ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2021/10/29
ᠳᠣᠯᠣᠳᠤᠭᠠᠷ ᠪᠦᠯᠦᠭ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠦᠷᠢᠶᠡᠨ ᠳᠠᠬᠢ ᠨᠢᠭᠡᠳᠦᠮᠡᠯ ᠹᠷᠣᠨᠲ ᠤᠨ ᠠᠵᠢᠯ     ᠬᠤᠷᠢᠨ ᠳᠣᠯᠣᠳᠤᠭᠠᠷ ᠵᠦᠢᠯ ᠨᠡᠶᠢᠭᠡᠮ ᠵᠢᠷᠤᠮ ᠤᠨ ᠠᠵᠤ ᠠᠬᠤᠢ ᠶᠢᠨ ᠦᠨᠳᠦᠰᠦᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢ ᠬᠥᠭᠵᠢᠭᠦᠯᠬᠦ ᠲᠤᠬᠠᠢ ᠨᠠᠮ ᠤᠨ ᠴᠢᠭᠯᠡᠯᠲᠡ ᠲᠦᠷᠦ ᠶᠢᠨ ᠪᠤᠳᠦᠯᠭ᠎ᠠ ᠶᠢ ᠲᠣᠭᠲᠠᠭᠠᠵᠤ ᠤᠬᠠᠭᠤᠯᠤᠨ ᠲᠤᠭᠤᠰᠢᠯᠠᠭᠤᠯᠤᠨ᠎ᠠ᠃ ᠵᠠᠰᠠᠭ ᠤᠨ ᠣᠷᠳᠣᠨ ᠪᠠ ᠠᠷᠠᠯᠵᠢᠶᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠪᠠᠶᠢᠭᠤᠯᠬᠤ ᠶᠢ ᠠᠬᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠳᠤ ᠠᠰᠢᠭᠲᠠᠢ ᠲᠦᠷᠦ ᠶᠢᠨ ᠪᠤᠳᠤᠯᠭ᠎ᠠ ᠂ ᠬᠠᠤᠯᠢ ᠪᠠᠷ ᠵᠠᠰᠠᠬᠤ᠂ ᠵᠠᠬ᠎ᠠ ᠳᠡᠯᠭᠡᠭᠦᠷ᠂ ᠨᠡᠶᠢᠭᠡᠮ ᠤᠨ ᠣᠷᠴᠢᠨ ᠢ ᠪᠤᠢ ᠪᠣᠯᠭᠠᠨ᠎ᠠ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢ ᠬᠥᠲᠥᠯᠥᠨ ᠵᠢᠯᠣᠭᠤᠳᠴᠤ ᠪᠠᠶᠢᠭᠠᠳ ᠰᠢᠨ᠎ᠡ ᠬᠥᠭᠵᠢᠯᠲᠡ ᠶᠢᠨ ᠣᠶᠢᠯᠠᠭᠠᠬᠳᠠᠬᠤᠨ ᠢ ᠦᠢᠯᠡᠳᠦᠯᠭᠡᠵᠢᠭᠦᠯᠦᠨ᠎ᠡ᠃      ᠬᠤᠷᠢᠨ ᠨᠠᠢᠮᠠᠳᠤᠭᠠᠷ ᠵᠦᠢᠯ ᠢᠲᠡᠭᠡᠬᠦ᠂ ᠪᠦᠯᠬᠦᠮᠳᠡᠬᠦ᠂ ᠦᠢᠯᠡᠴᠢᠯᠡᠬᠦ᠂ ᠬᠥᠲᠥᠯᠥᠨ ᠵᠢᠯᠣᠭᠤᠳᠬᠤ᠂ ᠬᠥᠮᠦᠵᠢᠭᠦᠯᠬᠦ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠢᠲᠡᠭᠡᠯ ᠬᠦᠰᠡᠯᠡᠩ ᠤᠨ ᠬᠥᠮᠦᠵᠢᠯ ᠢ ᠭᠦᠨᠵᠡᠭᠡᠶ ᠥᠷᠨᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠦᠰ ᠤᠨ ᠤᠯᠤᠰ ᠢᠶᠠᠨ ᠬᠠᠶᠢᠷᠠᠯᠠᠬᠤ᠂ ᠦᠢᠯᠡᠰ ᠢᠶᠠᠨ ᠳᠡᠭᠡᠳᠦᠯᠡᠬᠦ᠂ ᠰᠢᠨ᠎ᠡ ᠶᠢ ᠡᠭᠦᠳᠬᠦ᠂ ᠬᠠᠤᠯᠢ ᠶᠢ ᠰᠠᠬᠢᠬᠤ᠂ ᠦᠨᠡᠨᠴᠢ ᠢᠲᠡᠭᠡᠮᠵᠢᠲᠡᠶ ᠪᠠᠶᠢᠬᠤ᠂ ᠬᠤᠪᠢ ᠨᠡᠮᠡᠷᠢ ᠦᠵᠡᠭᠦᠯᠬᠦ ᠶᠢ ᠬᠥᠲᠥᠯᠥᠨ ᠵᠢᠯᠣᠭᠤᠳᠴᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠪᠣᠯᠭᠠᠨ᠎ᠠ᠃ ᠵᠠᠰᠠᠭ ᠪᠠ ᠠᠵᠤ ᠠᠬᠤᠶᠢᠯᠠᠯ ᠤᠨ ᠨᠡᠪᠲᠡᠷᠡᠯᠴᠡᠨ ᠵᠥᠪᠳᠡᠯᠴᠡᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠮᠦᠰ ᠤᠨ ᠬᠦᠰᠡᠯ ᠱᠠᠭᠠᠷᠳᠠᠯᠭ᠎ᠠ ᠶᠢ ᠤᠶᠢᠯᠠᠭᠠᠨ ᠲᠤᠰᠬᠠᠵᠤ᠂ ᠲᠡᠳᠡᠨ ᠢ ᠬᠠᠪᠰᠤᠷᠤᠨ ᠬᠠᠤᠯᠢ ᠪᠠᠷ ᠲᠣᠭᠲᠠᠭᠠᠭᠰᠠᠨ ᠡᠮᠬᠢ ᠵᠢᠷᠤᠮ ᠤᠨ ᠶᠣᠰᠣᠭᠠᠷ ᠬᠠᠤᠯᠢ ᠶᠣᠰᠣᠨ ᠤ ᠡᠷᠬᠡ ᠠᠰᠢᠭ ᠢ ᠨᠢ ᠬᠠᠮᠠᠭᠠᠯᠠᠨ᠎ᠠ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠮᠦᠰ ᠤᠨ ᠤᠯᠤᠰ ᠲᠥᠷᠥ ᠳᠤ ᠡᠮᠬᠢ ᠵᠢᠷᠤᠮ ᠲᠠᠢ ᠪᠠᠷ ᠣᠷᠣᠯᠴᠠᠬᠤ ᠠᠷᠭ᠎ᠠ ᠵᠠᠮ ᠢ ᠨᠢ ᠰᠢᠯᠤᠭᠤᠳᠬᠠᠵᠤ᠂ ᠤᠯᠤᠰ ᠲᠥᠷᠥ ᠳᠤ ᠣᠷᠣᠯᠴᠠᠬᠤ ᠦᠢᠯᠡ ᠠᠵᠢᠯᠯᠠᠭ᠎ᠠ ᠶᠢ ᠨᠢ ᠬᠥᠲᠥᠯᠥᠨ ᠵᠢᠯᠣᠭᠤᠳᠴᠤ ᠵᠢᠷᠤᠮᠵᠢᠭᠤᠯᠤᠨ᠎ᠠ᠃ ᠳᠤᠮᠳᠠᠳᠤ ᠤᠯᠤᠰ ᠤᠨ ᠣᠨᠴᠠᠯᠢᠭ ᠲᠠᠢ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠤᠨ ᠬᠥᠭᠵᠢᠭᠦᠯᠵᠦ᠂ ᠨᠢᠭᠡᠳᠦᠮᠡᠯ ᠹᠷᠣᠨᠲ ᠤᠨ ᠠᠵᠢᠯ ᠢ ᠠᠷᠠᠯᠵᠢᠶᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠲᠡᠶᠢᠰᠢ ᠪᠦᠲᠦᠮᠵᠢᠲᠡᠢ ᠪᠠᠷ ᠲᠦᠭᠡᠮᠡᠯᠵᠢᠭᠦᠯᠬᠦ ᠶᠢ ᠠᠬᠢᠭᠤᠯᠤᠨ᠎ᠠ᠃     ᠬᠤᠷᠢ ᠶᠢᠰᠦᠳᠦᠭᠡᠷ ᠵᠦᠢᠯ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯ ᠨᠠᠮ ᠤᠨ ᠤᠳᠤᠷᠢᠳᠤᠭᠰᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠮᠦᠰ ᠢᠶᠠᠷ ᠭᠤᠣᠯ ᠴᠣᠭᠴᠠ ᠪᠣᠯᠭᠠᠭᠰᠠᠨ᠂ ᠨᠢᠭᠡᠳᠦᠮᠡᠯ ᠹᠷᠣᠨᠲ ᠤᠨ ᠴᠢᠨᠠᠷ᠂ ᠠᠵᠤ ᠠᠬᠤᠶᠢᠯᠠᠯ ᠤᠨ ᠴᠢᠨᠠᠷ ᠪᠣᠯᠤᠨ ᠠᠷᠠᠳᠴᠢ ᠴᠢᠨᠠᠷ ᠢ ᠣᠷᠭᠠᠨᠢᠭ ᠢᠶᠠᠷ ᠨᠢᠭᠡᠳᠬᠡᠭᠰᠡᠨ ᠦᠨᠳᠦᠰᠦᠨ ᠣᠨᠴᠠᠯᠢᠭ ᠲᠠᠢ ᠠᠷᠠᠳ ᠤᠨ ᠪᠦᠯᠬᠦᠮ ᠪᠠ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠪᠤᠯᠬᠤ ᠶᠤᠮ᠃ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠨᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠦᠰ ᠤᠨ ᠡᠷᠡᠭᠦᠯ ᠢᠶᠠᠷ ᠥᠰᠦᠨ ᠪᠤᠶᠢᠵᠢᠬᠤ ᠶᠢ ᠠᠬᠢᠭᠤᠯᠬᠤ ᠭᠤᠣᠯ ᠰᠡᠳᠦᠪ ᠤᠨ ᠲᠣᠭᠤᠷᠢᠨ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠦᠢᠯᠡᠳᠦᠯ ᠢᠶᠠᠨ ᠪᠠᠳᠠᠷᠠᠭᠤᠯᠤᠨ᠎ᠠ᠃ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠤᠯᠤᠰ ᠲᠦᠷᠦ ᠶᠢᠨ ᠵᠥᠪᠯᠡᠯᠭᠡ ᠬᠢᠬᠦ᠂ ᠲᠥᠷᠦ ᠶᠢᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠤ ᠣᠷᠣᠯᠴᠠᠬᠤ ᠪᠣᠳᠠᠲᠠᠢ ᠠᠭᠤᠯᠭ᠎ᠠ ᠪᠠ ᠬᠡᠯᠪᠡᠷᠢ ᠶᠢ ᠲᠤᠰ ᠲᠦᠷᠢᠮ ᠤᠨ ᠭᠤᠷᠪᠠᠳᠤᠭᠠᠷ ᠪᠦᠯᠦᠭ ᠤᠨ ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠨᠢ ᠬᠠᠷᠢᠶᠠᠯᠠᠭᠳᠠᠬᠤ ᠬᠤᠳᠠᠯᠳᠤᠭᠠᠴᠢᠳ ᠤᠨ ᠡᠪᠯᠡᠯ ᠤᠨ ᠲᠤᠬᠠᠶᠢᠯᠠᠭᠰᠠᠨ ᠠᠵᠢᠯ ᠢ ᠭᠤᠤᠯᠯᠠᠨ ᠬᠠᠮᠢᠶᠠᠷᠬᠤ ᠨᠢᠭᠡᠴᠢ ᠶᠢᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠵᠦ᠂ ᠡᠪᠯᠡᠯ ᠤᠨ ᠭᠡᠰᠢᠭᠦᠳ ᠲᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠠ ᠬᠥᠮᠦᠵᠢᠯ ᠪᠣᠯᠪᠠᠰᠤᠷᠠᠯ ᠢ ᠥᠷᠨᠢᠭᠦᠯᠦᠨ᠂ ᠬᠠᠷᠢᠶᠠᠯᠠᠭᠳᠠᠬᠤ ᠬᠤᠳᠠᠯᠳᠤᠭᠠᠴᠢᠳ ᠤᠨ ᠡᠪᠯᠡᠯ ᠤᠨ ᠭᠤᠣᠯ ᠬᠠᠷᠢᠭᠤᠴᠠᠯᠭᠠᠲᠠᠨ ᠢ ᠰᠢᠯᠭᠠᠨ ᠪᠠᠶᠢᠴᠠᠭᠠᠵᠤ ᠬᠢᠨᠠᠨ ᠰᠢᠯᠭᠠᠨ᠎ᠠ᠃ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠮᠦᠰ ᠢᠶᠠᠷ ᠭᠤᠣᠯ ᠴᠣᠭᠴᠠ ᠪᠣᠯᠭᠠᠭᠰᠠᠨ ᠪᠤᠰᠤᠳ ᠠᠵᠢᠯ ᠲᠥᠷᠥᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠤᠨ ᠬᠠᠷᠢᠯᠴᠠᠭ᠎ᠠ᠂ ᠵᠢᠯᠤᠭᠤᠳᠤᠯᠭ᠎ᠠ ᠪᠠ ᠤᠶᠢᠯᠡᠴᠢᠯᠡᠭᠡ ᠪᠠᠨ ᠴᠢᠩᠭᠠᠳᠬᠠᠨ᠎ᠠ᠃     ᠭᠤᠴᠢᠳᠤᠭᠠᠷ ᠵᠦᠢᠯ ᠨᠢᠭᠡᠳᠦᠮᠡᠯ ᠹᠷᠣᠨᠲ ᠤᠨ ᠬᠡᠯᠲᠡᠰ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠨᠢ ᠠᠳᠠᠯᠢ ᠱᠠᠲᠤᠨ ᠤ ᠨᠠᠮ ᠤᠨ ᠬᠤᠷᠢᠶᠠᠨ ᠤ ᠲᠤᠬᠢᠷᠠᠭᠤᠯᠤᠯᠳᠠ ᠶᠣᠰᠣᠭᠠᠷ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠳᠤ ᠣᠷᠣᠯᠴᠠᠨ᠎ᠠ᠃ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠨᠢ ᠬᠠᠷᠢᠶᠠᠨ ᠳᠠᠬᠢ ᠭᠡᠰᠢᠭᠦᠨ ᠠᠵᠤ ᠠᠬᠤᠶᠢᠯᠠᠯ ᠤᠨ ᠨᠠᠮ ᠤᠨ ᠢᠶᠠᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢ ᠳᠡᠮᠵᠢᠬᠦ ᠪᠠ ᠬᠠᠮᠵᠢᠯᠴᠠᠬᠤ ᠬᠡᠷᠡᠭᠲᠡᠢ᠃ ᠦᠢᠯᠡᠳᠪᠦᠷᠢ ᠬᠤᠳᠠᠯᠳᠤᠭᠠᠴᠢᠳ ᠤᠨ ᠬᠤᠯᠪᠤᠭᠠᠳᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠨᠢ ᠬᠠᠷᠢᠶᠠᠨ ᠳᠠᠬᠢ ᠬᠤᠳᠠᠯᠳᠤᠭᠠᠴᠢᠳ ᠤᠨ ᠡᠪᠯᠡᠯ ᠤᠨ ᠨᠠᠮ ᠤᠨ ᠪᠠᠶᠢᠭᠤᠯᠤᠯᠲᠠ ᠶᠢᠨ ᠠᠵᠢᠯ ᠳᠤ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠨ᠎ᠡ᠃      ᠨᠠᠢᠮᠠᠳᠤᠭᠠᠷ ᠪᠦᠯᠦᠭ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ     ᠭᠤᠴᠢᠨ ᠨᠢᠭᠡᠳᠦᠭᠡᠷ ᠵᠦᠢᠯ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠲᠤ ᠭᠤᠣᠯᠳᠠᠭᠤ᠄ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠮᠡᠷᠭᠡᠵᠢᠯ ᠤᠨ ᠠᠵᠢᠯᠳᠠᠨ᠂ ᠵᠠᠭᠤᠴᠢᠯᠠᠬᠤ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠴᠢᠳ᠂ ᠴᠢᠯᠥᠭᠡᠲᠦ ᠠᠵᠢᠯ ᠮᠡᠷᠭᠡᠵᠢᠯ ᠡᠷᠬᠢᠯᠡᠭᠰᠡᠳ᠂ ᠰᠢᠨ᠎ᠡ ᠵᠠᠭᠤᠴᠢᠯᠠᠭᠤᠷ ᠤᠨ ᠠᠵᠢᠯᠯᠠᠭᠴᠢᠳ ᠵᠡᠷᠭᠡ ᠪᠠᠭᠲᠠᠨ᠎ᠠ᠃     ᠭᠤᠴᠢᠨ ᠬᠤᠶᠠᠳᠤᠭᠠᠷ ᠵᠦᠢᠯ ᠢᠳᠡᠭᠡᠨ ᠬᠦᠨᠳᠦᠳᠬᠡᠬᠦ᠂ ᠪᠦᠯᠬᠦᠮᠳᠡᠭᠦᠯᠵᠦ ᠬᠦᠲᠦᠯᠦᠨ ᠵᠢᠯᠣᠭᠤᠳᠬᠤ᠂ ᠵᠣᠬᠢᠶᠠᠨ ᠪᠠᠶᠢᠭᠤᠯᠬᠤ᠂ ᠦᠢᠯᠡᠳᠦᠯ ᠢᠶᠠᠨ ᠪᠠᠳᠠᠷᠠᠭᠤᠯᠬᠤ ᠰᠡᠳᠭᠢᠮᠵᠢ ᠶᠢ ᠪᠠᠷᠢᠮᠲᠠᠯᠠᠵᠤ᠂ ᠨᠡᠶᠢᠭᠡᠮᠴᠢᠯᠡᠭᠰᠡᠨ᠂ ᠰᠦᠯᠵᠢᠶᠡᠵᠢᠭᠰᠡᠨ ᠠᠷᠭ᠎ᠠ ᠶᠢ ᠬᠡᠷᠡᠭᠯᠡᠨ᠂ ᠰᠢᠨ᠎ᠡ ᠶᠢ ᠡᠭᠦᠳᠬᠦ ᠦᠢᠯᠡᠳᠦᠯᠭᠡ ᠶᠢᠨ ᠰᠠᠭᠤᠷᠢᠨ ᠭᠠᠵᠠᠷ᠂ ᠨᠥᠬᠦᠷᠯᠡᠯ ᠤᠨ ᠵᠣᠬᠢᠶᠠᠨ ᠪᠠᠶᠢᠭᠤᠯᠤᠯᠲᠠ ᠵᠡᠷᠭᠡ ᠬᠡᠯᠪᠡᠷᠢ ᠪᠠᠷ ᠳᠠᠮᠵᠢᠭᠤᠯᠤᠨ ᠲᠦᠷᠦᠯ ᠬᠤᠪᠢᠶᠠᠨ᠂ ᠤᠯᠠᠨ ᠠᠴᠠ ᠢᠯᠭᠠᠭᠳᠠᠬᠤ ᠠᠷᠭ᠎ᠠ ᠪᠤᠳᠤᠯᠭ᠎ᠠ ᠶᠢ ᠬᠡᠷᠡᠭᠵᠢᠭᠦᠯᠵᠦ᠂ ᠦᠵᠡᠯ ᠰᠠᠨᠠᠭᠠᠨ ᠤ ᠲᠠᠯ᠎ᠠ ᠪᠠᠷ ᠬᠦᠲᠦᠯᠦᠨ ᠳᠠᠭᠠᠭᠤᠯᠬᠤ ᠶᠢ ᠴᠢᠩᠭᠠᠳᠬᠠᠨ᠂ ᠤᠯᠤᠰ ᠲᠦᠷᠦ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠪᠦᠲᠦᠭᠡᠨ ᠪᠠᠶᠢᠭᠤᠯᠬᠤ ᠳᠤ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠴᠢᠬᠤᠯᠠ ᠦᠢᠯᠡᠳᠦᠯ ᠢ ᠪᠠᠳᠠᠷᠠᠭᠤᠯᠤᠨ᠎ᠠ᠃     ᠭᠤᠴᠢᠨ ᠭᠤᠷᠪᠠᠳᠤᠭᠠᠷ ᠵᠦᠢᠯ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠯᠦᠭᠡ ᠨᠢᠭᠲᠠ ᠬᠠᠷᠢᠯᠴᠠᠭ᠎ᠠ ᠲᠠᠢ ᠨᠠᠮ ᠵᠠᠰᠠᠭ ᠤᠨ ᠰᠠᠯᠠᠭ᠎ᠠ ᠮᠥᠴᠢᠷ᠂ ᠤᠯᠠᠨ ᠲᠦᠮᠡᠨ ᠤ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠨᠢ᠂ ᠡᠷᠬᠡ ᠲᠤᠰᠢᠶᠠᠯ ᠤᠨ ᠦᠢᠯᠡᠳᠦᠯ ᠢᠶᠠᠨ ᠪᠠᠳᠠᠷᠠᠭᠤᠯᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ᠃ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠪᠠᠶᠢᠭ᠎ᠠ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠬᠦᠷᠢᠶᠡᠯᠡᠩ ᠬᠤᠷᠤᠭᠠᠯᠠᠯ᠂ ᠠᠵᠤ ᠠᠬᠤᠶᠢᠯᠠᠯ ᠵᠡᠷᠭᠡ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠢ ᠴᠢᠬᠤᠯᠠ ᠠᠵᠢᠯ ᠤᠨ ᠲᠤᠰᠢᠶᠠᠯ ᠬᠠᠷᠢᠭᠤᠴᠠᠯᠭ᠎ᠠ ᠳᠤ ᠣᠷᠣᠭᠤᠯᠵᠤ᠂ ᠲᠤᠪᠤᠶᠢᠮ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠶᠢᠰᠦᠳᠦᠭᠡᠷ ᠪᠦᠯᠦᠭ ᠰᠢᠶᠠᠩᠭᠠᠩ ᠣᠣᠮᠧᠨ ᠲᠠᠶᠢᠸᠠᠨ ᠤ ᠨᠢᠭᠡᠳᠦᠮᠡᠯ ᠹᠷᠣᠨᠲ ᠤᠨ ᠠᠵᠢᠯ     ᠭᠤᠴᠢᠨ ᠳᠥᠷᠪᠡᠳᠦᠭᠡᠷ ᠵᠦᠢᠯ ᠰᠢᠶᠠᠩᠭᠠᠩ ᠣᠣᠮᠧᠨ ᠤ ᠨᠢᠭᠡᠳᠦᠮᠡᠯ ᠹᠷᠣᠨᠲ ᠤᠨ ᠠᠵᠢᠯ ᠤᠨ ᠭᠤᠣᠯ ᠡᠭᠦᠷᠭᠡ ᠪᠣᠯ᠄ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠂ ︽ᠰᠢᠶᠠᠩᠭᠠᠡᠭᠴᠤᠳ ᠰᠢᠶᠠᠩᠭᠠᠡᠭ ᠢ ᠵᠠᠰᠠᠬᠤ ︾᠂ ︽ᠤᠤᠮᠧᠨᠴᠤᠳ ᠣᠣᠮᠧᠨ ᠢ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠢ ᠲᠤᠭᠤᠰᠢᠯᠠᠭᠤᠯᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠲᠦᠷᠢᠮ ᠤᠨ ᠲᠣᠬᠲᠠᠯᠴᠠᠭ᠎ᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠨ ᠬᠠᠤᠯᠢ ᠪᠠ ᠭᠤᠤᠯ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ᠂ ᠵᠠᠰᠠᠭ ᠵᠠᠬᠢᠷᠭᠠᠨ ᠤ ᠣᠨᠴᠠᠭᠠᠢ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠪᠠ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠡᠮᠵᠢᠨ᠎ᠡ᠂ ᠰᠢᠶᠠᠩᠭᠠᠩ ᠣᠣᠮᠧᠨ ᠤ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠲᠠᠢ ᠠᠭᠤᠰᠤᠯᠴᠠᠬᠤ ᠶᠢ ᠲᠡᠮᠵᠢᠵᠦ᠂ ᠤᠯᠤᠰ ᠢᠶᠠᠨ ᠬᠠᠶᠢᠷᠠᠯᠠᠵᠤ ᠰᠢᠶᠠᠩᠭᠠᠩ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠵᠤ ᠣᠣᠮᠧᠨ ᠢᠶᠠᠨ ᠬᠠᠶᠢᠷᠠᠯᠠᠬᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ᠰᠢᠶᠠᠩᠭᠠᠩ ᠤᠨ ᠠᠬ᠎ᠠ ᠳᠡᠭᠦᠦ ᠨᠡᠷ ᠪᠠ ᠣᠣᠮᠧᠨ ᠤ ᠠᠬ᠎ᠠ ᠳᠡᠭᠦᠦ ᠨᠡᠷ ᠤᠨ ᠤᠯᠤᠰ ᠣᠷᠣᠨ ᠤ ᠤᠬᠠᠮᠰᠠᠷ ᠪᠠ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠴᠢᠩᠭᠠᠷᠠᠭᠤᠯᠤᠨ᠎ᠠ᠂ ᠤᠯᠤᠰ ᠤᠨ ᠡᠷᠬᠡ ᠮᠡᠳᠡᠯ ᠤᠨ ᠠᠮᠤᠷ ᠲᠦᠪᠰᠢᠨ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠵᠤ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠬᠠᠮᠠᠭᠠᠯᠠᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢᠨ ᠯᠠᠪᠳᠠᠭᠤᠨ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠶᠠᠪᠤᠳᠠᠯ ᠪᠤᠯᠤᠨ᠎ᠠ᠃     ᠭᠤᠴᠢᠨ ᠲᠠᠪᠤᠳᠤᠭᠠᠷ ᠵᠦᠢᠯ ᠲᠠᠶᠢᠸᠠᠨ ᠤ ᠲᠤᠬᠠᠢ ᠨᠢᠭᠡᠳᠦᠮᠡᠯ ᠹᠷᠣᠨᠲ ᠤᠨ ᠠᠵᠢᠯ ᠤᠨ ᠭᠤᠣᠯ ᠡᠭᠦᠷᠭᠡ ᠪᠣᠯ ᠄ ᠲᠠᠶᠢᠸᠠᠨ ᠤ ᠲᠤᠬᠠᠢ ᠨᠠᠮ ᠤᠨ ᠲᠥᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠲᠡ ᠶᠢ ᠲᠤᠭᠤᠰᠢᠯᠠᠭᠤᠯᠤᠨ ᠬᠡᠷᠡᠭᠵᠢᠭᠦᠯᠵᠦ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠠᠶᠢᠸᠠᠨ ᠤ ᠠᠬ᠎ᠠ ᠳᠡᠭᠦᠦ ᠨᠡᠷ ᠲᠠᠢ ᠥᠷᠭᠡᠨ ᠢᠶᠠᠷ ᠪᠦᠯᠬᠦᠮᠳᠡᠵᠦ᠂ ᠲᠠᠶᠢᠸᠠᠨ ᠤ ᠤᠯᠤᠰ ᠢᠶᠠᠨ ᠬᠠᠶᠢᠷᠠᠯᠠᠬᠤ ᠨᠢᠭᠡᠳᠦᠭᠰᠡᠨ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠤᠨ᠎ᠠ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠡᠰᠡᠷᠭᠦᠴᠡᠨ᠂ ᠡᠭᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠲᠠᠰᠤᠷᠠᠯᠳᠠ ᠦᠭᠡᠢ ᠲᠦᠯᠬᠢᠨ ᠤᠷᠤᠭᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠰᠡᠳᠬᠢᠯ ᠨᠢᠭᠡᠲᠡᠢ ᠪᠡᠶᠡᠯᠡᠭᠦᠯᠬᠦ ᠶᠠᠪᠤᠳᠠᠯ ᠪᠣᠯᠤᠨ᠎ᠠ᠃      ᠭᠤᠴᠢᠨ ᠵᠢᠷᠭᠤᠳᠤᠭᠠᠷ ᠵᠦᠢᠯ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠥᠮᠦᠰ ᠢ ᠳᠡᠮᠵᠢᠵᠦ᠂ ᠬᠤᠯᠪᠣᠭᠳᠠᠯ ᠪᠦᠬᠦᠢ ᠠᠷᠠᠳ ᠤᠨ ᠪᠦᠯᠬᠦᠮ ᠪᠠ ᠨᠡᠶᠢᠭᠡᠮ ᠤᠨ ᠪᠦᠯᠬᠦᠮ ᠢ ᠵᠢᠯᠣᠭᠤᠳᠴᠤ᠂ ᠰᠢᠶᠠᠩᠭᠠᠩ ᠣᠣᠮᠧᠨ ᠲᠠᠶᠢᠸᠠᠨ ᠤ ᠨᠢᠭᠡᠳᠦᠮᠡᠯ ᠹᠷᠣᠨᠲ ᠤᠨ ᠠᠵᠢᠯ ᠤᠨ ᠲᠤᠮᠳᠠᠬᠢ ᠦᠢᠯᠡᠳᠦᠯ ᠢ ᠨᠢ ᠪᠠᠳᠠᠷᠠᠭᠤᠯᠤᠨ᠎ᠠ᠃      ᠠᠷᠪᠠᠳᠤᠭᠠᠷ ᠪᠦᠯᠦᠭ ᠭᠠᠳᠠᠭᠠᠳᠤ ᠳᠠᠬᠢ ᠨᠢᠭᠡᠳᠦᠮᠡᠯ ᠹᠷᠣᠨᠲ ᠤᠨ ᠠᠵᠢᠯ ᠪᠠ ᠬᠠᠷᠢᠶᠠᠲᠤ ᠨᠠᠷ ᠤᠨ ᠲᠤᠬᠠᠢ ᠠᠵᠢᠯ      ᠭᠤᠴᠢᠨ ᠳᠣᠯᠣᠳᠤᠭᠠᠷ ᠵᠦᠢᠯ ᠭᠠᠳᠠᠭᠠᠳᠤ ᠳᠠᠬᠢ ᠨᠢᠭᠡᠳᠦᠮᠡᠯ ᠹᠷᠣᠨᠲ ᠤᠨ ᠠᠵᠢᠯ ᠤᠨ ᠭᠤᠣᠯ ᠡᠭᠦᠷᠭᠡ ᠪᠣᠯ᠄ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠪᠠᠨ ᠴᠢᠩᠭᠠᠳᠬᠠᠵᠤ᠂ ᠳᠤᠮᠳᠠᠳᠤ ᠶᠢᠨ ᠬᠠᠷᠢᠶᠠᠲᠤ ᠪᠠ ᠭᠠᠳᠠᠭᠠᠳᠤ ᠳᠤ ᠭᠠᠷᠴᠤ ᠰᠤᠷᠤᠯᠴᠠᠭᠰᠠᠳ ᠵᠡᠷᠭᠡ ᠶᠢᠨ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠦ ᠶᠢᠨ ᠤᠶᠢᠯᠠᠭᠠᠯᠳᠠ ᠲᠠᠨᠢᠯᠳᠠ ᠶᠢ ᠨᠡᠮᠡᠭᠳᠡᠭᠦᠯᠦᠨ᠎ᠡ︔ ᠳᠤᠮᠳᠠᠳᠤ ᠶᠢᠨ ᠰᠢᠯᠢᠳᠡᠭ ᠰᠣᠶᠣᠯ ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠭᠠᠳᠠᠭᠠᠳᠤ ᠶᠢᠨ ᠰᠣᠶᠣᠯ ᠤᠨ ᠰᠣᠯᠢᠯᠴᠠᠭ᠎ᠠ ᠶᠢ ᠠᠬᠢᠭᠤᠯᠤᠨ᠎ᠠ︔ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠳᠤ ᠳᠤᠮᠳᠠᠳᠤ ᠶᠢᠨ ᠬᠠᠷᠢᠶᠠᠲᠤ ᠨᠠᠷ ᠤᠨ ᠣᠷᠣᠯᠴᠠᠬᠤ ᠶᠢ ᠵᠣᠷᠢᠭᠵᠢᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠠᠢ ᠠᠭᠤᠰᠤᠯᠴᠠᠭᠤᠯᠤᠨ᠎ᠠ︔ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠵᠡᠷᠭᠡ ᠬᠠᠭᠠᠴᠠᠭᠤᠯᠬᠤ ᠬᠦᠴᠦᠨ ᠢ ᠬᠤᠷᠢᠭᠯᠠᠨ ᠲᠠᠷᠤᠵᠤ᠂ ᠤᠯᠤᠰ ᠣᠷᠣᠨ ᠤ ᠭᠤᠣᠯᠯᠠᠬᠤ ᠠᠰᠢᠭ ᠲᠤᠰᠠ ᠶᠢ ᠬᠠᠮᠠᠭᠠᠯᠠᠨ᠎ᠠ︔ ᠳᠤᠮᠳᠠᠳᠤ ᠭᠠᠳᠠᠭᠠᠳᠤ ᠶᠢᠨ ᠨᠥᠬᠦᠷᠯᠡᠯ ᠢ ᠠᠬᠢᠭᠤᠯᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠵᠤ᠂ ᠤᠯᠠᠨ ᠤᠯᠤᠰ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃      ᠭᠤᠴᠢᠨ ᠨᠠᠢᠮᠠᠳᠤᠭᠠᠷ ᠵᠦᠢᠯ ᠬᠠᠷᠢᠶᠠᠲᠤ ᠨᠠᠷ ᠤᠨ ᠲᠤᠬᠠᠢ ᠠᠵᠢᠯ ᠤᠨ ᠭᠤᠣᠯ ᠡᠭᠦᠷᠭᠡ ᠪᠣᠯ᠄ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠳᠤᠮᠳᠠᠳᠤ ᠶᠢᠨ ᠵᠡᠭᠦᠳᠦ ᠶᠢ ᠬᠠᠮᠲᠤ ᠪᠠᠷ ᠪᠡᠶᠡᠯᠡᠭᠦᠯᠵᠦ ᠬᠠᠮᠲᠤ ᠪᠠᠷ ᠡᠳ᠋ᠯᠡᠬᠦ ᠭᠤᠣᠯ ᠰᠡᠳᠦᠪ ᠤᠨ ᠲᠤᠭᠤᠷᠢᠨ ᠳᠤ ᠳᠤᠮᠳᠠᠳᠤ ᠶᠢᠨ ᠬᠠᠷᠢᠶᠠᠲᠤ ᠨᠠᠷ᠂ ᠤᠯᠤᠰ ᠲᠤ ᠪᠠᠨ ᠪᠤᠴᠠᠵᠤ ᠢᠷᠡᠭᠰᠡᠨ ᠬᠠᠷᠢᠶᠠᠲᠤ ᠨᠠᠷ᠂ ᠬᠠᠷᠢᠶᠠᠲᠤ ᠨᠠᠷ ᠤᠨ ᠭᠡᠷ ᠪᠦᠯᠢ ᠶᠢᠨ ᠲᠥᠯᠥᠭᠡᠯᠡᠭᠴᠢ ᠬᠥᠮᠦᠰ ᠤᠨ ᠠᠵᠢᠯ ᠢ ᠴᠢᠩᠭᠠᠳᠬᠠᠵᠤ᠂ ᠬᠠᠷᠢᠶᠠᠲᠤ ᠨᠠᠷ ᠤᠨ ᠰᠡᠳᠬᠢᠯ ᠢ ᠨᠢᠭᠲᠠᠷᠠᠭᠤᠯᠤᠨ᠂ ᠬᠠᠷᠢᠶᠠᠲᠤ ᠨᠠᠷ ᠤᠨ ᠤᠶᠤᠨ ᠤᠬᠠᠭᠠᠨ ᠢ ᠲᠥᠪᠯᠡᠷᠡᠭᠦᠯᠵᠦ᠂ ᠬᠠᠷᠢᠶᠠᠲᠤ ᠨᠠᠷ ᠤᠨ ᠬᠦᠴᠦᠨ ᠴᠢᠳᠠᠯ ᠢ ᠪᠠᠳᠠᠷᠠᠭᠤᠯᠤᠨ᠂ ᠬᠠᠷᠢᠶᠠᠲᠤ ᠨᠠᠷ ᠤᠨ ᠠᠰᠢᠭ ᠲᠤᠰᠠ ᠶᠢ ᠬᠠᠮᠠᠭᠠᠯᠠᠵᠤ᠂ ᠬᠠᠷᠢᠶᠠᠲᠤ ᠨᠠᠷ ᠲᠤ ᠦᠢᠯᠡᠴᠢᠯᠡᠨ᠎ᠡ︔ ᠤᠯᠤᠰ ᠤᠨ ᠳᠣᠲᠣᠭᠠᠳᠤ ᠶᠢᠨ ᠬᠠᠷᠢᠶᠠᠲᠤ ᠨᠠᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠨᠠᠷ ᠤᠨ ᠲᠤᠬᠠᠢ ᠠᠵᠢᠯ ᠢ ᠨᠢᠭᠡᠳᠦᠯᠲᠡᠢ ᠲᠥᠯᠦᠪᠵᠢᠭᠦᠯᠵᠦ᠂ ᠬᠠᠷᠢᠶᠠᠲᠤ ᠨᠠᠷ ᠤᠨ ᠶᠠᠪᠤᠳᠠᠯ ᠤᠨ ᠡᠬᠢ ᠪᠠᠶᠠᠯᠢᠭ ᠢ ᠬᠦᠴᠦᠯᠡᠨ ᠬᠠᠳᠠᠭᠠᠯᠠᠵᠤ᠂ ᠳᠤᠮᠳᠠᠳᠤ ᠶᠢᠨ ᠬᠠᠷᠢᠶᠠᠲᠤ ᠨᠠᠷ᠂ ᠤᠯᠤᠰ ᠲᠤ ᠪᠠᠨ ᠪᠤᠴᠠᠵᠤ ᠢᠷᠡᠭᠰᠡᠨ ᠬᠠᠷᠢᠶᠠᠲᠤ ᠨᠠᠷ᠂ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠢ ᠬᠦᠲᠦᠯᠦᠨ ᠵᠢᠯᠣᠭᠤᠳᠴᠤ ᠪᠠᠶᠢᠭᠠᠳ ᠡᠬᠡ ᠤᠯᠤᠰ ᠤᠨ ᠣᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠭᠡ ᠴᠢᠷᠮᠠᠶᠢᠯᠭᠠᠵᠤ᠂ ᠳᠤᠮᠳᠠᠳᠤ ᠤᠯᠤᠰ ᠤᠨ ᠨᠢᠭᠡᠳᠦᠯ ᠢ ᠬᠠᠮᠠᠭᠠᠯᠠᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠦᠨ᠎ᠡ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠡᠯᠡᠬᠡᠢ ᠶᠢᠨ ᠠᠷᠠᠳ ᠲᠦᠮᠡᠨ ᠤ ᠬᠤᠭᠤᠷᠣᠨᠳᠣᠬᠢ ᠨᠥᠬᠦᠷᠰᠡᠭ ᠬᠠᠮᠲᠤᠷᠠᠯᠴᠠᠭ᠎ᠠ ᠰᠣᠯᠢᠯᠴᠠᠭ᠎ᠠ ᠶᠢ ᠨᠡᠮᠡᠭᠳᠡᠭᠦᠯᠬᠦ ᠪᠠᠷ ᠴᠢᠷᠮᠠᠶᠢᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠳᠠ ᠶᠢ ᠠᠬᠢᠭᠤᠯᠤᠨ᠎ᠠ᠃ ᠳᠤᠮᠳᠠᠳᠤ ᠶᠢᠨ ᠬᠠᠷᠢᠶᠠᠲᠤ ᠨᠠᠷ ᠤᠨ ᠵᠦᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠳᠤᠮᠳᠠᠳᠤ ᠶᠢᠨ ᠬᠠᠷᠢᠶᠠᠲᠤ ᠨᠠᠷ ᠤᠨ ᠣᠷᠣᠰᠢᠨ ᠬᠥᠭᠵᠢᠬᠦ ᠶᠢ ᠬᠠᠯᠠᠮᠵᠢᠯᠠᠵᠤ᠂ ᠳᠤᠮᠳᠠᠳᠤ ᠶᠢᠨ ᠬᠠᠷᠢᠶᠠᠲᠤ ᠨᠠᠷ ᠢᠶᠠᠷ ᠪᠦᠷᠢᠯᠳᠦᠭᠰᠡᠨ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠂ ᠳᠤᠮᠳᠠᠳᠤ ᠶᠢᠨ ᠬᠠᠷᠢᠶᠠᠲᠤ ᠨᠠᠷ ᠢ ᠰᠠᠭᠤᠵᠤ ᠪᠠᠶᠢᠭ᠎ᠠ ᠤᠯᠤᠰ ᠤᠨ ᠢᠶᠠᠨ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠲᠤᠬᠠᠢ ᠶᠢᠨ ᠭᠠᠵᠠᠷ ᠤᠨ ᠰᠣᠶᠣᠯ ᠵᠠᠩ ᠳᠠᠳᠬᠠᠯ ᠢ ᠬᠦᠨᠳᠦᠳᠬᠡᠨ᠂ ᠨᠡᠶᠢᠭᠡᠮ ᠤᠨ ᠭᠤᠣᠯ ᠳᠠᠪᠬᠤᠷᠭ᠎ᠠ ᠲᠠᠢ ᠨᠡᠩ ᠰᠠᠶᠢᠲᠤᠷ ᠠᠭᠤᠰᠤᠯᠴᠠᠵᠦ᠂ ᠰᠠᠭᠤᠵᠤ ᠪᠠᠶᠢᠭ᠎ᠠ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠵᠦ᠂ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠢ᠂ ᠬᠦᠳᠡᠯᠦᠯ ᠪᠠᠶᠢᠳᠠᠯ ᠨᠢ ᠪᠣᠯᠪᠠᠰᠤᠨ᠂ ᠨᠡᠶᠢᠭᠡᠮ ᠢ ᠬᠠᠯᠠᠮᠵᠢᠯᠠᠨ ᠬᠠᠶᠢᠷᠠᠯᠠᠳᠠᠭ᠂ ᠪᠦᠯᠬᠦᠮᠳᠡᠯ ᠲᠠᠢ ᠡᠶ᠎ᠡ ᠵᠣᠬᠢᠴᠠᠯ ᠲᠠᠢ ᠪᠠᠶᠢᠬᠤ ᠲᠤᠮᠤ ᠤᠯᠤᠰ ᠤᠨ ᠬᠠᠷᠢᠶᠠᠲᠤ ᠠᠷᠠᠳ ᠤᠨ ᠲᠦᠷᠢ ᠲᠥᠷᠬᠦ ᠶᠢ ᠭᠦᠢᠴᠡᠳ ᠢᠯᠡᠷᠡᠭᠦᠯᠬᠦ ᠶᠢ ᠰᠤᠷᠭᠠᠨ ᠬᠥᠮᠦᠵᠢᠭᠦᠯᠵᠦ ᠬᠦᠲᠦᠯᠦᠨ ᠵᠢᠯᠣᠭᠤᠳᠤᠨ᠎ᠠ᠃ ᠤᠯᠤᠰ ᠲᠤ ᠪᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ᠂ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠲᠤ ᠨᠠᠷ ᠤᠨ ᠲᠦᠷᠦᠯ ᠰᠡᠳᠦᠠ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠤᠯᠤᠰ ᠲᠤ ᠪᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ᠂ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠲᠤ ᠨᠠᠷ ᠤᠨ ᠲᠦᠷᠦᠯ ᠰᠡᠳᠦᠠ ᠤ ᠣᠨᠴᠠᠯᠢᠭ ᠢ ᠵᠣᠬᠢᠰᠲᠠᠢ ᠪᠠᠷ ᠬᠠᠷᠠᠭᠠᠯᠵᠠᠨ᠂ ᠲᠡᠳᠡᠠ ᠤ ᠭᠠᠳᠠᠭᠠᠳᠤ ᠲᠠᠢ ᠥᠷᠭᠡᠨ ᠳᠡᠯᠭᠡᠷ ᠬᠠᠷᠢᠯᠴᠠᠬᠤ ᠳᠠᠪᠠᠭᠤᠯᠢᠭ ᠦᠢᠯᠡᠳᠦᠯ ᠢ ᠢᠳᠡᠪᠬᠢᠲᠡᠢ ᠪᠠᠳᠠᠷᠠᠭᠤᠯᠤᠨ᠎ᠠ᠃       ᠠᠷᠪᠠᠨ ᠨᠢᠭᠡᠳᠦᠭᠡᠷ ᠪᠦᠯᠦᠭ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠡᠩᠨᠡᠭᠡᠨ ᠤ ᠪᠠᠶᠢᠭᠤᠯᠤᠯᠲᠠ      ᠭᠤᠴᠢ ᠶᠢᠰᠦᠳᠦᠭᠡᠷ ᠵᠦᠢᠯ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠭᠡᠳᠡᠭ ᠨᠢ ᠳᠤᠮᠳᠠᠳᠤ ᠤᠯᠤᠰ ᠤᠨ ᠡᠪ ᠬᠠᠮᠲᠤ ᠨᠠᠮ ᠲᠠᠢ ᠪᠦᠯᠬᠦᠮᠳᠡᠨ ᠬᠠᠮᠲᠤᠷᠠᠯᠴᠠᠵᠤ᠂ ᠨᠡᠯᠢᠶᠡᠳ ᠶᠡᠭᠡ ᠬᠤᠪᠢ ᠨᠡᠮᠡᠷᠢ ᠦᠵᠡᠭᠦᠯᠦᠭᠰᠡᠨ᠂ ᠵᠣᠬᠢᠬᠤ ᠨᠡᠶᠢᠭᠡᠮ ᠤᠨ ᠨᠥᠯᠥᠭᠡ ᠲᠠᠢ ᠬᠥᠮᠦᠰ ᠢ ᠵᠢᠭᠠᠵᠤ ᠪᠣᠢ᠂ ᠲᠡᠭᠦᠨ ᠤ ᠪᠠᠷᠢᠮᠵᠢᠶ᠎ᠠ ᠨᠢ ᠤᠯᠤᠰ ᠲᠦᠷᠦ ᠶᠢᠨ ᠵᠣᠭᠰᠤᠴᠠ ᠪᠠᠷ ᠪᠠᠲᠤ ᠴᠢᠩᠭ᠎ᠠ᠂ ᠠᠮᠵᠢᠯᠲᠠ ᠪᠦᠲᠦᠮᠵᠢ ᠨᠢ ᠲᠤᠪᠤᠶᠢᠮ᠎ᠠ᠂ ᠤᠯᠠᠨ ᠲᠦᠮᠡᠨ ᠳᠤ ᠮᠡᠳᠡᠷᠡᠭᠳᠡᠭᠰᠡᠨ ᠪᠠᠶᠢᠬᠤ ᠬᠡᠷᠡᠭᠲᠡᠢ᠃       ᠳᠥᠴᠢᠳᠦᠭᠡᠷ ᠵᠦᠢᠯ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠢ ᠢᠯᠡᠷᠡᠭᠦᠯᠵᠦ ᠨᠥᠭᠡᠴᠡᠯᠡᠬᠦ ᠠᠵᠢᠯ ᠢ ᠴᠢᠩᠭᠠᠳᠬᠠᠨ᠎ᠠ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠢ ᠬᠥᠮᠦᠵᠢᠭᠦᠯᠬᠦ ᠪᠠ ᠰᠢᠯᠢᠨ ᠳᠡᠪᠰᠢᠭᠦᠯᠬᠦ ᠴᠢᠬᠤᠯᠠ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠲᠦᠷᠦ ᠶᠢᠨ ᠪᠠᠶᠢᠭᠤᠯᠭ᠎ᠠ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠢᠴᠢ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ᠂ ᠭᠠᠳᠠᠭᠠᠳᠤ ᠳᠤ ᠭᠠᠷᠤᠭᠰᠠᠨ ᠪᠠ ᠤᠯᠤᠰ ᠲᠤ ᠪᠠᠨ ᠪᠤᠴᠠᠵᠤ ᠢᠷᠡᠭᠰᠡᠨ ᠬᠥᠮᠦᠰ ᠤᠨ ᠳᠣᠲᠣᠷ᠎ᠠ ᠠᠴᠠ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠢ ᠢᠯᠡᠷᠡᠭᠦᠯᠬᠦ ᠶᠢ ᠠᠩᠬᠠᠷᠤᠨ᠎ᠠ᠃        ᠳᠥᠴᠢᠨ ᠨᠢᠭᠡᠳᠦᠭᠡᠷ ᠵᠦᠢᠯ ᠤᠯᠤᠰ ᠲᠦᠷᠦ ᠶᠢᠨ ᠪᠣᠯᠪᠠᠰᠤᠷᠠᠯ ᠬᠢᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠲᠤ ᠤᠨᠤᠯ ᠤᠨ ᠪᠣᠯᠪᠠᠰᠤᠷᠠᠯ ᠬᠦᠷᠲᠡᠭᠡᠨ᠎ᠡ᠃ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠨᠢᠭᠡᠳᠦᠮᠡᠯ ᠹᠷᠣᠨᠲ ᠤᠨ ᠴᠢᠳᠠᠪᠤᠷᠢᠲᠠᠨ ᠢ ᠰᠤᠷᠭᠠᠨ ᠬᠦᠮᠦᠵᠢᠭᠦᠯᠬᠦ ᠭᠤᠣᠯ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷ ᠤᠨ ᠳᠡᠭᠡᠳᠦ ᠰᠤᠷᠭᠠᠭᠤᠯᠢ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠶᠡᠭᠡ ᠳᠡᠭᠡᠳᠦ ᠰᠤᠷᠭᠠᠭᠤᠯᠢ ᠵᠡᠷᠭᠡ ᠪᠣᠯᠪᠠᠰᠤᠷᠠᠭᠤᠯᠤᠯ ᠤᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠨ᠎ᠠ᠃ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠦᠢᠯᠡᠳᠦᠯᠭᠡ ᠶᠢᠨ ᠪᠣᠯᠪᠠᠰᠤᠷᠠᠯ ᠢ ᠴᠢᠩᠭᠠᠳᠬᠠᠵᠤ᠂ ᠨᠠᠮ ᠤᠨ ᠭᠠᠳᠠᠨᠠᠬᠢ ᠺᠠᠳ᠋ᠷ ᠢ ᠨᠠᠮ ᠵᠠᠰᠠᠭ ᠤᠨ ᠤᠳᠤᠷᠢᠳᠬᠤ ᠺᠠᠳ᠋ᠷ ᠢ ᠰᠣᠯᠢᠯᠴᠠᠬᠤ ᠶᠡᠷᠦᠩᠬᠡᠢ ᠲᠤᠬᠢᠷᠠᠭᠤᠯᠤᠯᠳᠠ ᠳᠤ ᠣᠷᠣᠭᠤᠯᠤᠨ᠎ᠠ᠃        ᠳᠥᠴᠢᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠦᠪᠯᠡᠯ ᠤᠨ ᠡᠷᠬᠢᠯᠡᠭᠴᠢ ᠭᠡᠰᠢᠭᠦᠨ᠂ ᠳᠡᠳ᠋ ᠡᠷᠬᠢᠯᠡᠭᠴᠢ ᠭᠡᠰᠢᠭᠦᠨ ᠵᠢᠴᠢ ᠭᠡᠰᠢᠭᠦᠳ ᠤᠨ ᠲᠤᠳᠤᠷᠠᠬᠢ ᠨᠠᠮ ᠤᠨ ᠭᠠᠳᠠᠨᠠᠬᠢ ᠲᠥᠯᠥᠭᠡᠯᠡᠭᠴᠢ ᠬᠦᠮᠦᠰ ᠢ ᠵᠣᠬᠢᠬᠤ ᠬᠠᠷᠢᠴᠠᠯ ᠲᠠᠢ ᠪᠠᠶᠢᠯᠭᠠᠬᠤ ᠬᠡᠷᠡᠭᠲᠡᠢ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠳᠣᠲᠣᠷ᠎ᠠ ᠵᠣᠬᠢᠬᠤ ᠲᠣᠭᠠᠨ ᠤ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠪᠠᠶᠢᠬᠤ ᠬᠡᠷᠡᠭᠲᠡᠢ᠃ ᠪᠦᠬᠦ ᠤᠯᠤᠰ ᠤᠨ ᠪᠠ ᠮᠤᠵᠢ ᠶᠢᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠡᠷᠬᠡᠪᠰᠢ ᠠᠷᠠᠳᠴᠢᠯᠠᠭᠰᠠᠨ ᠨᠠᠮ ᠪᠦᠯᠦᠭ ᠤᠨ ᠪᠦᠷᠢᠯᠳᠦᠬᠦᠨ ᠪᠤᠶᠤ ᠨᠠᠮ ᠪᠦᠯᠦᠭ ᠤᠨ ᠪᠤᠰᠤ ᠬᠦᠮᠦᠨ ᠢᠶᠠᠷ ᠲᠤᠰᠬᠠᠢ ᠲᠤᠰᠢᠶᠠᠯᠳᠦ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠦᠭᠰᠡᠨ ᠪᠠᠶᠢᠬᠤ ᠬᠡᠷᠡᠭᠲᠡᠢ᠃ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠥᠪᠳᠡᠯᠴᠡᠵᠦ ᠪᠠᠶᠢᠭᠠᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠤ ᠳᠣᠲᠣᠷᠠᠬᠢ ᠨᠠᠮ ᠤᠨ ᠭᠠᠳᠠᠨᠠᠬᠢ ᠵᠢᠱᠢᠭᠳᠡᠭᠰᠡᠳ ᠢ ᠲᠠᠨᠢᠯᠴᠠᠭᠤᠯᠵᠤ ᠨᠡᠷ᠎ᠡ ᠳᠤᠷᠠᠳᠬᠤ ᠠᠵᠢᠯ ᠢ ᠬᠠᠷᠢᠭᠤᠴᠠᠨ᠎ᠠ᠃        ᠳᠥᠴᠢᠨ ᠭᠤᠷᠪᠠᠳᠤᠭᠠᠷ ᠵᠦᠢᠯ ᠮᠤᠵᠢ᠂ ᠬᠤᠳᠠ ᠬᠤᠶᠠᠷ ᠱᠠᠲᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠲᠤ ᠨᠠᠮ ᠤᠨ ᠭᠠᠳᠠᠨᠠᠬᠢ ᠺᠠᠳ᠋ᠷ ᠲᠤᠬᠢᠷᠡᠭᠤᠯᠬᠤ ᠬᠡᠷᠡᠭᠲᠡᠢ᠃ ᠰᠢᠶᠠᠨ ᠤ ᠱᠠᠲᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠨᠢ ᠪᠣᠳᠠᠲᠠᠢ ᠠᠴᠠ ᠡᠭᠦᠰᠴᠦ᠂ ᠨᠠᠮ ᠤᠨ ᠭᠠᠳᠠᠨᠠᠬᠢ ᠺᠠᠳ᠋ᠷ ᠢ ᠢᠳᠡᠪᠬᠢᠲᠡᠢ ᠲᠤᠬᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠣᠨᠴᠠᠭᠠᠢ ᠱᠠᠭᠠᠷᠳᠠᠯᠭ᠎ᠠ ᠶᠢ ᠭᠠᠷᠭᠠᠪᠠᠯ᠂ ᠴᠥᠮ ᠨᠠᠮ ᠤᠨ ᠭᠠᠳᠠᠨᠠᠬᠢ ᠺᠠᠳ᠋ᠷ ᠢ ᠢᠳᠡᠪᠬᠢᠲᠡᠢ ᠲᠤᠬᠢᠷᠠᠭᠤᠯᠤᠨ ᠤᠳᠤᠷᠢᠳᠬᠤ ᠲᠤᠰᠢᠶᠠᠯ ᠡᠭᠦᠷᠭᠡᠯᠡᠭᠦᠯᠵᠦ ᠪᠣᠯᠤᠨ᠎ᠠ᠂ ᠡᠭᠦᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠤᠯᠠᠨ ᠲᠦᠮᠡᠨ ᠤ ᠠᠰᠢᠭ ᠲᠤᠰᠠ ᠲᠠᠢ ᠨᠢᠭᠲᠠ ᠬᠤᠯᠪᠣᠭᠳᠠᠬᠤ᠂ ᠰᠡᠬᠡᠬᠡᠲᠡᠳ ᠲᠠᠢ ᠨᠢᠬᠳᠠ ᠬᠠᠷᠢᠯᠴᠠᠬᠤ ᠪᠠ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ ᠰᠠᠯᠠᠭ᠎ᠠ ᠮᠥᠴᠢᠷ ᠲᠤ ᠲᠤᠬᠢᠷᠠᠭᠤᠯᠬᠤ ᠪᠠᠷ ᠭᠤᠤᠯᠳᠠᠯᠭ᠎ᠠ ᠪᠤᠯᠭᠠᠨ᠎ᠠ᠃ ᠨᠥᠬᠦᠴᠡᠯ ᠳᠤ ᠨᠡᠶᠢᠴᠡᠭᠰᠡᠨ ᠨᠠᠮ ᠤᠨ ᠭᠠᠳᠠᠨᠠᠬᠢ ᠺᠠᠳ᠋ᠷ ᠲᠤ ᠵᠠᠰᠠᠭ ᠤᠨ ᠣᠷᠳᠣᠨ ᠤ ᠰᠠᠯᠠᠭ᠎ᠠ ᠮᠥᠴᠢᠷ ︵ᠨᠢᠭᠡᠴᠢ︶ ᠤᠨ ᠵᠠᠰᠠᠭ ᠵᠠᠬᠢᠷᠭᠠᠨ ᠤ ᠵᠢᠩᠬᠢᠨᠢ ᠲᠤᠰᠢᠶᠠᠯ ᠢ ᠡᠭᠦᠷᠭᠡᠯᠡᠭᠦᠯᠵᠦ ᠪᠣᠯᠤᠨ᠎ᠠ᠃ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠲᠤ 2 ᠨᠡᠷᠡᠰ ᠤᠷᠴᠢᠮ ᠨᠠᠮ ᠤᠨ ᠭᠠᠳᠠᠨᠠᠬᠢ ᠺᠠᠳ᠋ᠷ ᠢ ᠵᠢᠩᠬᠢᠨᠢ ᠲᠤᠰᠢᠶᠠᠯ ᠳᠤ ᠲᠣᠬᠢᠷᠠᠭᠤᠯᠬᠤ ᠬᠡᠷᠡᠭᠲᠡᠶ᠃        ᠳᠥᠴᠢᠨ ᠳᠥᠷᠪᠡᠳᠦᠭᠡᠷ ᠵᠦᠢᠯ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠨᠢ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠳᠤ ᠨᠡᠯᠢᠶᠡᠳ ᠶᠡᠭᠡ ᠬᠠᠷᠢᠴᠠᠯ ᠢ ᠡᠵᠡᠯᠡᠭᠰᠡᠨ ᠪᠠᠶᠢᠬᠤ ᠬᠡᠷᠡᠭᠲᠡᠢ᠂ ᠬᠤᠭᠤᠴᠠᠭ᠎ᠠ ᠰᠣᠯᠢᠬᠤ ᠦᠶ᠎ᠡ ᠶᠢᠨ ᠭᠡᠰᠢᠭᠦᠨ ᠨᠢ 60 % ᠠᠴᠠ ᠲᠣᠷᠤᠭᠰᠢ ᠪᠠᠶᠢᠵᠦ ᠪᠣᠯᠬᠤ ᠦᠭᠡᠢ᠂ ᠪᠠᠶᠢᠩᠭᠤ ᠶᠢᠨ ᠭᠡᠰᠢᠭᠦᠨ ᠨᠢ 65 % ᠠᠴᠠ ᠲᠤᠷᠤᠭᠰᠢ ᠪᠠᠶᠢᠵᠦ ᠪᠣᠯᠬᠤ ᠦᠭᠡᠢ︔ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠳᠣᠲᠣᠷ᠎ᠠ ᠳᠡᠳ᠋ ᠲᠡᠷᠢᠭᠦᠯᠡᠭᠴᠢ 50 % ᠠᠴᠠ ᠲᠤᠷᠤᠭᠰᠢ ᠪᠠᠶᠢᠵᠦ ᠪᠣᠯᠬᠤ ᠦᠭᠡᠢ ︵ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠪᠠᠭᠲᠠᠬᠤ ᠦᠭᠡᠢ︶᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠪᠠ ᠮᠤᠵᠢ ᠶᠢᠨ ᠱᠠᠲᠤᠨ ᠤ ᠤᠯᠤᠰ ᠲᠦᠷᠦ ᠶᠢᠨ ᠵᠥᠪᠯᠡᠯᠭᠡᠨ ᠳᠤ ᠠᠷᠠᠳᠴᠢᠯᠠᠭᠰᠠᠨ ᠨᠠᠮ ᠪᠦᠯᠦᠭ ᠤᠨ ᠪᠦᠷᠢᠯᠳᠦᠬᠦᠨ ᠪᠤᠶᠤ ᠨᠠᠮ ᠪᠦᠯᠦᠭ ᠤᠨ ᠪᠤᠰᠤ ᠬᠥᠮᠦᠰ ᠢᠶᠠᠷ ᠲᠤᠰᠬᠠᠢ ᠲᠤᠰᠢᠶᠠᠯᠳᠤ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠬᠦ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠡᠯ᠎ᠡ ᠲᠤᠰᠬᠠᠢ ᠵᠦᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ ᠵᠢᠴᠢ ᠭᠡᠰᠢᠭᠦᠳ ᠤᠨ ᠲᠤᠳᠤᠷ᠎ᠠ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠨᠢ ᠵᠣᠬᠢᠬᠤ ᠬᠠᠷᠢᠴᠠᠯ ᠢ ᠡᠵᠡᠯᠡᠭᠰᠡᠨ ᠪᠠᠶᠢᠬᠤ ᠬᠡᠷᠡᠭᠲᠡᠢ᠃ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢᠶᠠᠷ ᠰᠣᠩᠭᠤᠭᠳᠠᠬᠤ ᠬᠥᠮᠦᠨ ᠢ ᠲᠠᠨᠢᠯᠴᠠᠭᠤᠯᠬᠤ ᠠᠵᠢᠯ ᠢ ᠥᠷᠭᠡᠨ ᠳᠡᠯᠭᠡᠷᠡᠩᠭᠦᠢ ᠪᠠᠷ ᠵᠥᠪᠳᠡᠯᠴᠡᠬᠦ ᠶᠢ ᠪᠠᠷᠢᠮᠲᠠᠯᠠᠬᠤ ᠬᠡᠷᠡᠭᠲᠡᠢ᠂ ᠨᠠᠮ ᠤᠨ ᠳᠤᠳᠤᠷᠠᠬᠢ ᠬᠦᠮᠦᠰ ᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ ᠨᠡᠷ᠎ᠡ ᠳᠤᠷᠠᠳᠴᠤ᠂ ᠨᠠᠮ ᠤᠨ ᠭᠠᠳᠠᠨᠠᠬᠢ ᠬᠦᠮᠦᠰ ᠢ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠠᠴᠠ ᠨᠡᠷ᠎ᠡ ᠲᠤᠷᠠᠳᠤᠨ᠎ᠠ᠂ ᠡᠭᠦᠨ ᠤ ᠳᠣᠲᠣᠷᠠᠬᠢ ᠠᠷᠠᠳᠴᠢᠯᠠᠭᠰᠠᠨ ᠨᠠᠮ ᠪᠦᠯᠦᠭ ᠤᠨ ᠪᠦᠷᠢᠯᠳᠦᠬᠦᠨ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠮᠦᠰ ᠤᠨ ᠨᠡᠷ᠎ᠡ ᠶᠢ ᠳᠤᠷᠠᠳᠬᠤ ᠠᠴᠠ ᠪᠠᠨ ᠡᠮᠦᠨ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠲᠠᠢ ᠵᠦᠪᠳᠡᠯᠴᠡᠨ᠎ᠡ᠂ ᠦᠷᠭᠦᠯᠵᠢᠯᠡᠨ ᠨᠡᠷ᠎ᠡ ᠲᠤᠷᠠᠳᠬᠤ ᠡᠯ᠎ᠡ ᠡᠲᠡᠭᠡᠳ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠠᠨᠠᠯ ᠢ ᠰᠣᠨᠣᠰᠬᠤ ᠬᠡᠷᠡᠭᠲᠡᠢ᠃ ᠰᠠᠨᠠᠭᠤᠯᠤᠨ ᠲᠤᠷᠠᠳᠤᠭᠰᠠᠨ ᠨᠡᠷᠡᠰ ᠢ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠠᠴᠠ ᠬᠤᠷᠢᠶᠠᠩᠭᠤᠶᠢᠯᠠᠬᠤ ᠶᠢᠨ ᠬᠠᠮᠲᠤ ᠬᠤᠯᠪᠣᠭᠳᠠᠯ ᠪᠦᠬᠦᠢ ᠲᠠᠯ᠎ᠠ ᠶᠢᠨ ᠰᠠᠨᠠᠯ ᠢ ᠬᠤᠷᠢᠶᠠᠭᠰᠠᠨ ᠤ ᠳᠠᠷᠠᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠨᠠᠮ ᠤᠨ ᠬᠤᠷᠢᠶ᠎ᠠ ᠳᠤ ᠮᠡᠳᠡᠭᠦᠯᠦᠨ ᠬᠢᠨᠠᠨ ᠲᠣᠭᠲᠠᠭᠠᠯᠭᠠᠵᠤ᠂ ᠳᠠᠷᠠᠭ᠎ᠠ ᠨᠢ ︽ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠦᠷᠢᠮ︾ ᠳᠤ ᠲᠣᠭᠲᠠᠭᠠᠭᠰᠠᠨ ᠡᠮᠬᠢ ᠵᠢᠷᠤᠮ ᠶᠣᠰᠣᠭᠠᠷ ᠭᠦᠢᠴᠡᠳᠬᠡᠨ᠎ᠡ᠃       ᠳᠥᠴᠢᠨ ᠲᠠᠪᠤᠳᠤᠭᠠᠷ ᠵᠦᠢᠯ ᠡᠯ᠎ᠡ ᠱᠠᠲᠤᠨ ᠤ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠤᠳᠤᠷᠢᠳᠬᠤ ᠪᠠᠭ ᠲᠤ ᠨᠠᠮ ᠤᠨ ᠭᠠᠳᠠᠨᠠᠬᠢ ᠺᠠᠳ᠋ᠷ ᠢ ᠲᠤᠬᠢᠷᠡᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ ᠤᠨ ᠳᠣᠲᠣᠷ᠎ᠠ ᠡᠩ ᠤᠨ ᠪᠠᠶᠢᠳᠠᠯ ᠳᠤ ᠨᠠᠮ ᠤᠨ ᠭᠠᠳᠠᠨᠠᠬᠢ ᠺᠠᠳ᠋ᠷ ᠢ ᠲᠤᠬᠢᠷᠡᠭᠤᠯᠬᠤ ᠬᠡᠷᠡᠭᠲᠡᠢ᠂ ᠨᠥᠬᠦᠴᠡᠯ ᠳᠤ ᠨᠡᠶᠢᠴᠡᠭᠰᠡᠨ ᠨᠠᠮ ᠤᠨ ᠭᠠᠳᠠᠨᠠᠬᠢ ᠺᠠᠳ᠋ᠷ ᠵᠠᠰᠠᠭ ᠵᠠᠬᠢᠷᠭᠠᠨ ᠤ ᠵᠢᠩᠬᠢᠨᠢ ᠲᠤᠰᠢᠶᠠᠯ ᠢ ᠡᠭᠦᠷᠭᠡᠯᠡᠵᠦ ᠪᠣᠯᠤᠨ᠎ᠠ᠃ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠤᠳᠤᠷᠢᠳᠬᠤ ᠪᠠᠭ ᠤᠨ ᠳᠤᠳᠤᠷ᠎ᠠ ᠨᠠᠮ ᠤᠨ ᠭᠠᠳᠠᠨᠠᠬᠢ ᠺᠠᠳ᠋ᠷ ᠢ ᠰᠣᠩᠭᠤᠨ ᠲᠤᠬᠢᠷᠠᠭᠤᠯᠬᠤ ᠡᠷᠴᠢᠮ ᠢᠶᠠᠨ ᠨᠡᠮᠡᠭᠳᠡᠭᠦᠯᠦᠨ᠎ᠡ᠃ ᠵᠥᠪᠳᠡᠭᠴᠢ ᠶᠢᠨ ᠲᠠᠰᠤᠭ ᠤᠨ ᠨᠢᠭᠡᠳᠦᠮᠡᠯ ᠹᠷᠣᠨᠲ ᠤᠨ ᠴᠢᠨᠠᠷ᠂ ᠠᠰᠠᠭᠤᠨ ᠯᠠᠪᠯᠠᠬᠤ ᠴᠢᠨᠠᠷ ᠪᠠ ᠰᠣᠶᠣᠯ ᠲᠡᠤᠬᠡ ᠶᠢᠨ ᠰᠤᠳᠤᠯᠭᠠᠨ ᠤ ᠣᠷᠳᠣᠨ ᠤ ᠨᠢᠭᠡᠳᠦᠮᠡᠯ ᠹᠷᠣᠨᠲ ᠤᠨ ᠴᠢᠨᠠᠷ᠂ ᠢᠷᠠᠭᠤ ᠠᠯᠳᠠᠷ ᠤᠨ ᠴᠢᠨᠠᠷ ᠤᠨ ᠰᠢᠨᠵᠢ ᠴᠢᠨᠠᠷ ᠢ ᠪᠠᠷᠢᠮᠲᠠᠯᠠᠵᠤ᠂ ᠨᠠᠮ ᠤᠨ ᠭᠠᠳᠠᠨᠠᠬᠢ ᠵᠥᠪᠳᠡᠭᠴᠢ᠂ ᠰᠤᠶᠤᠯ ᠲᠡᠤᠬᠡ ᠶᠢᠨ ᠰᠤᠳᠤᠯᠭᠠᠨ ᠤ ᠤᠷᠳᠤᠨ ᠤ ᠨᠠᠮ ᠤᠨ ᠭᠠᠳᠠᠨᠠᠬᠢ ᠠᠵᠢᠯᠲᠠᠨ 70 % ᠠᠴᠠ ᠲᠤᠷᠤᠭᠰᠢ ᠪᠠᠶᠢᠵᠦ ᠪᠣᠯᠬᠤ ᠦᠭᠡᠢ᠃ ᠵᠥᠪᠳᠡᠭᠴᠢ ᠶᠢᠨ ᠲᠠᠰᠤᠭ᠂ ᠰᠣᠶᠣᠯ ᠲᠡᠦᠬᠡ ᠶᠢᠨ ᠰᠤᠳᠤᠯᠭᠠᠨ ᠤ ᠣᠷᠳᠣᠨ ᠤ ᠤᠳᠤᠷᠢᠳᠬᠤ ᠪᠠᠭ ᠲᠤ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠢ ᠲᠤᠬᠢᠷᠠᠭᠤᠯᠬᠤ ᠬᠡᠷᠡᠭᠲᠡᠢ᠃ ᠬᠢᠨᠠᠨ ᠪᠠᠶᠢᠴᠠᠭᠠᠬᠤ ᠵᠥᠪᠯᠡᠯ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠪᠠ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠷᠬᠡᠪᠰᠢ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠢ ᠣᠨᠴᠠ ᠤᠷᠢᠬᠳᠠᠬᠴᠢ ᠪᠠᠷ ᠤᠷᠢᠬᠤ ᠬᠡᠷᠡᠭᠲᠡᠢ᠃ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠢ ᠬᠤᠯᠪᠣᠭᠳᠠᠯ ᠪᠦᠬᠦᠢ ᠨᠡᠶᠢᠭᠡᠮ ᠤᠨ ᠪᠦᠯᠬᠦᠮ ᠳᠤ ᠰᠣᠩᠭᠤᠨ ᠲᠠᠨᠢᠯᠴᠠᠭᠤᠯᠵᠤ ᠲᠤᠰᠢᠶᠠᠯ ᠡᠭᠦᠷᠭᠡᠯᠡᠭᠦᠯᠬᠦ ᠬᠡᠷᠡᠭᠲᠡᠢ᠃     ᠳᠥᠴᠢᠨ ᠵᠢᠷᠭᠤᠳᠤᠭᠠᠷ ᠵᠦᠢᠯ ᠨᠥᠬᠦᠴᠡᠯ ᠳᠤ ᠨᠡᠶᠢᠴᠡᠭᠰᠡᠨ ᠮᠤᠵᠢ ᠶᠢᠨ ᠱᠠᠲᠤᠨ ᠤ ᠠᠷᠠᠳᠴᠢᠯᠠᠭᠰᠠᠨ ᠨᠠᠮ ᠪᠦᠯᠦᠭ ᠤᠨ ᠡᠷᠬᠢᠯᠡᠭᠴᠢ ᠭᠡᠰᠢᠭᠦᠨ᠂ ᠦᠢᠯᠡᠳᠪᠦᠷᠢ ᠬᠤᠳᠠᠯᠳᠤᠭᠠᠨ ᠤ ᠬᠤᠯᠪᠤᠭᠠᠨ ᠤ ᠲᠡᠷᠢᠭᠦᠯᠡᠭᠴᠢ᠂ ᠨᠠᠮ ᠪᠦᠯᠦᠭ ᠤᠨ ᠪᠤᠰᠤ ᠲᠥᠯᠥᠭᠡᠯᠡᠭᠴᠢ ᠬᠥᠮᠦᠰ ᠢ ᠡᠩ ᠤᠨ ᠪᠠᠶᠢᠳᠠᠯ ᠳᠤ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠲᠤ ᠣᠷᠤᠭᠤᠯᠬᠤ ᠬᠡᠷᠡᠭᠲᠡᠢ᠃ ᠣᠨᠴᠠᠭᠠᠢ ᠪᠠᠶᠢᠳᠠᠯ ᠢ ᠭᠠᠷᠭᠠᠪᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠳᠣᠲᠣᠷᠠᠬᠢ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠲᠤ ᠠᠳᠠᠯᠢ ᠱᠠᠲᠤᠨ ᠤ ᠲᠤᠰᠢᠶᠠᠯ ᠡᠭᠦᠷᠭᠡᠯᠡᠵᠦ ᠪᠠᠶᠢᠭ᠎ᠠ ᠨᠠᠮ ᠤᠨ ᠳᠣᠲᠣᠭᠠᠳᠤ ᠶᠢᠨ ᠺᠠᠳ᠋ᠷᠴᠤᠳ ᠲᠠᠢ ᠠᠳᠠᠯᠢ ᠲᠡᠭᠰᠢ ᠬᠦᠷᠳᠡᠮᠵᠢ ᠣᠯᠭᠤᠬᠤ ᠬᠡᠷᠡᠭᠲᠡᠢ᠃     ᠳᠥᠴᠢᠨ ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠵᠢᠱᠢᠭᠳᠡᠭᠰᠡᠳ ᠪᠠ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠣᠲᠣᠷ᠎ᠠ ᠵᠣᠬᠢᠬᠤ ᠲᠣᠭᠠᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠮᠦᠰ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠪᠠᠶᠢᠬᠤ ᠬᠡᠷᠡᠭᠲᠡᠢ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠤᠣᠯ ᠪᠡᠯᠡ ᠭᠠᠷᠭᠠᠭᠴᠢ ᠪᠥᠭᠡᠳ ᠡᠵᠡᠩᠨᠡᠯᠲᠡ ᠬᠠᠮᠢᠶᠠᠷᠤᠯᠲᠠ ᠪᠠᠷ ᠭᠤᠣᠯ ᠠᠵᠢᠯ ᠢᠶᠠᠨ ᠪᠣᠯᠭᠠᠭᠰᠠᠨ ᠬᠦᠮᠦᠰ ᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠷᠢᠶ᠎ᠡ ᠬᠡᠪᠴᠢᠶᠡᠨ ᠳᠤ ᠲᠠᠨᠢᠯᠴᠠᠭᠤᠯᠤᠨ ᠲᠣᠬᠢᠷᠠᠭᠤᠯᠬᠤ ᠬᠡᠷᠡᠭᠲᠡᠢ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠮᠦᠰ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠵᠢᠱᠢᠭᠳᠡᠭᠰᠡᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠵᠡᠷᠭᠡ ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠲᠤᠰᠢᠶᠠᠯ ᠡᠭᠦᠷᠭᠡᠯᠡᠭᠦᠯᠬᠦ ᠪᠠᠷ ᠲᠠᠨᠢᠯᠴᠠᠭᠤᠯᠬᠤ ᠳᠤ ᠪᠠᠨ ᠶᠡᠷᠤᠩᠬᠡᠶᠢᠯᠡᠨ ᠦᠨᠡᠯᠡᠬᠦ ᠶᠢᠨ ᠬᠠᠮᠲᠤ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠠᠯᠠᠭ᠎ᠠ ᠮᠦᠴᠢᠷ ᠪᠣᠯᠤᠨ ᠣᠷᠣᠨ ᠨᠤᠲᠤᠭ ᠤᠨ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠵᠡᠷᠭᠡ ᠬᠤᠯᠪᠣᠭᠳᠠᠯ ᠪᠥᠬᠦᠶ ᠲᠠᠯ᠎ᠠ ᠶᠢᠨ ᠰᠠᠨᠠᠯ ᠢ ᠬᠤᠷᠢᠶᠠᠨ ᠰᠤᠨᠤᠰᠬᠤ ᠬᠡᠷᠡᠭᠲᠡᠶ᠃     ᠳᠥᠴᠢᠨ ᠨᠠᠢᠮᠠᠳᠤᠭᠠᠷ ᠵᠦᠢᠯ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠵᠤ᠂ ᠲᠡᠳᠡᠨ ᠤ ᠤᠯᠤᠰ ᠲᠦᠷᠦ ᠶᠢᠨ ᠢᠯᠡᠷᠡᠯ᠂ ᠦᠵᠡᠯ ᠰᠠᠨᠠᠭᠠᠨ ᠤ ᠪᠠᠶᠢᠳᠠᠯ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠵᠤ ᠪᠠᠶᠢᠭ᠎ᠠ ᠪᠠᠶᠢᠳᠠᠯ ᠪᠠ ᠬᠤᠪᠢ ᠬᠥᠮᠦᠨ ᠤ ᠴᠢᠬᠤᠯᠠ ᠤᠴᠢᠷ ᠶᠠᠪᠤᠳᠠᠯ ᠤᠨ ᠬᠤᠪᠢᠷᠠᠯᠲᠠ ᠶᠢᠨ ᠪᠠᠶᠢᠳᠠᠯ᠂ ᠢᠯᠠᠩᠭᠤᠶ᠎ᠠ ᠴᠢᠬᠤᠯᠠ ᠶᠡᠭᠡ ᠵᠠᠷᠴᠢᠮ ᠤᠨ ᠠᠰᠠᠭᠤᠳᠠᠯ ᠳᠡᠭᠡᠷᠡᠬᠢ ᠤᠯᠤᠰ ᠲᠦᠷᠦ ᠶᠢᠨ ᠵᠣᠭᠰᠣᠯᠲᠠ ᠪᠠ ᠣᠪᠣᠷ ᠢ ᠨᠢ ᠭᠤᠣᠯᠳᠠᠯᠭ᠎ᠠ ᠲᠠᠢ ᠤᠢᠢᠯᠠᠭᠠᠨ ᠡᠵᠡᠮᠰᠢᠨ᠎ᠡ᠃ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠨᠢ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠬᠠᠮᠢᠶᠠᠷᠤᠯᠲᠠ ᠶᠢ ᠵᠣᠬᠢᠴᠠᠭᠤᠯᠬᠤ ᠠᠵᠢᠯ ᠢ ᠲᠦᠷᠦᠭᠦᠯᠡᠨ ᠬᠠᠷᠢᠭᠤᠴᠠᠨ᠎ᠠ᠃ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠪᠠᠶᠢᠭ᠎ᠠ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠲᠤᠰ ᠲᠤᠰ ᠤᠨ ᠢᠶᠠᠨ ᠬᠠᠷᠢᠭᠤᠴᠠᠯᠭ᠎ᠠ ᠪᠠᠨ ᠭᠦᠢᠴᠡᠳᠬᠡᠵᠦ᠂ ᠡᠳᠦᠷ ᠲᠤᠳᠤᠮ ᠤᠨ ᠬᠠᠮᠢᠶᠠᠷᠤᠯᠲᠠ ᠬᠢᠨᠠᠨ ᠰᠢᠯᠭᠠᠯᠲᠠ ᠶᠢ ᠴᠢᠩᠭᠠᠳᠬᠠᠬᠤ ᠬᠡᠷᠡᠭᠲᠡᠢ᠃ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠪᠠᠶᠢᠭ᠎ᠠ ᠨᠠᠮ ᠪᠦᠯᠦᠭ ᠪᠠ ᠪᠦᠯᠬᠦᠮ ᠤᠨ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠬᠥᠮᠦᠵᠢᠭᠦᠯᠬᠦ᠂ ᠥᠪᠡᠷ ᠤᠨ ᠪᠡᠶ᠎ᠡ ᠳᠤ ᠪᠠᠨ ᠬᠢᠨᠠᠯᠳᠠ ᠲᠠᠯᠪᠢᠬᠤ ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃     ᠳᠥᠴᠢ ᠶᠢᠰᠦᠳᠦᠭᠡᠷ ᠵᠦᠢᠯ ᠨᠠᠮ ᠪᠠ ᠨᠠᠮ ᠤᠨ ᠭᠠᠳᠠᠨᠠᠬᠢ ᠲᠥᠯᠥᠭᠡᠯᠡᠭᠴᠢ ᠯᠦᠭᠡ ᠶᠢᠨ ᠬᠠᠮᠲᠤᠷᠠᠨ ᠠᠵᠢᠯᠯᠠᠬᠤ ᠶᠢ ᠰᠠᠶᠢᠳᠤᠷ ᠬᠢᠬᠦ ᠬᠡᠷᠡᠭᠲᠡᠢ᠃ ᠬᠠᠮᠲᠤ ᠶᠢᠨ ᠤᠳᠤᠷᠢᠳᠤᠯᠭ᠎ᠠ ᠪᠠ ᠬᠤᠪᠢ ᠬᠥᠮᠦᠨ ᠠᠵᠢᠯ ᠬᠤᠪᠢᠶᠠᠨ ᠬᠠᠷᠢᠭᠤᠴᠠᠬᠤ ᠶᠢ ᠤᠶᠠᠯᠳᠤᠭᠤᠯᠤᠨ ᠪᠠᠷᠢᠮᠲᠠᠯᠠᠵᠤ᠂ ᠨᠠᠮ ᠤᠨ ᠭᠠᠳᠠᠨᠠᠬᠢ ᠺᠠᠳ᠋ᠷᠴᠤᠳ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠤᠨ ᠬᠢᠨᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠵᠢᠯᠣᠭᠤᠳᠬᠤ ᠡᠷᠬᠡ᠂ ᠠᠰᠠᠭᠤᠳᠠᠯ ᠢ ᠰᠢᠢᠳᠪᠦᠷᠢᠯᠡᠬᠦ ᠳᠤ ᠰᠢᠢᠳᠪᠦᠷᠢ ᠭᠠᠷᠭᠠᠬᠤ ᠡᠷᠬᠡ᠂ ᠠᠵᠢᠯᠳᠠᠨ ᠢ ᠲᠣᠮᠢᠯᠠᠬᠤ ᠪᠠᠭᠤᠯᠭᠠᠬᠤ ᠳᠤ ᠰᠠᠨᠠᠭᠤᠯᠭ᠎ᠠ ᠲᠤᠷᠠᠳᠬᠤ ᠡᠷᠬᠡ ᠲᠠᠢ ᠪᠠᠶᠢᠬᠤ ᠶᠢ ᠪᠠᠲᠤᠯᠠᠬᠤ ᠬᠡᠷᠡᠭᠲᠡᠢ᠃     ᠲᠠᠪᠢᠳᠤᠭᠠᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ᠨᠢ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠡᠩᠨᠡᠭᠡᠨ ᠤ ᠪᠠᠶᠢᠭᠤᠯᠤᠯᠲᠠ ᠶᠢ ᠺᠠᠳ᠋ᠷ ᠪᠠ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠶᠡᠷᠦᠩᠬᠡᠢ ᠲᠥᠯᠥᠪᠵᠢᠭᠦᠯᠭᠡ ᠳᠤ ᠣᠷᠣᠭᠤᠯᠵᠤ᠂ ᠰᠢᠯᠢᠳᠡᠭ ᠵᠠᠯᠠᠭᠤ ᠺᠠᠳ᠋ᠷ ᠤᠨ ᠡᠩᠨᠡᠭᠡᠨ ᠤ ᠳᠣᠲᠣᠷ᠎ᠠ ᠠᠴᠠ ᠨᠠᠮ ᠤᠨ ᠭᠠᠳᠠᠨᠠᠬᠢ ᠺᠠᠳ᠋ᠷ ᠢ ᠨᠢᠭᠡᠳᠦᠯᠲᠡᠢ ᠲᠦᠯᠦᠪᠵᠢᠭᠦᠯᠬᠦ ᠶᠢ ᠪᠣᠳᠣᠯᠬᠢᠯᠠᠬᠤ ᠬᠡᠷᠡᠭᠲᠡᠢ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠬᠠᠮᠵᠢᠯᠴᠠᠨ ᠠᠵᠢᠯᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠨᠠᠮ ᠤᠨ ᠭᠠᠳᠠᠨᠠᠬᠢ ᠺᠠᠳ᠋ᠷ ᠢ ᠲᠣᠮᠢᠯᠠᠬᠤ ᠪᠠᠭᠤᠯᠭᠠᠬᠤ᠂ ᠰᠢᠯᠵᠢᠭᠦᠯᠬᠦ᠂ ᠰᠣᠯᠢᠯᠴᠠᠬᠤ ᠶᠢ ᠰᠠᠨᠠᠭᠠᠴᠢᠯᠠᠨ ᠶᠠᠷᠢᠯᠴᠠᠵᠤ ᠲᠣᠭᠲᠠᠭᠠᠬᠤ ᠠᠴᠠ ᠡᠮᠦᠨ᠎ᠡ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠰᠠᠨᠠᠯ ᠢ ᠬᠤᠷᠢᠶᠠᠨ ᠰᠤᠨᠤᠰᠬᠤ ᠬᠡᠷᠡᠭᠲᠡᠢ᠃     ᠠᠷᠪᠠᠨ ᠬᠤᠶᠠᠳᠤᠭᠠᠷ ᠪᠦᠯᠦᠭ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠲᠤᠰ ᠪᠡᠶ᠎ᠡ ᠶᠢᠨ ᠪᠠᠶᠢᠭᠤᠯᠤᠯᠲᠠ      ᠲᠠᠪᠢᠨ ᠨᠢᠭᠡᠳᠦᠭᠡᠷ ᠵᠦᠢᠯ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠨᠢᠭᠡᠳᠦᠮᠡᠯ ᠹᠷᠣᠨᠲ ᠤᠨ ᠺᠠᠳ᠋ᠷᠴᠤᠳ ᠢ ᠬᠦᠲᠦᠯᠦᠨ ᠵᠢᠯᠤᠭᠤᠳᠴᠤ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠤᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯᠯᠠᠬᠴᠢ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠵᠤᠷᠢᠭ ᠰᠠᠨᠠᠭ᠎ᠠ ᠪᠠ ᠵᠣᠷᠢᠯᠲᠠ ᠶᠢ ᠨᠢᠭᠡᠳᠦᠮᠡᠯ ᠹᠷᠣᠨᠲ ᠤᠨ ᠠᠵᠢᠯ ᠤᠨ ᠡᠯ᠎ᠡ ᠲᠠᠯ᠎ᠠ ᠪᠠ ᠪᠦᠬᠦ ᠶᠠᠪᠤᠴᠠ ᠳᠤ ᠲᠤᠭᠤᠰᠢᠯᠠᠭᠤᠯᠬᠤ ᠶᠢ ᠦᠨᠡᠨ ᠬᠦ ᠪᠠᠳᠤᠯᠠᠬᠤ ᠬᠡᠷᠡᠭᠲᠡᠢ᠃       ᠲᠠᠪᠢᠨ ᠬᠤᠶᠠᠳᠤᠭᠠᠷ ᠵᠦᠢᠯ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠤᠶᠤᠨ ᠲᠠᠷᠢᠬᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠤᠨ᠎ᠠ᠃      ᠲᠠᠪᠢᠨ ᠭᠤᠷᠪᠠᠳᠤᠭᠠᠷ ᠵᠦᠢᠯ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠤᠭᠤᠰᠢᠯᠠᠭᠤᠯᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠵᠤ᠂ ᠬᠥᠮᠦᠨ ᠢ ᠰᠣᠩᠭᠤᠵᠤ ᠬᠥᠮᠦᠨ ᠢ ᠬᠡᠷᠡᠭᠯᠡᠬᠦ ᠵᠥᠪ ᠣᠨᠣᠪᠴᠢᠲᠠᠢ ᠤᠳᠤᠷᠢᠳᠤᠮᠵᠢ ᠶᠢ ᠪᠤᠢ ᠪᠣᠯᠭᠠᠨ ᠪᠠᠷᠢᠮᠲᠠᠯᠠᠵᠤ᠂ ᠺᠠᠳ᠋ᠷ ᠢ ᠬᠥᠮᠦᠵᠢᠭᠦᠯᠬᠦ᠂ ᠰᠣᠯᠢᠯᠴᠠᠬᠤ ᠪᠠ ᠳᠠᠪᠲᠠᠨ ᠪᠣᠯᠪᠠᠰᠤᠷᠠᠭᠤᠯᠬᠤ ᠶᠢ ᠴᠢᠩᠭᠠᠳᠬᠠᠵᠤ᠂ ᠤᠯᠤᠰ ᠲᠦᠷᠦ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ᠂ ᠰᠤᠷᠲᠠᠯ ᠰᠢᠯᠢᠳᠡᠭ ᠰᠠᠶᠢᠨ ᠨᠢᠭᠡᠳᠦᠮᠡᠯ ᠹᠷᠣᠨᠲ ᠤᠨ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃      ᠲᠠᠪᠢᠨ ᠳᠥᠷᠪᠡᠳᠦᠭᠡᠷ ᠵᠦᠢᠯ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ︽ᠲᠦᠷᠪᠡᠨ ᠰᠤᠷᠲᠠᠯ︾ ᠢ ᠡᠷᠡᠰ ᠵᠠᠯᠠᠷᠠᠭᠤᠯᠵᠤ᠂ ᠨᠠᠮ ᠤᠨ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠵᠦ᠂ ᠨᠢᠭᠡᠳᠦᠮᠡᠯ ᠹᠷᠣᠨᠲ ᠤᠨ ᠺᠠᠳ᠋ᠷᠴᠤᠳ ᠢ ᠬᠦᠮᠦᠵᠢᠭᠦᠯᠵᠦ ᠵᠢᠯᠤᠭᠤᠳᠤᠨ ᠬᠠᠷᠢᠭᠤᠴᠠᠯᠭ᠎ᠠ ᠡᠭᠦᠷᠭᠡᠯᠡᠭᠦᠯᠦᠨ᠂ ᠨᠠᠮ ᠤᠨ ᠭᠠᠳᠠᠨᠠᠬᠢ ᠬᠥᠮᠦᠰ ᠯᠦᠭᠡ ᠶᠢᠨ ᠪᠦᠯᠬᠦᠮᠳᠡᠯ ᠬᠠᠷᠢᠯᠴᠠᠭ᠎ᠠ ᠪᠠᠨ ᠴᠢᠩᠭᠠᠳᠬᠠᠵᠤ᠂ ᠨᠠᠮ ᠤᠨ ᠭᠠᠳᠠᠨᠠᠬᠢ ᠬᠥᠮᠦᠰ ᠲᠤ ᠦᠨᠡᠨᠴᠢ ᠪᠠᠷ ᠬᠠᠨᠳᠤᠵᠤ᠂ ᠰᠡᠳᠬᠢᠯᠭᠡ ᠶᠢ ᠨᠢ ᠦᠨᠡᠨ ᠬᠦ ᠬᠦᠳᠡᠯᠭᠡᠭᠡᠵᠦ᠂ ᠶᠣᠰᠣ ᠤᠴᠢᠷ ᠢ ᠤᠶᠢᠯᠠᠭᠠᠭᠤᠯᠵᠤ᠂ ᠪᠣᠳᠠᠲᠠᠢ ᠪᠠᠷ ᠬᠠᠪᠰᠤᠷᠴᠤ᠂ ᠴᠢᠩ ᠦᠨᠡᠨᠴᠢ ᠲᠠᠷᠤᠤ ᠡᠶᠡᠯᠰᠡᠭ ᠢᠶᠠᠷ᠂ ᠬᠦᠮᠦᠰ ᠲᠤ ᠡᠷᠬᠡ ᠲᠡᠭᠰᠢ ᠪᠠᠷ ᠬᠠᠨᠳᠤᠵᠤ᠂ ᠬᠠᠮᠲᠦ ᠨᠡᠶᠢᠳᠡ ᠶᠢᠨ ᠲᠦᠯᠦᠭᠡ ᠠᠷᠢᠭᠤᠨ ᠴᠢᠬᠡᠴᠢ ᠪᠠᠷ ᠵᠢᠳᠬᠦᠬᠦ ᠬᠡᠷᠡᠭᠲᠡᠢ᠃       ᠲᠠᠪᠢᠨ ᠲᠠᠪᠤᠳᠤᠭᠠᠷ ᠵᠦᠢᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠨᠢᠭᠡᠳᠦᠮᠡᠯ ᠹᠷᠣᠨᠲ ᠤᠨ ᠺᠠᠳ᠋ᠷᠴᠤᠳ ᠲᠤ ᠬᠢᠨᠠᠯᠳᠠ ᠲᠠᠯᠪᠢᠨ ᠬᠢᠵᠠᠭᠠᠷᠯᠠᠵᠤ ᠤᠯᠤᠰ ᠲᠦᠷᠦ ᠶᠢᠨ ᠰᠠᠬᠢᠯᠭ᠎ᠠ ᠪᠠᠲᠤ ᠬᠢᠭᠡᠳ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠭᠤᠯᠵᠤ᠂ ᠪᠢᠰᠢᠷᠡᠨ ᠵᠢᠷᠦᠬᠡᠰᠢᠶᠡᠬᠦ ᠶᠢ ᠢᠮᠠᠬᠳᠠ ᠴᠡᠭᠡᠵᠢᠯᠡᠵᠦ᠂ ᠬᠢᠴᠢᠶᠡᠨ ᠴᠡᠭᠡᠷᠯᠡᠵᠦ᠂ ᠬᠤᠷᠢᠭ᠎ᠠ ᠴᠠᠭᠠᠵᠠ ᠶᠢ ᠰᠠᠬᠢᠬᠤ ᠬᠡᠷᠡᠭᠲᠡᠢ᠃     ᠠᠷᠪᠠᠨ ᠭᠤᠷᠪᠠᠳᠤᠭᠠᠷ ᠪᠦᠯᠦᠭ ᠪᠠᠲᠤᠯᠠᠬᠤ ᠪᠠ ᠬᠢᠨᠠᠯᠲᠠ ᠲᠠᠯᠪᠢᠬᠤ      ᠲᠠᠪᠢᠨ ᠵᠢᠷᠭᠤᠳᠤᠭᠠᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠨᠢ ᠨᠢᠭᠡᠳᠦᠮᠡᠯ ᠹᠷᠣᠨᠲ ᠤᠨ ᠠᠵᠢᠯ ᠢ ᠳᠠᠮᠵᠢᠵᠦ ᠲᠦᠷᠦ ᠶᠢᠨ ᠪᠤᠳᠤᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃      ᠲᠠᠪᠢᠨ ᠳᠣᠯᠣᠳᠤᠭᠠᠷ ᠵᠦᠢᠯ ᠨᠢᠭᠡᠳᠦᠮᠡᠯ ᠹᠷᠣᠨᠲ ᠤᠨ ᠠᠵᠢᠯ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃      ᠲᠠᠪᠢᠨ ᠨᠠᠢᠮᠠᠳᠤᠭᠠᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠤᠰ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠲᠤᠰ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠢ ᠤᠳᠤᠷᠢᠳᠬᠤ ᠪᠠᠭ᠂ ᠤᠳᠤᠷᠢᠳᠬᠤ ᠺᠠᠳ᠋ᠷ ᠤᠨ ᠬᠠᠷᠠᠯᠲᠠᠲᠤ ᠬᠠᠮᠢᠶᠠᠷᠤᠯᠲᠠ ᠪᠣᠯᠤᠨ ᠬᠢᠨᠠᠨ ᠰᠢᠯᠭᠠᠬᠤ ᠲᠣᠬᠲᠠᠯᠴᠠᠭ᠎ᠠ ᠳᠤ ᠣᠷᠣᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ ᠬᠢᠨᠠᠯᠲᠠ ᠲᠠᠯᠪᠢᠨ ᠰᠠᠬᠢᠯᠭ᠎ᠠ ᠪᠠᠲᠤ ᠶᠢ ᠬᠡᠷᠡᠭᠵᠢᠭᠦᠯᠦᠭᠰᠡᠨ ᠲᠠᠯ᠎ᠠ ᠪᠠᠷ ᠬᠠᠷᠢᠭᠤᠴᠠᠯᠭ᠎ᠠ ᠲᠤᠯᠭᠠᠨ ᠠᠰᠠᠭᠤᠬᠤ ᠬᠡᠪᠴᠢᠶᠡᠨ ᠳᠤ ᠣᠷᠤᠭᠤᠯᠤᠨ᠎ᠠ᠃     ᠲᠠᠪᠢ ᠶᠢᠰᠦᠳᠦᠭᠡᠷ ᠵᠦᠢᠯ ᠲᠣᠰ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠵᠢᠴᠢ ᠬᠤᠣᠷ ᠬᠥᠨᠥᠭᠡᠯ ᠤᠨ ᠬᠢᠨᠢ ᠬᠡᠮᠵᠢᠶ᠎ᠡ ᠶᠢ ᠦᠨᠳᠦᠰᠦᠯᠡᠨ᠂ ᠬᠠᠮᠢᠶ᠎ᠠ ᠪᠦᠬᠦᠢ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠤᠳᠤᠷᠢᠳᠬᠤ ᠺᠠᠳ᠋ᠷ ᠠᠴᠠ ᠬᠠᠷᠢᠭᠤᠴᠠᠯᠭ᠎ᠠ ᠲᠤᠯᠭᠠᠨ ᠠᠰᠠᠭᠤᠨ᠎ᠠ᠃     ᠠᠷᠪᠠᠨ ᠳᠥᠷᠪᠡᠳᠦᠭᠡᠷ ᠪᠦᠯᠦᠭ ᠳᠠᠭᠠᠯᠳᠤᠭᠤᠯᠤᠭᠰᠠᠨ ᠲᠦᠷᠢᠮ      ᠵᠢᠷᠠᠳᠤᠭᠠᠷ ᠵᠦᠢᠯ ᠲᠤᠰ ᠳᠦᠷᠢᠮ ᠢ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠠᠴᠠ ᠬᠠᠷᠢᠭᠤᠴᠠᠨ ᠲᠠᠶᠢᠯᠪᠤᠷᠢᠯᠠᠨ᠎ᠠ᠃ ᠵᠢᠷᠠᠨ ᠨᠢᠭᠡᠳᠦᠭᠡᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号