11 ᠰᠠᠷ᠎ᠠ ᠶᠢᠨ 17 ᠤ ᠦᠳᠡ ᠶᠢᠨ ᠬᠤᠶᠢᠨ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠠᠴᠠ ᠭᠤᠣᠯᠯᠠᠨ ᠡᠷᠭᠢᠯᠡᠵᠦ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ᠂ ᠱᠠᠨᠳᠦ᠋ᠩ ᠤᠨ ᠴᠤᠸᠠᠩ ᠶᠧ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠠᠭᠠᠭᠠᠴᠢᠯᠠᠨ ᠡᠷᠬᠢᠯᠡᠭᠰᠡᠨ ︽ | ᠬᠥᠩᠭᠡᠨᠴᠠᠭᠠᠨ ᠤ ᠪᠤᠯᠵᠤᠭᠠᠳᠦ ᠨᠤᠲᠤᠭ︾ 2021 ᠣᠨ ᠤ ᠵᠢᠷᠭᠤᠳᠤᠭᠠᠷ ᠬᠤᠭᠤᠴᠠᠭᠠᠨ ᠤ ᠤᠯᠠᠨ ᠤᠯᠤᠰ ᠤᠨ ︵ | ᠰᠠᠨᠶᠠ︶ ᠬᠦᠩᠭᠡᠨᠴᠠᠭᠠᠨ ᠤ ᠠᠵᠤ ᠦᠢᠯᠡᠰ ᠤᠨ ᠬᠡᠯᠬᠢᠶ᠎ᠡ ᠶᠢᠨ ᠪᠣᠬᠢᠷᠲᠤᠯ ᠦᠭᠡᠢ ᠬᠥᠭᠵᠢᠯᠲᠡ ᠶᠢᠨ ᠲᠦᠷᠦᠭᠦᠴᠦᠳ ᠤᠨ | ᠶᠠᠷᠢᠶᠠᠨ ᠤ ᠲᠠᠪᠴᠠᠩ ᠤᠨ ᠬᠤᠤᠯᠢᠩᠭᠤᠤᠯ ᠤᠨ ᠲᠤᠰᠬᠠᠢ ᠲᠠᠯᠠᠪᠤᠷ ᠤᠨ ᠲᠠᠨᠢᠯᠴᠠᠭᠤᠯᠭ᠎ᠠ ᠶᠢᠨ ᠬᠤᠷᠠᠯ ᠰᠠᠨᠶᠠ ᠬᠤᠳᠠ ᠳᠤ | ᠦᠪᠡᠳᠡᠭᠰᠢ ᠶᠡᠬᠡᠪᠡᠷ ᠬᠤᠷᠠᠯᠳᠤᠪᠠ᠃ ᠲᠦᠩᠯᠢᠶᠣᠤ ᠬᠤᠳᠠ ᠵᠢᠴᠢ ᠬᠤᠤᠯᠢᠩᠭᠤᠤᠯ ᠬᠤᠳᠠ ᠶᠢᠨ ᠨᠠᠮ ᠤᠨ ᠬᠤᠷᠢᠶ᠎ᠠ᠂ | ᠬᠤᠳᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠥᠩᠭᠡᠲᠦ ᠲᠡᠮᠦᠷᠯᠢᠭ ᠤᠨ ᠠᠵᠢᠯ ᠲᠦᠷᠦᠯ ᠤᠨ | ᠨᠡᠶᠢᠭᠡᠮᠯᠢᠭ ᠤᠨ ᠬᠠᠮᠢᠶ᠎ᠠ ᠪᠦᠬᠦᠢ ᠤᠳᠤᠷᠢᠳᠤᠯᠭ᠎ᠠ᠂ ᠬᠦᠩᠭᠡᠨᠴᠠᠭᠠᠨ ᠤ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ | ᠳᠤᠤᠷᠠᠳᠤ ᠤᠷᠤᠰᠬᠠᠯ ᠤᠨ ᠠᠵᠤ ᠠᠬᠤᠶᠢᠯᠠᠯ ᠤᠨ ᠰᠣᠳᠣᠨ ᠬᠥᠮᠦᠰ ᠵᠡᠷᠭᠡ ᠵᠠᠭᠤ ᠭᠠᠷᠤᠢ ᠬᠥᠮᠦᠨ ᠨᠢᠭᠡ ᠲᠠᠩᠬᠢᠮ ᠳᠤ | ᠴᠤᠭᠯᠠᠷᠠᠵᠤ᠂ ᠬᠤᠤᠯᠢᠩᠭᠤᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠢᠷᠤᠭ ᠲᠥᠯᠥᠪᠯᠡᠭᠡ ᠶᠢ ᠬᠠᠮᠲᠤᠪᠠᠷ | ᠵᠥᠪᠳᠡᠪᠡ᠃ | | | | | ᠶᠠᠷᠢᠯᠴᠠᠬᠤ ᠬᠤᠷᠠᠯ ᠳᠡᠭᠡᠷ᠎ᠡ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠠᠩ ᠬᠤᠩ ᠹᠦ᠋ ᠪᠠᠶᠠᠷ ᠤᠨ ᠦᠭᠡ ᠬᠡᠯᠡᠵᠡᠶ᠃ ᠬᠤᠤᠯᠢᠩᠭᠤᠤᠯ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ | ᠬᠤᠤᠯᠢᠩᠭᠤᠤᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠤᠬᠠᠶ ᠶᠢᠨ ᠲᠠᠯᠠᠪᠤᠷ ᠲᠤᠨᠢ ᠲᠠᠨᠢᠯᠴᠠᠭᠤᠯᠪᠠ᠃ | ᠱᠠᠨᠳᠦ᠋ᠩ ᠤᠨ ᠴᠤᠸᠠᠩ ᠶᠧ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠼᠦᠢ ᠯᠢ ᠰᠢᠨ ᠬᠤᠤᠯᠢᠩᠭᠤᠤᠯ | ᠬᠤᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ ᠤ | ᠪᠠᠶᠢᠳᠠᠯ ᠢ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠳ ᠵᠧᠵᠢᠶᠠᠩ ᠤᠨ ᠪᠥᠸᠧ ᠤᠣ | ᠬᠥᠩᠭᠡᠨᠴᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠤᠢ ᠵᠢᠤᠢ ᠱᠧᠩ ᠢ | ᠲᠥᠯᠥᠭᠡᠯᠡᠨ ᠦᠭᠡ ᠶᠠᠷᠢᠪᠠ᠃ | | | | | | | ᠵᠠᠩ ᠬᠤᠩ ᠹᠦ᠋ ᠪᠠᠶᠠᠷ ᠤᠨ ᠦᠭᠡ ᠬᠡᠯᠡᠬᠦ ᠳᠡᠭᠡᠨ ᠲᠦᠩᠯᠢᠶᠣᠤ ᠶᠢᠨ ᠬᠥᠭᠵᠢᠯᠲᠡ ᠶᠢ ᠠᠩᠬᠠᠷᠤᠭᠰᠠᠭᠠᠷ ᠢᠷᠡᠭᠰᠡᠨ | ᠤᠳᠤᠷᠢᠳᠤᠯᠭ᠎ᠠ᠂ ᠠᠵᠤ ᠠᠬᠤᠶᠢᠯᠠᠯᠲᠠᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ | ᠣᠶᠢᠷ᠎ᠠ ᠶᠢᠨ ᠵᠢᠯ ᠳᠤ᠂ ᠲᠦᠩᠯᠢᠶᠣᠤ ᠬᠤᠲᠠ ᠴᠠᠬᠢᠯᠭᠠᠨ ᠵᠠᠳᠠᠯᠤᠯ ᠤᠨ ᠬᠥᠩᠭᠡᠨᠴᠠᠭᠠᠨ ᠤ ᠠᠵᠤ ᠦᠢᠯᠡᠰ ᠢ ᠬᠦᠴᠦᠯᠡᠨ | ᠪᠤᠶᠢᠵᠢᠭᠤᠯᠵᠤ᠂ ᠣᠲᠣ ᠨᠢᠭᠡᠨᠲᠡ 266 ᠲᠦᠮᠡᠨ ᠲᠣᠨ ᠴᠠᠬᠢᠯᠭᠠᠨ ᠵᠠᠳᠠᠯᠤᠯ ᠤᠨ ᠬᠥᠩᠭᠡᠨᠴᠠᠭᠠᠨ ᠤ ᠦᠢᠯᠡᠳᠪᠦᠷᠢᠯᠡᠯ ᠤᠨ | ᠴᠢᠳᠠᠪᠤᠷᠢ ᠶᠢ ᠪᠣᠶ ᠪᠣᠯᠭᠠᠵᠤ᠂ ᠪᠥᠬᠦ ᠤᠯᠤᠰ ᠤᠨ 7% ᠶᠢ ᠡᠵᠡᠯᠡᠵᠦ᠂ ᠵᠡᠭᠦᠨ ᠬᠤᠶᠢᠲᠤ ᠣᠷᠣᠨ ᠤ ᠬᠠᠮᠤᠭ ᠤᠨ ᠲᠣᠮᠣ | ᠪᠦᠳᠦᠭᠦᠯᠢᠭ ᠬᠥᠩᠭᠡᠨᠴᠠᠭᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠤᠭᠰᠠᠨ ᠪᠠᠶᠢᠨ᠎ᠠ᠃ ᠣᠲᠣ ᠨᠢᠭᠡᠨᠲᠡ ᠯᠢᠶᠠᠨ | ᠱᠧᠩ ᠰᠢᠨ᠎ᠡ ᠡᠨᠧᠷᠭᠢ ᠶᠢᠨ ᠮᠠᠲ᠋ᠧᠷᠢᠶᠠᠯ᠂ ᠰᠢᠤᠢ ᠶᠠᠩ ᠰᠢᠨ᠎ᠡ ᠮᠠᠲ᠋ᠧᠷᠢᠶᠠᠯ᠂ ᠹᠦ᠋ ᠶᠣᠣ ᠵᠢᠩ ᠬᠦᠩᠭᠡᠨᠴᠠᠭᠠᠨ ᠵᠡᠷᠭᠡ 22 | ᠠᠵᠢᠯ ᠲᠥᠷᠥᠯ ᠤᠨ ᠳᠠᠭᠠᠭᠤᠯᠤᠭᠴᠢ ᠲᠥᠷᠥᠯ ᠵᠦᠢᠯ ᠢ ᠪᠠᠶᠢᠭᠤᠯᠵᠤ᠂ ᠬᠥᠩᠭᠡᠨᠴᠠᠭᠠᠨ ᠢ ᠨᠠᠷᠢᠯᠢᠭ ᠪᠣᠯᠪᠠᠰᠤᠷᠠᠭᠤᠯᠬᠤ | ᠦᠢᠯᠡᠳᠪᠦᠷᠢᠯᠡᠯ ᠤᠨ ᠴᠢᠳᠠᠪᠤᠷᠢ 240 ᠲᠦᠮᠡᠨ ᠲᠣᠨ ᠳᠤ ᠬᠦᠷᠴᠦ᠂ 120 ᠭᠠᠷᠤᠶ ᠲᠥᠷᠥᠯ ᠵᠦᠢᠯ ᠲᠠᠢ ᠪᠣᠯᠵᠣ᠂ | ᠳᠡᠭᠡᠳᠦ ᠲᠠᠰ ᠤᠨ ᠪᠠᠷᠢᠯᠭ᠎ᠠ ᠶᠢᠨ ᠮᠠᠲ᠋ᠧᠷᠢᠶᠠᠯ᠂ ᠮᠠᠰᠢᠨ ᠲᠡᠷᠭᠡ ᠶᠢ ᠬᠥᠩᠭᠡᠨ ᠬᠡᠮᠵᠢᠶᠡᠵᠢᠭᠦᠯᠬᠦ᠂ ᠵᠢᠮᠳᠦ ᠵᠠᠮ ᠬᠠᠷᠢᠯᠴᠠᠭ᠎ᠠ᠂ | ᠢᠳᠡᠭᠡᠨ ᠪᠠ ᠡᠮ ᠤᠨ ᠲᠠᠰ ᠤᠨ ᠬᠥᠩᠭᠡᠨᠴᠠᠭᠠᠨ ᠴᠠᠭᠠᠰᠤ ᠵᠡᠷᠭᠡ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠤᠨ ᠡᠷᠦᠬᠡ | ᠠᠮᠠ ᠣᠷᠣᠬᠤ ᠶᠢᠨ ᠲᠡᠷᠢᠭᠦᠨ ᠰᠣᠩᠭᠤᠯᠲᠠ ᠶᠢᠨ ᠭᠠᠵᠠᠷ ᠪᠣᠯᠤᠭᠰᠠᠨ ᠪᠠᠶᠢᠨ᠎ᠠ᠃ ᠲᠡᠷᠡ᠂ ᠳᠠᠷᠠᠭᠠᠴᠢ ᠶᠢᠨ ᠠᠯᠬᠤᠮ ᠳᠤ | ᠲᠦᠩᠯᠢᠶᠣᠤ ᠬᠤᠳᠠ ᠶᠢᠨ ᠬᠢᠨ ᠤᠯᠠᠨ ᠠᠴᠠ ᠣᠨᠴᠠᠭᠠᠢ ᠬᠥᠭᠵᠢᠯᠲᠡ ᠶᠢᠨ ᠳᠠᠪᠠᠭᠤᠯᠢᠭ ᠪᠣᠯᠤᠨ ᠪᠡᠯᠡ ᠣᠷᠣᠭᠤᠯᠵᠤ | ᠦᠢᠯᠡᠰ ᠪᠤᠰᠬᠠᠬᠤ ᠳᠠᠪᠠᠭᠤᠯᠢᠭ ᠨᠥᠬᠦᠴᠡᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠠᠵᠤ ᠠᠬᠤᠶᠢᠯᠠᠯᠲᠠᠳ ᠤᠨ | ᠲᠦᠩᠯᠢᠶᠣᠤ ᠬᠤᠳᠠ ᠳᠤ ᠢᠷᠡᠵᠦ ᠪᠡᠯᠡ ᠣᠷᠣᠭᠤᠯᠤᠨ ᠦᠢᠯᠡᠰ ᠪᠤᠰᠬᠠᠬᠤ ᠳᠤ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ | ᠣᠷᠴᠢᠨ ᠲᠣᠭᠤᠷᠢᠨ ᠢ ᠪᠤᠢ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠵᠤ ᠠᠬᠤᠶᠢᠯᠠᠯ ᠤᠨ | ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠵᠤ ᠠᠬᠤᠶᠢᠯᠠᠯ ᠲᠠᠢ ᠭᠠᠷ ᠬᠤᠯᠪᠣᠨ ᠬᠠᠮᠲᠤᠷᠠᠯᠴᠠᠭ᠎ᠠ ᠬᠢᠵᠦ | ᠬᠠᠮᠲᠤᠪᠠᠷ ᠠᠰᠢᠭ ᠬᠦᠷᠳᠡᠬᠦ ᠰᠢᠨ᠎ᠡ ᠪᠠᠶᠢᠳᠠᠯ ᠢ ᠨᠡᠭᠡᠭᠡᠨ᠎ᠡ ᠭᠡᠵᠦ ᠢᠯᠡᠳᠬᠡᠪᠡ᠃ | | | | | | | ᠵᠢᠢ ᠬᠠᠢ ᠶᠠᠩ ᠲᠠᠨᠢᠯᠴᠠᠭᠤᠯᠭ᠎ᠠ ᠶᠢᠨ ᠶᠠᠷᠢᠶᠠᠨ ᠳᠠᠭᠠᠨ᠂ ᠬᠤᠤᠯᠢᠩᠭᠤᠤᠯ ᠤᠨ ᠡᠬᠢ ᠪᠠᠶᠠᠯᠢᠭ ᠤᠨ ᠳᠠᠪᠠᠭᠤᠯᠢᠭ | ᠲᠠᠯ᠎ᠠ ᠪᠠᠷ ᠣᠯᠠᠨ ᠠᠴᠠ ᠣᠨᠴᠠᠭᠠᠶ ᠪᠠᠶᠢᠵᠤ᠂ ᠪᠦᠷᠢᠨ ᠲᠡᠭᠦᠯᠳᠡᠷ ᠴᠠᠬᠢᠯᠭᠠᠨ ᠬᠦᠴᠦ᠂ ᠡᠨᠧᠷᠭᠢ᠂ ᠵᠠᠮ ᠬᠠᠷᠢᠯᠴᠠᠭ᠎ᠠ | ᠪᠠᠷᠠᠭᠠᠨ ᠤ ᠭᠦᠢᠯᠭᠡᠭᠡ ᠵᠡᠷᠭᠡ ᠡᠯᠧᠮᠧᠨ᠋ᠲ ᠤᠨ ᠪᠠᠲᠤᠯᠠᠭ᠎ᠠ ᠲᠠᠢ ᠪᠠᠶᠢᠵᠤ᠂ ᠡᠵᠡᠩᠨᠡᠯᠲᠡ ᠶᠢᠨ ᠣᠷᠴᠢᠨ ᠲᠣᠭᠤᠷᠢᠨ ᠰᠢᠯᠢᠳᠡᠭ | ᠰᠠᠶᠢᠨ ᠪᠠᠶᠢᠵᠤ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ᠂ ᠱᠠᠨᠳᠦ᠋ᠩ ᠤᠨ | ᠡᠨᠧᠷᠭᠢ ᠶᠢᠨ ᠪᠦᠯᠦᠭᠯᠡᠯ᠂ ᠱᠠᠨᠳᠦ᠋ᠩ ᠤᠨ ᠴᠤᠸᠠᠩ ᠶᠧ ᠪᠦᠯᠦᠭᠯᠡᠯ᠂ ᠬᠠᠩᠵᠧᠦ ᠶᠢᠨ ᠵᠢᠨᠵᠢᠶᠠᠩ ᠪᠦᠯᠦᠭᠯᠡᠯ᠂ | ᠵᠢᠶᠠᠩᠰᠦ ᠶᠢᠨ ᠳ᠋ᠢᠩ ᠱᠧᠩ ᠪᠦᠯᠦᠭᠯᠡᠯ ᠵᠡᠷᠭᠡ ᠨᠢᠭᠡ ᠪᠦᠯᠦᠭ ᠲᠤᠮᠤ ᠬᠡᠯᠪᠡᠷᠢ ᠶᠢᠨ ᠲᠥᠪ ᠤᠨ ᠠᠵᠤ ᠠᠬᠤᠶᠢᠯᠠᠯ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠤᠤᠯᠢᠩᠭᠤᠤᠯ ᠬᠤᠳᠠ ᠳᠤ | ᠨᠤᠲᠤᠭᠰᠢᠨ ᠪᠡᠯᠡ ᠣᠷᠣᠭᠤᠯᠵᠤ ᠦᠢᠯᠡᠰ ᠪᠤᠰᠬᠠᠵᠤ᠂ ᠨᠡᠭᠦᠷᠡᠰᠦ ᠪᠠᠷ ᠰᠠᠭᠤᠷᠢ ᠪᠣᠯᠭᠠᠭᠰᠠᠨ᠂ ᠴᠠᠬᠢᠯᠭᠠᠨ ᠢᠶᠠᠷ ᠪᠠᠲᠤᠯᠠᠭ᠎ᠠ | ᠪᠣᠯᠭᠠᠭᠰᠠᠨ᠂ ᠬᠥᠩᠭᠡᠨᠴᠠᠭᠠᠨ ᠵᠢᠴᠢ ᠬᠥᠩᠭᠡᠨᠴᠠᠭᠠᠨ ᠢ ᠨᠠᠷᠢᠯᠢᠭ ᠪᠣᠯᠪᠠᠰᠤᠷᠠᠭᠤᠯᠬᠤ ᠪᠠᠷ ᠭᠤᠣᠯ ᠴᠣᠭᠴᠠ ᠪᠣᠯᠭᠠᠭᠰᠠᠨ | ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠠᠯᠬᠤᠮ ᠠᠯᠬᠤᠮ ᠢᠶᠠᠷ ᠪᠦᠷᠢᠯᠳᠦᠭᠦᠯᠵᠡᠢ᠃ | ᠣᠳᠣᠬᠠᠨ ᠳᠤ᠂ ᠬᠤᠤᠯᠢᠩᠭᠤᠤᠯ ᠬᠤᠲᠠ ᠪᠠᠷ ᠲᠥᠪ ᠪᠣᠯᠭᠠᠭᠰᠠᠨ ᠲᠦᠩᠯᠢᠶᠣᠤ ᠬᠤᠲᠠ ᠶᠢᠨ ᠬᠤᠶᠢᠲᠤ ᠬᠡᠰᠡᠭ ᠤᠨ | ᠬᠦᠷᠢᠶᠡᠯᠡᠩ ᠲᠣᠭᠤᠷᠢᠭ ᠲᠤ ᠨᠢᠭᠡᠨᠲᠡ 5000 ᠲᠦᠮᠡᠨ ᠲᠣᠨ ᠨᠡᠭᠦᠷᠡᠰᠦ᠂ 812 ᠲᠦᠮᠡᠨ ᠺᠢᠯᠣᠸᠠᠲ ᠤᠨ ᠴᠠᠬᠢᠯᠭᠠᠨ | ᠬᠦᠴᠦᠨ ᠤ ᠮᠠᠰᠢᠨ ᠴᠣᠭᠴᠠᠯᠠᠪᠤᠷᠢ᠂ 266 ᠲᠦᠮᠡᠨ ᠲᠣᠨ ᠲᠦᠭᠦᠬᠡᠶ ᠬᠥᠩᠭᠡᠨᠴᠠᠭᠠᠨ ᠪᠠ 240 ᠲᠦᠮᠡᠨ ᠲᠣᠨ | ᠬᠥᠩᠭᠡᠨᠴᠠᠭᠠᠨ ᠪᠣᠯᠪᠠᠰᠤᠷᠠᠭᠤᠯᠬᠤ ᠦᠢᠯᠡᠳᠪᠦᠷᠢᠯᠡᠯ ᠤᠨ ᠴᠢᠳᠠᠪᠤᠷᠢ ᠲᠠᠢ ᠪᠣᠯᠵᠣ᠂ ᠬᠥᠩᠭᠡᠨᠴᠠᠭᠠᠨ ᠴᠠᠭᠠᠰᠤ᠂ ᠬᠠᠪᠲᠠᠰᠤᠨ | ᠪᠦᠰᠡ᠂ ᠨᠠᠷᠢᠯᠢᠭ ᠬᠦᠩᠭᠡᠨᠴᠠᠭᠠᠨ᠂ ᠬᠥᠩᠭᠡᠨᠴᠠᠭᠠᠨ ᠬᠦᠷᠳᠦᠨ ᠤ ᠪᠤᠯᠤ᠂ ᠬᠥᠩᠭᠡᠨᠴᠠᠭᠠᠨ ᠨᠤᠨᠲᠠᠭ᠂ ᠬᠥᠩᠭᠡᠨᠴᠠᠭᠠᠨ | ᠮᠠᠲ᠋ᠧᠷᠢᠶᠠᠯ ᠵᠢᠴᠢ ᠳᠠᠷᠤᠨ ᠴᠢᠳᠬᠤᠬᠤ ᠲᠣᠨᠤᠭ ᠵᠡᠷᠭᠡ 120 ᠭᠠᠷᠤᠶ ᠲᠥᠷᠥᠯ ᠵᠦᠢᠯ ᠲᠠᠢ ᠪᠣᠯᠵᠠᠶ᠃ ᠲᠡᠷᠡ | ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠬᠤᠤᠯᠢᠩᠭᠤᠤᠯ ᠬᠥᠩᠭᠡᠨᠴᠠᠭᠠᠨ ᠤ ᠪᠦᠯᠦᠭ ᠤᠨ ᠰᠢᠨ᠎ᠡ ᠮᠠᠲ᠋ᠧᠷᠢᠶᠠᠯ᠂ | ᠰᠣᠶᠣᠯ ᠤᠨ ᠵᠢᠭᠤᠯᠴᠢᠯᠠᠯ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡ᠂ ᠭᠤᠷᠪᠠᠳᠤᠭᠠᠷ ᠠᠵᠤ ᠦᠢᠯᠡᠰ ᠵᠢᠴᠢ ᠰᠢᠨ᠎ᠡ | ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠵᠡᠷᠭᠡ ᠬᠦᠷᠢᠶᠡᠨ ᠳᠠᠬᠢ ᠰᠣᠳᠣᠨ ᠵᠦᠢᠯᠡᠰ ᠢ ᠦᠷᠭᠦᠯᠵᠢᠯᠡᠨ ᠣᠷᠣᠭᠤᠯᠤᠨ | ᠠᠪᠴᠢᠷᠠᠵᠤ᠂ ᠴᠢᠨᠠᠷ ᠰᠠᠶᠢᠲᠠᠶ ᠳᠤᠮᠳᠠᠳᠤ ᠤᠯᠤᠰ ᠤᠨ ᠬᠥᠩᠭᠡᠨᠴᠠᠭᠠᠨ ᠤ ᠪᠦᠯᠦᠭ ᠤᠨ ᠰᠢᠨ᠎ᠡ ᠮᠠᠲ᠋ᠧᠷᠢᠶᠠᠯ ᠤᠨ ᠰᠠᠭᠤᠷᠢᠨ | ᠭᠠᠵᠠᠷ ᠪᠠ ᠬᠠᠮᠤᠭ ᠤᠨ ᠭᠤᠶᠣ ᠲᠠᠯ᠎ᠠ ᠨᠤᠲᠤᠭ ᠤᠨ ᠵᠢᠭᠤᠯᠴᠢᠯᠠᠯ ᠤᠨ ᠭᠠᠵᠠᠷ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ | ᠭᠡᠵᠡᠶ᠃ | | | | | |
| ᠡᠭᠦᠨ ᠤ ᠵᠡᠷᠭᠡᠪᠡᠷ᠂ ᠵᠢᠢ ᠬᠠᠢ ᠶᠠᠩ ᠬᠤᠷᠠᠯ ᠳᠤ ᠣᠷᠣᠯᠴᠠᠭᠰᠠᠨ ᠠᠵᠢᠯ ᠲᠦᠷᠦᠯ ᠤᠨ ᠨᠡᠶᠢᠭᠡᠮᠯᠢᠭ ᠵᠢᠴᠢ ᠠᠵᠤ
| ᠠᠬᠤᠶᠢᠯᠠᠯ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠬᠦ ᠶᠢᠨ ᠬᠠᠮᠲᠤ ᠨᠡᠶᠢᠭᠡᠮᠯᠢᠭ ᠤᠨ ᠲᠥᠯᠥᠭᠡᠯᠡᠭᠴᠢᠳ᠂ ᠠᠵᠤ
| ᠠᠬᠤᠶᠢᠯᠠᠯᠲᠠᠨ ᠢ ᠤᠷᠢᠵᠤ ᠬᠤᠤᠯᠢᠩᠭᠤᠤᠯ ᠳᠤ ᠪᠡᠯᠡ ᠣᠷᠣᠭᠤᠯᠤᠨ ᠦᠢᠯᠡᠰ ᠪᠤᠰᠬᠠᠬᠤ ᠳᠤ᠂ ᠬᠤᠤᠯᠢᠩᠭᠤᠤᠯ ᠪᠦᠬᠦ
| ᠬᠦᠴᠦᠨ ᠢᠶᠠᠷ ᠢᠶᠠᠨ ᠨᠡᠩ ᠰᠢᠯᠢᠳᠡᠭ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠠᠵᠤ ᠠᠬᠤᠶᠢᠯᠠᠯ ᠤᠨ
| ᠬᠥᠭᠵᠢᠯᠲᠡ ᠶᠢᠨ ︽ᠦᠷᠳᠡᠭᠡ︾ ᠪᠤᠯᠵᠤ᠂ ᠠᠵᠤ ᠠᠬᠤᠶᠢᠯᠠᠯ ᠤᠨ ᠪᠡᠯᠡ ᠣᠷᠣᠭᠤᠯᠤᠭᠴᠢᠳ ᠲᠤ ᠪᠦᠬᠦ ᠲᠠᠯ᠎ᠠ ᠶᠢᠨ
| ᠰᠢᠯᠢᠳᠡᠭ ᠦᠢᠯᠡᠴᠢᠯᠡᠭᠡ ᠬᠠᠩᠭᠠᠨ᠎ᠠ ᠭᠡᠵᠦ ᠢᠯᠡᠳᠬᠡᠪᠡ᠃
| ᠬᠤᠷᠠᠯ ᠤᠨ ᠲᠠᠷᠠᠭ᠎ᠠ᠂ ᠬᠤᠤᠯᠢᠩᠭᠤᠤᠯ ᠬᠤᠳᠠ ᠶᠢᠨ ᠠᠷᠠᠯᠵᠢᠶᠠᠴᠢᠨ ᠤᠷᠢᠬᠤ ᠳᠤᠭᠤᠶᠢᠯᠠᠩ ᠪᠣᠯᠤᠨ ᠬᠤᠷᠠᠯ ᠳᠤ
| ᠣᠷᠣᠯᠴᠠᠭᠰᠠᠨ ᠬᠡᠰᠡᠭ ᠠᠵᠤ ᠠᠬᠤᠶᠢᠯᠠᠯ ᠭᠦᠨᠵᠡᠭᠡᠢ ᠵᠣᠯᠭᠠᠭᠤᠯᠤᠨ ᠵᠥᠪᠳᠡᠯᠴᠡᠪᠡ᠃
|
|
| |
| ᠲᠦᠩᠯᠢᠶᠣᠤ ᠬᠤᠳᠠ ᠶᠢᠨ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠠᠷᠤᠭ᠎ᠠ ᠰᠦᠨ
| ᠪᠠᠢ ᠱᠧᠩ ᠬᠤᠷᠠᠯ ᠢ ᠡᠷᠬᠢᠯᠡᠵᠦ᠂ ᠲᠦᠩᠯᠢᠶᠣᠤ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠬᠠᠮᠢᠶ᠎ᠠ ᠪᠦᠬᠦᠢ
| ᠬᠠᠷᠢᠭᠤᠴᠠᠯᠭᠠᠲᠠᠨ᠂ ᠮᠠᠨ ᠤ ᠬᠤᠳᠠ ᠶᠢᠨ ᠤᠳᠤᠷᠢᠳᠤᠯᠭ᠎ᠠ ᠭᠤᠤ ᠶᠢᠨ ᡁᠢ᠂ ᠵᠠᠩ ᠴᠢᠨ ᠾᠦᠢ᠂ ᠬᠤᠳᠠ ᠶᠢᠨ ᠵᠠᠰᠠᠭ ᠤᠨ
| ᠣᠷᠳᠣᠨ ᠤ ᠠᠯᠪᠠᠨ ᠭᠡᠷ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ᠂ ᠬᠠᠮ
| ᠵᠠᠭᠤᠴᠢᠯᠠᠭᠤᠷ ᠤᠨ ᠲᠥᠪ᠂ ᠰᠣᠶᠣᠯ ᠵᠤᠭᠠᠴᠠᠯ ᠤᠨ ᠲᠤᠪᠴᠢᠶ᠎ᠠ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ
| ᠲᠤᠪᠴᠢᠶ᠎ᠠ ᠵᠡᠷᠭᠡ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
|
|
|