ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠣᠶ ᠶᠢ ᠪᠡᠯᠭᠡᠯᠡᠬᠦ ᠬᠠᠯᠠᠭᠤᠨ ᠠᠭᠤᠷ | ᠠᠮᠢᠰᠬᠤᠯ ᠤᠨ ᠳᠤᠮᠳᠠ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠠᠭᠤᠯᠵᠠᠷ ᠤᠨ | ᠬᠤᠭᠤᠴᠠᠭᠠᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠰᠠ ᠨᠢᠭᠡ ᠤᠳᠠᠭ᠎ᠠ ᠶᠢᠨ ᠴᠢᠬᠤᠯᠠ ᠶᠡᠭᠡ ᠠᠴᠢ | ᠬᠤᠯᠪᠣᠭᠳᠠᠯ ᠲᠠᠢ ᠦᠪᠡᠳᠡᠭᠰᠢ ᠶᠡᠭᠡ ᠬᠤᠷᠠᠯ ᠢ ᠤᠭᠲᠤᠨ ᠠᠪᠴᠢᠷᠠᠯ᠎ᠠ — 2021 ᠣᠨ ᠤ 11 ᠰᠠᠷ᠎ᠠ ᠶᠢᠨ | 8 ᠤ ᠡᠳᠦᠷ ᠠᠴᠠ 11 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠡᠭᠡᠵᠢᠩ ᠳᠤ ᠬᠤᠷᠠᠯᠳᠤᠭᠰᠠᠨ ᠪᠥᠭᠡᠳ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠵᠢᠷᠭᠤᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ︾ ᠶᠢ ᠪᠠᠲᠤᠯᠠᠪᠠ᠃ | ᠵᠠᠭᠤᠨ ᠵᠢᠯ ᠤᠨ ᠲᠡᠮᠡᠴᠡᠯ ᠤᠨ ᠵᠠᠮ ᠢᠶᠠᠨ ᠦᠯᠦ ᠮᠠᠷᠲᠠᠵᠤ᠂ ᠡᠷᠴᠢ ᠵᠣᠷᠢᠭ ᠪᠠᠳᠠᠷᠠᠩᠭᠤᠢ ᠪᠠᠷ ᠰᠢᠨ᠎ᠡ | ᠠᠶᠠᠨ ᠢᠶᠠᠨ ᠡᠬᠢᠯᠡᠭᠦᠯᠦᠨ᠎ᠡ᠃ ᠬᠤᠤᠯᠢᠩᠭᠤᠤᠯ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠤᠨ ᠥᠷᠭᠡᠨ ᠤᠯᠠᠨ ᠺᠠᠳ᠋ᠷ ᠤᠯᠠᠨ ᠲᠦᠮᠡᠨ ᠲᠡᠷᠡ ᠳᠠᠷᠤᠢ ᠳᠤᠨᠢ ᠬᠦᠯᠢᠶᠡᠨ ᠠᠪᠴᠤ ᠦᠵᠡᠵᠦ ᠰᠣᠨᠣᠰᠴᠤ᠂ | ᠨᠠᠷᠢᠨ ᠬᠢᠨᠠᠮᠠᠭᠠᠢ ᠰᠤᠷᠤᠯᠴᠠᠵᠤ᠂ ᠮᠠᠰᠢ ᠶᠡᠭᠡ ᠵᠣᠷᠢᠭᠵᠢᠵᠤ᠂ ᠮᠠᠰᠢ ᠶᠡᠭᠡ ᠤᠷᠮᠠᠰᠢᠨ ᠵᠣᠷᠢᠭᠵᠢᠪᠠ᠃ | ᠬᠤᠤᠯᠢᠩᠭᠤᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ ᠥᠨᠥᠳᠦᠷ ᠠᠴᠠ ᠡᠬᠢᠯᠡᠨ ︽ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ︾ ᠲᠤᠰᠬᠠᠶ ᠪᠤᠯᠤᠩ ᠭᠠᠷᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠭᠰᠠᠨ ᠲᠥᠷᠥᠭᠳᠡᠯ ᠪᠠ ᠰᠡᠳᠭᠢᠭᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ | ᠠᠶᠠᠨ ᠵᠠᠮ ᠳᠤ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠦᠨ᠎ᠡ᠃ ᠠᠩᠬᠠᠷᠤᠯ ᠳᠠᠭᠠᠨ | ᠠᠪᠤᠭᠠᠷᠠᠶ︕ | | | ᠲᠠᠯᠠᠶᠢᠬᠤᠰᠢᠭᠤ ᠰᠤᠮᠤ ᠶᠢᠨ ᠨᠠᠮ ᠤᠨ ᠬᠤᠷᠢᠶᠠᠨ ᠤ ᠱᠦᠵᠢ ᠶᠢᠨ ᠭᠤᠸᠠᠩ᠄ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠨᠠᠮ ᠤᠨ | ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠳᠤ᠂ ᠪᠢ ᠥᠪᠡᠷ ᠤᠨ ᠬᠠᠮᠤᠭ ᠤᠨ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠭᠠᠭᠤᠯᠤᠬᠴᠢ ᠪᠣᠯᠤᠭᠰᠠᠨ ᠤ ᠬᠤᠪᠢ ᠳᠤ᠂ ᠤᠬ ᠰᠠᠨᠠᠭ᠎ᠠ ᠪᠠᠨ ᠦᠯᠦ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ︿ᠬᠤᠪᠢᠰᠬᠠᠯ ᠤᠨ ᠦᠨᠳᠦᠰᠦ ᠰᠤᠳᠠᠰᠤ﹀ ᠶᠢ | ᠰᠠᠶᠢᠲᠤᠷ ᠰᠠᠬᠢᠬᠤ ᠢᠲᠡᠭᠡᠯ ᠵᠣᠷᠢᠭ ᠢᠶᠠᠨ ᠨᠡᠩ ᠪᠠᠲᠤᠳᠬᠠᠪᠠ᠃ ︽ᠲᠠᠪᠤᠨ ᠲᠠᠯ᠎ᠠ︾ ᠶᠢᠨ ᠲᠡᠦᠬᠡᠲᠦ ᠠᠴᠢ | ᠬᠤᠯᠪᠣᠭᠳᠠᠯ ᠪᠣᠯᠤᠨ ︽ᠠᠷᠪᠠ ᠶᠢ ᠪᠠᠷᠢᠮᠲᠠᠯᠠᠭᠰᠠᠨ︾ ᠲᠡᠦᠬᠡᠨ ᠲᠤᠷᠰᠢᠯᠭ᠎ᠠ ᠨᠢ ︽ᠳᠤᠮᠳᠠᠳᠤ ᠤᠯᠤᠰ ᠤᠨ ᠡᠪ | ᠬᠠᠮᠲᠤ ᠨᠠᠮ ᠶᠠᠭᠠᠬᠢᠭᠠᠳ ᠳᠡᠶᠢᠯᠦᠭᠰᠡᠨ ᠪᠤᠢ︾ ᠭᠡᠬᠦ ᠭᠦᠨ ᠳᠠᠪᠬᠤᠷᠭ᠎ᠠ ᠶᠢᠨ ᠯᠣᠭᠢᠭ ᠪᠣᠯᠤᠨ ᠢᠯᠠᠯᠲᠠ ᠶᠢᠨ | ᠨᠢᠭᠤᠴᠠ ᠳᠡᠮᠳᠡᠭ ᠢ ᠲᠠᠶᠢᠯᠪᠤᠷᠢᠯᠠᠵᠤ᠂ ᠰᠢᠯᠭᠠᠯᠲᠠ ᠳᠤ ᠣᠷᠣᠯᠴᠠᠬᠤ ᠰᠢᠨ᠎ᠡ ᠵᠠᠮ ᠢᠶᠠᠷ ᠵᠠᠮᠨᠠᠵᠤ᠂ ᠦᠨᠳᠦᠰᠦᠨ | ᠱᠠᠲᠤᠨ ᠤ ᠺᠠᠳ᠋ᠷ ᠪᠣᠯᠤᠭᠰᠠᠨ ᠤ ᠬᠤᠪᠢ ᠳᠤ᠂ ᠡᠭᠦᠷᠭᠡ ᠬᠠᠷᠢᠭᠤᠴᠠᠯᠭ᠎ᠠ ᠬᠦᠨᠳᠦ ᠴᠢᠬᠤᠯᠠ ᠭᠡᠳᠡᠭ ᠢ ᠨᠡᠩ ᠢᠯᠡᠭᠦᠦ | ᠰᠡᠷᠡᠵᠦ ᠮᠡᠳᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠪᠢ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠯᠬᠡᠭ | ᠪᠠᠭᠠᠲᠤᠷᠯᠢᠭ ᠢᠶᠠᠷ ᠤᠷᠤᠭᠰᠢᠯᠠᠨ᠎ᠠ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ | ᠲᠤᠤᠱᠯᠠᠭᠤᠯᠬᠤ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠬᠤ᠂ ᠰᠤᠮᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠢ ᠬᠠᠷᠢᠯᠴᠠᠨ ᠤᠶᠠᠯᠳᠤᠭᠤᠯᠵᠤ᠂ ᠰᠤᠮᠤᠨ ᠤ ᠪᠣᠳᠠᠲᠤ ᠪᠠᠶᠢᠳᠠᠯ ᠲᠠᠢ | ᠨᠢᠭᠲᠠ ᠤᠶᠠᠯᠳᠤᠭᠤᠯᠵᠤ᠂ ᠰᠣᠷᠣᠭᠰᠠᠨ ᠢᠶᠠᠨ ᠬᠡᠷᠡᠭᠯᠡᠬᠦ᠂ ᠬᠡᠷᠡᠭᠯᠡᠬᠦ ᠪᠠᠷ ᠰᠤᠷᠤᠯᠴᠠᠯᠭ᠎ᠠ ᠶᠢ ᠠᠬᠢᠭᠤᠯᠬᠤ ᠶᠢ | ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠢᠳᠡᠪᠬᠢᠲᠡᠢ ᠪᠠᠷ | ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠦᠨᠡᠨᠬᠦ ᠠᠷᠠᠳ ᠤᠨ ᠲᠥᠯᠥᠭᠡ ᠠᠵᠢᠯ ᠶᠠᠪᠤᠳᠠᠯ ᠬᠢᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠬᠠᠮᠲᠤ᠂ ᠵᠢᠯ ᠤᠨ ᠡᠴᠦᠰ ᠤᠨ | ᠰᠡᠭᠦᠯ ᠬᠤᠷᠢᠶᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠢᠷᠡᠬᠦ ᠵᠢᠯ ᠤᠨ ᠡᠬᠢᠯᠡᠯᠲᠡ ᠶᠢᠨ ᠠᠵᠢᠯ ᠢ | ᠰᠠᠶᠢᠲᠤᠷ ᠲᠥᠯᠥᠪᠵᠢᠭᠦᠯᠵᠦ᠂ ᠪᠣᠳᠠᠲᠠᠢ ᠠᠵᠢᠯ ᠤᠨ ᠦᠷ᠎ᠡ ᠪᠦᠲᠦᠮᠵᠢ ᠶᠢ ᠰᠤᠷᠤᠯᠴᠠᠨ ᠲᠤᠤᠱᠯᠠᠭᠤᠯᠬᠤ ᠶᠢ | ᠰᠢᠯᠭᠠᠬᠤ ᠦᠷ᠎ᠡ ᠪᠦᠲᠦᠮᠵᠢ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠶᠠᠷᠢᠯ᠎ᠠ᠃ | |