ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠠᠴᠢᠮ ᠵᠠᠷᠯᠠᠯ ︵ᠬᠤᠶᠠᠷ︶
ᠨᠡᠶᠢᠲᠡᠯᠡᠭᠰᠡᠨ ᠴᠠᠭ᠄
2021/11/1
    ᠣᠳᠣᠬᠠᠨ ᠳᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢᠭᠡᠨᠲᠡ ᠤᠯᠤᠰ ᠤᠨ ᠳᠣᠲᠣᠭᠠᠳᠤ ᠶᠢᠨ 15 ᠮᠤᠵᠢ ᠣᠷᠣᠨ ᠤ ᠣᠯᠠᠨ ᠬᠤᠲᠠ ᠶᠢ ᠬᠠᠮᠤᠷᠴᠤ᠂ ᠰᠡᠷᠭᠡᠶᠢᠯᠡᠨ ᠡᠵᠡᠮᠳᠡᠬᠦ ᠪᠠᠶᠢᠳᠠᠯ ᠡᠳᠦᠷ ᠢᠷᠡᠬᠦᠶ᠎ᠡ ᠬᠦᠨᠳᠦ ᠨᠣᠴᠢᠲᠠᠶ ᠪᠥᠭᠡᠳ ᠪᠤᠳᠤᠯᠢᠶᠠᠨᠲᠠᠶ ᠪᠣᠯᠵᠣ ᠪᠠᠶᠢᠨ᠎ᠠ᠃ ︽ᠭᠠᠳᠠᠨ᠎ᠠ ᠡᠴᠠ‌ᠤᠷᠤᠵᠦ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠵᠤ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠡᠳᠦᠭᠡ ᠳᠣᠤᠷᠠᠬᠢ ᠮᠡᠲᠦ ᠱᠠᠭᠠᠷᠳᠠᠯᠭ᠎ᠠ ᠳᠤᠷᠠᠳᠤᠶ᠎ᠠ᠄    ᠨᠢᠭᠡ᠂ ᠣᠶᠢᠷ᠎ᠠ ᠶᠢᠨ 14 ᠡᠳᠦᠷ ᠤᠨ ᠳᠣᠲᠣᠷ᠎ᠠ᠂ ᠳᠤᠮᠳᠠ ᠵᠡᠷᠭᠡ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠬᠤᠤᠯᠢᠩᠭᠤᠤᠯ ᠳᠤ ᠢᠷᠡᠭᠰᠡᠨ ᠬᠥᠮᠦᠰ ᠲᠡᠷᠡ ᠳᠠᠷᠤᠶ ᠳᠤᠨᠢ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠤᠶᠤ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ᠂ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ ᠴᠥᠮ 14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠳᠤᠮᠳᠠ ᠵᠡᠷᠭᠡ ᠶᠢᠨ ᠠᠶᠤᠯ ᠲᠦᠭᠰᠢᠭᠦᠷᠢ ᠲᠠᠢ ᠭᠠᠵᠠᠷ ᠣᠷᠣᠨ ᠳᠤ ᠴᠥᠮ 14 ᠡᠳᠦᠷ ᠤᠨ ᠬᠡᠷ ᠲᠡᠭᠡᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠣᠰ ᠲᠣᠰ 1 ᠳ᠋ᠤᠭᠡᠷ ᠡᠳᠦᠷ᠂ 4 ᠳ᠋ᠤᠭᠡᠷ ᠡᠳᠦᠷ᠂ 7 ᠳ᠋ᠤᠭᠠᠷ ᠡᠳᠦᠷ᠂ 10 ᠳ᠋ᠤᠭᠠᠷ ᠡᠳᠦᠷ᠂ 14 ᠳ᠋ᠤᠭᠡᠷ ᠡᠳᠦᠷ ᠲᠤ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠪᠢᠯᠢᠭ ᠴᠢᠨᠠᠷᠲᠠᠶ ᠪᠠᠶᠢᠪᠠᠯ ᠰᠠᠶ᠋ᠢ ᠠᠨᠠᠭᠠᠬᠤ ᠤᠬᠠᠭᠠᠨ ᠤ ᠠᠵᠢᠭᠯᠠᠯᠲᠠ ᠶᠢ ᠦᠭᠡᠶᠢᠰᠬᠡᠵᠦ ᠪᠣᠯᠤᠨ᠎ᠠ᠃ ᠳᠤᠮᠳᠠ ᠵᠡᠷᠭᠡ ᠶᠢᠨ ᠪᠤᠰᠤ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠢᠷᠡᠭᠰᠡᠨ ᠬᠥᠮᠦᠰ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠤᠶᠤ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠡᠭᠡᠨ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠲᠥᠷᠥᠯ ᠬᠤᠪᠢᠶᠠᠨ ᠬᠠᠮᠢᠶᠠᠷᠬᠤ ᠵᠠᠷᠴᠢᠮ ᠶᠣᠰᠣᠭᠠᠷ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠬᠡᠷᠪᠡ ᠮᠡᠳᠡᠭᠦᠯᠬᠦ ᠥᠬᠡᠶ ᠨᠢᠭᠤᠭᠰᠠᠨ᠂ ᠤᠳᠠᠭᠠᠰᠢᠷᠠᠭᠤᠯᠤᠨ ᠮᠡᠳᠡᠭᠦᠯᠦᠭᠰᠡᠨ ᠠᠴᠠ ᠪᠣᠯᠵᠣ ᠤᠷᠰᠢᠭ ᠲᠠᠲᠠᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ ᠬᠥᠮᠦᠰ ᠠᠴᠠ ᠬᠠᠷᠢᠭᠤᠴᠠᠯᠭ᠎ᠠ ᠨᠡᠬᠡᠮᠵᠢᠯᠡᠨ᠎ᠡ᠃         ᠬᠤᠶᠠᠷ᠂ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ᠂ ᠠᠯᠪᠠᠨ ᠤ ᠪᠠ ᠬᠤᠪᠢ ᠶᠢᠨ ᠤᠴᠢᠷ ᠢᠶᠠᠷ ᠰᠠᠯᠵᠤ ᠶᠠᠪᠤᠭᠰᠠᠨ ᠤ ᠳᠠᠷᠠᠭ᠎ᠠ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠢᠭᠡᠴᠡ ᠪᠠ ᠨᠡᠶᠢᠭᠡᠮ ᠲᠣᠭᠤᠷᠢᠭ ᠲᠠᠭᠠᠨ ︽ᠬᠤᠶᠠᠷ ᠢ ᠮᠡᠳᠡᠭᠦᠯᠦᠨ ᠳᠠᠩᠰᠠᠯᠠᠭᠤᠯᠬᠤ︾ ᠬᠡᠷᠡᠭᠲᠡᠶ ᠪᠥᠭᠡᠳ ᠱᠠᠭᠠᠷᠳᠠᠯᠭ᠎ᠠ ᠶᠣᠰᠣᠭᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠬᠢᠵᠢᠭ ᠢ ᠰᠡᠷᠭᠡᠶᠢᠯᠡᠬᠦ ᠠᠵᠢᠯᠲᠠᠳ ᠲᠠᠢ ᠬᠠᠮᠵᠢᠯᠴᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃     ᠭᠤᠷᠪᠠ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠪᠠᠷ ᠣᠷᠣᠵᠤ ᠭᠠᠷᠬᠤ ᠬᠥᠮᠦᠰ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ᠂ ᠡᠷᠡᠭᠦᠯ ᠮᠡᠨᠳᠦ ᠶᠢᠨ ᠨᠣᠮᠧᠷ ᠲᠠᠢ ᠪᠠᠶᠢᠬᠤ ᠬᠡᠷᠡᠭᠲᠡᠶ᠂ 14 ᠡᠳᠦᠷ ᠤᠨ ᠳᠣᠲᠣᠷ᠎ᠠ ᠳᠤᠮᠳᠠ ᠵᠡᠷᠭᠡ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠤᠬᠡ ᠲᠠᠢ ᠬᠥᠮᠦᠰ᠂ ᠡᠷᠡᠭᠦᠯ ᠮᠡᠨᠳᠦ ᠶᠢᠨ ᠨᠣᠮᠧᠷ ᠤᠨ ᠬᠡᠪ ᠤᠨ ᠪᠤᠰᠤ ᠬᠥᠮᠦᠰ ᠴᠥᠮ ᠣᠷᠣᠵᠤ ᠪᠣᠯᠬᠤ ᠥᠬᠡᠶ᠃ 48 ᠴᠠᠭ ᠤᠨ ᠳᠣᠲᠣᠷ᠎ᠠ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠣᠯᠤᠭᠰᠠᠨ ᠥᠬᠡᠶ ᠬᠤᠤᠯᠢᠩᠭᠤᠤᠯ ᠳᠤ ᠢᠷᠡᠭᠰᠡᠨ ᠬᠥᠮᠦᠰ 24 ᠴᠠᠭ ᠤᠨ ᠳᠣᠲᠣᠷ᠎ᠠ ᠨᠢᠭᠡ ᠤᠳᠠᠭ᠎ᠠ ᠴᠥᠮ᠎ᠡ ᠶᠢᠨ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃      ᠳᠥᠷᠪᠡ᠂ ᠠᠶᠤᠯ ᠥᠬᠡᠶ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠬᠠᠩᠭᠠᠬᠤ ᠶᠢᠨ ᠲᠥᠯᠥᠭᠡ᠂ ᠡᠮᠨᠡᠯᠭᠡ ᠳᠤ ᠬᠦᠷᠴᠦ ᠡᠮᠨᠡᠭᠦᠯᠦᠭᠰᠡᠨ ᠡᠪᠡᠳᠴᠢᠲᠡᠨ 72 ᠴᠠᠭ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠭᠰᠠᠨ ᠭᠡᠷᠡᠴᠢ ᠪᠠᠨ ᠠᠪᠴᠤ ᠶᠠᠪᠤᠬᠤ ᠬᠡᠷᠡᠭᠲᠡᠶ ᠪᠥᠭᠡᠳ ᠬᠤᠪᠢ ᠬᠥᠮᠦᠨ ᠤ ᠣᠶᠢᠷ᠎ᠠ ᠶᠢᠨ ᠬᠤᠭᠤᠴᠠᠭᠠᠨ ᠤ ᠠᠶᠠᠯᠠᠯ ᠢᠶᠠᠨ ᠦᠨᠡᠨ ᠮᠦᠷᠳᠡᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠳᠡᠵᠦ᠂ ᠮᠡᠳᠡᠭᠡ ᠵᠠᠩᠭᠢ ᠶᠢᠨ ᠳᠡᠩᠰᠡᠯᠡᠯᠲᠡ ᠶᠢ ᠰᠠᠶᠢᠲᠤᠷ ᠬᠢᠬᠦ ᠳᠤ ᠬᠠᠮᠵᠢᠯᠴᠠᠬᠤ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠬᠦᠷᠴᠦ ᠪᠥᠭᠡᠮ ᠬᠦᠴᠢᠯ ᠤᠨ ᠠᠵᠢᠯᠲᠠᠨ ᠴᠤ ᠮᠡᠳᠡᠭᠡ ᠵᠠᠩᠭᠢ ᠶᠢᠨ ᠳᠡᠩᠰᠡᠯᠡᠯᠲᠡ ᠶᠢ ᠰᠠᠶᠢᠲᠤᠷ ᠬᠢᠬᠦ ᠳᠤ ᠬᠠᠮᠵᠢᠯᠴᠠᠬᠤ ᠬᠡᠷᠡᠭᠲᠡᠶ᠃        ᠲᠠᠪᠤ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ᠂ ᠰᠢᠨ᠎ᠡ ᠸᠠᠺᠼᠢᠨ ᠤ ᠲᠠᠷᠢᠯᠭ᠎ᠠ ᠶᠢᠨ ᠴᠡᠭ ᠨᠢ ᠪᠡᠶ᠎ᠡ ᠶᠢᠨ ᠳᠤᠯᠠᠭᠠᠨ ᠤ ᠬᠡᠮᠵᠢᠯᠲᠡ ᠶᠢᠨ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ ᠶᠢᠨ ᠬᠠᠮᠲᠤ᠂ ᠳᠠᠩᠰᠠᠯᠠᠭᠤᠯᠬᠤ ᠠᠴᠠ ᠪᠠᠨ ᠡᠮᠦᠨ᠎ᠡ᠂ ᠭᠠᠳᠠᠨ᠎ᠠ ᠠᠴᠠ ᠢᠷᠡᠭᠰᠡᠨ ᠬᠥᠮᠦᠰ ᠤᠨ ᠲᠡᠤᠬᠡ ᠶᠢ ᠨᠠᠷᠢᠨ ᠬᠢᠨᠠᠮᠠᠭᠠᠶ ᠠᠰᠠᠭᠤᠨ ᠯᠠᠪᠯᠠᠬᠤ ᠬᠡᠷᠡᠭᠲᠡᠶ᠃ ᠦᠨᠡᠯᠡᠨ ᠵᠢᠱᠢᠯᠲᠡ ᠨᠢ ᠬᠡᠷᠪᠡ ᠬᠠᠯᠳᠠᠪᠤᠷᠢᠯᠠᠬᠤ ᠲᠦᠭᠰᠢᠭᠦᠷᠢ ᠲᠠᠢ ᠪᠣᠯ ᠴᠠᠭ ᠲᠤᠬᠠᠶ ᠳᠤᠨᠢ ᠮᠡᠳᠡᠭᠦᠯᠵᠦ᠂ ᠴᠢᠬᠤᠯᠠᠲᠠᠶ ᠦᠶ᠎ᠡ ᠳᠤ ᠵᠣᠬᠢᠴᠠᠩᠭᠤᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃        ᠵᠢᠷᠭᠤᠭ᠎ᠠ᠂ ᠬᠤᠲᠠ ᠶᠢᠨ ᠬᠡᠪᠴᠢᠶ᠎ᠡ ᠠᠴᠠ ᠬᠤᠳᠠᠯᠳᠤᠨ ᠣᠷᠣᠭᠤᠯᠤᠭᠰᠠᠨ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠢ ᠴᠥᠮ ᠬᠦᠢᠳᠡᠨ ᠬᠡᠯᠬᠢᠶᠡᠲᠦ ᠢᠳᠡᠭᠡᠨ ᠤ ᠲᠥᠪᠯᠡᠷᠡᠩᠭᠦᠶ ᠬᠥᠮᠥᠷᠭᠡ ᠳᠤ ᠣᠷᠣᠭᠤᠯᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠠ ᠤᠷᠢᠳᠴᠢᠯᠠᠨ ᠰᠡᠷᠭᠡᠶᠢᠯᠡᠬᠦ ᠴᠢᠨᠠᠷᠲᠠᠶ ᠪᠠᠷ ᠪᠥᠬᠦ ᠲᠠᠯ᠎ᠠ ᠪᠠᠷ ᠠᠷᠢᠭᠤᠳᠬᠠᠵᠤ᠂ ︽ᠬᠤᠤᠯᠢᠩᠭᠤᠤᠯ ᠬᠤᠲᠠ ᠶᠢᠨ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠤ ᠲᠥᠪᠯᠡᠷᠡᠩᠭᠦᠶ ᠬᠥᠮᠥᠷᠭᠡ ᠠᠴᠠ ᠭᠠᠷᠭᠠᠬᠤ ᠭᠡᠷᠡᠴᠢ︾ ᠶᠢ ᠣᠯᠤᠭᠰᠠᠨ ᠤ ᠳᠠᠷᠠᠭ᠎ᠠ ᠰᠠᠶ᠋ᠢ ᠬᠥᠮᠥᠷᠭᠡ ᠠᠴᠠ ᠭᠠᠷᠭᠠᠵᠤ ᠪᠣᠯᠤᠨ᠎ᠠ᠃ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠤ ᠪᠠᠷᠠᠭᠠᠨ ᠤ ᠡᠵᠡᠨ ᠡᠷᠬᠡᠪᠰᠢ ᠪᠠᠷᠠᠭ᠎ᠠ ᠶᠢ ᠮᠠᠨ ᠤ ᠬᠤᠲᠠ ᠳᠤ ᠲᠡᠭᠡᠭᠡᠪᠦᠷᠢᠯᠡᠨ ᠬᠦᠷᠭᠡᠬᠦ ᠠᠴᠠ 24 ᠴᠠᠭ ᠤᠨ ᠡᠮᠦᠨ᠎ᠡ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠦᠨᠡᠨ ᠮᠥᠨ ᠢᠶᠠᠷ ᠨᠢ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠲᠥᠪᠯᠡᠷᠡᠭᠰᠡᠨ ᠬᠥᠮᠥᠷᠭᠡ ᠳᠤ ᠤᠷᠢᠳᠴᠢᠯᠠᠨ ᠪᠣᠯᠵᠣᠵᠤ ᠣᠷᠣᠭᠤᠯᠬᠤ ᠬᠡᠷᠡᠭᠲᠡᠶ᠃ ᠪᠠᠷᠠᠭ᠎ᠠ ᠶᠢ ᠲᠥᠪᠯᠡᠷᠡᠭᠰᠡᠨ ᠬᠥᠮᠥᠷᠭᠡ ᠳᠤ ᠣᠷᠣᠭᠤᠯᠬᠤ ᠠᠴᠠ ᠡᠮᠦᠨ᠎ᠡ ᠬᠤᠳᠠ ᠶᠢᠨ ᠬᠡᠪᠴᠢᠶᠡᠨ ᠳᠤ ᠬᠠᠳᠠᠭᠠᠯᠠᠵᠤ᠂ ᠦᠢᠯᠡᠳᠪᠦᠷᠢᠯᠡᠵᠦ᠂ ᠪᠣᠷᠣᠯᠠᠭᠤᠯᠵᠤ᠂ ᠬᠡᠷᠡᠭᠯᠡᠵᠦ ᠪᠣᠯᠬᠤ ᠤᠢᠭᠡᠢ᠃        ᠳᠣᠯᠤᠭ᠎ᠠ᠂ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠤᠭᠤᠳ ︽ᠬᠠᠷᠠᠭᠤᠯ ᠤᠨ ᠭᠠᠵᠠᠷ︾ ᠤᠨ ᠦᠢᠯᠡᠳᠦᠯ ᠢᠶᠠᠨ ᠪᠠᠳᠠᠷᠠᠭᠤᠯᠵᠤ᠂ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠲᠦᠷᠢᠮ ᠪᠠ ᠡᠪᠡᠳᠴᠢᠨ ᠤ ᠢᠯᠡᠷᠡᠯ ᠲᠠᠢ ᠬᠥᠮᠦᠰ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠭᠠᠷᠠᠭᠤᠯᠤᠨ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠶᠢᠨ ᠡᠪᠡᠳᠴᠢᠲᠡᠨ ᠤ ᠪᠥᠭᠡᠮ ᠬᠦᠴᠢᠯ ᠢ ᠪᠠᠶᠢᠴᠠᠭᠠᠨ ᠬᠡᠮᠵᠢᠬᠦ ᠪᠠ ᠦᠯᠡᠳᠡᠭᠡᠨ ᠠᠵᠢᠭᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠪᠠ ᠣᠨᠣᠰᠢᠯᠠᠨ ᠡᠮᠨᠡᠬᠦ ᠴᠤᠪᠤᠷᠠᠯ ᠢ ᠵᠢᠷᠤᠮᠵᠢᠭᠤᠯᠤᠨ᠂ ᠡᠮᠴᠢᠯᠡᠭᠡᠨ ᠤ ᠪᠠᠶᠢᠭᠤᠯᠤᠮᠵᠢ ᠳᠤ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃      ᠨᠠᠢᠮᠠ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠡᠰᠡᠷᠭᠦᠴᠡᠬᠦ᠂ ᠪᠠᠺᠲ᠋ᠧᠷᠢ ᠳᠠᠷᠤᠬᠤ ᠡᠳ᠋ ᠵᠡᠷᠭᠡ ᠡᠮ ‍ᠤᠨ‌ᠵᠦ᠋ᠢᠯ ᠢ ᠬᠤᠳᠠᠯᠳᠤᠨ ᠠᠪᠬᠤ ᠶᠢ ᠦᠨᠡᠨ ᠨᠡᠷ᠎ᠡ ᠪᠠᠷ ᠨᠢ ᠳᠠᠩᠰᠠᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠬᠠᠯᠠᠭᠤᠷᠠᠵᠤ᠂ ᠬᠠᠨᠢᠶᠠᠵᠤ ᠪᠠᠶᠢᠬᠤ ᠶᠢ ᠣᠯᠵᠤ ᠮᠡᠳᠡᠪᠡᠯ 2 ᠴᠠᠭ ᠤᠨ ᠳᠣᠲᠣᠷ᠎ᠠ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      ᠶᠢᠰᠦ᠂ ᠢᠯᠡᠭᠡᠨ ᠬᠦᠷᠭᠡᠬᠦ ᠠᠵᠤ ᠠᠬᠤᠶᠢᠯᠠᠯ ᠤᠳ ︽ᠰᠢᠤᠳᠠᠨ ᠤ ᠲᠦᠷᠭᠡᠨ ᠬᠦᠷᠭᠡᠬᠦ ᠦᠢᠯᠡᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠢᠯᠡᠭᠡᠨ ᠬᠦᠷᠭᠡᠬᠦ ᠦᠢᠯᠡᠴᠢᠯᠡᠬᠡᠨ ᠤ ᠪᠠᠲᠤᠯᠠᠭ᠎ᠠ ᠶᠢᠨ ᠠᠵᠢᠯ ᠤᠨ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠤᠨ ᠬᠠᠮᠢᠶ᠎ᠠ ᠪᠥᠬᠦᠶ ᠲᠣᠭᠲᠠᠭᠠᠯ ᠪᠠ ︽ᠨᠢᠭᠡ ᠶᠢ ᠵᠣᠭᠰᠣᠭᠠᠵᠤ ᠬᠤᠶᠠᠷ ᠢ ᠤᠰᠠᠳᠬᠠᠵᠤ ᠭᠤᠷᠪᠠ ᠶᠢ ᠪᠠᠶᠢᠴᠠᠭᠠᠵᠤ ᠳᠥᠷᠪᠡ ᠶᠢ ᠪᠠᠲᠤᠯᠠᠬᠤ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠢᠯᠡᠭᠡᠨ ᠬᠦᠷᠭᠡᠬᠦ ᠠᠷᠭ᠎ᠠ ᠵᠠᠮ ᠢᠶᠠᠷ ᠳᠡᠮᠵᠢᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠬᠤᠷᠢᠶᠠᠨ ᠠᠪᠤᠭᠴᠢ ᠪᠣᠭᠤᠳᠠᠯ ᠢ ᠬᠤᠷᠢᠶᠠᠨ ᠠᠪᠴᠤ ᠵᠠᠳᠠᠯᠬᠤ ᠳᠠᠭᠠᠨ ᠭᠠᠳᠠᠷ ᠪᠣᠭᠤᠳᠠᠯ ᠢ ᠠᠷᠢᠭᠤᠳᠬᠠᠬᠤ ᠪᠠ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢ ᠠᠩᠬᠠᠷᠬᠤ ᠬᠡᠷᠡᠭᠲᠡᠶ᠃      ᠠᠷᠪᠠ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠤᠬᠡᠳ ᠤᠨ ᠴᠡᠴᠡᠷᠯᠢᠭ ᠤᠳ ᠬᠤᠷᠰᠢᠭᠰᠠᠨ ᠡᠮᠨᠡᠯᠭᠡ ᠠᠴᠠ ᠰᠠᠯᠬᠤ ᠶᠢ ᠮᠡᠳᠡᠭᠦᠯᠦᠨ ᠳᠠᠩᠰᠠᠯᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠴᠢᠬᠤᠯᠠ ᠥᠬᠡᠶ ᠪᠣᠯ ᠬᠢᠯᠢ ᠶᠢᠨ ᠭᠠᠳᠠᠨ᠎ᠠ ᠪᠤᠶᠤ ᠳᠤᠮᠳᠠ ᠶᠡᠭᠡ ᠠᠶᠤᠯ ᠲᠦᠭᠰᠢᠭᠦᠷᠢ ᠲᠠᠢ ᠭᠠᠵᠠᠷ ᠣᠷᠣᠨ ᠳᠤ ᠣᠴᠢᠵᠤ ᠪᠣᠯᠬᠤ ᠥᠬᠡᠶ᠃ ᠪᠠᠭᠰᠢ ᠰᠤᠷᠤᠭᠴᠢᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠠᠵᠢᠯ ᠢ ᠴᠢᠩᠭᠠᠳᠬᠠᠵᠤ᠂ ᠪᠠᠭᠰᠢ ᠰᠤᠷᠤᠭᠴᠢᠳ ᠲᠤ ᠬᠤᠪᠢ ᠬᠥᠮᠦᠨ ᠵᠢᠴᠢ ᠬᠡᠷ ᠪᠦᠯᠢ ᠶᠢᠨ ᠬᠠᠮᠠᠭᠠᠯᠠᠯᠲᠠ ᠶᠢ ᠴᠢᠩᠭ᠎ᠠ ᠰᠠᠶᠢᠲᠤᠷ ᠬᠢᠬᠦ ᠶᠢ ᠴᠠᠭ ᠲᠤᠬᠠᠶ ᠳᠤᠨᠢ ᠰᠠᠨᠠᠭᠤᠯᠬᠤ ᠬᠡᠷᠡᠭᠲᠡᠶ᠃        ᠠᠷᠪᠠᠨ ᠨᠢᠭᠡ᠂ ᠶᠡᠭᠡ ᠬᠡᠪᠴᠢᠶᠡᠨ ᠤ ᠬᠥᠮᠦᠰ ᠤᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠠᠯᠢ ᠴᠢᠳᠠᠬᠤ ᠪᠠᠷ ᠪᠠᠭᠠᠰᠬᠠᠵᠤ᠂ ᠬᠤᠷᠠᠯ᠂ ᠪᠣᠯᠪᠠᠰᠤᠷᠠᠭᠤᠯᠤᠯ᠂ ᠳᠡᠯᠭᠡᠨ ᠪᠣᠷᠣᠯᠠᠭᠤᠯᠤᠯᠲᠠ᠂ ᠴᠤᠭᠯᠠᠭᠠᠨ᠂ ᠳᠠᠶᠢᠯᠠᠯᠭ᠎ᠠ ᠂ ᠤᠷᠤᠯᠳᠤᠭᠠᠨ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢᠨ ᠬᠠᠮᠢᠶᠠᠷᠤᠯᠲᠠ ᠶᠢ ᠴᠢᠩᠳᠠᠯᠠᠵᠤ᠂ 50 ᠬᠥᠮᠦᠨ ᠠᠴᠠ ᠳᠡᠭᠡᠭᠰᠢᠬᠢ ᠠᠵᠢᠯᠯᠠᠭ᠎ᠠ ᠶᠢ ᠭᠤᠤᠯᠯᠠᠨ ᠡᠷᠭᠢᠯᠡᠬᠦ ᠲᠠᠯ᠎ᠠ ᠨᠢ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠪᠠ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠳᠤ ᠮᠡᠳᠡᠭᠦᠯᠦᠨ ᠳᠠᠩᠰᠠᠯᠠᠭᠤᠯᠵᠤ ᠵᠥᠪᠰᠢᠶᠡᠷᠡᠭᠦᠯᠬᠦ ᠶᠢᠨ ᠬᠠᠮᠲᠤ ᠰᠡᠷᠭᠡᠶᠢᠯᠡᠨ ᠡᠵᠡᠮᠳᠡᠬᠦ ᠲᠥᠰᠦᠯ ᠲᠣᠭᠲᠠᠭᠠᠵᠤ᠂ ᠬᠤᠯᠪᠣᠭᠳᠠᠯ ᠪᠥᠬᠦᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃        ᠠᠷᠪᠠᠨ ᠬᠤᠶᠠᠷ᠂ ᠪᠣᠶ ᠪᠥᠬᠦᠶ ᠣᠯᠠᠨ ᠨᠡᠶᠢᠲᠡ ᠶᠢᠨ ᠲᠠᠯᠠᠪᠤᠷ ᠲᠤ ᠭᠱᠠᠨ ᠵᠠᠭᠤᠷ᠎ᠠ ᠶᠢᠨ ᠬᠥᠮᠦᠰ ᠤᠨ ᠣᠷᠣᠵᠤ ᠭᠠᠷᠬᠤ ᠤᠷᠤᠰᠴᠠ ᠶᠢ ᠡᠵᠡᠮᠳᠡᠬᠦ ᠶᠢ ᠴᠢᠩᠭᠠᠳᠬᠠᠵᠤ᠂ ᠰᠠᠯᠬᠢ ᠨᠡᠪᠲᠡᠷᠡᠭᠦᠯᠬᠦ᠂ ᠠᠷᠢᠭᠤᠳᠬᠠᠬᠤ᠂ ᠠᠷᠢᠭᠤᠨ ᠴᠡᠪᠡᠷ ᠪᠠᠶᠢᠯᠭᠠᠬᠤ᠂ ᠲᠠᠯᠠᠪᠤᠷ ᠲᠤ ᠣᠷᠣᠬᠤ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠬᠡᠷᠪᠡ ᠪᠡᠶ᠎ᠡ ᠶᠢᠨ ᠳᠤᠯᠠᠭᠠᠨ ᠨᠢ 37.3℃ ᠠᠴᠠ ᠬᠡᠲᠦᠷᠡᠭᠰᠡᠨ ᠬᠥᠮᠦᠨ ᠪᠤᠶᠤ ᠪᠣᠬᠢᠷᠲᠤᠯ ᠥᠬᠡᠶ ᠡᠷᠡᠭᠦᠯ ᠮᠡᠨᠳᠦ ᠶᠢᠨ ᠺᠣᠳ᠋ ᠲᠠᠢ ᠬᠥᠮᠦᠨ ᠪᠠᠶᠢᠪᠠᠯ᠂ ᠲᠡᠷᠡ ᠳᠠᠷᠤᠶ ᠳᠤᠨᠢ ᠲᠠᠰ ᠳᠠᠷᠠᠭᠠᠯᠠᠯ ᠢᠶᠠᠷ ᠮᠡᠳᠡᠭᠦᠯᠦᠨ᠎ᠡ᠃      ᠠᠷᠪᠠᠨ ᠭᠤᠷᠪᠠ᠂ ᠥᠷᠭᠡᠨ ᠣᠯᠠᠨ ᠬᠤᠲᠠ ᠶᠢᠨ ᠠᠷᠠᠳ ᠠᠯᠪᠠᠨ ᠤ ᠲᠠᠯ᠎ᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠠᠩᠬᠠᠷᠴᠤ᠂ ᠣᠶᠢᠷ᠎ᠠ ᠶᠢᠨ ᠬᠤᠭᠤᠴᠠᠭᠠᠨ ᠳᠤ ᠵᠠᠪᠠᠯ ᠡᠪᠡᠳᠴᠢᠨ ᠤ ᠵᠢᠱᠢᠶ᠎ᠡ ᠲᠠᠢ ᠬᠤᠲᠠ ᠳᠤ ᠣᠴᠢᠵᠤ ᠮᠡᠳᠡᠭᠦᠯᠬᠦ ᠥᠬᠡᠶ ᠪᠠᠶᠢᠬᠤ ᠬᠡᠷᠡᠭᠲᠡᠶ᠃ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠨᠡᠶᠢᠲᠡ ᠶᠢᠨ ᠰᠠᠪᠬ᠎ᠠ ᠬᠡᠷᠡᠭᠯᠡᠬᠦ᠂ ︽ᠨᠢᠭᠡ ᠮᠧᠲᠷ ᠤᠨ ᠱᠤᠭᠤᠮ︾᠂ ᠬᠠᠨᠢᠶᠠᠬᠤ ᠶᠣᠰᠣ ᠵᠢᠷᠤᠮ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠪᠠ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠦᠷᠭᠦᠯᠵᠢᠯᠡᠨ ᠪᠠᠲᠤᠯᠠᠬᠤ ᠬᠡᠷᠡᠭᠲᠡᠶ᠃ ᠬᠡᠷᠪᠡ ᠬᠠᠯᠠᠭᠤᠷᠠᠬᠤ᠂ ᠬᠠᠭᠤᠷᠠᠶ ᠪᠠᠷ ᠬᠠᠨᠢᠶᠠᠬᠤ᠂ ᠲᠠᠮᠢᠷᠳᠠᠬᠤ᠂ ᠬᠤᠭᠤᠯᠠᠶ ᠡᠪᠡᠳᠬᠦ᠂ ᠦᠨᠦᠷ ᠤᠨ ᠰᠡᠷᠡᠯ ᠮᠠᠭᠤᠳᠠᠬᠤ ᠪᠤᠶᠤ ᠠᠯᠳᠠᠭᠳᠠᠬᠤ ᠂ ᠰᠠᠭᠤᠯᠭᠠᠬᠤ ᠵᠡᠷᠭᠡ ᠡᠪ ᠦᠭᠡᠢ ᠪᠠᠶᠢᠳᠠᠯ ᠢᠯᠡᠷᠡᠪᠡᠯ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠳᠤ ᠳᠠᠷᠦ᠋ᠢᠬᠠᠨ ᠬᠦᠷᠴᠦ ᠡᠷᠡᠭᠦᠯ ᠮᠡᠨᠳᠦ ᠶᠢᠨ ᠪᠠᠶᠢᠴᠠᠭᠠᠯᠲᠠ ᠶᠢ ᠬᠦᠯᠢᠶᠡᠵᠦ᠂ ᠵᠢᠭᠤᠯᠴᠢᠯᠠᠯ ᠤᠨ ᠲᠡᠦᠬᠡ᠂ ᠣᠶᠢᠷᠠᠲᠤᠭᠰᠠᠨ ᠲᠡᠦᠬᠡ ᠪᠠᠨ ᠰᠠᠨᠠᠭᠠᠴᠢᠯᠠᠭ᠎ᠠ ᠠᠴᠠ ᠪᠠᠨ ᠮᠡᠳᠡᠭᠳᠡᠵᠦ᠂ ᠡᠪᠡᠳᠴᠢᠨ ᠦᠵᠡᠭᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃       ᠠᠷᠪᠠᠨ ᠳᠥᠷᠪᠡ᠂ ᠰᠢᠨ᠎ᠡ ᠲᠠᠷᠢᠯᠭ᠎ᠠ ᠶᠢᠨ ᠸᠠᠺᠼᠢᠨ ᠤ ᠲᠠᠷᠢᠯᠭ᠎ᠠ ᠬᠢᠭᠡᠳᠦᠶ ᠵᠣᠬᠢᠬᠤ ᠨᠠᠰᠤᠨ ᠤ ᠬᠥᠮᠦᠰ᠂ ᠪᠥᠬᠦ ᠶᠠᠪᠤᠴᠠ ᠳᠤ ᠲᠠᠷᠢᠯᠭ᠎ᠠ ᠬᠢᠭᠡᠳᠦᠶ ᠬᠥᠮᠦᠰ᠂ ᠪᠦᠬᠦᠯᠢ ᠵᠢᠷᠭᠤᠭᠠᠨ ᠰᠠᠷ᠎ᠠ ᠲᠠᠷᠢᠯᠭ᠎ᠠ ᠬᠢᠭᠡᠳ ᠴᠢᠩᠭᠠᠳᠬᠠᠬᠤ ᠲᠠᠷᠢᠯᠭ᠎ᠠ ᠬᠢᠬᠦ ᠴᠢᠬᠤᠯᠠᠲᠠᠶ ᠬᠥᠮᠦᠰ ᠢ ᠠᠯᠢ ᠲᠦᠷᠭᠡᠨ ᠢᠶᠠᠷ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠸᠠᠺᠼᠢᠨ ᠤ ᠲᠠᠷᠢᠯᠭ᠎ᠠ ᠶᠢᠨ ᠴᠡᠭ ᠪᠤᠶᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠸᠠᠺᠼᠢᠨ ᠤ ᠲᠠᠷᠢᠯᠭ᠎ᠠ ᠶᠢᠨ ᠴᠡᠭ ᠲᠤ ᠣᠴᠢᠵᠤ ᠲᠠᠷᠢᠯᠭ᠎ᠠ ᠬᠢᠯᠭᠡᠬᠦ ᠪᠠᠷ ᠭᠤᠶᠤᠴᠢᠯᠠᠬᠤ ᠬᠡᠷᠡᠭᠲᠡᠶ᠃ ᠲᠣᠰ ᠡᠳᠦᠷ ᠠᠴᠠ ᠡᠬᠢᠯᠡᠨ᠂ ᠸᠠᠺᠼᠢᠨ ᠤ ᠲᠠᠷᠢᠯᠭ᠎ᠠ ᠬᠢᠭᠰᠡᠨ ᠥᠬᠡᠶ ︵ᠴᠢᠩᠭᠠᠳᠬᠠᠬᠤ ᠲᠠᠷᠢᠯᠭ᠎ᠠ ᠶᠢ ᠪᠠᠭᠲᠠᠭᠠᠨ᠎ᠠ︶ ᠬᠥᠮᠦᠰ ︵ᠴᠡᠭᠡᠷᠯᠡᠬᠦ ᠡᠪᠡᠳᠴᠢᠨ ᠪᠠ ᠲᠠᠷᠢᠯᠭ᠎ᠠ ᠬᠢᠯᠭᠡᠭᠰᠡᠨ ᠥᠬᠡᠶ 12 ᠨᠠᠰᠤᠨ ᠠᠴᠠ ᠳᠣᠷᠣᠭᠰᠢᠬᠢ ᠬᠡᠤᠬᠡᠳ ᠪᠠᠭᠲᠠᠬᠤ ᠥᠬᠡᠶ︶ ᠢ ᠨᠢᠭᠲᠠ ᠣᠶᠢᠷᠠᠲᠤᠭᠰᠠᠳ ᠪᠠ ᠨᠢᠭᠲᠠ ᠵᠠᠯᠭᠠᠯᠳᠤᠭᠰᠠᠨ ᠢᠶᠠᠷ ᠮᠠᠭᠠᠳᠯᠠᠨ ᠲᠣᠭᠲᠠᠭᠠᠵᠤ᠂ ᠠᠨᠠᠭᠠᠬᠤ ᠤᠬᠠᠭᠠᠨ ᠤ ᠠᠵᠢᠭᠯᠠᠯᠲᠠ ᠶᠢᠨ ᠵᠠᠷᠤᠳᠠᠯ ᠢ ᠲᠥᠪᠯᠡᠷᠡᠭᠦᠯᠦᠨ ᠲᠤᠰᠠᠭᠠᠷᠯᠠᠵᠤ ᠥᠪᠡᠷ ᠢᠶᠠᠨ ᠰᠢᠢᠳᠪᠦᠷᠢᠯᠡᠨ᠎ᠡ᠃      ᠬᠤᠤᠯᠢᠩᠭᠤᠤᠯ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ    ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                              2021 ᠣᠨ ᠤ 10 ᠰᠠᠷ᠎ᠠ ᠶᠢᠨ 31
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号