ᠨᠡᠶᠢᠭᠡᠮ ᠳᠤ ᠬᠠᠨᠳᠤᠭᠤᠯᠤᠨ ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠬᠦ ᠪᠠ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2021/11/18
ᠥᠷᠭᠡᠨ ᠤᠯᠠᠨ ᠰᠠᠶᠢᠨ ᠳᠤᠷ᠎ᠠ ᠶᠢᠨ ᠠᠵᠢᠯᠯᠠᠭᠴᠢ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠄    ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠣᠶᠢᠯᠠᠭᠠᠭᠳᠠᠬᠤᠨ ᠢ ᠢᠳᠡᠪᠬᠢᠲᠡᠶ ᠦᠢᠯᠡᠳᠦᠯᠭᠡᠵᠢᠭᠦᠯᠵᠦ᠂ ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢ ᠪᠠ ᠰᠢᠯᠢᠳᠡᠭ ᠰᠠᠶᠢᠨ ᠳᠤᠷ᠎ᠠ ᠵᠢᠨ‌ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠭᠤᠳᠠᠯᠵᠤ᠂ ᠨᠡᠶᠢᠭᠡᠮ ᠤᠨ ᠡᠬᠢ ᠪᠠᠶᠠᠯᠢᠭ ᠢ ᠥᠷᠭᠡᠨ ᠢᠶᠠᠷ ᠰᠢᠩᠭᠡᠭᠡᠨ ᠠᠪᠴᠤ ᠰᠠᠶᠢᠨ ᠳᠤᠷ᠎ᠠ ᠵᠢᠨ‌ᠦᠢᠯᠡᠴᠢᠯᠡᠭᠡᠨ ᠤ ᠠᠵᠢᠯᠯᠠᠭ᠎ᠠ ᠶᠢ ᠳᠡᠮᠵᠢᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠥᠢᠯᠴᠢᠯᠡᠨ ᠠᠵᠢᠯᠯᠠᠬᠤ᠂ ᠨᠡᠶᠢᠭᠡᠮᠴᠢᠯᠡᠨ ᠳᠠᠶᠢᠴᠢᠯᠠᠬᠤ ᠪᠠ ᠳᠦᠷᠢᠮᠵᠢᠭᠦᠯᠦᠨ ᠬᠥᠭᠵᠢᠭᠦᠯᠬᠦ ᠶᠢ ᠳᠥᠯᠭᠢᠨ ᠠᠬᠢᠭᠤᠯᠵᠤ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠠᠴᠠ ᠣᠯᠠᠨ ᠤᠯᠤᠰ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠳᠦᠷ ᠬᠦᠷᠴᠦ ᠢᠷᠡᠬᠦ ᠲᠠᠰᠢᠷᠠᠮ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠤᠨ᠎ᠠ᠃ ᠨᠡᠩ ᠤᠯᠠᠨ ᠰᠠᠶᠢᠨ ᠳᠤᠷ᠎ᠠ ᠶᠢᠨ ᠠᠵᠢᠯᠯᠠᠭᠴᠢ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠣᠷᠣᠯᠴᠠᠭᠤᠯᠬᠤ ᠶᠢᠨ ᠲᠥᠯᠥᠭᠡ᠂ ᠪᠦᠬᠦ ᠨᠡᠶᠢᠭᠡᠮ ᠠᠴᠠ ᠡᠯᠰᠡᠨ ᠴᠤᠭᠯᠠᠭᠤᠯᠬᠤ ᠪᠠᠷ ᠲᠣᠭᠲᠠᠪᠠ᠂ ᠪᠦᠬᠦ ᠬᠤᠳᠠ ᠶᠢᠨ ᠡᠯ᠎ᠡ ᠱᠠᠲᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯ ᠲᠠᠢ ᠪᠦᠯᠬᠦᠮ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠨᠢᠲᠠᠳ ᠴᠥᠮ ᠰᠢᠯᠭᠠᠷᠠᠭᠤᠯᠤᠯᠲᠠ ᠳᠤ ᠣᠷᠣᠯᠴᠠᠵᠤ ᠪᠣᠯᠤᠨ᠎ᠠ᠂ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠄        ᠨᠢᠭᠡ᠂ ᠡᠯᠰᠡᠬᠦ ᠲᠥᠷᠥᠯ ᠵᠦᠢᠯ ᠤᠨ ᠠᠩᠭᠢᠯᠠᠯ        ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢ      ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ        ᠬᠤᠶᠠᠷ᠂ ᠲᠥᠷᠥᠯ ᠵᠦᠢᠯ ᠤᠨ ᠱᠠᠭᠠᠷᠳᠠᠯᠭ᠎ᠠ        ︵ᠨᠢᠭᠡ︶ ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢ ᠶᠢ ᠰᠢᠯᠭᠠᠷᠠᠭᠤᠯᠬᠤ ᠪᠠᠷᠢᠮᠵᠢᠶ᠎ᠠ   1. ᠡᠬᠡ ᠤᠯᠤᠰ ᠢᠶᠠᠨ ᠬᠠᠶᠢᠷᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠨ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠢᠳᠡᠪᠬᠢᠲᠡᠶ ᠪᠠᠷ ᠪᠤᠶᠢᠵᠢᠭᠤᠯᠤᠨ ᠦᠢᠯᠡᠳᠦᠯᠭᠡᠵᠢᠭᠦᠯᠵᠦ᠂ ︽ᠬᠠᠷᠠᠮ ᠦᠭᠡᠶ ᠵᠣᠷᠢᠭᠤᠯᠬᠤ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠮᠠᠰᠢ ᠴᠢᠩᠭ᠎ᠠ ᠨᠡᠶᠢᠭᠡᠮ ᠤᠨ ᠬᠠᠷᠢᠭᠤᠴᠠᠯᠭᠠᠲᠤ ᠤᠬᠠᠮᠰᠠᠷ᠂ ᠬᠠᠷᠠᠮ ᠦᠭᠡᠶ ᠵᠣᠷᠢᠭᠤᠯᠬᠤ ᠤᠬᠠᠮᠰᠠᠷ ᠲᠠᠢ ᠪᠠᠶᠢᠬᠤ ᠬᠡᠷᠡᠭᠲᠡᠶ᠃    2. ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠤᠷᠲᠤ ᠬᠤᠭᠤᠴᠠᠭ᠎ᠠ ᠪᠠᠷ ᠢᠳᠡᠪᠬᠢᠲᠡᠶ ᠣᠷᠣᠯᠴᠠᠵᠤ᠂ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠪᠣᠯᠪᠠᠰᠤᠨ ᠦᠢᠯᠡᠳᠦᠯᠭᠡ ᠬᠢᠬᠦ᠂ ᠨᠡᠶᠢᠭᠡᠮ ᠲᠣᠭᠤᠷᠢᠭ ᠤᠨ ᠦᠢᠯᠡᠴᠢᠯᠡᠭᠡ ᠬᠢᠬᠦ᠂ ᠠᠶᠤᠯ ᠠᠴᠠ ᠠᠪᠤᠷᠠᠵᠤ ᠬᠦᠴᠢᠷᠳᠡᠯ ᠢ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ᠂ ᠪᠤᠰᠤᠳ ᠢ ᠬᠠᠯᠠᠮᠵᠢᠯᠠᠨ ᠬᠠᠶᠢᠷᠠᠯᠠᠬᠤ᠂ ᠰᠣᠶᠣᠯ ᠤᠨ ᠦᠢᠯᠡᠴᠢᠯᠡᠭᠡ ᠬᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠵᠡᠷᠭᠡ ᠲᠠᠯ᠎ᠠ ᠪᠠᠷ ᠲᠣᠪᠤᠶᠢᠮ᠎ᠠ ᠦᠢᠯᠡ ᠠᠵᠢᠯᠯᠠᠭ᠎ᠠ ᠶᠢ ᠣᠯᠠᠨ ᠲᠦᠮᠡᠨ ᠮᠡᠳᠡᠷᠡᠵᠦ ᠪᠠᠶᠢᠬᠤ᠃     3. ᠵᠣᠬᠢᠬᠤ ᠬᠡᠮᠵᠢᠶᠡᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠱᠠᠭᠠᠷᠳᠠᠭᠳᠠᠬᠤ ᠣᠨᠴᠠ ᠴᠢᠳᠠᠪᠤᠷᠢ ᠪᠠ ᠴᠢᠳᠠᠪᠤᠷᠢ ᠲᠠᠢ ᠪᠠᠶᠢᠬᠤ ᠬᠡᠷᠡᠭᠲᠡᠶ᠃        ︵ᠬᠤᠶᠠᠷ︶ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠰᠢᠯᠭᠠᠷᠠᠭᠤᠯᠬᠤ ᠪᠠᠷᠢᠮᠵᠢᠶ᠎ᠠ    1. 1 ᠵᠢᠯ ︵1 ᠵᠢᠯ ᠪᠠᠭᠲᠠᠨ᠎ᠠ︶ ᠠᠴᠠ ᠳᠡᠭᠡᠭᠰᠢᠬᠢ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠳᠤ᠂ ᠶᠠᠮᠠᠷ ᠴᠤ ᠮᠠᠭᠤ ᠲᠡᠮᠳᠡᠭᠯᠡᠯ ᠥᠬᠡᠶ᠂ ᠲᠣᠭᠲᠠᠭᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠲᠠᠢ ᠪᠠᠶᠢᠵᠤ᠂ ᠣᠯᠠᠨ ᠲᠦᠮᠡᠨ ᠤ ᠵᠥᠪᠰᠢᠶᠡᠷᠡᠯ ᠢ ᠣᠯᠵᠤ᠂ ᠨᠡᠶᠢᠲᠡ ᠶᠢᠨ ᠢᠲᠡᠭᠡᠮᠵᠢ ᠪᠠᠷ ᠴᠢᠩᠭ᠎ᠠ ᠪᠠᠶᠢᠬᠤ ᠬᠡᠷᠡᠭᠲᠡᠶ᠃     2. ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠬᠠᠷᠢᠴᠠᠩᠭᠤᠶ ᠲᠣᠭᠲᠠᠭᠤᠨ ᠪᠠᠶᠢᠵᠤ᠂ ᠳᠠᠩᠰᠠᠯᠠᠭᠤᠯᠤᠭᠰᠠᠨ ᠰᠠᠶᠢᠨ ᠳᠤᠷ᠎ᠠ ᠶᠢᠨ ᠠᠵᠢᠯᠯᠠᠭᠴᠢ ᠶᠢᠨ ᠲᠤᠭ᠎ᠠ ᠶᠢ ᠵᠠᠷᠴᠢᠮ ᠳᠡᠭᠡᠷ᠎ᠡ ᠪᠠᠨ 20 ᠬᠥᠮᠦᠨ ᠠᠴᠠ ᠳᠤᠲᠠᠭᠤ ᠪᠠᠶᠢᠯᠭᠠᠵᠤ ᠪᠣᠯᠬᠤ ᠥᠬᠡᠶ ︵ᠢᠯᠡᠷᠡᠯ ᠨᠢ ᠣᠨᠴᠠᠭᠠᠶ ᠲᠣᠪᠤᠶᠢᠮ᠎ᠠ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠳᠠᠩᠰᠠᠯᠠᠭᠤᠯᠤᠭᠰᠠᠨ ᠰᠠᠶᠢᠨ ᠳᠤᠷ᠎ᠠ ᠶᠢᠨ ᠠᠵᠢᠯᠯᠠᠭᠴᠢ ᠶᠢᠨ ᠲᠤᠭ᠎ᠠ ᠶᠢ ᠬᠠᠮᠤᠭ ᠪᠠᠭ᠎ᠠ ᠳᠠᠭᠠᠨ 10 ᠬᠥᠮᠦᠨ ᠠᠴᠠ ᠳᠤᠲᠠᠭᠤ ᠪᠠᠶᠢᠯᠭᠠᠵᠤ ᠪᠣᠯᠬᠤ ᠥᠬᠡᠶ︶᠃     3. ᠲᠣᠳᠣᠷᠬᠠᠶ ᠦᠢᠯᠡᠴᠢᠯᠡᠭᠡᠨ ᠤ ᠬᠦᠷᠢᠶ᠎ᠡ ᠲᠠᠢ᠂ ᠪᠣᠯᠪᠠᠰᠤᠷᠠᠩᠭᠤᠶ ᠰᠠᠶᠢᠨ ᠳᠤᠷ᠎ᠠ ᠶᠢᠨ ᠦᠢᠯᠡᠴᠢᠯᠡᠭᠡᠨ ᠤ ᠵᠦᠢᠯ ᠲᠠᠢ ᠪᠠᠶᠢᠵᠤ᠂ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ᠃     4. ᠰᠠᠶᠢᠨ ᠳᠤᠷ᠎ᠠ ᠶᠢᠨ ᠦᠢᠯᠡᠴᠢᠯᠡᠭᠡᠨ ᠤ ᠦᠷ᠎ᠡ ᠪᠦᠲᠦᠮᠵᠢ ᠢᠯᠡᠳᠲᠡ ᠪᠠᠶᠢᠵᠤ᠂ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠪᠣᠯᠪᠠᠰᠤᠨ ᠦᠢᠯᠡᠳᠦᠯᠭᠡ᠂ ᠨᠡᠶᠢᠭᠡᠮ ᠲᠣᠭᠤᠷᠢᠭ ᠤᠨ ᠦᠢᠯᠡᠴᠢᠯᠡᠭᠡ᠂ ᠠᠶᠤᠯ ᠠᠴᠠ ᠠᠪᠤᠷᠠᠨ ᠬᠦᠴᠢᠷᠳᠡᠯ ᠢ ᠲᠤᠰᠠᠯᠠᠬᠤ᠂ ᠠᠶᠤᠯ ᠭᠠᠮᠰᠢᠭ ᠠᠴᠠ ᠠᠪᠤᠷᠬᠠᠤ᠂ ᠪᠤᠰᠤᠳ ᠢ ᠬᠠᠯᠠᠮᠵᠢᠯᠠᠨ ᠬᠠᠶᠢᠷᠠᠯᠠᠬᠤ᠂ ᠰᠣᠶᠣᠯ ᠤᠨ ᠦᠢᠯᠡᠴᠢᠯᠡᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠲᠠᠯ᠎ᠠ ᠪᠠᠷ ᠲᠣᠪᠤᠶᠢᠮ᠎ᠠ ᠬᠤᠪᠢ ᠨᠡᠮᠡᠷᠢ ᠦᠵᠡᠭᠦᠯᠵᠦ᠂ ᠦᠢᠯᠡᠴᠢᠯᠡᠬᠦ ᠡᠲᠡᠭᠡᠳ ᠤᠨ ᠦᠨᠡᠯᠡᠯᠲᠡ ᠥᠨᠳᠥᠷ᠂ ᠨᠡᠶᠢᠭᠡᠮ ᠤᠨ ᠲᠤᠰᠬᠠᠯ ᠰᠠᠶᠢᠨ ᠪᠠᠶᠢᠬᠤ᠃        ᠭᠤᠷᠪᠠ᠂ ᠰᠢᠯᠭᠠᠷᠠᠭᠤᠯᠬᠤ ᠶᠠᠪᠤᠴᠠ     1᠂ 11 ᠰᠠᠷ᠎ᠠ ᠶᠢᠨ 17 ᠤ ᠡᠳᠦᠷ — 11 ᠰᠠᠷ᠎ᠠ ᠶᠢᠨ 22 ᠤᠨ ᠡᠳᠦᠷ ᠪᠤᠯᠳᠠᠯ᠎ᠠ ᠮᠡᠳᠡᠭᠦᠯᠬᠦ ᠱᠠᠲᠤ ᠪᠣᠯᠤᠨ᠎ᠠ᠂ ᠰᠢᠯᠭᠠᠷᠠᠭᠤᠯᠤᠯᠲᠠ ᠳᠤ ᠣᠷᠣᠯᠴᠠᠬᠤ ᠬᠤᠪᠢ ᠬᠥᠮᠦᠨ ᠪᠤᠶᠤ ᠵᠣᠬᠢᠶᠠᠨ ᠪᠠᠶᠢᠭᠤᠯᠤᠯᠲᠠ ᠠᠴᠠ ᠳᠣᠤᠷᠠᠬᠢ ᠬᠤᠶᠠᠷ ᠵᠦᠢᠯ ᠤᠨ ᠠᠷᠭ᠎ᠠ ᠮᠠᠶ᠋ᠢᠭ ᠢᠶᠠᠷ ᠮᠡᠳᠡᠭᠦᠯᠬᠦ ᠲᠥᠷᠥᠯ ᠵᠦᠢᠯ ᠪᠣᠯᠤᠨ᠎ᠠ᠄ ① ᠳᠣᠤᠷᠠᠬᠢ ᠬᠤᠶᠠᠷ ᠬᠡᠮᠵᠢᠯᠳᠦ ᠲᠡᠮᠳᠡᠭ ᠢ ᠰᠢᠷᠪᠢᠵᠦ ᠮᠡᠳᠡᠭᠦᠯᠬᠦ ᠬᠦᠰᠦᠨᠦᠭᠲᠦ ᠶᠢ ᠪᠠᠭᠤᠯᠭᠠᠵᠤ᠂ ᠡᠯᠧᠺᠲᠷᠣᠨ ᠬᠦᠰᠦᠨᠦᠭᠲᠦ ᠶᠢ ᠲᠠᠭᠯᠠᠭᠰᠠᠨ ᠤ ᠳᠠᠷᠠᠭ᠎ᠠ ᠰᠢᠤᠳᠠᠨ ᠤ ᠬᠠᠶᠢᠷᠴᠠᠭ ᠲᠤ ᠢᠯᠡᠭᠡᠨ᠎ᠡ᠃ ② ᠲᠠᠭᠯᠠᠨ ᠪᠢᠴᠢᠭᠰᠡᠨ ᠴᠠᠭᠠᠰᠤᠨ ᠮᠡᠳᠡᠭᠦᠯᠦᠯᠲᠡ ᠶᠢᠨ ᠬᠦᠰᠦᠨᠦᠭᠲᠦ ᠶᠢ ᠰᠢᠭᠤᠳ ᠵᠠᠰᠠᠭ ᠵᠠᠬᠢᠷᠭᠠᠨ ᠤ ᠲᠥᠪ ᠤᠨ ᠵᠡᠭᠦᠨ ᠲᠠᠯ᠎ᠠ ᠶᠢᠨ 903 ᠠᠯᠪᠠᠨ ᠭᠡᠷ ᠲᠤ ᠲᠤᠰᠢᠶᠠᠨ᠎ᠠ ᠃    2. 11 ᠳ᠋ᠦᠭᠡᠷ ᠰᠠᠷ᠎ᠠ ᠶᠢᠨ 23 ᠤ ᠡᠳᠦᠷ ᠠᠴᠠ 11 ᠰᠠᠷ᠎ᠠ ᠶᠢᠨ 24 ᠤ ᠡᠳᠦᠷ ᠪᠤᠯᠳᠠᠯ᠎ᠠ ᠰᠢᠯᠭᠠᠷᠠᠭᠤᠯᠬᠤ ᠱᠠᠲᠤ ᠦᠶ᠎ᠡ ᠪᠣᠯᠭᠠᠨ᠎ᠠ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠬᠢᠨᠠᠨ ᠲᠣᠭᠲᠠᠭᠠᠬᠤ ᠳᠤᠭᠤᠶᠢᠯᠠᠩ ᠪᠠᠶᠢᠭᠤᠯᠵᠤ᠂ ᠲᠥᠷᠥᠯ ᠵᠦᠢᠯ ᠳᠤ ᠶᠡᠷᠦᠩᠬᠡᠶᠢᠯᠡᠭᠰᠡᠨ ᠬᠢᠨᠠᠨ ᠲᠣᠭᠲᠠᠭᠠᠯᠲᠠ ᠬᠢᠵᠦ᠂ ᠣᠷᠣᠯᠴᠠᠬᠤ ᠲᠥᠷᠥᠯ  ᠵᠦᠢᠯ ᠢ ᠲᠣᠭᠲᠠᠭᠠᠬᠤ ᠶᠢᠨ ᠬᠠᠮᠲᠤ ᠵᠠᠭᠤᠴᠢᠯᠠᠭᠤᠷ ᠲᠤ ᠵᠠᠷᠯᠠᠨ ᠨᠡᠶᠢᠲᠡᠯᠡᠨ᠎ᠡ᠃     3. 12 ᠰᠠᠷ᠎ᠠ ᠶᠢᠨ ᠡᠬᠢ ᠪᠠᠷ ᠰᠢᠯᠢᠳᠡᠭ ᠬᠤᠪᠢ ᠬᠥᠮᠦᠨ ᠪᠠ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠨ᠎ᠠ᠃        ᠳᠥᠷᠪᠡ᠂ ᠪᠤᠰᠤᠳ ᠵᠦᠢᠯ        ᠪᠣᠶ ᠪᠥᠬᠦᠶ ᠰᠣᠩᠭᠤᠭᠤᠯᠢ ᠳᠤ ᠣᠷᠣᠯᠴᠠᠬᠤ ᠬᠤᠪᠢ ᠬᠥᠮᠦᠨ ᠪᠠ ᠵᠣᠬᠢᠶᠠᠨ ᠪᠠᠶᠢᠭᠤᠯᠤᠯᠲᠠ ᠶᠢᠨ ᠭᠤᠤᠯᠯᠠᠨ ᠡᠷᠭᠢᠯᠡᠬᠦ ᠲᠠᠯ᠎ᠠ ᠨᠢ ᠨᠡᠶᠢᠭᠡᠮ ᠲᠣᠭᠤᠷᠢᠭ᠂ ᠬᠠᠮᠢᠶ᠎ᠠ ᠪᠥᠬᠦᠶ ᠨᠢᠭᠡᠴᠡ ᠪᠤᠶᠤ ᠦᠢᠯᠡᠴᠢᠯᠡᠭᠦᠯᠦᠭᠳᠡᠬᠦ ᠡᠲᠡᠭᠡᠳ ᠤᠨ ᠰᠠᠨᠠᠯ ᠢ ᠬᠤᠷᠢᠶᠠᠵᠤ᠂ ᠬᠠᠭᠤᠷᠮᠠᠭ ᠢᠶᠠᠷ ᠵᠣᠬᠢᠶᠠᠭᠰᠠᠨ ᠪᠤᠶᠤ ᠪᠠᠶᠢᠳᠠᠯ ᠨᠢ ᠦᠨᠡᠨ ᠪᠣᠳᠠᠲᠠᠶ ᠪᠢᠰᠢ ᠵᠡᠷᠭᠡ ᠠᠰᠠᠭᠤᠳᠠᠯ ᠢ ᠣᠯᠵᠤ ᠮᠡᠳᠡᠪᠡᠯ᠂ ᠲᠡᠭᠦᠨ ᠤ ᠰᠣᠩᠭᠤᠭᠤᠯᠢ ᠳᠤ ᠣᠷᠣᠯᠴᠠᠬᠤ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ᠃        ᠬᠠᠷᠢᠯᠴᠠᠬᠤ ᠬᠥᠮᠦᠨ᠄ ᠸᠠᠩ ᠰᠢᠨ    ᠬᠠᠷᠢᠯᠴᠠᠬᠤ ᠤᠲᠠᠰᠤ᠄ 7966698    ᠰᠢᠦᠳᠠᠨ ᠬᠠᠶᠢᠷᠴᠠᠭ᠄ hlhwmb@163.com      ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠤᠯᠢᠩᠭᠤᠤᠯ ᠬᠤᠲᠠ ᠶᠢᠨ ᠬᠤᠷᠢᠶᠠᠨ ᠤ ᠤᠬᠠᠭᠤᠯᠬᠤ ᠬᠡᠯᠲᠡᠰ    ᠬᠤᠤᠯᠢᠩᠭᠤᠤᠯ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号