠠ︔ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠢ ᠤᠳᠤᠷᠢᠳᠴᠤ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠠᠵᠢᠯ ᠢ ᠵᠢᠯᠣᠭᠤᠳᠤᠨ᠎ᠠ︔ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢ ᠵᠢᠯᠣᠭᠤᠳᠤᠨ ᠬᠠᠮᠢᠶᠠᠷᠤᠨ᠎ᠠ︔ ᠨᠢᠭᠡᠳᠦᠮᠡᠯ ᠹᠷᠣᠨᠲ ᠤᠨ ᠬᠤᠯᠪᠣᠭᠳᠠᠯ ᠪᠦᠬᠦᠢ ᠨᠢᠭᠡᠴᠢ ᠪᠠ ᠪᠦᠯᠬᠦᠮ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃       ︵ᠠᠷᠪᠠᠨ ᠲᠠᠪᠤ︶ ᠠᠳᠠᠯᠢ ᠱᠠᠲᠤᠨ ᠤ ᠨᠠᠮ ᠤᠨ ᠬᠤᠷᠢᠶ᠎ᠠ ᠪᠠ ᠳᠡᠭᠡᠳᠦ ᠱᠠᠲᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠠᠷᠪᠠᠳᠤᠭᠠᠷ ᠵᠦᠢᠯ ᠨᠢᠭᠡᠳᠦᠮᠡᠯ ᠹᠷᠣᠨᠲ ᠤᠨ ᠠᠵᠢᠯ ᠤᠨ ᠡᠭᠦᠷᠭᠡ ᠬᠦᠨᠳᠦ ᠪᠠᠶᠢᠭ᠎ᠠ ᠨᠠᠮ ᠤᠨ ᠲᠥᠪ ᠬᠤᠷᠢᠶ᠎ᠠ ᠵᠢᠴᠢ ᠮᠤᠵᠢ᠂ ᠬᠤᠲᠠ ᠬᠤᠶᠠᠷ ᠱᠠᠲᠤᠨ ᠤ ᠨᠠᠮ ᠤᠨ ᠬᠤᠷᠢᠶᠠᠨ ᠠᠴᠠ ᠲᠣᠮᠢᠯᠠᠭᠰᠠᠨ ᠪᠠᠶᠢᠭᠤᠯᠭ᠎ᠠ ᠳᠤ ᠨᠢᠭᠡᠳᠦᠮᠡᠯ ᠹᠷᠣᠨᠲ ᠤᠨ ᠠᠵᠢᠯ ᠤᠨ ᠪᠠᠶᠢᠭᠤᠯᠤᠮᠵᠢ ᠶᠢ ᠭᠠᠷᠭᠠᠨ᠎ᠠ᠃ ᠰᠢᠶᠠᠩ ︵ᠪᠠᠯᠭᠠᠰᠤ᠂ ᠵᠡᠭᠡᠯᠢ ᠭᠤᠳᠤᠮᠵᠢ︶ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠨᠢᠭᠡᠳᠦᠮᠡᠯ ᠹᠷᠣᠨᠲ ᠤᠨ ᠠᠵᠢᠯ ᠢ ᠬᠠᠷᠢᠭᠤᠴᠠᠬᠤ ᠠᠵᠢᠯᠲᠠᠨ ᠲᠠᠢ ᠪᠠᠶᠢᠬᠤ ᠬᠡᠷᠡᠭᠲᠡᠢ᠂ ᠡᠭᠦᠨ ᠳᠤ ᠨᠢᠭᠡᠳᠦᠮᠡᠯ ᠹᠷᠣᠨᠲ ᠤᠨ ᠠᠵᠢᠯ ᠤᠨ ᠡᠭᠦᠷᠭᠡ ᠬᠦᠨᠳᠦ ᠪᠠᠶᠢᠭ᠎ᠠ ᠳᠤ ᠨᠢ ᠲᠤᠰᠬᠠᠢ ᠬᠥᠮᠦᠨ ᠢ ᠲᠤᠬᠳᠠᠭᠠᠵᠤ ᠬᠠᠷᠢᠭᠤᠴᠠᠭᠤᠯᠤᠨ᠎ᠠ᠃ ᠬᠤᠯᠪᠣᠭᠳᠠᠯ ᠪᠦᠬᠦᠢ ᠠᠷᠠᠳ ᠤᠨ ᠪᠦᠯᠬᠦᠮ ᠨᠢ ᠬᠠᠮᠢᠶ᠎ᠠ ᠪᠦᠬᠦᠢ ᠪᠠᠶᠢᠭᠤᠯᠤᠮᠵᠢ ᠶᠢ ᠲᠤᠳᠤᠷᠬᠠᠢ ᠲᠤᠬᠳᠠᠭᠠᠨ ᠨᠢᠭᠡᠳᠦᠮᠡᠯ ᠹᠷᠣᠨᠲ ᠤᠨ ᠠᠵᠢᠯ ᠢ ᠬᠠᠷᠢᠭᠤᠴᠠᠭᠤᠯᠤᠨ᠎ᠠ᠃ ᠨᠢᠭᠡᠳᠦᠮᠡᠯ ᠹᠷᠣᠨᠲ ᠤᠨ ᠠᠵᠢᠯ ᠤᠨ ᠡᠭᠦᠷᠭᠡ ᠬᠦᠨᠳᠦ ᠪᠠᠶᠢᠭ᠎ᠠ ᠶᠡᠭᠡ ᠲᠡᠭᠡᠲᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠨᠠᠮ ᠤᠨ ᠬᠤᠷᠢᠶ᠎ᠠ ᠳᠤ ᠨᠢᠭᠡᠳᠦᠮᠡᠯ ᠹᠷᠣᠨᠲ ᠤᠨ ᠠᠵᠢᠯ ᠤᠨ ᠪᠠᠶᠢᠭᠤᠯᠤᠮᠵᠢ ᠶᠢ ᠭᠠᠷᠭᠠᠵᠤ᠂ ᠪᠤᠰᠤᠳ ᠶᠡᠭᠡ ᠲᠡᠭᠡᠲᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠨᠠᠮ ᠤᠨ ᠬᠤᠷᠢᠶ᠎ᠠ ᠨᠢ ᠨᠢᠭᠡᠳᠦᠮᠡᠯ ᠹᠷᠣᠨᠲ ᠲᠠᠢ ᠬᠠᠷᠠᠭᠠᠯᠵᠠᠬᠰᠠᠨ ᠪᠠᠶᠢᠭᠤᠯᠤᠮᠵᠢ ᠶᠢ ᠲᠤᠳᠤᠷᠬᠠᠢ ᠲᠣᠭᠲᠠᠭᠠᠵᠤ᠂ ᠨᠢᠭᠡᠳᠦᠮᠡᠯ ᠹᠷᠤᠨᠲ ᠤᠨ ᠠᠵᠢᠯ ᠢ ᠬᠠᠷᠢᠭᠤᠴᠠᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠤᠨ ᠡᠭᠦᠷᠭᠡ ᠬᠦᠨᠳᠦ ᠪᠠᠶᠢᠭ᠎ᠠ ᠲᠤᠮᠤ ᠬᠡᠯᠪᠡᠷᠢ ᠶᠢᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢ ᠨᠢᠭᠡᠳᠦᠮᠡᠯ ᠹᠷᠤᠨᠲ ᠤᠨ ᠪᠠᠶᠢᠭᠤᠯᠤᠮᠵᠢ ᠪᠠ ᠠᠵᠢᠯᠲᠠᠨ ᠢ ᠲᠣᠳᠣᠷᠬᠠᠢ ᠲᠣᠭᠲᠠᠭᠠᠵᠤ ᠨᠢᠭᠡᠳᠦᠮᠡᠯ ᠹᠷᠣᠨᠲ ᠤᠨ ᠠᠵᠢᠯ ᠢ ᠬᠠᠷᠢᠭᠤᠴᠠᠭᠤᠯᠤᠨ᠎ᠠ᠃ ᠨᠢᠭᠡᠳᠦᠮᠡᠯ ᠹᠷᠣᠨᠲ ᠤᠨ ᠠᠵᠢᠯ ᠤᠨ ᠡᠭᠦᠷᠭᠡ ᠬᠦᠨᠳᠦ ᠪᠠᠶᠢᠭ᠎ᠠ ᠪᠤᠰᠤᠳ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠨᠢ ᠨᠢᠭᠡᠳᠦᠮᠡᠯ ᠹᠷᠤᠨᠲ ᠤᠨ ᠬᠤᠯᠪᠣᠭᠳᠠᠯ ᠪᠦᠬᠦᠢ ᠪᠠᠶᠢᠭᠤᠯᠤᠮᠵᠢ ᠶᠢ ᠲᠤᠳᠤᠷᠬᠠᠢ ᠲᠤᠬᠳᠠᠭᠠᠵᠤ ᠨᠢᠭᠡᠳᠦᠮᠡᠯ ᠹᠷᠣᠨᠲ ᠤᠨ ᠠᠵᠢᠯ ᠢ ᠬᠠᠷᠢᠭᠤᠴᠠᠭᠤᠯᠤᠨ᠎ᠠ᠃     ᠠᠷᠪᠠᠨ ᠨᠢᠭᠡᠳᠦᠭᠡᠷ ᠵᠦᠢᠯ ᠮᠤᠵᠢ᠂ ᠬᠤᠳᠠ ᠬᠤᠶᠠᠷ ᠱᠠᠲᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢ ᠡᠩ ᠤᠨ ᠪᠠᠶᠢᠳᠠᠯ ᠳᠤ ᠠᠳᠠᠯᠢ ᠱᠠᠲᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠡᠭᠦᠷᠭᠡᠯᠡᠨ᠎ᠡ᠂ ᠰᠢᠶᠠᠨ ᠤ ᠱᠠᠲᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢ ᠠᠳᠠᠯᠢ ᠱᠠᠲᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠡᠭᠦᠷᠭᠡᠯᠡᠬᠦ ᠪᠤᠶᠤ ᠬᠠᠪᠰᠤᠷᠭᠠᠨ ᠡᠭᠦᠷᠭᠡᠯᠡᠨ᠎ᠡ᠂ ᠡᠳᠦᠷ ᠲᠤᠳᠤᠮ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠡᠯᠲᠡᠰ ᠤᠨ ᠳᠡᠳ᠋ ᠳᠠᠷᠤᠭ᠎ᠠ ᠶᠢᠨ ᠲᠤᠰᠢᠶᠠᠯ ᠳᠤ ᠠᠳᠠᠯᠢ ᠱᠠᠲᠤᠨ ᠤ ᠨᠠᠮ ᠤᠨ ᠬᠤᠷᠢᠶᠠᠨ ᠤ ᠰᠠᠯᠠᠭ᠎ᠠ ᠮᠥᠴᠢᠷ ᠤᠨ ᠵᠢᠩᠬᠢᠨᠢ ᠲᠤᠰᠢᠶᠠᠯ ᠲᠠᠢ ᠤᠳᠤᠷᠢᠳᠬᠤ ᠺᠠᠳ᠋ᠷ ᠢ ᠲᠤᠬᠢᠷᠠᠭᠤᠯᠤᠨ᠎ᠠ᠃ ᠦᠨᠳᠦᠰᠦᠲᠡᠨ᠂ ᠱᠠᠰᠢᠨ ᠰᠤᠷᠲᠠᠬᠤᠨ ᠤ ᠠᠵᠢᠯ ᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤ ᠨᠦᠭᠦᠴᠡᠯ ᠨᠢ ᠪᠦᠷᠢᠯᠳᠦᠭᠰᠡᠨ ᠪᠠᠶᠢᠪᠠᠯ ᠠᠳᠠᠯᠢ ᠱᠠᠳᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠬᠡᠯᠲᠡᠰ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠯᠤᠨ᠎ᠠ᠃ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠶᠢᠨ ᠲᠤᠰᠢᠶᠠᠯ ᠢ ᠠᠳᠠᠯᠢ ᠱᠠᠲᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠡᠭᠦᠷᠭᠡᠯᠡᠨ᠎ᠡ᠃ ᠶᠡᠭᠡ ᠲᠡᠭᠡᠲᠦ ᠰᠤᠷᠭᠠᠭᠤᠯᠢ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠡᠰᠡᠭᠦᠯ᠎ᠡ ᠪᠠᠶᠢᠩᠭᠤ ᠶᠢᠨ ᠬᠤᠷᠢᠶ᠎ᠠ ᠪᠠᠶᠢᠭᠤᠯᠤᠬᠰᠠᠨ ᠤᠢᠭᠡᠢ ᠨᠠᠮ ᠤᠨ ᠬᠤᠷᠢᠶ᠎ᠠ ᠨᠢ ᠨᠠᠮ ᠤᠨ ᠬᠤᠷᠢᠶᠠᠨ ᠤ ᠭᠡᠰᠢᠭᠦᠨ ᠢᠶᠠᠷ ᠲᠤᠰᠢᠶᠠᠯ ᠢ ᠡᠭᠦᠷᠭᠡᠯᠡᠭᠦᠯᠦᠨ᠎ᠡ᠃     ᠭᠤᠷᠪᠠᠳᠤᠭᠠᠷ ᠪᠦᠯᠦᠭ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠦᠰ ᠤᠨ ᠠᠵᠢᠯ     ᠠᠷᠪᠠᠨ ᠬᠤᠶᠠᠳᠤᠭᠠᠷ ᠵᠦᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ ᠵᠥᠪᠯᠡᠯᠭᠡ ᠬᠢᠬᠦ ᠪᠠᠶᠢᠭᠤᠯᠤᠯ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠬᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠮᠥᠨ᠂ ᠮᠦᠨ ᠴᠦ ᠮᠠᠨ ᠤ ᠤᠯᠤᠰ ᠤᠨ ᠤᠯᠤᠰ ᠲᠦᠷᠦ ᠶᠢᠨ ᠨᠢᠭᠡᠨ ᠦᠨᠳᠦᠰᠦᠨ ᠪᠠᠶᠢᠭᠤᠯᠤᠯ ᠮᠥᠨ᠃ ᠲᠡᠷᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠯ᠎ᠡ ᠠᠷᠠᠳᠴᠢᠯᠠᠭᠰᠠᠨ ᠨᠠᠮ ᠪᠦᠯᠦᠭ ᠲᠠᠢ ᠤᠷᠳᠤ ᠬᠤᠭᠤᠴᠠᠭ᠎ᠠ ᠪᠠᠷ ᠵᠡᠷᠭᠡᠴᠡᠨ ᠣᠷᠣᠰᠢᠬᠤ᠂ ᠬᠠᠷᠢᠯᠴᠠᠨ ᠬᠢᠨᠠᠯᠲᠠ ᠲᠠᠯᠪᠢᠬᠤ᠂ ᠦᠨᠡᠨ ᠰᠡᠳᠬᠢᠯ ᠠᠴᠠ ᠪᠠᠨ ᠨᠥᠬᠦᠷᠯᠡᠬᠦ᠂ ᠵᠣᠪᠠᠯ ᠵᠢᠷᠭᠠᠯ ᠢᠶᠠᠨ ᠬᠠᠮᠲᠤᠳᠬᠠᠬᠤ ᠦᠨᠳᠦᠰᠦᠨ ᠴᠢᠭᠯᠡᠯᠲᠡ ᠶᠢ ᠬᠡᠷᠡᠭᠵᠢᠭᠦᠯᠦᠨ᠎ᠡ᠃ ᠠᠷᠠᠳᠴᠢᠯᠠᠭᠰᠠᠨ ᠨᠠᠮ ᠪᠦᠯᠦᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠯᠢᠶᠡᠭᠰᠡᠨ᠂ ᠳᠤᠮᠳᠠᠳᠤ ᠤᠯᠤᠰ ᠤᠨ ᠡᠪ ᠬᠠᠮᠲᠤ ᠨᠠᠮ ᠲᠠᠢ ᠬᠦᠴᠦ ᠪᠠᠨ ᠬᠠᠮᠲᠤᠳᠬᠠᠨ ᠬᠠᠮᠲᠤᠷᠠᠨ ᠠᠵᠢᠯᠯᠠᠭᠰᠠᠨ ᠳᠣᠲᠣᠨᠣ ᠨᠥᠬᠦᠷᠰᠡᠭ ᠨᠠᠮ ᠮᠥᠨ᠂ ᠲᠡᠷᠡᠴᠢᠡᠯᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠶᠢᠨ ᠵᠥᠪᠯᠡᠭᠴᠢ᠂ ᠰᠠᠶᠢᠨ ᠬᠠᠪᠰᠤᠷᠤᠭᠴᠢ᠂ ᠰᠠᠶᠢᠨ ᠬᠠᠮᠲᠤ ᠠᠵᠢᠯᠯᠠᠭᠴᠢ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠦᠷᠦ ᠶᠢᠨ ᠶᠠᠪᠤᠳᠠᠯ ᠳᠤ ᠣᠷᠤᠯᠴᠠᠭᠴᠢ ᠨᠠᠮ ᠮᠥᠨ᠃ ᠨᠠᠮ ᠪᠦᠯᠦᠭ ᠤᠨ ᠪᠤᠰᠤ ᠬᠥᠮᠦᠰ ᠭᠡᠳᠡᠭ ᠨᠢ ᠶᠠᠮᠠᠷᠪᠠ ᠲᠦᠷᠦ ᠶᠢᠨ ᠨᠠᠮ ᠳᠤ ᠣᠷᠣᠯᠴᠠᠭᠰᠠᠨ ᠦᠭᠡᠢ᠂ ᠭᠡᠳᠡᠯ᠎ᠡ ᠲᠦᠷᠦ ᠶᠢᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠬᠦᠰᠡᠯ ᠡᠷᠡᠮᠡᠯᠵᠡᠯ ᠪᠠ ᠴᠢᠳᠠᠪᠤᠷᠢ ᠲᠠᠢ᠂ ᠨᠡᠶᠢᠭᠡᠮ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠ ᠵᠣᠬᠢᠬᠤ ᠨᠥᠯᠥᠭᠡ ᠲᠠᠢ ᠬᠥᠮᠦᠰ ᠢ ᠵᠢᠭᠠᠵᠤ ᠪᠠᠶᠢᠨ᠎ᠠ᠂ ᠲᠡᠭᠦᠨ ᠤ ᠭᠤᠣᠯ ᠴᠣᠭᠴᠠ ᠪᠣᠯ ᠰᠡᠬᠡᠬᠡᠳᠡᠳ ᠪᠣᠯᠤᠨ᠎ᠠ᠃ ᠠᠷᠠᠳᠴᠢᠯᠠᠭᠰᠠᠨ ᠨᠠᠮ ᠪᠦᠯᠦᠭ ᠤᠨ ᠦᠨᠳᠦᠰᠦᠨ ᠡᠭᠦᠷᠭᠡ ᠲᠤᠰᠢᠶᠠᠯ ᠪᠣᠯ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠤᠰ ᠲᠦᠷᠦ ᠶᠢᠨ ᠵᠥᠪᠯᠡᠯᠭᠡ ᠳᠤ ᠣᠷᠤᠯᠴᠠᠨ᠎ᠠ᠃ ᠨᠠᠮ ᠪᠦᠯᠦᠭ ᠤᠨ ᠪᠤᠰᠤ ᠬᠥᠮᠦᠰ ᠨᠢ ᠠᠷᠠᠳᠴᠢᠯᠠᠭᠰᠠᠨ ᠨᠠᠮ ᠪᠦᠯᠦᠭ ᠤᠨ ᠡᠭᠦᠷᠭᠡ ᠬᠠᠷᠢᠭᠤᠴᠠᠯᠭ᠎ᠠ ᠪᠠᠷ ᠯᠠᠪᠯᠠᠯᠳᠠ ᠪᠤᠯᠭᠠᠨ ᠡᠭᠦᠷᠭᠡ ᠲᠤᠰᠢᠶᠠᠯ ᠢᠶᠠᠨ ᠭᠦᠢᠴᠡᠳᠭᠡᠨ᠎ᠡ᠃     ᠠᠷᠪᠠᠨ ᠭᠤᠷᠪᠠᠳᠤᠭᠠᠷ ᠵᠦᠢᠯ ᠲᠦᠷᠦ ᠶᠢᠨ ᠨᠠᠮ ᠤᠨ ᠵᠥᠪᠯᠡᠯᠭᠡ ᠬᠢᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠠᠳᠴᠢᠯᠠᠭᠰᠠᠨ ᠨᠠᠮ ᠪᠦᠯᠦᠭ ᠯᠦᠭᠡ ᠶᠢᠨ ᠤᠯᠤᠰ ᠲᠦᠷᠦ ᠶᠢᠨ ᠵᠥᠪᠯᠡᠯᠭᠡ ᠬᠢᠬᠦ ᠶᠠᠪᠤᠳᠠᠯ ᠪᠣᠯᠣᠨ᠎ᠠ᠃ ᠨᠠᠮ ᠪᠦᠯᠦᠭ ᠤᠨ ᠪᠤᠰᠤ ᠬᠥᠮᠦᠰ ᠪᠣᠯ ᠤᠯᠤᠰ ᠲᠦᠷᠦ ᠶᠢᠨ ᠵᠥᠪᠯᠡᠯᠭᠡ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠲᠡᠲᠡ ᠲᠦᠷᠦ ᠶᠢᠨ ᠨᠠᠮ ᠤᠨ ᠵᠥᠪᠯᠡᠯᠭᠡ ᠳᠤ ᠣᠷᠤᠯᠴᠠᠨ᠎ᠠ᠃ ᠲᠦᠷᠦ ᠶᠢᠨ ᠨᠠᠮ ᠤᠨ ᠵᠦᠪᠯᠡᠯᠭᠡ ᠳᠤ ᠭᠤᠣᠯᠳᠠᠭᠤ ᠳᠣᠣᠷᠠᠬᠢ ᠠᠭᠤᠯᠭ᠎ᠠ ᠪᠠᠭᠲᠠᠨ᠎ᠠ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠤᠯᠤᠰ ᠤᠨ ᠪᠠ ᠣᠷᠣᠨ ᠨᠤᠲᠤᠭ ᠤᠨ ᠡᠯ᠎ᠡ ᠱᠠᠲᠤᠨ ᠤ ᠲᠥᠯᠥᠭᠡᠯᠡᠭᠴᠢᠳ ᠤᠨ ᠶᠡᠭᠡ ᠬᠤᠷᠠᠯ᠂ ᠨᠠᠮ ᠤᠨ ᠲᠥᠪ ᠬᠤᠷᠢᠶ᠎ᠠ ᠪᠠ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠴᠢᠬᠤᠯᠠ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠲᠡᠭᠦᠨ ᠳᠤ ᠵᠠᠰᠠᠪᠤᠷᠢ ᠤᠷᠤᠭᠤᠯᠬᠤ︔ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠰᠠᠨᠠᠭᠤᠯᠭ᠎ᠠ᠂ ᠬᠤᠯᠪᠣᠭᠳᠠᠯ ᠪᠦᠬᠦᠢ ᠴᠢᠬᠤᠯᠠ ᠬᠠᠤᠯᠢ ᠴᠠᠭᠠᠵᠠ ᠶᠢ ᠲᠣᠭᠲᠠᠭᠠᠬᠤ ᠪᠠ ᠲᠡᠭᠦᠨ ᠳᠤ ᠵᠠᠰᠠᠪᠤᠷᠢ ᠣᠷᠣᠭᠤᠯᠬᠤ ᠰᠠᠨᠠᠭᠤᠯᠭ᠎ᠠ᠂ ᠣᠷᠣᠨ ᠨᠤᠲᠤᠭ ᠤᠨ ᠴᠢᠨᠠᠷᠲᠠᠢ ᠬᠤᠯᠪᠣᠭᠳᠠᠯ ᠪᠦᠬᠦᠢ ᠴᠢᠬᠤᠯᠠ ᠬᠠᠤᠯᠢ ᠲᠣᠭᠲᠠᠭᠠᠯ ᠢ ᠲᠣᠭᠲᠠᠭᠠᠬᠤ ᠪᠠ ᠲᠡᠭᠦᠨ ᠳᠤ ᠵᠠᠰᠠᠪᠤᠷᠢ ᠣᠷᠣᠭᠤᠯᠬᠤ ᠰᠠᠨᠠᠭᠤᠯᠭ᠎ᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ ᠪᠠ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠰᠢᠭᠦᠬᠦ ᠬᠤᠷᠢᠶᠠᠨ ᠤ ᠳᠠᠷᠤᠭ᠎ᠠ᠂ ᠪᠠᠶᠢᠴᠠᠭᠠᠬᠤ ᠬᠤᠷᠢᠶᠠᠨ ᠤ ᠳᠠᠷᠤᠭ᠎ᠠ ᠪᠠᠷ ᠵᠢᠱᠢᠭᠳᠡᠭᠰᠡᠳ ᠲᠤ ᠰᠠᠨᠠᠭᠤᠯᠭ᠎ᠠ ᠭᠠᠷᠭᠠᠬᠤ︔ ᠨᠢᠭᠡᠳᠦᠮᠡᠯ ᠹᠷᠣᠨᠲ ᠪᠠ ᠣᠯᠠᠨ ᠨᠠᠮ ᠬᠠᠮᠲᠤᠷᠠᠨ ᠠᠵᠢᠯᠯᠠᠬᠤ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠤᠳ ᠲᠤ ᠲᠤᠷᠠᠳᠤᠯᠭ᠎ᠠ ᠭᠠᠷᠭᠠᠬᠤ ᠪᠤᠯᠤᠨ᠎ᠠ᠃ ᠨᠠᠮ ᠤᠨ ᠲᠥᠪ ᠬᠤᠷᠢᠶ᠎ᠠ ᠵᠢᠴᠢ ᠣᠷᠣᠨ ᠨᠤᠲᠤᠭ ᠤᠨ ᠨᠠᠮ ᠤᠨ ᠬᠤᠷᠢᠶᠠᠨ ᠠᠴᠠ ᠲᠣᠭᠲᠠᠭᠠᠭᠰᠠᠨ ᠲᠣᠭᠲᠠᠭᠠᠯ ᠵᠢᠷᠤᠮ ᠤᠨ ᠶᠣᠰᠣᠭᠠᠷ ᠲᠦᠷᠦ ᠶᠢᠨ ᠨᠠᠮ ᠲᠠᠢ ᠵᠥᠪᠯᠡᠯᠭᠡ ᠬᠢᠨ᠎ᠡ᠃ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠦᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠯᠭᠡ᠂ ᠵᠠᠰᠠᠭ ᠤᠨ ᠣᠷᠳᠣᠨ ᠤ ᠵᠥᠪᠯᠡᠯᠭᠡ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ ᠵᠢᠴᠢ ᠪᠤᠰᠤᠳ ᠲᠠᠯ᠎ᠠ ᠶᠢᠨ ᠵᠥᠪᠯᠡᠯᠭᠡ ᠳᠤ ᠣᠷᠣᠯᠴᠠᠬᠤ ᠶᠢ ᠲᠡᠮᠵᠢᠨ᠎ᠡ᠃     ᠠᠷᠪᠠᠨ ᠳᠥᠷᠪᠡᠳᠦᠭᠡᠷ ᠵᠦᠢᠯ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠦᠰ ᠤᠨ ᠲᠦᠷᠦ ᠶᠢᠨ ᠶᠠᠪᠤᠳᠠᠯ ᠳᠤ ᠣᠷᠣᠯᠴᠠᠬᠤ ᠶᠢ ᠳᠡᠮᠵᠢᠬᠦ ᠭᠤᠤᠯ ᠠᠭᠤᠯᠭ᠎ᠠ ᠪᠣᠯ᠄ ᠲᠦᠷᠦ ᠶᠢᠨ ᠵᠠᠰᠠᠭ ᠤᠨ ᠡᠷᠭᠡ ᠳᠤ ᠣᠷᠣᠯᠴᠠᠵᠤ᠂ ᠴᠢᠬᠤᠯᠠ ᠴᠢᠭᠯᠡᠯᠲᠡ ᠲᠦᠷᠦ ᠶᠢᠨ ᠪᠤᠳᠤᠯᠭ᠎ᠠ᠂ ᠴᠢᠬᠤᠯᠠ ᠤᠳᠤᠷᠢᠳᠬᠤ ᠬᠥᠮᠦᠰ ᠤᠨ ᠵᠢᠱᠢᠭᠳᠡᠭᠴᠢ ᠶᠢ ᠵᠦᠪᠯᠡᠭᠦ ᠪᠠ ᠲᠦᠷᠦ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠳᠤ ᠣᠷᠤᠯᠴᠠᠨ᠂ ᠤᠯᠤᠰ ᠤᠨ ᠴᠢᠭᠯᠡᠯᠲᠡ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠣᠭᠲᠠᠭᠠᠬᠤ ᠪᠠ ᠬᠡᠷᠡᠭᠵᠢᠭᠦᠯᠬᠦ ᠳᠤ ᠣᠷᠣᠯᠴᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠳᠤᠷᠢᠳᠬᠤ ᠨᠥᠬᠦᠳ ᠤᠨ ᠤᠯᠤᠰ ᠤᠨ ᠳᠣᠲᠣᠭᠠᠳᠤ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠪᠠ ᠴᠢᠬᠤᠯᠠ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢᠨ ᠨᠢᠭᠡᠳᠦᠯᠲᠡᠢ ᠲᠤᠬᠢᠷᠠᠭᠤᠯᠤᠯᠳᠠ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶᠠᠨ ᠤ ᠬᠠᠷᠢᠭᠤᠴᠠᠯᠭᠠᠲᠠᠨ᠂ ᠨᠠᠮ ᠪᠦᠯᠦᠭ ᠤᠨ ᠪᠤᠰᠤ ᠬᠥᠮᠦᠰ ᠢ ᠤᠷᠢᠨ ᠣᠷᠣᠯᠴᠠᠭᠤᠯᠵᠤ ᠪᠣᠯᠤᠨ᠎ᠠ᠃     ᠠᠷᠪᠠᠨ ᠲᠠᠪᠤᠳᠤᠭᠠᠷ ᠵᠦᠢᠯ ᠳᠤᠮᠳᠠᠳᠤ ᠤᠯᠤᠰ ᠤᠨ ᠡᠪ ᠬᠠᠮᠲᠤ ᠨᠠᠮ ᠪᠠ ᠡᠯ᠎ᠡ ᠠᠷᠠᠳᠴᠢᠯᠠᠭᠰᠠᠨ ᠨᠠᠮ ᠪᠦᠯᠦᠭ ᠨᠢ ᠬᠤᠭᠤᠷᠤᠨᠳᠦ ᠪᠠᠨ ᠬᠠᠷᠢᠯᠴᠠᠨ ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠨᠢ ᠤᠳᠤᠷᠢᠳᠬᠤ ᠪᠠ ᠲᠦᠷᠦ ᠪᠠᠷᠢᠬᠤ ᠪᠠᠶᠢᠷᠢᠨ ᠳᠤ ᠪᠠᠶᠢᠵᠤ᠂ ᠤᠬᠠᠮᠰᠠᠷ ᠠᠴᠠ ᠪᠠᠨ ᠠᠷᠠᠳᠴᠢᠯᠠᠭᠰᠠᠨ ᠨᠠᠮ ᠪᠦᠯᠦᠭ ᠤᠨ ᠬᠢᠨᠠᠯᠲᠠ ᠶᠢ ᠬᠦᠯᠢᠶᠡᠨ᠎ᠡ᠃ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠦᠰ ᠤᠨ ᠳᠦᠷᠪᠡᠨ ᠦᠨᠳᠦᠰᠦᠨ ᠵᠠᠷᠴᠢᠮ ᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ᠤᠯᠤᠰ ᠲᠦᠷᠦ ᠶᠢᠨ ᠵᠥᠪᠯᠡᠯᠭᠡ ᠬᠢᠬᠦ᠂ ᠪᠠᠶᠢᠴᠠᠭᠠᠨ ᠰᠤᠳᠤᠯᠵᠤ ᠰᠢᠨᠵᠢᠯᠡᠨ ᠪᠠᠶᠢᠴᠠᠭᠠᠬᠤ᠂ ᠨᠠᠮ ᠪᠠ ᠤᠯᠤᠰ ᠤᠨ ᠬᠤᠯᠪᠣᠭᠳᠠᠯ ᠪᠦᠬᠦᠢ ᠴᠢᠬᠤᠯᠠ ᠶᠡᠭᠡ ᠴᠢᠭᠯᠡᠯᠲᠡ ᠲᠦᠷᠦ ᠶᠢᠨ ᠪᠤᠳᠤᠯᠭ᠎ᠠ᠂ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠦᠢᠴᠡᠳᠭᠡᠭᠰᠡᠨ ᠪᠠ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠳᠤ ᠣᠷᠣᠯᠴᠠᠬᠤ᠂ ᠨᠠᠮ ᠤᠨ ᠬᠤᠷᠢᠶᠠᠨ ᠤ ᠨᠠᠶᠢᠳᠠᠯᠭ᠎ᠠ ᠪᠠᠷ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠳᠤ ᠲᠤᠰᠬᠠᠢ ᠬᠢᠨᠠᠯᠲᠠ ᠲᠠᠯᠪᠢᠬᠤ ᠵᠡᠷᠭᠡ ᠠᠵᠢᠯ ᠤᠨ ᠳᠤᠮᠳᠠ ᠰᠠᠨᠠᠯ᠂ ᠰᠢᠭᠦᠮᠵᠢᠯᠡᠯ᠂ ᠰᠠᠨᠠᠭᠤᠯᠭ᠎ᠠ ᠳᠤᠷᠠᠳᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠳᠤᠮᠳᠠᠳᠤ ᠤᠯᠤᠰ ᠤᠨ ᠡᠪ ᠬᠠᠮᠲᠤ ᠨᠠᠮ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠳᠡᠮᠵᠢᠨ᠎ᠡ᠃      ᠠᠷᠪᠠᠨ ᠵᠢᠷᠭᠤᠳᠤᠭᠠᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ᠨᠢ ᠠᠷᠠᠳᠴᠢᠯᠠᠭᠰᠠᠨ ᠨᠠᠮ ᠪᠦᠯᠦᠭ ᠤᠨ ᠬᠢᠨ ᠤ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠴᠣᠬᠴᠠᠯᠠᠯᠲᠠ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ᠂ ᠣᠪᠣᠷ ᠰᠤᠷᠲᠠᠯ ᠤᠨ ᠪᠠᠶᠢᠭᠤᠯᠤᠯᠳᠠ᠂ ᠳᠦᠷᠢᠮ ᠲᠤᠭᠳᠠᠭᠠᠯ ᠤᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠵᠦ᠂ ᠨᠠᠮ ᠪᠦᠯᠦᠭ ᠤᠨ ᠪᠤᠰᠤ ᠬᠥᠮᠦᠰ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠵᠡᠷᠭᠡ ᠶᠢ ᠳᠡᠮᠵᠢᠬᠦ ᠬᠡᠷᠡᠭᠲᠡᠢ ᠃ ᠠᠷᠠᠳᠴᠢᠯᠠᠭᠰᠠᠨ ᠨᠠᠮ ᠪᠦᠯᠦᠭ ᠢ ᠬᠠᠪᠰᠤᠷᠴᠤ ᠪᠠᠶᠢᠭᠤᠯᠤᠮᠵᠢ᠂ ᠣᠷᠣᠨ ᠲᠤᠭ᠎ᠠ᠂ ᠵᠠᠷᠤᠳᠠᠯ᠂ ᠠᠵᠢᠯᠯᠠᠬᠤ ᠭᠠᠵᠠᠷ᠂ ᠺᠠᠳ᠋ᠷ ᠰᠣᠯᠢᠯᠴᠠᠬᠤ ᠪᠠ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠵᠡᠷᠭᠡ ᠲᠠᠯ᠎ᠠ ᠶᠢᠨ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ᠃ ᠨᠠᠮ ᠪᠦᠯᠦᠭ ᠤᠨ ᠪᠤᠰᠤ ᠬᠥᠮᠦᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠴᠢᠬᠤᠯᠠ ᠪᠦᠬᠦᠢ ᠪᠠᠲᠤᠯᠠᠭ᠎ᠠ ᠬᠠᠩᠭᠠᠨ᠎ᠠ᠃     ᠳᠥᠷᠪᠡᠳᠦᠭᠡᠷ ᠪᠦᠯᠦᠭ ᠨᠠᠮ ᠤᠨ ᠭᠠᠳᠠᠨᠠᠬᠢ ᠰᠡᠬᠡᠭᠡᠲᠡᠨ ᠤ ᠠᠵᠢᠯ    ᠠᠷᠪᠠᠨ ᠳᠣᠯᠣᠳᠤᠭᠠᠷ ᠵᠦᠢᠯ ᠲᠦᠷᠦ ᠶᠢᠨ ᠪᠠᠶᠢᠭᠤᠯᠭ᠎ᠠ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠠᠮ ᠤᠨ ᠭᠠᠳᠠᠨᠠᠬᠢ ᠰᠡᠬᠡᠭᠡᠲᠡᠨ ᠤ ᠠᠵᠢᠯ ᠤᠨ ᠭᠤᠣᠯᠳᠠᠯᠭ᠎ᠠ ᠲᠠᠢ ᠡᠲᠡᠭᠡᠳ ᠪᠣᠯ ᠄ ᠵᠤᠬᠢᠬᠤ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠨᠠᠮ ᠤᠨ ᠭᠠᠳᠠᠨᠠᠬᠢ ᠰᠡᠬᠡᠭᠡᠲᠡᠨ᠂ ᠡᠷᠳᠡᠮ ᠰᠢᠨᠵᠢᠯᠡᠭᠡᠨ ᠤ ᠲᠠᠭᠠᠭᠤᠯᠤᠬᠴᠢ ᠪᠤᠶᠤ ᠲᠤᠬᠠᠶᠢᠯᠠᠭᠰᠠᠨ ᠠᠵᠢᠯ ᠤᠨ ᠴᠢᠬᠤᠯᠠ ᠭᠤᠣᠯᠯᠠᠭᠴᠢ ᠬᠦᠴᠦᠨ ᠤ ᠳᠣᠲᠣᠷᠠᠬᠢ ᠨᠠᠮ ᠤᠨ ᠭᠠᠳᠠᠨᠠᠬᠢ ᠰᠡᠬᠡᠭᠡᠲᠡᠨ᠂ ᠲᠦᠷᠦ ᠶᠢᠨ ᠪᠠᠶᠢᠭᠤᠯᠭ᠎ᠠ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠤᠯᠤᠰ ᠤᠨ ᠦᠮᠴᠢᠯᠡᠯᠲᠦ ᠲᠤᠮᠤ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠳᠤᠮᠳᠠ ᠲᠡᠰ ᠠᠴᠠ ᠳᠡᠭᠡᠭᠰᠢᠬᠢ ᠤᠳᠤᠷᠢᠳᠬᠤ ᠲᠤᠰᠢᠶᠠᠯ ᠲᠠᠢ ᠨᠠᠮ ᠤᠨ ᠭᠠᠳᠠᠨᠠᠬᠢ ᠰᠡᠬᠡᠭᠡᠲᠡᠨ᠂ ᠠᠮᠵᠢᠯᠲᠠ ᠲᠠᠢ᠂ ᠨᠥᠯᠥᠭᠡ ᠲᠠᠢ ᠨᠠᠮ ᠤᠨ ᠭᠠᠳᠠᠨᠠᠬᠢ ᠪᠤᠰᠤᠳ ᠰᠡᠬᠡᠭᠡᠲᠡᠨ ᠪᠣᠯᠣᠨ᠎ᠠ᠃ ᠲᠦᠷᠦ ᠶᠢᠨ ᠪᠠᠶᠢᠭᠤᠯᠭ᠎ᠠ ᠪᠠ ᠤᠯᠤᠰ ᠤᠨ ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠨᠢ ᠲᠤᠰ ᠬᠦᠷᠢᠶ᠎ᠡ ᠴᠠᠷᠠᠭ᠎ᠠ ᠲᠤᠰ ᠨᠢᠭᠡᠴᠢ ᠶᠢᠨ ᠢᠶᠠᠨ ᠨᠠᠮ ᠤᠨ ᠭᠠᠳᠠᠨᠠᠬᠢ ᠰᠡᠬᠡᠭᠡᠲᠡᠨ ᠤ ᠠᠵᠢᠯ ᠢ ᠬᠠᠷᠢᠭᠤᠴᠠᠵᠤ᠂ ᠦᠵᠡᠯ ᠰᠠᠨᠠᠭᠠᠨ ᠤ ᠵᠢᠯᠤᠭᠤᠳᠤᠯᠭ᠎ᠠ ᠪᠠᠨ ᠴᠢᠩᠭᠠᠳᠬᠠᠨ᠂ ᠦᠢᠯᠡᠳᠦᠯ ᠢᠶᠠᠨ ᠪᠠᠳᠠᠷᠠᠭᠤᠯᠬᠤ ᠶᠢ ᠲᠡᠮᠵᠢᠵᠤ᠂ ᠨᠠᠮ ᠤᠨ ᠭᠠᠳᠠᠨᠠᠬᠢ ᠰᠡᠬᠡᠬᠡᠳᠡᠳ ᠢ ᠵᠣᠬᠢᠶᠠᠨ ᠪᠠᠶᠢᠭᠤᠯᠵᠤ ᠨᠢᠭᠡᠳᠦᠮᠡᠯ ᠹᠷᠣᠨᠲ ᠤᠨ ᠠᠵᠢᠯ ᠪᠠ ᠠᠵᠢᠯᠯᠠᠭ᠎ᠠ ᠳᠤ ᠣᠷᠣᠯᠴᠠᠭᠤᠯᠤᠨ᠎ᠠ᠃     ᠠᠷᠪᠠᠨ ᠨᠠᠢᠮᠠᠳᠤᠭᠠᠷ ᠵᠦᠢᠯ ᠥᠷᠭᠡᠨ ᠢᠶᠠᠷ ᠪᠦᠯᠬᠦᠮᠳᠡᠬᠦ᠂ ᠬᠠᠯᠠᠭᠤᠮᠰᠤᠭ ᠢᠶᠠᠷ ᠦᠢᠯᠡᠴᠢᠯᠡᠬᠦ᠂ ᠢᠳᠡᠪᠬᠢᠲᠡᠶ ᠬᠥᠲᠥᠯᠥᠨ ᠵᠢᠯᠣᠭᠤᠳᠬᠤ᠂ ᠦᠢᠯᠡᠳᠦᠯ ᠢᠶᠠᠨ ᠪᠠᠳᠠᠷᠠᠭᠤᠯᠬᠤ ᠴᠢᠭᠯᠡᠯᠲᠡ ᠶᠢ ᠪᠠᠷᠢᠮᠲᠠᠯᠠᠵᠤ᠂ ᠭᠠᠳᠠᠭᠠᠳᠤ ᠳᠤ ᠭᠠᠷᠤᠬᠰᠠᠨ ᠪᠠ ᠭᠠᠳᠠᠭᠠᠳᠤ ᠳᠤ ᠰᠤᠷᠤᠯᠴᠠᠭᠠᠳ ᠤᠯᠤᠰ ᠲᠤ ᠪᠠᠨ ᠪᠤᠴᠠᠵᠤ ᠢᠷᠡᠭᠰᠡᠳ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠨ᠎ᠡ᠃ ᠧᠦ᠋ᠷᠣᠫᠠ ᠠᠮᠧᠷᠢᠺᠠ ᠶᠢᠨ ᠬᠠᠮᠲᠤ ᠰᠤᠷᠤᠯᠭᠠᠲᠠᠨ ᠤ ᠡᠪᠯᠡᠯ ︵ᠳᠤᠮᠳᠠᠳᠤ ᠤᠯᠤᠰ ᠤᠨ ᠭᠠᠳᠠᠭᠠᠳᠤ ᠳᠤ ᠰᠤᠷᠤᠯᠴᠠᠭᠰᠠᠳ ᠤᠨ ᠨᠥᠬᠦᠷᠯᠡᠯ ᠤᠨ ᠬᠤᠷᠠᠯ︶ ᠪᠣᠯ ᠨᠠᠮ ᠤᠨ ᠭᠠᠳᠠᠭᠠᠳᠤ ᠳᠤ ᠰᠤᠷᠤᠯᠴᠠᠭᠰᠠᠳ ᠲᠠᠢ ᠬᠠᠷᠢᠯᠴᠠᠬᠤ ᠬᠥᠭᠦᠷᠭᠡ ᠬᠤᠯᠪᠣᠭᠠᠰᠤ᠂ ᠭᠠᠳᠠᠭᠠᠳᠤ ᠳᠤ ᠰᠤᠷᠤᠯᠴᠠᠭᠰᠠᠳ ᠤᠨ ᠠᠵᠢᠯ ᠢ ᠰᠠᠶᠢᠲᠤᠷ ᠬᠢᠳᠡᠭ ᠬᠠᠪᠰᠤᠷᠤᠭᠴᠢ ᠪᠠ ᠭᠠᠳᠠᠭᠠᠳᠤ ᠳᠤ ᠰᠤᠷᠤᠯᠴᠠᠭᠰᠠᠳ ᠤᠨ ᠬᠡᠷ ᠪᠦᠯᠢ ᠮᠥᠨ᠃ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶᠂ ᠳᠡᠳ᠋ ᠮᠤᠵᠢ ᠶᠢᠨ ᠳᠡᠰ ᠤᠨ ᠬᠤᠳᠠ ᠪᠠ ᠮᠤᠵᠢ ᠶᠢᠨ ᠲᠥᠪ ᠬᠤᠳᠠ ᠳᠤ ᠭᠠᠳᠠᠭᠠᠳᠤ ᠳᠤ ᠰᠤᠷᠤᠯᠴᠠᠭᠰᠠᠳ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠬᠡᠷᠡᠭᠲᠡᠢ᠃ ᠭᠠᠳᠠᠭᠠᠳᠤ ᠳᠤ ᠰᠤᠷᠤᠯᠴᠠᠭᠰᠠᠳ ᠨᠡᠯᠢᠶᠡᠳ ᠲᠥᠪᠯᠡᠷᠡᠭᠰᠡᠨ ᠪᠤᠰᠤᠳ ᠬᠤᠳᠠ ᠪᠠ ᠶᠡᠭᠡ ᠳᠡᠭᠡᠲᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠵᠡᠷᠭᠡ ᠨᠢᠭᠡᠴᠢ ᠨᠦᠭᠦᠳ ᠨᠢ ᠭᠠᠳᠠᠭᠠᠳᠤ ᠳᠤ ᠰᠤᠷᠤᠯᠴᠠᠭᠰᠠᠳ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ ᠪᠣᠯᠤᠨ᠎ᠠ᠃      ᠠᠷᠪᠠ ᠶᠢᠰᠦᠳᠦᠭᠡᠷ ᠵᠦᠢᠯ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶᠂ ᠳᠡᠳ᠋ ᠮᠤᠵᠢ ᠶᠢᠨ ᠳᠡᠰ ᠤᠨ ᠬᠤᠲᠠ ᠪᠠ ᠮᠤᠵᠢ ᠶᠢᠨ ᠲᠥᠪ ᠬᠤᠲᠠ ᠳᠤ ᠨᠠᠮ ᠤᠨ ᠭᠠᠳᠠᠨᠠᠬᠢ ᠰᠡᠬᠡᠭᠡᠲᠡᠨ ᠤ ᠨᠥᠬᠦᠷᠯᠡᠯ ᠤᠨ ᠬᠤᠷᠠᠯ ᠢ ᠪᠠᠶᠢᠭᠤᠯᠵᠤ ᠪᠣᠯᠬᠤ ᠪᠦᠭᠡᠳ ᠨᠠᠮ ᠤᠨ ᠭᠠᠳᠠᠨᠠᠬᠢ ᠰᠡᠬᠡᠭᠡᠲᠡᠨ ᠤ ᠦᠵᠡᠯ ᠰᠠᠨᠠᠭ᠎ᠠ ᠤᠯᠤᠰ ᠲᠦᠷᠦ ᠶᠢᠨ ᠲᠠᠯ᠎ᠠ ᠪᠠᠷ ᠬᠦᠲᠦᠯᠦᠨ ᠳᠠᠭᠠᠭᠤᠯᠬᠤ ᠠᠵᠢᠯ ᠢ ᠰᠠᠶᠢᠲᠤᠷ ᠬᠢᠨ᠎ᠡ᠃ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠨᠠᠮ ᠤᠨ ᠭᠠᠳᠠᠨᠠᠬᠢ ᠰᠡᠬᠡᠭᠡᠲᠡᠨ ᠤ ᠨᠥᠬᠦᠷᠯᠡᠯ ᠤᠨ ᠬᠤᠷᠠᠯ ᠤᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃     ᠲᠠᠪᠤᠳᠤᠭᠠᠷ ᠪᠦᠯᠦᠭ ᠦᠨᠳᠦᠰᠦᠲᠡᠨ ᠤ ᠠᠵᠢᠯ      ᠬᠤᠷᠢᠳᠤᠭᠠᠷ ᠵᠦᠢᠯ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠨ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠪᠡᠶᠡᠯᠡᠭᠦᠯᠦᠨ᠎ᠡ᠃   ᠬᠤᠷᠢᠨ ᠨᠢᠭᠡᠳᠦᠭᠡᠷ ᠵᠦᠢᠯ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢᠨ ᠲᠤᠭᠤᠷᠢᠨ ᠳᠤ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ᠃ ᠡᠯ᠎ᠡ ᠦᠨᠳᠦᠰᠦᠲᠡᠨ ᠤ ᠰᠣᠶᠣᠯ ᠢ ᠤᠯᠠᠮᠵᠢᠯᠠᠨ ᠬᠠᠮᠠᠭᠠᠯᠠᠬᠤ ᠪᠠ ᠰᠢᠨ᠎ᠡ ᠶᠢ ᠡᠭᠦᠳᠦᠨ ᠠᠭᠤᠰᠤᠯᠴᠠᠭᠤᠯᠬᠤ ᠶᠢ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠵᠦ᠂ ᠡᠯ᠎ᠡ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠨ ᠰᠤᠷᠴᠦ ᠬᠡᠷᠡᠭᠯᠡᠬᠦ ᠶᠢ ᠬᠦᠨᠳᠦᠳᠬᠡᠨ ᠳᠡᠮᠵᠢᠨ᠎ᠡ᠃ ᠦᠨᠳᠦᠰᠦᠲᠡᠨ ᠤ ᠭᠠᠵᠠᠷ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠢ ᠶᠡᠭᠡ ᠪᠠᠷ ᠬᠥᠮᠦᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠶᠡᠭᠡ ᠪᠠᠷ ᠰᠣᠩᠭᠤᠨ ᠬᠡᠷᠡᠭᠯᠡᠵᠦ᠂ ᠴᠥᠭᠡᠨ ᠲᠣᠭᠠᠲᠤ ᠦᠨᠳᠦᠰᠦᠲᠡᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠢᠳᠡᠪᠬᠢᠲᠡᠢ ᠬᠥᠮᠦᠵᠢᠭᠦᠯᠦᠨ᠎ᠡ᠃      ᠬᠤᠷᠢᠨ ᠬᠤᠶᠠᠳᠤᠭᠠᠷ ᠵᠦᠢᠯ ᠮᠠᠷᠺᠰ ᠤᠨ ᠦᠵᠡᠯ ᠤᠨ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠲᠡᠤᠬᠡ ᠶᠢᠨ ᠦᠵᠡᠯᠲᠡ ᠶᠢᠨ ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ ᠭᠦᠨ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠂ ᠨᠠᠮ ᠤᠨ ᠦᠨᠳᠦᠰᠦᠲᠡᠨ ᠤ ᠣᠨᠣᠯ᠂ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠤᠬᠠᠭᠤᠯᠭ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ ᠬᠠᠮᠲᠦ ᠶᠢᠨ ᠲᠠᠨᠢᠯᠳᠠ ᠶᠢ ᠨᠡᠮᠡᠭᠳᠡᠭᠦᠯᠦᠨ᠎ᠡ᠃ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠤᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠵᠦ᠂ ᠠᠯᠢᠪᠠ ᠬᠡᠯᠪᠡᠷᠢ ᠶᠢᠨ ᠦᠨᠳᠦᠰᠦᠲᠡᠨ ᠤ ᠭᠠᠳᠠᠭᠤᠷᠴᠢᠯᠠᠯ ᠢ ᠡᠰᠡᠷᠭᠦᠴᠡᠵᠦ᠂ ᠬᠢᠲᠠᠳ ᠤᠨ ᠳᠡᠭᠡᠷᠡᠩᠭᠦᠢ ᠦᠵᠡᠯ ᠪᠠ ᠣᠷᠣᠨ ᠨᠤᠲᠤᠭ ᠤᠨ ᠦᠨᠳᠦᠰᠦᠲᠡᠨ ᠤ ᠦᠵᠡᠯ ᠢ ᠡᠰᠡᠷᠭᠦᠴᠡᠨ᠎ᠡ᠃ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ ᠲᠣᠬᠢᠲᠠᠢ ᠰᠢᠢᠳᠪᠦᠷᠢᠯᠡᠨ᠎ᠡ᠃ ᠬᠤᠲᠠ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠨ᠎ᠡ᠃ ᠡᠯ᠎ᠡ ᠵᠦᠢᠯ ᠤᠨ ᠨᠡᠪᠴᠢᠯᠲᠡ ᠨᠤᠷᠠᠭᠠᠯᠲᠠ ᠡᠪᠳᠡᠯᠡᠭᠡ ᠬᠢᠬᠦ ᠠᠵᠢᠯᠯᠠᠭ᠎ᠠ᠂ ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ᠂ ᠦᠨᠳᠦᠰᠦᠲᠡᠨ ᠢ ᠬᠠᠭᠠᠴᠠᠭᠤᠯᠬᠤ ᠠᠵᠢᠯᠯᠠᠭ᠎ᠠ᠂ ᠱᠠᠰᠢᠨ ᠰᠤᠷᠲᠠᠬᠤᠨ ᠤ ᠬᠡᠲᠦᠷᠡᠮᠡᠬᠡᠢ ᠠᠵᠢᠯᠯᠠᠭ᠎ᠠ ᠶᠢ ᠰᠡᠷᠭᠡᠶᠢᠯᠡᠨ ᠴᠣᠬᠢᠯᠲᠠ ᠥᠭᠴᠦ᠂ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃     ᠵᠢᠷᠭᠤᠳᠤᠭᠠᠷ ᠪᠦᠯᠦᠭ ᠱᠠᠰᠢᠨ ᠰᠤᠷᠲᠠᠬᠤᠨ ᠤ ᠠᠵᠢᠯ     ᠬᠤᠷᠢᠨ ᠭᠤᠷᠪᠠᠳᠤᠭᠠᠷ ᠵᠦᠢᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠱᠠᠰᠢᠨ ᠰᠤᠷᠲᠠᠬᠤᠨ ᠤ ᠤᠨᠤᠯ ᠢ ᠪᠠᠷᠢᠮᠲᠠᠯᠠᠨ ᠬᠥᠭᠵᠢᠭᠦᠯᠵᠦ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠨ᠂ ︽ᠵᠢᠯᠣᠭᠤᠳᠬᠤ︾ ᠣᠪᠣᠷ ᠢᠶᠠᠷ ᠱᠠᠰᠢᠨ ᠰᠤᠷᠲᠠᠬᠤᠨ ᠳᠤ ᠬᠠᠨᠳᠤᠬᠤ ᠶᠢ ᠪᠠᠷᠢᠮᠲᠠᠯᠠᠵᠤ᠂ ᠬᠠᠤᠯᠢ ᠶᠣᠰᠣᠨ ᠤ ᠬᠢ ᠶᠢ ᠬᠠᠮᠠᠭᠠᠯᠠᠨ᠂ ᠬᠠᠤᠯᠢ ᠪᠤᠰᠤ ᠶᠢ ᠨᠢ ᠬᠤᠷᠢᠭᠯᠠᠨ ᠵᠣᠭᠰᠣᠭᠠᠵᠤ᠂ ᠬᠡᠲᠦᠷᠡᠮᠡᠬᠡᠢ ᠶᠢ ᠬᠤᠷᠢᠭᠯᠠᠨ ᠲᠠᠷᠤᠵᠤ᠂ ᠨᠡᠪᠴᠢᠯᠲᠡ ᠬᠢᠬᠦ ᠶᠢ ᠡᠰᠡᠷᠭᠦᠴᠡᠨ ᠬᠤᠷᠢᠭᠯᠠᠵᠤ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠱᠠᠰᠢᠨ ᠰᠤᠷᠲᠠᠬᠤᠨ ᠤ ᠢᠳᠡᠪᠬᠢᠲᠡᠢ ᠪᠥᠭᠡᠳ ᠡᠷᠡᠭᠦᠯ ᠬᠠᠷᠢᠴᠠᠭ᠎ᠠ ᠶᠢ ᠪᠠᠶᠢᠭᠤᠯᠤᠨ᠎ᠠ᠃     ᠬᠤᠷᠢᠨ ᠳᠥᠷᠪᠡᠳᠦᠭᠡᠷ ᠵᠦᠢᠯ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠨ᠎ᠠ᠄ ᠱᠠᠰᠢᠨ ᠰᠢᠲᠦᠯᠭᠡ ᠡᠷᠬᠡ ᠴᠢᠯᠥᠭᠡᠲᠡᠢ ᠪᠠᠶᠢᠬᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠪᠡᠶ᠎ᠡ ᠪᠠᠨ ᠳᠠᠭᠠᠭᠠᠨ ᠡᠵᠡᠨ ᠮᠡᠳᠡᠵᠦ ᠥᠪᠡᠰᠦᠪᠡᠨ ᠡᠷᠬᠢᠯᠡᠬᠦ ᠵᠠᠷᠴᠢᠮ ᠢ ᠪᠠᠷᠢᠮᠲᠠᠯᠠᠨ᠂ ᠱᠠᠰᠢᠨ ᠰᠤᠷᠲᠠᠬᠤᠨ ᠢ ᠢᠳᠡᠪᠬᠢᠲᠡᠢ ᠬᠦᠲᠦᠯᠦᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠯᠦᠭᠡ ᠵᠤᠬᠢᠴᠠᠭᠤᠯᠤᠨ᠎ᠠ᠃ ᠠᠷᠠᠳ ᠢᠷᠭᠡᠨ ᠤ ᠱᠠᠰᠢᠨ ᠰᠢᠲᠦᠬᠦ ᠪᠠ ᠱᠠᠰᠢᠨ ᠦᠯᠦ ᠰᠢᠲᠦᠬᠦ ᠡᠷᠬᠡ ᠴᠢᠯᠥᠭᠡ ᠶᠢ ᠬᠦᠨᠳᠦᠳᠬᠡᠨ ᠬᠠᠮᠠᠭᠠᠯᠠᠨ᠎ᠠ᠃ ᠲᠥᠷᠥ ᠱᠠᠰᠢᠨ ᠢ ᠰᠠᠯᠭᠠᠬᠤ ᠶᠢ ᠪᠠᠷᠢᠮᠲᠠᠯᠠᠨ᠎ᠠ᠃ ᠱᠠᠰᠢᠨ ᠰᠤᠷᠲᠠᠬᠤᠨ ᠤ ᠠᠵᠢᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠱᠠᠰᠢᠨ ᠰᠤᠷᠲᠠᠬᠤᠨ ᠳᠤ ᠬᠤᠯᠪᠣᠭᠳᠠᠬᠤ ᠡᠯ᠎ᠡ ᠵᠦᠢᠯ ᠤᠨ ᠨᠡᠶᠢᠭᠡᠮ ᠤᠨ ᠬᠠᠷᠢᠴᠠᠭ᠎ᠠ ᠶᠢ ᠵᠣᠬᠢᠴᠠᠭᠤᠯᠬᠤ ᠳᠤ ᠪᠠᠨ ᠴᠢᠳᠠᠮᠠᠭᠠᠢ ᠪᠠᠶᠢᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ ᠶᠢ ᠬᠡᠷᠡᠭᠯᠡᠨ᠂ ᠱᠠᠰᠢᠨ ᠰᠤᠷᠲᠠᠬᠤᠨ ᠤ ᠬᠦᠷᠢᠶᠡᠨ ᠳᠠᠬᠢ ᠵᠥᠷᠢᠴᠡᠯ ᠪᠠ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠪᠠ ᠱᠠᠰᠢᠨ ᠰᠢᠲᠦᠳᠡᠭ ᠤᠯᠠᠨ ᠲᠦᠮᠡᠨ ᠢ ᠬᠦᠮᠦᠵᠢᠭᠦᠯᠬᠦ ᠪᠠᠷ ᠬᠦᠳᠦᠯᠦᠨ ᠵᠢᠯᠣᠭᠤᠳᠴᠤ ᠪᠠᠶᠢᠭᠠᠳ᠂ ᠦᠨᠳᠦᠰᠦᠨ ᠬᠠᠤᠯᠢ ᠬᠠᠤᠯᠢ ᠴᠠᠭᠠᠵᠠ ᠶᠢᠨ ᠡᠷᠬᠡ ᠰᠦᠷ ᠢ ᠤᠬᠠᠮᠰᠠᠷ ᠠᠴᠠ ᠪᠠᠨ ᠬᠠᠮᠠᠭᠠᠯᠠᠭᠤᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠭᠰᠠᠨ ᠬᠡᠪᠴᠢᠶᠡᠨ ᠳᠤ ᠠᠵᠢᠯᠯᠠᠭ᠎ᠠ ᠶᠢ ᠨᠢ ᠥᠷᠨᠢᠭᠦᠯᠦᠨ᠎ᠡ᠃ ᠮᠠᠨ ᠤ ᠤᠯᠤᠰ ᠤᠨ ᠱᠠᠰᠢᠨ ᠰᠤᠷᠲᠠᠬᠤᠨ ᠤ ᠪᠦᠯᠬᠦᠮ ᠪᠠ ᠱᠠᠰᠢᠨ ᠰᠤᠷᠲᠠᠬᠤᠨ ᠤ ᠬᠡᠷᠡᠭ ᠶᠠᠪᠤᠳᠠᠯ ᠳᠤ ᠭᠠᠳᠠᠭᠠᠳᠤ ᠶᠢᠨ ᠬᠦᠴᠦᠨ ᠤ ᠭᠠᠷ ᠲᠦᠷᠦᠭᠦ ᠪᠠ ᠵᠠᠬᠢᠷᠬᠤ ᠶᠢ ᠰᠡᠷᠭᠡᠶᠢᠯᠡᠨ᠎ᠡ᠃ ᠬᠢᠯᠢ ᠶᠢᠨ ᠭᠠᠳᠠᠨᠠᠬᠢ ᠶᠢᠨ ᠬᠢᠨ ᠤ ᠱᠠᠰᠢᠨ ᠰᠤᠷᠲᠠᠬᠤᠨ ᠢ ᠠᠰᠢᠭᠯᠠᠨ ᠨᠡᠪᠴᠢᠯᠲᠡ ᠬᠢᠬᠦ ᠶᠢ ᠰᠡᠷᠭᠡᠶᠢᠯᠡᠨ ᠬᠤᠷᠢᠭᠯᠠᠨ᠎ᠠ᠃ ᠱᠠᠰᠢᠨ ᠰᠤᠷᠲᠠᠬᠤᠨ ᠤ ᠡᠲᠡᠭᠡᠳ ᠤᠨ ᠬᠢᠨ ᠤ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠡᠷᠬᠡ ᠲᠡᠭᠰᠢ ᠨᠥᠬᠦᠷᠰᠡᠭ ᠪᠠᠶᠢᠬᠤ᠂ ᠬᠠᠷᠢᠯᠴᠠᠨ ᠬᠦᠨᠳᠦᠳᠬᠡᠬᠦ ᠰᠠᠭᠤᠷᠢᠨ ᠳᠡᠭᠡᠷ᠎ᠡ ᠭᠠᠳᠠᠭᠠᠳᠤ ᠬᠠᠷᠢᠯᠴᠠᠭ᠎ᠠ ᠥᠷᠨᠢᠭᠦᠯᠬᠦ ᠶᠢ ᠲᠡᠮᠵᠢᠨ ᠵᠣᠷᠢᠭᠵᠢᠭᠤᠯᠤᠨ᠎ᠠ᠃ ᠨᠡᠶᠢᠭᠡᠮ ᠵᠢᠷᠤᠮ ᠤᠨ ᠭᠤᠣᠯᠯᠠᠬᠴᠢ ᠦᠷᠳᠡᠭ ᠤᠨ ᠦᠵᠡᠯᠲᠡ ᠪᠠᠷ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠬᠢᠭᠡᠳ ᠱᠠᠰᠢᠨ ᠰᠢᠲᠦᠳᠡᠭ ᠤᠯᠠᠨ ᠲᠦᠮᠡᠨ ᠢ ᠬᠥᠳᠤᠯᠤᠨ ᠳᠠᠭᠠᠭᠤᠯᠬᠤ ᠪᠠ ᠬᠥᠮᠦᠵᠢᠭᠦᠯᠵᠦ᠂ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠤᠨ ᠱᠠᠰᠢᠨ ᠤ ᠨᠣᠮᠯᠠᠯ ᠪᠠ ᠱᠠᠰᠢᠨ ᠤ ᠲᠦᠷᠢᠮ ᠳᠤ ᠤᠳᠤ ᠦᠶ᠎ᠡ ᠶᠢᠨ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠳᠤᠮᠳᠠᠳᠤ ᠶᠢᠨ ᠰᠢᠯᠢᠳᠡᠭ ᠰᠣᠶᠣᠯ ᠳᠤ ᠨᠡᠶᠢᠴᠡᠭᠰᠡᠨ ᠲᠠᠶᠢᠯᠪᠤᠷᠢᠯᠠᠯᠲᠠ ᠬᠢᠬᠦ ᠶᠢ ᠲᠡᠮᠵᠢᠬᠦ ᠪᠠ ᠬᠥᠳᠤᠯᠤᠨ ᠵᠢᠯᠣᠭᠤᠳᠴᠤ᠂ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠬᠢᠭᠡᠳ ᠱᠠᠰᠢᠨ ᠰᠢᠲᠦᠳᠡᠭ ᠤᠯᠠᠨ ᠲᠦᠮᠡᠨ ᠤ ᠠᠭᠤᠤ ᠶᠡᠭᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠦ ᠶᠢᠨ ᠳᠠᠨᠢᠯᠳᠠ ᠶᠢ ᠠᠬᠢᠭᠤᠯᠤᠨ᠎ᠠ᠃ ᠱᠠᠰᠢᠨ ᠰᠤᠷᠲᠠᠬᠤᠨ ᠤ ᠢᠳᠡᠪᠬᠢ ᠦᠢᠯᠡᠳᠦᠯ ᠢ ᠪᠠᠳᠠᠷᠠᠭᠤᠯᠵᠤ᠂ ᠱᠠᠰᠢᠨ ᠰᠤᠷᠲᠠᠬᠤᠨ ᠤ ᠨᠠᠵᠠᠭᠠᠢ ᠦᠢᠯᠡᠳᠦᠯ ᠢ ᠬᠤᠷᠢᠭᠯᠠᠨ᠎ᠠ᠃      ᠬᠤᠷᠢᠨ ᠲᠠᠪᠤᠳᠤᠭᠠᠷ ᠵᠦᠢᠯ ᠤᠯᠤᠰ ᠲᠦᠷᠦ ᠶᠢᠨ ᠲᠠᠯ᠎ᠠ ᠪᠠᠷ ᠪᠦᠯᠬᠦᠮᠳᠡᠨ ᠬᠠᠮᠲᠤᠷᠠᠯᠴᠠᠬᠤ᠂ ᠢᠲᠡᠭᠡᠯ ᠪᠢᠰᠢᠷᠡᠯ ᠤᠨ ᠲᠠᠯ᠎ᠠ ᠪᠠᠷ ᠬᠠᠷᠢᠯᠴᠠᠨ ᠬᠦᠨᠳᠦᠳᠬᠡᠬᠦ ᠶᠢ ᠪᠠᠷᠢᠮᠲᠠᠯᠠᠵᠤ᠂ ᠱᠠᠰᠢᠨ ᠰᠤᠷᠲᠠᠬᠤᠨ ᠤ ᠪᠦᠯᠬᠦᠮ ᠤᠨ ᠲᠤᠰ ᠪᠡᠶ᠎ᠡ ᠶᠢᠨ ᠪᠠᠶᠢᠭᠤᠯᠤᠯᠲᠠ ᠪᠠ ᠴᠢᠳᠠᠪᠤᠷᠢᠲᠠᠨ ᠬᠥᠮᠦᠵᠢᠭᠦᠯᠬᠦ ᠪᠠᠨ ᠴᠢᠩᠭᠠᠳᠬᠠᠬᠤ ᠶᠢ ᠳᠡᠮᠵᠢᠵᠦ᠂ ᠨᠠᠮ ᠪᠣᠯᠤᠨ ᠱᠠᠰᠢᠨ ᠰᠤᠷᠲᠠᠬᠤᠨ ᠤ ᠡᠲᠡᠭᠡᠳ ᠤᠨ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠦᠨ᠎ᠡ᠃ ᠡᠪ ᠬᠠᠮᠲᠤ ᠨᠠᠮ ᠤᠨ ᠭᠡᠰᠢᠭᠦᠳ ᠱᠠᠰᠢᠨ ᠰᠢᠲᠦᠳᠡᠭ ᠤᠯᠠᠨ ᠲᠦᠮᠡᠨ ᠲᠠᠢ ᠪᠦᠯᠬᠦᠮᠳᠡᠬᠦ ᠬᠡᠷᠡᠭᠲᠡᠢ᠂ ᠭᠡᠪᠡᠴᠦ ᠱᠠᠰᠢᠨ ᠰᠢᠲᠦᠵᠦ ᠪᠣᠯᠬᠤ ᠦᠭᠡᠢ᠃      ᠬᠤᠷᠢᠨ ᠵᠢᠷᠭᠤᠳᠤᠭᠠᠷ ᠵᠦᠢᠯ ᠦᠨᠳᠦᠰᠦᠨ ᠱᠠᠲᠤᠨ ᠤ ᠱᠠᠰᠢᠨ ᠰᠤᠷᠲᠠᠬᠤᠨ ᠤ ᠠᠵᠢᠯ ᠢ ᠴᠢᠩᠭᠠᠳᠬᠠᠵᠤ᠂ ᠰᠢᠶᠠᠨ ︵ᠬᠤᠳᠠ᠂ ᠲᠣᠭᠤᠷᠢᠭ᠂ ᠬᠤᠰᠢᠭᠤ︶᠂ ᠰᠢᠶᠠᠩ ︵ᠪᠠᠯᠭᠠᠰᠤ᠂ ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠱᠠᠰᠢᠨ ᠰᠤᠷᠲᠠᠬᠤᠨ ᠤ ᠠᠵᠢᠯ ᠤᠨ ᠲᠣᠣᠷ ᠪᠠ ᠰᠢᠶᠠᠩ ︵ᠪᠠᠯᠭᠠᠰᠤ᠂ ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠬᠤᠶᠠᠷ ᠱᠠᠲᠤᠨ ᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠱᠠᠳᠤ ᠬᠤᠪᠢᠶᠠᠨ ᠬᠠᠷᠢᠭᠤᠴᠠᠬᠤ᠂ ᠬᠠᠷᠢᠶᠠᠯᠠᠭᠳᠠᠬᠤ ᠭᠠᠵᠠᠷ ᠲᠤ ᠨᠢ ᠬᠠᠮᠢᠶᠠᠷᠤᠭᠤᠯᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠱᠠᠰᠢᠨ ᠰᠤᠷᠲᠠᠬᠤᠨ ᠤ ᠠᠵᠢᠯ ᠤᠨ ᠡᠭᠦᠷᠭᠡ ᠬᠦᠨᠳᠦ ᠪᠠᠶᠢᠭ᠎ᠠ ᠰᠢᠶᠠᠩ ︵ᠪᠠᠯᠭᠠᠰᠤ᠂ ᠵᠡᠭᠡᠯᠢ ᠭᠤᠳᠤᠮᠵᠢ︶ ᠤᠨ ᠨᠠᠮ ᠤᠨ ᠬᠤᠷᠢᠶ᠎ᠠ ᠳᠤ ᠱᠠᠰᠢᠨ ᠰᠤᠷᠲᠠᠬᠤᠨ ᠤ ᠠᠵᠢᠯ ᠢ ᠬᠤᠪᠢᠳᠠᠨ ᠬᠠᠮᠢᠶᠠᠷᠬᠤ ᠤᠳᠤᠷᠢᠳᠬᠤ ᠺᠠᠳ᠋ᠷ ᠪᠠᠶᠢᠬᠤ ᠬᠡᠷᠡᠭᠲᠡᠢ ᠪᠥᠭᠡᠳ ᠲᠤᠰᠬᠠᠢ ᠬᠥᠮᠦᠨ ᠢ ᠲᠣᠭᠲᠠᠭᠠᠵᠤ ᠬᠠᠷᠢᠭᠤᠴᠠᠭᠤᠯᠬᠤ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号