ᠬᠤᠤᠯᠢᠩᠭᠤᠤᠯ ᠬᠤᠲᠠ ᠶᠢᠨ ᠬᠤᠤ ᠯᠢᠨ ᠨᠡᠶᠢᠭᠡᠮ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠪᠥᠬᠦ ᠬᠥᠮᠦᠰ ᠤᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2021/10/29
 ᠥᠷᠭᠡᠨ ᠤᠯᠠᠨ ᠬᠤᠳᠠ ᠶᠢᠨ ᠠᠷᠠᠳ ᠨᠠᠶᠢᠵᠢ ᠨᠠᠷ ᠡ᠄    ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠭᠡᠨᠡᠳᠲᠡ ᠡᠭᠦᠰᠦᠭᠰᠡᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠵᠣᠬᠢᠴᠠᠭᠤᠯᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠃ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠬᠤᠤ ᠯᠢᠨ ᠨᠡᠶᠢᠭᠡᠮ ᠲᠣᠭᠤᠷᠢᠭ ᠤᠨ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠰᠣᠷᠢᠯᠲᠠ ᠶᠢᠨ ᠴᠠᠭ᠄ 2021 ᠣᠨ ᠤ 10 ᠰᠠᠷ᠎ᠠ ᠶᠢᠨ 30 ᠤ ᠡᠳᠦᠷ ᠤᠨ 08᠄ 30 — 12᠄ 00    ᠬᠤᠶᠠᠷ᠂ ᠰᠣᠷᠢᠯᠲᠠ ᠶᠢᠨ ᠭᠠᠵᠠᠷ᠄ ᠤᠤᠯ ᠤᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ    ᠭᠤᠷᠪᠠ᠂ ᠰᠣᠷᠢᠯᠲᠠ ᠶᠢᠨ ᠬᠥᠮᠦᠰ᠄ ᠬᠤᠤ ᠯᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ    ᠳᠥᠷᠪᠡ᠂ ᠠᠩᠬᠠᠷᠬᠤ ᠵᠦᠢᠯ 1. ᠰᠣᠷᠢᠯᠲᠠ ᠶᠢᠨ ᠲᠤᠬᠠᠶ ᠶᠢᠨ ᠲᠠᠯᠠᠪᠤᠷ ᠲᠤ ᠰᠡᠷᠭᠡᠶᠢᠯᠡᠯᠲᠡ ᠶᠢᠨ ᠱᠤᠭᠤᠮ ᠲᠠᠲᠠᠬᠤ᠂ ᠡᠮ ᠡᠮᠨᠡᠯᠭᠡ ᠶᠢᠨ ᠬᠠᠮᠠᠭᠠᠯᠠᠯᠲᠠ ᠶᠢᠨ ᠲᠣᠨᠤᠭ ᠲᠥᠬᠦᠭᠡᠷᠦᠮᠵᠢ ᠶᠢ ᠡᠮᠦᠰᠴᠦ ᠵᠡᠭᠦᠬᠦ᠂ ᠠᠵᠢᠯᠲᠠᠨ ᠤ ᠬᠠᠮᠢᠶᠠᠷᠤᠯᠲᠠ ᠡᠵᠡᠮᠳᠡᠯ ᠢ ᠬᠡᠷᠡᠭᠵᠢᠭᠦᠯᠬᠦ᠂ ᠣᠷᠴᠢᠨ ᠠᠬᠤᠶ ᠶᠢᠨ ᠤᠰᠠᠳᠤᠯ ᠢ ᠥᠷᠨᠢᠭᠦᠯᠬᠦ ᠵᠡᠷᠭᠡ ᠠᠵᠢᠯ ᠢ ᠥᠷᠨᠢᠭᠦᠯᠬᠦ ᠬᠡᠷᠡᠭᠲᠡᠶ᠂ ᠥᠷᠭᠡᠨ ᠣᠯᠠᠨ ᠬᠤᠲᠠ ᠶᠢᠨ ᠠᠷᠠᠳ ᠠᠶᠤᠵᠤ ᠰᠠᠨᠳᠤᠷᠤᠭᠰᠠᠨ ᠤ ᠬᠡᠷᠡᠭ ᠥᠬᠡᠶ᠂ ᠬᠡᠪ ᠤᠨ ᠠᠵᠢᠯ ᠠᠮᠢᠳᠤᠷᠠᠯ ᠤᠨ ᠡᠮᠬᠢ ᠵᠢᠷᠤᠮ ᠢ ᠪᠠᠲᠤᠯᠠᠬᠤ ᠶᠢ ᠬᠦᠰᠡᠵᠦ ᠪᠠᠶᠢᠨ᠎ᠠ᠃ 2. ᠰᠣᠷᠢᠯᠲᠠ ᠳᠤ ᠣᠷᠣᠯᠴᠠᠭᠰᠠᠨ ᠣᠯᠠᠨ ᠲᠦᠮᠡᠨ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠠᠮᠠᠪᠴᠢ ᠵᠡᠭᠦᠵᠦ᠂ ︽ᠨᠢᠭᠡ ᠮᠧᠲᠷ ᠤᠨ ᠱᠤᠭᠤᠮ︾ ᠤᠨ ᠠᠮᠤᠷ ᠲᠦᠪᠰᠢᠨ ᠤ ᠵᠠᠶ ᠶᠢ ᠪᠠᠲᠤᠯᠠᠬᠤ ᠶᠢᠨ ᠬᠠᠮᠲᠤ᠂ ᠥᠪᠡᠷ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠠᠪᠴᠤ ᠲᠣᠭᠲᠠᠭᠰᠠᠨ ᠴᠠᠭ ᠢᠶᠠᠷ ᠲᠣᠭᠲᠠᠭᠰᠠᠨ ᠪᠥᠭᠡᠮ ᠬᠦᠴᠢᠯ ᠤᠨ ᠥᠯᠢᠭᠡᠷ ᠠᠪᠬᠤ ᠴᠡᠭ ᠲᠤ ᠬᠦᠷᠴᠦ᠂ ᠠᠵᠢᠯᠲᠠᠳ ᠲᠠᠢ ᠪᠠᠨ ᠢᠳᠡᠪᠬᠢᠲᠡᠶ ᠬᠠᠮᠵᠢᠯᠴᠠᠨ᠂ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠶᠢ ᠳᠠᠭᠠᠵᠤ᠂ ᠤᠬᠠᠮᠰᠠᠷ ᠠᠴᠠ ᠪᠠᠨ ᠮᠥᠷᠯᠡᠨ᠂ ᠡᠮᠬᠢ ᠵᠢᠷᠤᠮ ᠢ ᠰᠠᠬᠢᠬᠤ ᠬᠡᠷᠡᠭᠲᠡᠶ᠃ 3. ᠰᠣᠷᠢᠯᠲᠠ ᠶᠢᠨ ᠬᠤᠭᠤᠴᠠᠭᠠᠨ ᠳᠤ᠂ ᠬᠠᠮᠢᠶ᠎ᠠ ᠥᠬᠡᠶ ᠬᠥᠮᠦᠰ ᠣᠪᠣᠭᠠᠷᠠᠨ ᠦᠵᠡᠵᠦ ᠪᠣᠯᠬᠤ ᠥᠬᠡᠶ᠂ ᠰᠡᠭᠦᠳᠡᠷᠯᠡᠬᠦ ᠥᠬᠡᠶ᠂ ᠬᠠᠮᠢᠶ᠎ᠠ ᠪᠥᠬᠦᠶ ᠮᠡᠳᠡᠭᠡ ᠵᠠᠩᠭᠢ᠂ ᠵᠢᠷᠤᠭ᠂ ᠸᠢᠳᠢᠣ᠋ ᠵᠡᠷᠭᠡ ᠶᠢ ᠰᠦᠯᠵᠢᠶᠡᠨ ᠳᠤ ᠳᠠᠮᠵᠢᠭᠤᠯᠬᠤ ᠥᠬᠡᠶ ᠪᠠᠶᠢᠬᠤ ᠬᠡᠷᠡᠭᠲᠡᠶ᠃ ᠨᠡᠶᠢᠭᠡᠮ ᠳᠤ ᠮᠠᠭᠤ ᠨᠥᠯᠥᠭᠡ ᠭᠠᠷᠭᠠᠬᠤ ᠠᠴᠠ ᠵᠠᠶᠢᠯᠠᠰᠬᠢᠬᠦ ᠶᠢᠨ ᠲᠤᠰᠠᠳᠠ ᠥᠷᠭᠡᠨ ᠤᠯᠠᠨ ᠬᠤᠳᠠ ᠶᠢᠨ ᠠᠷᠠᠳ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠵᠦ᠂ ᠴᠤᠤᠷᠬᠠᠯ ᠢ ᠳᠠᠮᠵᠢᠭᠤᠯᠬᠤ ᠦᠭᠡᠢ ᠪᠠᠶᠢᠬᠤ ᠶᠢ ᠬᠦᠰᠡᠶ᠎ᠡ᠃ ᠡᠭᠦᠨ ᠢᠶᠠᠷ ᠳᠠᠮᠵᠢᠭᠤᠯᠤᠨ ᠴᠤᠤᠷᠬᠠᠯ ᠮᠡᠳᠡᠭᠡ ᠵᠠᠩᠭᠢ ᠲᠠᠷᠬᠠᠭᠠᠭᠰᠠᠳ ᠠᠴᠠ ᠬᠠᠤᠯᠢ ᠶᠣᠰᠣᠭᠠᠷ ᠬᠤᠯᠪᠣᠭᠳᠠᠯ ᠪᠦᠬᠦᠢ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ 4. ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠃ ᠥᠷᠭᠡᠨ ᠤᠯᠠᠨ ᠬᠤᠳᠠ ᠶᠢᠨ ᠠᠷᠠᠳ ᠥᠩᠭᠡᠷᠡᠭᠰᠡᠨ ᠲᠠᠢ ᠪᠠᠨ ᠠᠳᠠᠯᠢ ᠪᠠᠷ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠢᠯᠡᠭᠦᠬᠡᠨ ᠰᠠᠯᠬᠢ ᠨᠡᠪᠲᠡᠷᠡᠭᠦᠯᠬᠦ᠂ ᠴᠥᠭᠡᠨ ᠴᠤᠭᠯᠠᠷᠠᠬᠤ᠂ ᠨᠢᠭᠡ ᠮᠧᠲᠷ ᠤᠨ ᠱᠤᠭᠤᠮ ᠢᠶᠠᠷ ᠴᠠᠭ ᠲᠤᠬᠠᠢ ᠳᠤᠨᠢ ᠰᠢᠨ᠎ᠡ ᠸᠠᠺᠼᠢᠨ ᠤ ᠲᠠᠷᠢᠯᠭ᠎ᠠ ᠬᠢᠬᠦ ᠶᠢ ᠪᠠᠷᠢᠮᠲᠠᠯᠠᠵᠤ᠂ ᠪᠦᠬᠦ ᠠᠷᠠᠳ ᠤᠨ ᠦᠯᠦ ᠬᠠᠯᠳᠠᠭᠠᠬᠤ ᠬᠠᠯᠬᠠᠪᠴᠢ ᠶᠢ ᠬᠠᠮᠲᠤᠪᠠᠷ ᠪᠠᠶᠢᠭᠤᠯᠬᠤ ᠶᠢ ᠬᠦᠰᠡᠵᠦ ᠪᠠᠶᠢᠨ᠎ᠠ᠃    ᠤᠯᠠᠨ ᠤ ᠣᠶᠢᠯᠠᠭᠠᠯᠲᠠ᠂ ᠳᠡᠮᠵᠢᠯᠭᠡ᠂ ᠬᠠᠮᠵᠢᠯᠴᠠᠭ᠎ᠠ ᠳᠤ ᠲᠠᠯᠠᠷᠬᠠᠵᠤ ᠪᠠᠶᠢᠨ᠎ᠠ︕    ᠡᠭᠦᠨ ᠤ ᠲᠤᠯᠠ ᠣᠨᠴᠠᠭᠠᠶᠢᠯᠠᠨ ᠵᠠᠷᠯᠠᠪᠠ᠃               ᠬᠤᠤᠯᠢᠩᠭᠤᠤᠯ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ‍ᠤᠨ‌‍ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                      2021 ᠣᠨ ᠤ 10 ᠰᠠᠷ᠎ᠠ ᠶᠢᠨ 29
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号