ᠤᠮᠠᠷᠠᠲᠤ ᠵᠠᠳᠠᠭᠠᠶ ᠨᠡᠭᠦᠷᠡᠰᠦᠨ ᠠᠭᠤᠷᠬᠠᠶ ᠶᠢᠨ 20 ᠲᠦᠮᠡᠨ ᠲᠣᠨ ᠤ ᠪᠥᠮᠪᠥᠭᠡᠯᠢᠭ ᠨᠡᠭᠦᠷᠡᠰᠦᠨ ᠤ | ᠬᠥᠮᠥᠷᠭᠡ ᠶᠢᠨ ᠳᠣᠣᠷ᠎ᠠ ᠣᠳᠣ 20 ᠨᠡᠭᠦᠷᠡᠰᠦ ᠬᠠᠩᠭᠠᠬᠤ ᠮᠠᠰᠢᠨ ᠲᠠᠢ ᠪᠠᠶᠢᠵᠤ᠂ ᠨᠡᠭᠦᠷᠡᠰᠦ ᠶᠢ ᠨᠡᠭᠦᠷᠡᠰᠦᠨ | ᠬᠥᠮᠥᠷᠭᠡ ᠳᠤ ᠣᠷᠣᠭᠤᠯᠬᠤ ᠡᠭᠦᠷᠭᠡ ᠶᠢ ᠡᠭᠦᠷᠭᠡᠯᠡᠵᠦ ᠪᠠᠶᠢᠨ᠎ᠠ᠃ ᠡᠨᠡ ᠵᠢᠯ᠂ ᠤᠮᠠᠷᠠᠲᠤ ᠵᠠᠳᠠᠭᠠᠢ ᠨᠡᠭᠦᠷᠡᠰᠦᠨ | ᠠᠭᠤᠷᠬᠠᠢ ᠶᠢᠨ ᠬᠢᠨ 500 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ ᠬᠥᠮᠥᠷᠭᠡ ᠶᠢᠨ ᠳᠣᠣᠷᠠᠬᠢ 20 | ᠰᠠᠤᠷᠢ ᠳᠣᠷᠭᠢᠯᠲᠠ ᠲᠠᠢ ᠨᠡᠭᠦᠷᠡᠰᠦ ᠬᠠᠩᠭᠠᠬᠤ ᠮᠠᠰᠢᠨ ᠳᠤ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ | ᠳᠡᠪᠰᠢᠭᠦᠯᠵᠦ᠂ ᠠᠵᠤ ᠠᠬᠤᠶᠢᠯᠠᠯ ᠤᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃ | ︽ᠥᠭᠡᠷᠡᠴᠢᠯᠡᠬᠦ ᠠᠴᠠ ᠡᠮᠦᠨ᠎ᠡ᠂ ᠬᠡᠯᠪᠡᠯᠵᠡᠭᠴᠢ ᠨᠡᠭᠦᠷᠡᠰᠦ ᠬᠠᠩᠭᠠᠬᠤ ᠮᠠᠰᠢᠨ ᠤ ᠬᠡᠯᠪᠡᠷᠢ ᠨᠢ 37 | ᠺᠢᠯᠣᠸᠠᠲ ᠤᠨ ᠴᠠᠬᠢᠯᠭᠠᠨ ᠮᠠᠰᠢᠨ ᠳᠡᠭᠡᠷ᠎ᠡ ᠨᠡᠭᠦᠷᠡᠰᠦ ᠤᠨᠠᠭᠠᠬᠤ ᠬᠤᠭᠤᠯᠠᠶ ᠪᠠ ᠨᠡᠭᠡᠯᠡᠬᠡᠶ ᠶᠢᠨ ᠡᠵᠡᠮᠰᠢᠯ ᠤᠨ | ᠬᠡᠯᠪᠡᠷᠢ ᠲᠠᠢ ᠪᠠᠶᠢᠳᠠᠭ᠃︾ ︵37 ᠺᠢᠯᠣᠸᠠᠲ ᠤᠨ ᠴᠠᠬᠢᠯᠭᠠᠨ ᠮᠠᠰᠢᠨ ᠢ ᠨᠡᠮᠡᠭᠡᠳ ᠨᠡᠭᠦᠷᠡᠰᠦ ᠤᠨᠠᠭᠠᠬᠤ | ᠬᠤᠭᠤᠯᠠᠶ ᠪᠠ ᠨᠡᠭᠡᠯᠡᠬᠡᠶ ᠶᠢᠨ ᠡᠵᠡᠮᠰᠢᠯ ᠤᠨ ᠬᠡᠯᠪᠡᠷᠢ ᠲᠠᠢ ᠪᠠᠶᠢᠳᠠᠭ︶᠃ ᠤᠮᠠᠷᠠᠲᠤ ᠶᠢᠨ ᠵᠠᠳᠠᠭᠠᠶ ᠨᠡᠭᠦᠷᠡᠰᠦᠨ | ᠠᠭᠤᠷᠬᠠᠶ ᠶᠢᠨ ᠭᠤᠮ ᠪᠦᠰᠡ ᠶᠢᠨ ᠠᠵᠢᠯᠯᠠᠭᠠᠨ ᠤ ᠬᠡᠯᠲᠡᠰ ᠤᠨ ᠡᠷᠬᠢᠯᠡᠭᠴᠢ ᠯᠢ ᠮᠢᠩ ᠰᠤᠷᠪᠤᠯᠵᠢᠯᠠᠭᠴᠢ ᠳᠤ | ᠬᠡᠯᠡᠬᠦ ᠳᠡᠭᠡᠨ᠂ ︽ᠬᠡᠯᠪᠡᠯᠵᠡᠭᠴᠢ ᠨᠡᠭᠦᠷᠡᠰᠦ ᠬᠠᠩᠭᠠᠬᠤ ᠮᠠᠰᠢᠨ ᠤ ᠬᠡᠯᠪᠡᠯᠵᠡᠭᠴᠢ ᠪᠡᠶ᠎ᠡ ᠪᠣᠯᠤᠨ ᠬᠡᠯᠪᠡᠯᠵᠡᠭᠴᠢ ᠪᠤᠰᠤ | ᠪᠡᠶ᠎ᠡ ᠶᠢᠨ ᠬᠤᠭᠤᠷᠣᠨᠳᠣ ᠨᠢᠭᠲᠠ ᠪᠢᠲᠡᠭᠦᠮᠵᠢᠯᠡᠭᠰᠡᠨ ᠪᠢᠰᠢ᠂ ᠵᠠᠶ ᠵᠠᠪᠰᠠᠷ ᠨᠢ ᠨᠡᠯᠢᠶᠡᠳ ᠶᠡᠭᠡ ᠪᠠᠶᠢᠳᠠᠭ᠂ ᠨᠡᠭᠦᠷᠡᠰᠦ | ᠬᠠᠩᠭᠠᠬᠤ ᠮᠠᠰᠢᠨ ᠤ ᠬᠡᠯᠪᠡᠯᠵᠡᠭᠴᠢ ᠦᠶ᠎ᠡ ᠳᠤ ᠨᠡᠭᠦᠷᠡᠰᠦᠨ ᠲᠣᠭᠤᠰᠣ ᠳᠡᠭᠳᠡᠵᠦ᠂ ᠨᠡᠭᠦᠷᠡᠰᠦᠨ ᠲᠣᠭᠤᠰᠣ ᠨᠢ | ᠵᠠᠪᠰᠠᠷ ᠢᠶᠠᠷ ᠰᠦᠷᠴᠢᠨ ᠭᠠᠷᠴᠤ᠂ ᠲᠣᠭᠤᠰᠣ ᠶᠡᠭᠡ᠂ ᠡᠨᠧᠷᠭᠢ ᠶᠢᠨ ᠬᠤᠷᠣᠭᠳᠠᠯ ᠶᠡᠭᠡ᠂ ᠬᠠᠮᠠᠭᠠᠯᠠᠯᠲᠠ ᠶᠢᠨ | ᠬᠡᠮᠵᠢᠶ᠎ᠡ ᠶᠡᠭᠡ᠂ ᠨᠡᠭᠦᠷᠡᠰᠦ ᠬᠠᠩᠭᠠᠬᠤ ᠬᠡᠮᠵᠢᠶ᠎ᠡ ᠨᠢ ᠲᠣᠭᠲᠠᠪᠤᠷᠢ ᠥᠬᠡᠶ ᠵᠡᠷᠭᠡ ᠬᠡᠮ ᠰᠣᠭᠤᠭ ᠢ ᠪᠣᠶ ᠪᠣᠯᠭᠠᠳᠠᠭ︾ | ᠭᠡᠵᠡᠶ᠃ | | | | | | | ᠥᠭᠡᠷᠡᠴᠢᠯᠡᠭᠰᠡᠨ ᠤ ᠳᠠᠷᠠᠭᠠᠬᠢ ᠡᠨᠧᠷᠭᠢ ᠠᠷᠪᠢᠯᠠᠬᠤ ᠲᠣᠭᠤᠰᠣ ᠦᠭᠡᠢ ᠨᠡᠭᠦᠷᠡᠰᠦ ᠬᠠᠩᠭᠠᠬᠤ ᠮᠠᠰᠢᠨ ᠳᠤ | ᠬᠤᠪᠢᠶᠠᠷᠢ ᠪᠡᠶᠡᠲᠦ ᠪᠦᠲᠦᠴᠡ ᠶᠢ ᠬᠡᠷᠡᠭᠯᠡᠵᠦ᠂ ᠪᠦᠬᠦ᠋ᠢᠯᠡ ᠲᠥᠬᠦᠭᠡᠷᠦᠮᠵᠢ ᠨᠢ ᠰᠢᠩᠭᠡᠨ ᠳᠠᠷᠤᠴᠠ ᠶᠢᠨ ᠦᠷᠳᠡᠭᠡ᠂ | ᠴᠠᠬᠢᠯᠭᠠᠨ ᠡᠵᠡᠮᠰᠢᠯ ᠤᠨ ᠵᠢᠯᠣᠭᠤᠳᠬᠤ ᠰᠢᠰᠲ᠋ᠧᠮ ᠪᠠ ᠤᠷᠤᠰᠬᠠᠯ ᠤᠨ ᠬᠡᠮᠵᠢᠶ᠎ᠡ ᠶᠢ ᠲᠣᠬᠢᠷᠠᠭᠤᠯᠬᠤ ᠬᠠᠪᠲᠠᠰᠤ | ᠣᠷᠣᠭᠤᠯᠬᠤ ᠲᠣᠨᠣᠭᠯᠠᠯ ᠪᠠ ᠨᠡᠭᠦᠷᠡᠰᠦ ᠬᠠᠩᠭᠠᠬᠤ ᠮᠠᠰᠢᠨ ᠤ ᠲᠤᠰ ᠪᠡᠶ᠎ᠡ ᠪᠠᠷ ᠪᠦᠷᠢᠯᠳᠦᠵᠡᠶ᠃ ᠨᠡᠭᠦᠷᠡᠰᠦ | ᠬᠠᠩᠭᠠᠬᠤ ᠮᠠᠰᠢᠨ ᠤ ᠲᠣᠰ ᠪᠡᠶ᠎ᠡ ᠬᠢᠭᠡᠳ ᠬᠥᠮᠥᠷᠭᠡ ᠶᠢᠨ ᠠᠮᠠᠰᠠᠷ᠂ ᠮᠠᠲ᠋ᠧᠷᠢᠶᠠᠯ ᠳᠠᠮᠵᠢᠭᠤᠯᠬᠤ ᠣᠩᠭᠤᠴᠠ ᠶᠢᠨ | ᠵᠠᠯᠭᠠᠭᠤᠷ ᠢ ᠴᠥᠮ ᠭᠠᠩᠨᠠᠵᠤ ᠨᠢᠭᠲᠠ ᠪᠢᠲᠡᠭᠦᠮᠵᠢᠯᠡᠵᠦ᠂ ᠬᠥᠮᠥᠷᠭᠡ ᠶᠢᠨ ᠳᠣᠤᠷᠠᠬᠢ ᠨᠡᠭᠦᠷᠡᠰᠦ ᠬᠠᠩᠭᠠᠬᠤ | ᠮᠠᠰᠢᠨ ᠤ ᠲᠣᠭᠤᠰᠣ ᠥᠬᠡᠶ ᠠᠵᠢᠯᠯᠠᠬᠤ ᠶᠢ ᠦᠨᠡᠨ ᠬᠦ ᠪᠠᠲᠤᠯᠠᠵᠤ᠂ ᠣᠷᠴᠢᠨ ᠠᠬᠤᠶ ᠶᠢ ᠬᠠᠮᠠᠭᠠᠯᠠᠬᠤ | ᠪᠠᠷᠢᠮᠵᠢᠶ᠎ᠠ ᠳᠤ ᠬᠦᠷᠦᠭᠦᠯᠵᠦ᠂ ᠠᠵᠢᠯᠲᠠᠨ ᠠᠵᠢᠯᠴᠢᠨ ᠤ ᠬᠥᠮᠥᠷᠭᠡ ᠶᠢᠨ ᠳᠣᠤᠷᠠᠬᠢ ᠠᠵᠢᠯᠯᠠᠬᠤ ᠨᠥᠬᠦᠴᠡᠯ ᠢ | ᠰᠠᠶᠢᠵᠢᠷᠠᠭᠤᠯᠪᠠ᠃ ᠡᠭᠦᠨ ᠤ ᠬᠠᠮᠲᠤ᠂ ᠬᠤᠶᠠᠷ ᠨᠡᠭᠦᠷᠡᠰᠦ ᠬᠠᠩᠭᠠᠬᠤ ᠮᠠᠰᠢᠨ ᠨᠢ ᠬᠠᠮᠲᠤ ᠪᠠᠷ ᠨᠢᠭᠡ ᠰᠢᠩᠭᠡᠨ | ᠳᠠᠷᠣᠴᠠᠳᠣ ᠬᠥᠭᠡᠷᠭᠡ ᠶᠢᠨ ᠦᠷᠳᠡᠭᠡ ᠶᠢ ᠬᠡᠷᠡᠭᠯᠡᠵᠦ᠂ ᠨᠡᠭᠡᠭᠡᠬᠦ ᠪᠠ ᠬᠠᠭᠠᠬᠤ ᠦᠶ᠎ᠡ ᠳᠤ ᠵᠥᠪᠬᠡᠨ 40 | ᠰᠧᠺᠦ᠋ᠨ᠋ᠳ᠋ ᠤᠨ ᠴᠠᠬᠢᠯᠭᠠᠨ ᠡᠨᠧᠷᠭᠢ ᠶᠢ ᠬᠡᠷᠡᠭᠰᠡᠵᠦ᠂ ᠴᠠᠬᠢᠯᠭᠠᠨ ᠡᠨᠧᠷᠭᠢ ᠶᠢᠨ ᠬᠤᠷᠣᠭᠳᠠᠯ ᠢ ᠶᠡᠭᠡ ᠪᠠᠷ ᠠᠷᠪᠢᠯᠠᠪᠠ᠃ | ᠯᠢ ᠮᠢᠩ ᠲᠠᠨᠢᠯᠴᠠᠭᠤᠯᠬᠤ ᠳᠠᠭᠠᠨ᠄ ︽ᠥᠭᠡᠷᠡᠴᠢᠯᠡᠭᠰᠡᠨ ᠤ ᠳᠠᠷᠠᠭᠠᠬᠢ ᠨᠡᠭᠦᠷᠡᠰᠦ ᠬᠠᠩᠭᠠᠬᠤ ᠮᠠᠰᠢᠨ ᠨᠢ | ᠪᠢᠲᠡᠭᠦᠮᠵᠢᠯᠡᠭᠰᠡᠨ ᠮᠠᠶ᠋ᠢᠭ ᠤᠨ ᠪᠦᠬᠦᠯᠢ ᠴᠣᠭᠴᠠ ᠶᠢᠨ ᠭᠤᠯᠭᠤᠭᠤᠷ ᠬᠤᠩᠭᠢᠯ ᠤᠨ ᠪᠦᠲᠦᠴᠡ ᠶᠢ ᠬᠡᠷᠡᠭᠯᠡᠭᠰᠡᠨ ᠤ | ᠳᠡᠭᠡᠷ᠎ᠡ ᠬᠡᠯᠪᠡᠯᠵᠡᠯ ᠥᠬᠡᠶ᠂ ᠠᠵᠢᠯᠯᠠᠬᠤ ᠦᠶ᠎ᠡ ᠳᠤ ᠲᠣᠭᠤᠰᠣ ᠥᠬᠡᠶ ᠪᠣᠯᠬᠤᠷ ᠬᠥᠮᠥᠷᠭᠡ ᠶᠢᠨ ᠠᠵᠢᠯᠲᠠᠨ | ᠠᠵᠢᠯᠴᠢᠨ ᠤ ᠠᠵᠢᠯᠯᠠᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠪᠠᠶᠢᠴᠠᠭᠠᠨ ᠰᠡᠯᠪᠢᠬᠦ ᠠᠵᠢᠯᠲᠠᠨ ᠤ | ᠬᠠᠮᠠᠭᠠᠯᠠᠬᠤ ᠬᠡᠮᠵᠢᠶ᠎ᠡ ᠪᠠ ᠴᠡᠪᠡᠷᠯᠡᠬᠦ ᠠᠵᠢᠯᠲᠠᠨ ᠤ ᠠᠵᠢᠯ ᠤᠨ ᠬᠡᠮᠵᠢᠶ᠎ᠡ ᠶᠢ ᠪᠠᠭᠠᠰᠬᠠᠪᠠ᠃ ᠡᠭᠦᠨ ᠤ ᠵᠡᠷᠭᠡ ᠳᠤ 3. | 7 ᠺᠢᠯᠣᠸᠠᠲ ᠤᠨ 20 ᠴᠠᠬᠢᠯᠭᠠᠨ ᠮᠠᠰᠢᠨ ᠢ ᠠᠪᠴᠤ ᠬᠠᠶᠠᠭᠠᠳ᠂ 10 ᠰᠢᠩᠭᠡᠨ ᠳᠠᠷᠤᠯᠲᠠᠲᠤ ᠬᠥᠭᠡᠷᠭᠡ ᠶᠢᠨ | ᠥᠷᠲᠡᠭᠡ ᠪᠠᠷ ᠡᠵᠡᠮᠰᠢᠨ᠂ ᠴᠠᠬᠢᠯᠭᠠᠨ ᠡᠨᠧᠷᠭᠢ ᠶᠢ ᠠᠷᠪᠢᠯᠠᠵᠤ᠂ ᠡᠨᠧᠷᠭᠢ ᠠᠷᠪᠢᠯᠠᠬᠤ ᠦᠷ᠎ᠡ ᠳ᠋ᠦᠩ ᠳᠤ | ᠬᠦᠷᠦᠭᠰᠡᠨ ᠪᠠᠶᠢᠨ᠎ᠠ︾ ᠭᠡᠵᠡᠶ᠃ | | | | | ᠤᠢᠢᠷ᠎ᠠ ᠶᠢᠨ ᠵᠢᠯ ᠠᠴᠠ᠂ ᠤᠮᠠᠷᠠᠲᠤ ᠵᠠᠳᠠᠭᠠᠢ ᠨᠡᠭᠦᠷᠡᠰᠦᠨ ᠠᠭᠤᠷᠬᠠᠢ ᠶᠢᠨ ᠬᠢᠨ ᠰᠢᠨ᠎ᠡ ᠬᠡᠪ ᠪᠠᠶᠢᠳᠠᠯ | ᠳᠣᠣᠷᠠᠬᠢ ᠬᠥᠭᠵᠢᠯᠲᠡ ᠶᠢᠨ ᠬᠠᠨᠳᠤᠰᠢ ᠳᠤ ᠵᠣᠬᠢᠴᠠᠬᠤ ᠪᠠᠨ ᠭᠦᠨᠵᠡᠭᠡᠶᠢᠷᠡᠭᠦᠯᠵᠦ᠂ ︽ᠤᠶᠤᠨᠴᠢ᠂ ᠬᠥᠮᠦᠨ ᠦᠭᠡᠢ᠂ | ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠭᠡᠢ︾ ᠬᠥᠭᠵᠢᠯᠲᠡ ᠶᠢᠨ ᠬᠠᠷᠠᠯᠲᠠ ᠶᠢᠨ | ᠲᠣᠭᠤᠷᠢᠨ ᠳᠤ ᠢᠳᠡᠪᠬᠢᠲᠡᠢ ᠦᠢᠯᠡᠳᠦᠯᠭᠡ ᠪᠠ ᠰᠦᠪᠡᠭᠴᠢᠯᠡᠯᠳᠡ ᠬᠢᠵᠡᠢ᠃ ᠭᠤᠮ ᠪᠦᠰᠡ ᠶᠢᠨ ᠠᠵᠢᠯᠯᠠᠭᠠᠨ ᠤ | ᠬᠡᠯᠲᠡᠰ ᠨᠢ ᠤᠮᠠᠷᠠᠲᠤ ᠵᠠᠳᠠᠭᠠᠢ ᠨᠡᠭᠦᠷᠡᠰᠦᠨ ᠠᠭᠤᠷᠬᠠᠢ ᠶᠢᠨ ᠳᠠᠮᠵᠢᠭᠤᠯᠭ᠎ᠠ ᠶᠢᠨ ︽ᠭᠤᠣᠯ ᠰᠤᠳᠠᠰᠤ︾ | ᠪᠣᠯᠤᠭᠰᠠᠨ ᠤ ᠬᠤᠪᠢ ᠳᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠤᠢᠢᠯᠠᠭᠠᠭᠳᠠᠬᠤᠨ ᠢ | ᠢᠮᠠᠭᠲᠠ ᠦᠢᠯᠡᠳᠦᠯᠭᠡᠵᠢᠭᠦᠯᠵᠦ᠂ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ | ᠂ ᠲᠥᠬᠦᠭᠡᠷᠦᠮᠵᠢ ᠶᠢ ᠲᠡᠰ ᠳᠡᠪᠰᠢᠭᠦᠯᠦᠨ ᠥᠭᠡᠷᠡᠴᠢᠯᠡᠬᠦ ᠠᠵᠢᠯ ᠢ ᠰᠠᠶᠢᠲᠤᠷ ᠬᠢᠵᠦ᠂ ᠬᠥᠮᠦᠨ ᠤ ᠬᠦᠴᠦᠨ ᠤ | ᠬᠥᠳᠡᠯᠮᠦᠷᠢ ᠶᠢᠨ ᠡᠷᠴᠢᠮ ᠢ ᠪᠠᠭᠤᠷᠠᠭᠤᠯᠵᠤ᠂ ᠠᠵᠤ ᠠᠬᠤᠢ ᠶᠢᠨ ᠦᠷ᠎ᠡ ᠠᠰᠢᠭ ᠢ ᠡᠭᠦᠳᠴᠦ᠂ ᠤᠮᠠᠷᠠᠲᠤ ᠵᠠᠳᠠᠭᠠᠢ | ᠨᠡᠭᠦᠷᠡᠰᠦᠨ ᠠᠭᠤᠷᠬᠠᠢ ᠶᠢᠨ ᠨᠡᠭᠦᠷᠡᠰᠦ ᠳᠠᠮᠵᠢᠭᠤᠯᠬᠤ ᠰᠢᠰᠲ᠋ᠧᠮ ᠤᠨ ᠠᠮᠤᠷ ᠲᠦᠪᠰᠢᠨ ᠨᠠᠶᠢᠳᠠᠪᠤᠷᠢᠲᠠᠢ | ᠠᠵᠢᠯᠯᠠᠭᠠᠨ ᠳᠤ ᠬᠦᠴᠦᠲᠡᠢ ᠪᠠᠲᠤᠯᠠᠭ᠎ᠠ ᠬᠠᠩᠭᠠᠵᠠᠢ᠃ | | | | | | | |