ᠬᠤᠳᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ        — ᠲᠦᠷᠦᠭᠦᠤ ᠭᠤᠷᠪᠠᠨ ᠤᠯᠠᠷᠢᠯ ᠳᠤ᠂ ᠮᠠᠨ ᠤ ᠬᠤᠲᠠ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠶᠡᠷᠦᠩᠬᠡᠶ ᠳᠡᠭᠡᠨ ᠰᠡᠷᠭᠦᠬᠦ ᠬᠠᠨᠳᠤᠰᠢ ᠪᠠᠨ ᠦᠷᠭᠦᠯᠵᠢᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠨᠡᠯᠢᠶᠡᠳ ᠲᠦᠷᠭᠡᠨ ᠨᠡᠮᠡᠭᠳᠡᠯ ᠢ ᠪᠡᠶᠡᠯᠡᠭ᠊
ᠨᠡᠶᠢᠲᠡᠯᠡᠭᠰᠡᠨ ᠴᠠᠭ᠄
2021/10/30
    ᠲᠦᠷᠦᠭᠦᠤ ᠭᠤᠷᠪᠠᠨ ᠤᠯᠠᠷᠢᠯ ᠳᠤ᠂ ᠮᠠᠨ ᠤ ᠬᠤᠲᠠ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠶᠡᠷᠦᠩᠬᠡᠶ ᠳᠡᠭᠡᠨ ᠰᠡᠷᠭᠦᠬᠦ ᠬᠠᠨᠳᠤᠰᠢ ᠪᠠᠨ ᠦᠷᠭᠦᠯᠵᠢᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠨᠡᠯᠢᠶᠡᠳ ᠲᠦᠷᠭᠡᠨ ᠨᠡᠮᠡᠭᠳᠡᠯ ᠢ ᠪᠡᠶᠡᠯᠡᠭᠦᠯᠪᠡ᠃ 1 — 9 ᠰᠠᠷ᠎ᠠ ᠳᠤ᠂ ᠪᠥᠬᠦ ᠬᠤᠲᠠ ᠶᠢᠨ ᠪᠥᠬᠦ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 17.16 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠨ᠂ ᠬᠤᠶᠠᠳᠤᠭᠠᠷ ᠤᠯᠠᠷᠢᠯ ᠤᠨ ᠬᠢ ᠠᠴᠠ 5.2 ᠵᠠᠭᠤᠨ ᠤ ᠨᠢᠭᠡᠴᠢ ᠪᠠᠭᠤᠷᠠᠪᠠ᠂ ᠬᠢᠵᠢᠭ ᠤᠨ ᠪᠠᠶᠢᠳᠠᠯ ᠤᠨ ᠳᠠᠬᠢᠨ ᠳᠠᠪᠲᠠᠬᠤ ᠨᠥᠯᠥᠭᠡ ᠠᠴᠠ ᠪᠣᠯᠵᠣ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠨᠡᠮᠡᠭᠳᠡᠯ ᠨᠢ ᠬᠤᠶᠠᠳᠤᠭᠠᠷ ᠤᠯᠠᠷᠢᠯ ᠤᠨ ᠬᠢ ᠠᠴᠠ ᠪᠠᠭ᠋ᠠᠨ ᠤᠳᠠᠭᠠᠰᠢᠷᠠᠵᠠᠶ᠃        ᠭᠤᠷᠪᠠᠳᠤᠭᠠᠷ ᠤᠯᠠᠷᠢᠯ ᠳᠤ ᠤᠷᠤᠭᠰᠠᠨ ᠠᠴᠠ ᠨᠠᠰᠢ᠂ ᠢᠯᠠᠩᠭᠤᠶ᠎ᠠ 8 ᠰᠠᠷ᠎ᠠ ᠳᠤ ᠵᠢᠭᠤᠯᠴᠢᠯᠠᠯ ᠤᠨ ᠬᠥᠭᠵᠢᠯ ᠥᠬᠡᠶ ᠤᠯᠠᠷᠢᠯ ᠬᠦᠷᠴᠦ ᠢᠷᠡᠬᠦ ᠶᠢᠨ ᠳᠠᠭᠠᠤ ᠳᠤ ᠬᠢᠵᠢᠭ ᠤᠨ ᠪᠠᠶᠢᠳᠠᠯ ᠤᠨ ᠨᠥᠯᠥᠭᠡᠯᠡᠯ ᠢᠶᠠᠷ ᠭᠠᠳᠠᠨ᠎ᠠ ᠠᠴᠠ ᠢᠷᠡᠭᠰᠡᠨ ᠬᠥᠮᠦᠰ ᠴᠥᠭᠡᠷᠡᠵᠦ᠂ ᠵᠣᠴᠢᠳ ᠤᠨ ᠪᠠᠭᠤᠳᠠᠯ᠂ ᠵᠣᠴᠢᠳ ᠤᠨ ᠪᠠᠭᠤᠳᠠᠯ ᠳᠤ ᠣᠷᠣᠵᠤ ᠰᠠᠭᠤᠬᠤ ᠨᠣᠷᠮ᠎ᠠ ᠪᠠᠭᠤᠷᠠᠵᠤ᠂ ᠬᠤᠭᠤᠯᠠ ᠢᠳᠡᠬᠦ ᠬᠥᠮᠦᠨ ᠤ ᠲᠤᠭ᠎ᠠ ᠴᠤ ᠴᠥᠭᠡᠷᠡᠵᠦ᠂ ᠮᠠᠨ ᠤ ᠬᠤᠲᠠ ᠶᠢᠨ ᠪᠥᠬᠦ ᠨᠡᠶᠢᠭᠡᠮ ᠤᠨ ᠬᠤᠨᠤᠭ ᠪᠠ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠤᠳᠠᠭᠠᠰᠢᠷᠠᠬᠤ ᠬᠠᠨᠳᠤᠰᠢ ᠲᠠᠢ ᠪᠣᠯᠵᠠᠶ᠃ 1 — 9 ᠰᠠᠷ᠎ᠠ ᠳᠤ᠂ ᠬᠤᠨᠣᠭᠯᠠᠬᠤ ᠦᠢᠯᠡᠰ 0.34 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.4% ᠪᠠᠷ ᠨᠡᠮᠡᠭᠳᠡᠨ᠂ ᠬᠤᠶᠠᠳᠤᠭᠠᠷ ᠤᠯᠠᠷᠢᠯ ᠤᠨ ᠬᠢ ᠠᠴᠠ 23.5 ᠵᠠᠭᠤᠨ ᠤ ᠨᠢᠭᠡᠴᠢ ᠪᠠᠭᠤᠷᠠᠪᠠ︔ ᠢᠳᠡᠭᠡᠨ ᠤᠮᠳᠠᠭᠠᠨ ᠤ ᠦᠢᠯᠡᠰ 2.06 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 31% ᠪᠠᠷ ᠨᠡᠮᠡᠭᠳᠡᠨ᠂ ᠬᠤᠶᠠᠳᠤᠭᠠᠷ ᠤᠯᠠᠷᠢᠯ ᠤᠨ ᠬᠢ ᠠᠴᠠ 17.7 ᠵᠠᠭᠤᠨ ᠤ ᠨᠢᠭᠡᠴᠢ ᠪᠠᠭᠤᠷᠠᠪᠠ᠃ ︵ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠸᠠᠩ ᠰᠢᠨ ᠮᠢᠨ︶

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号