ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠲᠥᠯᠥᠭᠡ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠷᠭ᠎ᠠ ᠵᠠᠮ ᠢ ᠥᠷᠭᠡᠳᠬᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠮᠠᠨ ᠤ | ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠳᠥᠯᠭᠢᠨ | ᠠᠬᠢᠭᠤᠯᠵᠤ᠂ ᠣᠶᠢᠷ᠎ᠠ ᠳᠤ ᠬᠤᠤᠯᠢᠩᠭᠤᠤᠯ ᠬᠤᠲᠠ ᠶᠢᠨ ᠬᠢᠨ ︽ᠬᠤᠤᠯᠢᠩᠭᠤᠤᠯ ᠬᠤᠲᠠ ᠶᠢᠨ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ᠶᠢ ᠱᠠᠩᠨᠠᠬᠤ ᠲᠦᠷ ᠬᠡᠷᠡᠭᠵᠢᠭᠦᠯᠬᠦ ᠠᠷᠭ᠎ᠠ︾ ︵ᠳᠣᠷᠣᠭᠰᠢ ︽ᠱᠠᠩᠨᠠᠬᠤ ᠠᠷᠭ᠎ᠠ︾ ᠭᠡᠵᠦ | ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠨ᠂ ᠣᠷᠣᠨ ᠪᠦᠰᠡ ᠶᠢᠨ ᠠᠵᠤ ᠦᠢᠯᠡᠰ ᠤᠨ ᠪᠠᠶᠢᠷᠢ | ᠲᠣᠭᠲᠠᠭᠠᠯᠲᠠ ᠳᠤ ᠨᠡᠶᠢᠴᠡᠬᠦ ᠳᠡᠭᠡᠳᠦ ᠨᠠᠷᠢᠯᠢᠭ ᠣᠷᠦ᠋ᠢᠯᠠᠭᠰᠠᠨ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢ | ᠵᠣᠷᠢᠭᠵᠢᠭᠤᠯᠵᠤ᠂ ᠮᠠᠨ ᠤ ᠬᠤᠲᠠ ᠶᠢᠨ ᠠᠵᠤ ᠦᠢᠯᠡᠰ ᠤᠨ ᠰᠦᠷᠦᠭᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | | | | | ᠬᠤᠳᠠᠯᠳᠤᠭᠠᠴᠢᠨ ᠤᠷᠢᠬᠤ ᠠᠵᠢᠯ ᠪᠣᠯ ᠮᠠᠨ ᠤ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ᠠᠮᠢᠨ ᠰᠤᠳᠠᠰᠤ | ᠮᠥᠨ᠃ ︽ᠬᠤᠤᠯᠢᠩᠭᠤᠤᠯ ᠬᠤᠲᠠ ᠶᠢᠨ 2021 — 2022 ᠣᠨ ᠤ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠳᠤ ᠳᠤᠷᠠᠳᠤᠭᠰᠠᠨ ᠨᠢ᠂ | ︽ᠨᠡᠭᠦᠷᠡᠰᠦ ᠴᠠᠬᠢᠯᠭᠠᠨ ᠤ ᠲᠣᠤᠷ + ᠬᠦᠩᠭᠡᠨᠴᠠᠭᠠᠨ︾ ᠣᠷᠴᠢᠯ ᠠᠵᠤ ᠠᠬᠤᠶ ᠶᠢᠨ ᠠᠵᠤ ᠦᠢᠯᠡᠰ᠂ ᠰᠣᠶᠣᠯ | ᠵᠢᠭᠤᠯᠴᠢᠯᠠᠯ ᠤᠨ ᠠᠵᠤ ᠦᠢᠯᠡᠰ᠂ ᠣᠷᠴᠢᠯᠳᠤᠭᠤᠯᠤᠨ ᠶᠡᠷᠦᠩᠬᠡᠶᠢᠯᠡᠨ ᠠᠰᠢᠭᠯᠠᠬᠤ ᠠᠵᠤ ᠦᠢᠯᠡᠰ᠂ ᠠᠮᠢ ᠠᠬᠤᠶ ᠣᠷᠴᠢᠨ | ᠲᠣᠭᠤᠷᠢᠨ ᠢ ᠬᠠᠮᠠᠭᠠᠯᠠᠬᠤ ᠠᠵᠤ ᠦᠢᠯᠡᠰ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ︽ᠲᠠᠪᠤᠨ | ᠶᠡᠭᠡ ᠠᠵᠤ ᠦᠢᠯᠡᠰ ᠤᠨ ᠬᠡᠯᠬᠢᠶ᠎ᠡ︾ ᠶᠢᠨ ᠲᠣᠭᠤᠷᠢᠨ ᠳᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠠᠵᠢᠯ ᠢ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠨᠥᠬᠦᠪᠥᠷᠢᠯᠡᠨ ᠤᠷᠲᠤᠳᠬᠠᠵᠤ᠂ ︽ | ᠬᠠᠲᠠᠭᠤ ᠰᠢᠨᠵᠢᠯᠡᠬᠦ ᠤᠬᠠᠭᠠᠨ ᠮᠡᠷᠭᠡᠵᠢᠯ︾ ᠤᠨ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠵᠣᠷᠢᠭᠵᠢᠭᠤᠯᠤᠨ᠂ ᠠᠵᠤ | ᠦᠢᠯᠡᠰ ᠤᠨ ᠪᠦᠲᠦᠴᠡ ᠪᠠ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠠᠵᠤ ᠦᠢᠯᠡᠰ ᠤᠨ ᠪᠣᠬᠢᠷᠲᠤᠯ | ᠥᠬᠡᠶ ᠪᠠᠷ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ ᠡᠭᠦᠨ ᠠᠴᠠ ᠡᠮᠦᠨ᠎ᠡ᠂ ᠮᠠᠨ ᠤ ᠬᠤᠲᠠ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠶᠡᠭᠡ ᠬᠤᠷᠠᠯ ᠬᠤᠷᠠᠯᠳᠤᠭᠤᠯᠵᠤ᠂ ᠪᠥᠬᠦ ᠬᠤᠲᠠ ᠶᠢ | ᠳᠠᠶᠢᠴᠢᠯᠠᠨ ᠪᠥᠬᠦ ᠠᠷᠠᠳ ᠢᠶᠠᠷ ᠢᠶᠠᠨ ᠬᠤᠳᠠᠯᠳᠤᠭᠠᠴᠢᠨ ᠤᠷᠢᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ | ᠪᠠᠶᠢᠭᠤᠯᠵᠤ᠂ ᠬᠥᠮᠦᠨ ᠪᠦᠬᠦᠨ ᠬᠤᠳᠠᠯᠳᠤᠭᠠᠴᠢᠨ ᠤᠷᠢᠬᠤ ᠂ ᠭᠠᠵᠠᠷ ᠪᠦᠬᠦᠨ ᠳᠤ ᠬᠤᠳᠠᠯᠳᠤᠭᠠᠴᠢᠨ ᠤᠷᠢᠬᠤ᠂ ᠴᠠᠭ | ᠢᠮᠠᠭᠲᠠ ᠬᠤᠳᠠᠯᠳᠤᠭᠠᠴᠢᠨ ᠤᠷᠢᠬᠤ ᠠᠮᠢᠳᠤᠯᠢᠭ ᠪᠠᠶᠢᠳᠠᠯ ᠢ ᠪᠣᠶ ᠪᠣᠯᠭᠠᠵᠤ᠂ ᠣᠳᠣᠬᠢᠴᠢᠯᠠᠭᠰᠠᠨ ᠬᠤᠤᠯᠢᠩᠭᠤᠤᠯ ᠢ | ᠪᠥᠲᠥᠭᠡᠨ ᠪᠠᠶᠢᠭᠤᠯᠬᠤ ᠰᠢᠨ᠎ᠡ ᠬᠠᠭᠤᠳᠠᠰᠤ ᠶᠢ ᠪᠥᠬᠦ ᠬᠦᠴᠦᠨ ᠢᠶᠠᠷ ᠢᠶᠠᠨ ᠪᠢᠴᠢᠭᠯᠡᠭᠰᠡᠨ ᠪᠠᠶᠢᠨ᠎ᠠ᠃ | ︽ᠱᠠᠩᠨᠠᠨ ᠬᠥᠬᠢᠭᠦᠯᠬᠦ ᠠᠷᠭ᠎ᠠ︾ ᠶᠢ ᠨᠡᠶᠢᠲᠡᠯᠡᠭᠰᠡᠨ ᠨᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠢ ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠤᠭ ᠤᠨ | ᠰᠠᠶᠢᠨ ᠬᠠᠷᠢᠭᠤ ᠲᠤᠰᠬᠠᠯ ᠪᠣᠯᠬᠤ ᠪᠥᠭᠡᠳ ᠪᠠᠰᠠ ᠴᠤ ᠪᠥᠬᠦ ᠠᠷᠠᠳ ᠤᠨ ᠬᠤᠳᠠᠯᠳᠤᠭᠠᠴᠢᠨ ᠤᠷᠢᠬᠤ ᠠᠵᠢᠯ ᠤᠨ | ᠲᠣᠭᠲᠠᠴᠠ ᠶᠢ ᠪᠠᠶᠢᠭᠤᠯᠬᠤ ᠪᠣᠳᠠᠲᠠᠶ ᠠᠵᠢᠯᠯᠠᠭ᠎ᠠ ᠪᠣᠯᠤᠨ᠎ᠠ᠃ ︽ᠱᠠᠩᠨᠠᠬᠤ ᠠᠷᠭ᠎ᠠ︾ ᠳᠤ ᠪᠠᠯᠠ ᠣᠷᠣᠭᠤᠯᠵᠤ | ᠠᠪᠴᠢᠷᠠᠭᠠᠳ ᠠᠮᠵᠢᠯᠲᠠ ᠤᠯᠬᠤ ᠪᠠᠷᠢᠮᠵᠢᠶ᠎ᠠ ᠶᠢ ᠲᠣᠳᠣᠷᠬᠠᠶ ᠲᠣᠭᠲᠠᠭᠠᠵᠠᠶ᠂ ᠡᠨᠡ ᠨᠢ ᠮᠠᠨ ᠤ ᠬᠤᠲᠠ ᠳᠤ ᠦᠢᠯᠡᠳᠪᠦᠷᠢ | ᠬᠤᠳᠠᠯᠳᠤᠭᠠᠨ ᠤ ᠳᠡᠩᠰᠡᠯᠡᠯᠲᠡ ᠶᠢ ᠪᠡᠶᠡᠯᠡᠭᠦᠯᠵᠦ᠂ ᠪᠠᠯᠠ ᠮᠥᠩᠭᠦ ᠶᠢ ᠪᠣᠳᠠᠲᠠᠶ ᠪᠠᠷ ᠨᠠᠶᠢᠳᠠᠪᠤᠷᠢᠵᠢᠭᠤᠯᠤᠨ ᠲᠣᠭᠲᠠᠮᠠᠯ | ᠬᠥᠷᠥᠩᠭᠡ ︵ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠤᠭ᠎ᠠ | ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ︶ ᠪᠣᠯᠭᠠᠵᠤ᠂ ᠵᠠᠷᠴᠢᠮ ᠳᠡᠭᠡᠷ᠎ᠡ ᠪᠠᠨ ᠨᠢᠭᠡ ᠲᠥᠷᠥᠯ ᠵᠦᠢᠯ ᠳᠤ ᠨᠢᠭᠡ ᠯᠡ ᠤᠳᠠᠭ᠎ᠠ | ᠱᠠᠩᠨᠠᠬᠤ ᠶᠢ ᠵᠢᠭᠠᠵᠤ ᠪᠣᠶ᠃ ᠡᠭᠦᠨ ᠤ ᠬᠠᠮᠲᠤ᠂ ᠱᠠᠩᠨᠠᠨ ᠬᠥᠬᠢᠭᠦᠯᠬᠦ ᠲᠥᠷᠥᠯ ᠵᠦᠢᠯ ᠤᠨ ᠬᠡᠪᠴᠢᠶ᠎ᠡ ᠪᠣᠯ 2021 | ᠣᠨ ᠤ 1 ᠰᠠᠷ᠎ᠠ ᠶᠢᠨ 1 ᠤ ᠡᠳᠦᠷ ᠠᠴᠠ ᠰᠡᠭᠦᠯᠡᠷ᠂ ᠣᠷᠣᠨ ᠪᠦᠰᠡ ᠶᠢᠨ ᠭᠠᠳᠠᠨ᠎ᠠ ᠠᠴᠠ ᠣᠷᠣᠭᠤᠯᠤᠭᠰᠠᠨ ᠨᠢᠭᠡᠳᠦᠭᠡᠷ᠂ | ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠪᠤᠶᠤ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠪᠠᠷ ᠳᠠᠮᠵᠢᠭᠤᠯᠤᠨ ᠮᠠᠨ ᠤ ᠬᠤᠲᠠ ᠶᠢᠨ ᠣᠲᠣ ᠶᠢᠨ ᠪᠠᠶᠢᠭ᠎ᠠ ᠠᠵᠤ ᠠᠬᠤᠶᠢᠯᠠᠯ ᠢ ᠳᠠᠬᠢᠨ | ᠵᠣᠬᠢᠶᠠᠨ ᠪᠠᠶᠢᠭᠤᠯᠬᠤ ᠶᠢᠨ ᠬᠠᠮᠲᠤ ᠥᠷᠭᠡᠳᠬᠡᠨ ᠨᠥᠬᠦᠨ ᠦᠢᠯᠡᠳᠪᠦᠷᠢᠯᠡᠬᠦ ᠲᠥᠷᠥᠯ ᠵᠦᠢᠯ ︵ᠬᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠲᠥᠷᠥᠯ ᠤᠨ ᠲᠥᠷᠥᠯ ᠵᠦᠢᠯ᠂ ᠤᠯᠠᠮᠵᠢᠯᠠᠯᠲᠤ ᠬᠤᠳᠠᠯᠳᠤᠭᠠᠨ ᠤ ᠲᠠᠯᠠᠪᠤᠷ ᠤᠨ | ᠲᠥᠷᠥᠯ ᠤᠨ ᠲᠥᠷᠥᠯ ᠵᠦᠢᠯ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠯᠲᠡ ᠶᠢᠨ ᠲᠥᠷᠥᠯ ᠤᠨ ᠲᠥᠷᠥᠯ | ᠵᠦᠢᠯ᠂ ᠡᠨᠧᠷᠭᠢ ᠶᠢᠨ ᠡᠬᠢ ᠪᠠᠶᠠᠯᠢᠭ ᠤᠨ ᠨᠡᠭᠡᠭᠡᠯᠲᠡ ᠶᠢᠨ ᠲᠥᠷᠥᠯ ᠤᠨ ᠲᠥᠷᠥᠯ ᠵᠦᠢᠯ ᠪᠠᠭᠲᠠᠬᠤ ᠥᠬᠡᠶ︶ ᠪᠣᠯᠤᠨ᠎ᠠ | ᠭᠡᠵᠦ ᠲᠣᠳᠣᠷᠬᠠᠶ ᠵᠢᠭᠠᠵᠤ ᠭᠠᠷᠭᠠᠪᠠ᠃ ᠲᠣᠰ ᠠᠷᠭ᠎ᠠ ᠳᠤ ᠬᠡᠯᠡᠵᠦ ᠪᠠᠶᠢᠭ᠎ᠠ ᠪᠠᠯᠠ ᠣᠷᠣᠭᠤᠯᠤᠭᠴᠢᠳ ᠢ ᠱᠠᠩᠨᠠᠨ | ᠬᠥᠬᠢᠭᠦᠯᠬᠦ ᠬᠡᠪᠴᠢᠶ᠎ᠡ ᠭᠡᠳᠡᠭ ᠨᠢ ᠭᠠᠳᠠᠷ ᠣᠷᠣᠨ ᠤ ᠪᠠᠯᠠ ᠣᠷᠣᠭᠤᠯᠤᠭᠴᠢᠳ ᠤᠨ ᠮᠠᠨ ᠤ ᠬᠤᠲᠠ ᠳᠤ ᠪᠠᠯᠠ ᠣᠷᠣᠭᠤᠯᠵᠤ | ᠪᠥᠲᠥᠭᠡᠨ ᠪᠠᠶᠢᠭᠤᠯᠬᠤ ᠲᠥᠷᠥᠯ ᠵᠦᠢᠯ ᠳᠤ ᠪᠠᠯᠠ ᠣᠷᠣᠭᠤᠯᠬᠤ ᠶᠢ ᠲᠠᠨᠢᠯᠴᠠᠭᠤᠯᠤᠭᠰᠠᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠪᠠ ᠪᠠᠶᠢᠭᠠᠯᠢ ᠬᠥᠮᠦᠨ᠂ ᠠᠯᠪᠠᠨ ᠲᠤᠰᠢᠶᠠᠯᠲᠠᠨ ᠢ ︽ᠬᠤᠤᠯᠢᠩᠭᠤᠤᠯ ᠬᠤᠲᠠ ᠶᠢᠨ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠠᠵᠢᠯ ᠤᠨ ᠰᠢᠯᠭᠠᠨ ᠬᠢᠨᠠᠬᠤ ᠠᠷᠭ᠎ᠠ︾ ︵ᠲᠤᠷᠰᠢᠨ ᠬᠡᠷᠡᠭᠵᠢᠭᠦᠯᠬᠦ︶ ᠪᠠᠷ ᠯᠠᠪᠯᠠᠯᠲᠠ ᠪᠣᠯᠭᠠᠨ | ᠬᠡᠷᠡᠭᠵᠢᠭᠦᠯᠬᠦ ᠶᠢ ᠵᠢᠭᠠᠵᠤ ᠪᠣᠶ᠃ | ᠠᠷᠠᠯᠵᠢᠶᠠᠴᠢᠨ ᠤᠷᠢᠵᠤ ᠪᠡᠯᠡ ᠣᠷᠣᠭᠤᠯᠤᠨ ᠪᠣᠳᠠᠲᠠᠶᠢᠵᠢᠭᠤᠯᠬᠤ ᠲᠥᠷᠥᠯ ᠵᠦᠢᠯ ᠤᠨ ᠮᠠᠨ ᠤ ᠬᠤᠲᠠ ᠶᠢᠨ ᠡᠯ᠎ᠡ | ᠲᠣᠮᠣ ᠠᠵᠤ ᠦᠢᠯᠡᠰ ᠤᠨ ᠬᠡᠯᠬᠢᠶ᠎ᠡ ᠶᠢ ᠨᠥᠬᠦᠪᠥᠷᠢᠯᠡᠨ ᠤᠷᠲᠤᠳᠬᠠᠬᠤ ᠦᠢᠯᠡᠳᠦᠯ ᠢ ᠦᠨᠡᠨᠬᠦ ᠪᠠᠳᠠᠷᠠᠭᠤᠯᠬᠤ ᠶᠢ | ᠪᠠᠲᠤᠯᠠᠬᠤ ᠶᠢᠨ ᠲᠥᠯᠥᠭᠡ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ | ᠨᠡᠶᠢᠭᠡᠮ ᠤᠨ ᠡᠯ᠎ᠡ ᠡᠲᠡᠭᠡᠳ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠳᠤ ᠣᠷᠣᠯᠴᠠᠬᠤ ᠶᠢ | ᠵᠣᠷᠢᠭᠵᠢᠭᠤᠯᠤᠨ᠂ ᠴᠢᠨᠠᠷ ᠰᠠᠶᠢᠲᠠᠶ ᠲᠥᠷᠥᠯ ᠵᠦᠢᠯ ᠢ ᠮᠠᠨ ᠤ ᠬᠤᠲᠠ ᠳᠤ ᠡᠷᠦᠬᠡ ᠠᠮᠠ ᠣᠷᠣᠭᠤᠯᠬᠤ ᠪᠠᠷ | ᠲᠠᠨᠢᠯᠴᠠᠭᠤᠯᠵᠤ᠂ ︽ᠱᠠᠩᠨᠠᠬᠤ ᠠᠷᠭ᠎ᠠ︾ ᠳᠤ ᠱᠠᠩᠨᠠᠬᠤ ᠪᠠᠷᠢᠮᠵᠢᠶ᠎ᠠ ᠶᠢᠨ ᠲᠤᠬᠠᠶ ᠪᠣᠳᠠᠲᠠᠶ ᠲᠣᠭᠲᠠᠭᠠᠯ ᠭᠠᠷᠭᠠᠵᠤ᠂ ᠪᠠᠯᠠ | ᠣᠷᠣᠭᠤᠯᠤᠭᠴᠢᠳ ᠤᠨ ᠣᠷᠣᠭᠤᠯᠤᠭᠰᠠᠨ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ | ᠲᠤᠭ᠎ᠠ ᠬᠡᠮᠵᠢᠶ᠎ᠡ ᠪᠠᠷ ᠱᠠᠩᠨᠠᠬᠤ ᠳᠥᠷᠪᠡᠨ ᠲᠠᠰ ᠢ ᠲᠣᠭᠲᠠᠭᠠᠵᠠᠶ᠃ ᠨᠢᠭᠡᠳᠦᠭᠡᠷ ᠳᠡᠰ ᠲᠤ ᠲᠠᠩ ᠴᠣᠭᠴᠠᠲᠤ ᠲᠥᠷᠥᠯ | ᠵᠦᠢᠯ ᠤᠨ ᠨᠢᠭᠡ ᠤᠳᠠᠭ᠎ᠠ ᠶᠢᠨ ᠴᠢᠨᠠᠷᠲᠠᠶ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 1000 ᠲᠦᠮᠡᠨ | ᠲᠥᠭᠦᠷᠢᠭ ᠠᠴᠠ 1 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠲᠥᠷᠥᠯ ᠵᠦᠢᠯ ︵1 ᠳ᠋ᠦᠩᠰᠢᠭᠤᠷ | ᠲᠥᠭᠦᠷᠢᠭ ᠤᠨ ᠠᠷᠠᠳ ᠤᠨ ᠵᠣᠭᠤᠰ ᠤᠨ ᠲᠥᠷᠥᠯ ᠵᠦᠢᠯ ᠪᠠᠭᠲᠠᠨ᠎ᠠ︶ ᠢ ᠣᠷᠣᠭᠤᠯᠤᠨ ᠠᠪᠴᠢᠷᠠᠵᠤ᠂ ᠰᠠᠭᠤᠷᠢ ᠳᠡᠭᠡᠷ᠎ᠡ | 2 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠱᠠᠩᠨᠠᠵᠤ᠂ ᠨᠡᠮᠡᠭᠳᠡᠭᠰᠡᠨ ᠬᠡᠰᠡᠭ ᠢ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠲᠤᠭ᠎ᠠ ᠬᠡᠮᠵᠢᠶ᠎ᠡ ᠶᠢᠨ ᠬᠠᠷᠢᠴᠠᠯ ᠢᠶᠠᠷ ᠨᠤᠭᠤᠯᠤᠨ ᠪᠤᠳᠤᠵᠤ᠂ ᠬᠠᠮᠤᠭ ᠤᠨ ᠥᠨᠳᠥᠷ ᠲᠡᠭᠡᠨ | ᠲᠠᠷᠠᠭᠠᠴᠢ ᠶᠢᠨ ᠲᠠᠰ ᠤᠨ ᠬᠠᠮᠤᠭ ᠤᠨ ᠳᠣᠤᠷ᠎ᠠ ᠲᠤᠭ᠎ᠠ ᠬᠡᠮᠵᠢᠶ᠎ᠡ ᠠᠴᠠ ᠳᠠᠪᠠᠭᠤᠯᠬᠤ ᠥᠬᠡᠶ᠃ ᠬᠤᠶᠠᠳᠤᠭᠠᠷ ᠳᠡᠰ ᠲᠤ | ᠨᠢᠭᠡ ᠯᠡ ᠤᠳᠠᠭ᠎ᠠ ᠶᠢᠨ ᠴᠢᠨᠠᠷᠲᠠᠶ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 1 ᠳ᠋ᠦᠩᠰᠢᠭᠤᠷ | ᠲᠥᠭᠦᠷᠢᠭ ᠠᠴᠠ 5 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠲᠥᠷᠥᠯ ᠵᠦᠢᠯ ︵5 ᠳ᠋ᠦᠩᠰᠢᠭᠤᠷ | ᠲᠥᠭᠦᠷᠢᠭ ᠤᠨ ᠠᠷᠠᠳ ᠤᠨ ᠵᠣᠭᠤᠰ ᠤᠨ ᠲᠥᠷᠥᠯ ᠵᠦᠢᠯ ᠪᠠᠭᠲᠠᠨ᠎ᠠ︶ ᠢ ᠣᠷᠣᠭᠤᠯᠤᠨ ᠠᠪᠴᠢᠷᠠᠬᠤ ᠶᠢᠨ ᠲᠥᠯᠥᠭᠡ᠂ | ᠰᠠᠭᠤᠷᠢ ᠳᠡᠭᠡᠷ᠎ᠡ 10 ᠲᠦᠮᠡᠨ ᠲᠥᠭᠦᠷᠢᠭ ᠤᠨ ᠠᠷᠠᠳ ᠤᠨ ᠵᠣᠭᠤᠰ ᠢᠶᠠᠷ ᠱᠠᠩᠨᠠᠨ᠎ᠠ︔ ᠭᠤᠷᠪᠠᠳᠤᠭᠠᠷ ᠳᠡᠰ ᠨᠢ ᠨᠢᠭᠡ | ᠤᠳᠠᠭ᠎ᠠ ᠶᠢᠨ ᠴᠢᠨᠠᠷᠲᠠᠶ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 5 ᠳ᠋ᠦᠩᠰᠢᠭᠤᠷ ᠲᠥᠭᠦᠷᠢᠭ — 10 | ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠲᠥᠷᠥᠯ ᠵᠦᠢᠯ ︵10 ᠳ᠋ᠦᠩᠰᠢᠭᠤᠷ ᠲᠥᠭᠦᠷᠢᠭ ᠤᠨ ᠠᠷᠠᠳ ᠤᠨ | ᠵᠣᠭᠤᠰ ᠤᠨ ᠲᠥᠷᠥᠯ ᠵᠦᠢᠯ ᠪᠠᠭᠲᠠᠨ᠎ᠠ︶ ᠢ ᠣᠷᠣᠭᠤᠯᠤᠨ ᠠᠪᠴᠢᠷᠠᠬᠤ ᠶᠢᠨ ᠲᠥᠯᠥᠭᠡ᠂ ᠰᠠᠭᠤᠷᠢ ᠳᠡᠭᠡᠷ᠎ᠡ 20 ᠲᠦᠮᠡᠨ | ᠲᠥᠭᠦᠷᠢᠭ ᠤᠨ ᠠᠷᠠᠳ ᠤᠨ ᠵᠣᠭᠤᠰ ᠢᠶᠠᠷ ᠱᠠᠩᠨᠠᠨ᠎ᠠ︔ ᠳᠥᠷᠪᠡᠳᠦᠭᠡᠷ ᠳᠡᠰ ᠨᠢ ᠨᠢᠭᠡ ᠯᠡ ᠤᠳᠠᠭ᠎ᠠ ᠶᠢᠨ ᠴᠢᠨᠠᠷᠲᠠᠶ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠠᠴᠠ | ᠳᠡᠭᠡᠭᠰᠢᠬᠢ ᠲᠥᠷᠥᠯ ᠵᠦᠢᠯ ᠢ ᠣᠷᠣᠭᠤᠯᠬᠤ ᠳᠤ 50 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠱᠠᠩᠨᠠᠨ᠎ᠠ᠃ | ᠡᠭᠦᠨ ᠤ ᠬᠠᠮᠲᠤ᠂ ᠦᠢᠯᠡᠳᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠣᠷᠣᠨ | ᠨᠤᠲᠤᠭ ᠤᠨ ᠬᠤᠪᠢ ᠨᠡᠮᠡᠷᠢ ᠪᠠᠷ ᠶᠡᠭᠡ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠤᠨ ᠳᠠᠶᠢᠴᠢᠯᠠᠬᠤ | ᠴᠢᠳᠠᠪᠤᠷᠢ ᠪᠠᠷ ᠴᠢᠩᠭ᠎ᠠ᠂ ᠨᠥᠯᠥᠭᠡᠯᠡᠨ ᠳᠠᠶᠢᠴᠢᠯᠠᠬᠤ ᠦᠢᠯᠡᠳᠦᠯ ᠢᠶᠠᠷ ᠢᠯᠡᠷᠬᠡᠶ ᠲᠥᠷᠥᠯ ᠵᠦᠢᠯ ᠢ ᠪᠣᠯ ᠬᠤᠳᠠᠯᠳᠤᠭᠠᠴᠢᠨ | ᠤᠷᠢᠵᠤ ᠪᠠᠯᠠ ᠣᠷᠣᠭᠤᠯᠤᠭᠰᠠᠨ ᠤ ᠱᠠᠩᠨᠠᠯ ᠤᠨ ᠬᠢᠨᠠᠨ ᠲᠣᠭᠲᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠢᠶᠠᠷ ᠬᠢᠨᠠᠨ | ᠬᠠᠷᠭᠤᠭᠤᠯᠵᠤ ᠮᠠᠭᠠᠳᠯᠠᠨ ᠲᠣᠭᠲᠠᠭᠠᠯᠭᠠᠭᠰᠠᠨ ᠤ ᠳᠠᠷᠠᠭ᠎ᠠ᠂ ᠲᠠᠩᠰᠠ ᠡᠪᠬᠡᠮᠡᠯ ᠢ ᠨᠢ ᠭᠠᠷᠭᠠᠨ ᠱᠠᠩᠨᠠᠵᠤ ᠪᠣᠯᠤᠨ᠎ᠠ᠃ | ᠪᠠᠯᠠ ᠣᠷᠣᠭᠤᠯᠤᠭᠴᠢ ᠶᠢᠨ ᠬᠢᠷᠢ ᠬᠡᠮ ᠢ ᠬᠢᠨᠠᠨ ᠲᠣᠭᠲᠠᠭᠠᠬᠤ ᠲᠤᠬᠠᠶ᠂ ︽ᠱᠠᠩᠨᠠᠨ ᠬᠥᠬᠢᠭᠦᠯᠬᠦ ᠠᠷᠭ᠎ᠠ︾ ᠳᠤ᠂ ᠵᠢᠯ | ᠪᠦᠷᠢ ᠶᠢᠨ 12 ᠰᠠᠷ᠎ᠠ ᠳᠤ ᠱᠠᠩᠨᠠᠨ ᠬᠥᠬᠢᠭᠦᠯᠬᠦ ᠴᠢᠬᠤᠯᠠᠲᠠᠶ ᠪᠠᠯᠠ ᠣᠷᠣᠭᠤᠯᠤᠭᠴᠢ ᠶᠢ ᠬᠤᠲᠠ ᠶᠢᠨ ᠬᠤᠳᠠᠯᠳᠤᠭᠠᠴᠢᠨ | ᠤᠷᠢᠵᠤ ᠪᠠᠯᠠ ᠣᠷᠣᠭᠤᠯᠤᠭᠰᠠᠨ ᠤ ᠱᠠᠩᠨᠠᠯ ᠤᠨ ᠬᠢᠨᠠᠨ ᠲᠣᠭᠲᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠬᠢᠨᠠᠨ | ᠲᠣᠭᠲᠠᠭᠠᠨ᠎ᠠ︔ ᠲᠥᠷᠥᠯ ᠵᠦᠢᠯ ᠨᠢᠭᠡᠪᠦᠷᠢ ᠶᠢᠨ ᠱᠠᠩᠨᠠᠬᠤ ᠡᠲᠡᠭᠡᠳ ᠢ ᠠᠩᠬ᠎ᠠ ᠤᠳᠠᠭ᠎ᠠ ᠲᠣᠭᠲᠠᠭᠠᠭᠰᠠᠨ ᠪᠠᠯᠠ | ᠣᠷᠣᠭᠤᠯᠤᠭᠴᠢ ᠪᠠᠷ ᠪᠠᠷᠢᠮᠵᠢᠶ᠎ᠠ ᠪᠣᠯᠭᠠᠵᠤ᠂ ᠠᠳᠠᠯᠢ ᠨᠢᠭᠡ ᠲᠥᠷᠥᠯ ᠵᠦᠢᠯ ᠳᠤ ᠵᠥᠪᠬᠡᠨ ᠨᠢᠭᠡ ᠯᠡ ᠪᠠᠯᠠ | ᠣᠷᠣᠭᠤᠯᠤᠭᠴᠢ ᠶᠢ ᠮᠠᠭᠠᠳᠯᠠᠨ ᠲᠣᠭᠲᠠᠭᠠᠨ᠎ᠠ᠃ | |