ᠪᠤᠷᠤᠬᠤᠵᠢᠷ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠸᠠᠩ ᠶᠢᠩ᠄ | ᠡᠨᠡ ᠤᠳᠠᠭ᠎ᠠ ᠶᠢᠨ ᠪᠦᠬᠦᠳᠡ ᠬᠤᠷᠠᠯ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ | ᠠᠮᠵᠢᠯᠲᠠ ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠭᠰᠡᠨ ᠠᠴᠠ ᠪᠢ ᠶᠡᠬᠡᠳᠡ | ᠵᠣᠷᠢᠭᠵᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠡᠷᠡᠯᠬᠡᠭᠯᠡᠨ ᠤᠷᠤᠭᠰᠢᠯᠠᠬᠤ ᠴᠢᠭᠯᠡᠯ ᠢ ᠨᠡᠩ ᠲᠣᠳᠣᠷᠬᠠᠢ ᠪᠣᠯᠭᠠᠵᠠᠢ︾ ᠭᠡᠵᠦ ᠵᠢᠭᠠᠵᠤ ᠭᠠᠷᠭᠠᠪᠠ | ᠃ ᠡᠨᠡ ᠤᠳᠠᠭ᠎ᠠ ᠶᠢᠨ ᠪᠦᠬᠦᠳᠡ ᠬᠤᠷᠠᠯ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ | ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ ᠨᠠᠳᠠ ᠳᠤ ᠮᠠᠰᠢ ᠶᠡᠭᠡ | ᠵᠣᠷᠢᠭᠵᠢᠭᠤᠯᠤᠯ ᠪᠣᠯᠤᠭᠰᠠᠨ ᠪᠥᠭᠡᠳ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠡᠷᠡᠯᠬᠡᠭᠯᠡᠨ ᠤᠷᠤᠭᠰᠢᠯᠠᠬᠤ ᠴᠢᠭᠯᠡᠯ ᠢ ᠨᠡᠩ ᠲᠣᠳᠣᠷᠬᠠᠢ ᠪᠣᠯᠭᠠᠵᠠᠢ ᠭᠡᠵᠦ | ᠪᠤᠷᠤᠬᠤᠵᠢᠷ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠸᠠᠩ ᠶᠢᠩ ᠬᠡᠯᠡᠪᠡ᠃ | ᠪᠤᠷᠤᠬᠤᠵᠢᠷ ᠵᠡᠭᠡᠯᠢ ᠭᠤᠳᠤᠮᠵᠢ ᠶᠢᠨ ᠬᠢᠨ ᠨᠠᠷᠢᠨ ᠨᠢᠮᠪᠠᠢ ᠲᠥᠯᠥᠪᠵᠢᠭᠦᠯᠦᠨ ᠪᠠᠶᠢᠷᠢᠯᠠᠭᠤᠯᠵᠤ᠂ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠠᠵᠢᠯ ᠪᠦᠬᠦᠨ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠤᠨ ᠵᠣᠬᠢᠶᠠᠨ ᠪᠠᠶᠢᠭᠤᠯᠬᠤ ᠠᠵᠢᠯ ᠲᠠᠢ ᠬᠠᠷᠢᠴᠠᠭᠤᠯᠤᠨ ᠣᠨ ᠤ ︽ᠭᠤᠷᠪᠠᠨ ᠵᠢᠯ ᠳᠤ ᠰᠠᠭᠤᠷᠢ ᠲᠠᠯᠪᠢᠵᠤ᠂ | ᠲᠠᠪᠤᠨ ᠵᠢᠯ ᠳᠤ ᠲᠡᠷᠢᠭᠦᠨ ᠳᠤ ᠲᠠᠯᠪᠢᠬᠤ ᠪᠠᠷ ᠲᠡᠮᠡᠴᠡᠬᠦ︾ ᠠᠵᠢᠯ ᠤᠨ ᠬᠠᠷᠠᠯᠲᠠ ᠡᠭᠦᠷᠭᠡ ᠪᠣᠯᠤᠨ ︽ᠲᠠᠪᠤᠨ | ᠲᠠᠯ᠎ᠠ ᠶᠢ ᠬᠠᠮᠵᠢᠯᠴᠠᠭᠤᠯᠵᠤ᠂ ᠦᠨᠳᠦᠰᠦᠨ ᠱᠠᠳᠤ ᠶᠢ ᠶᠡᠬᠡᠪᠡᠷ ᠠᠳᠬᠤᠬᠤ︾ ᠲᠤᠬᠢᠷᠠᠭᠤᠯᠤᠯᠳᠠ | ᠪᠠᠶᠢᠷᠢᠯᠠᠭᠤᠯᠤᠯᠲᠠ ᠶᠢ ᠳᠡᠭᠡᠭᠰᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ | ᠥᠷᠨᠢᠭᠦᠯᠵᠦ᠂ ︽ᠲᠠᠪᠤᠨ ᠤᠯᠠᠭᠠᠨ ᠲᠤᠭ︾ ᠢ ᠴᠢᠷᠮᠠᠶᠢᠨ ᠡᠭᠦᠳᠬᠦ᠂ ᠬᠠᠮᠤᠭ ᠤᠨ ᠬᠦᠴᠦᠷᠬᠡᠭ ᠨᠠᠮ ᠤᠨ ᠡᠭᠦᠷ ᠢ | ᠡᠭᠦᠳᠦᠨ ᠪᠠᠶᠢᠭᠤᠯᠬᠤ᠂ ᠵᠣᠯ ᠵᠢᠷᠭᠠᠯᠲᠤ ᠨᠡᠶᠢᠭᠡᠮ ᠲᠣᠭᠤᠷᠢᠭ ᠢ ᠪᠠᠶᠢᠭᠤᠯᠬᠤ ᠵᠡᠷᠭᠡ ᠠᠵᠢᠯ ᠢ ᠭᠦᠨᠵᠡᠭᠡᠢ | ᠥᠷᠨᠢᠭᠦᠯᠵᠦ᠂ ᠨᠠᠮ ᠤᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠡᠭᠦᠨ ᠤ ᠬᠠᠮᠲᠤ ᠨᠠᠮ ᠤᠨ | ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠬᠢᠴᠠ ᠶᠢ ᠲᠦᠷᠭᠡᠳᠬᠡᠬᠦ᠂ ᠬᠠᠷᠠᠯᠲᠠ ᠶᠢ | ᠪᠠᠲᠤᠯᠠᠬᠤ᠂ ᠭᠤᠣᠯᠳᠠᠯᠭ᠎ᠠ ᠶᠢ ᠠᠩᠬᠠᠷᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠡᠷᠡᠰ ᠵᠣᠷᠢᠭ ᠢᠶᠠᠷ ︽ | ᠲᠠᠰᠣᠷᠠᠵᠦ ᠪᠤᠯᠬᠤ ᠦᠭᠡᠢ︾ ᠲᠡᠮᠡᠴᠡᠯ ᠤᠨ ᠵᠣᠷᠢᠭ ᠰᠠᠨᠠᠭ᠎ᠠ ᠪᠠ ︽ᠤᠳᠠᠭᠠᠰᠢᠷᠠᠭᠤᠯᠵᠤ ᠳᠡᠶᠢᠯᠬᠦ ᠦᠭᠡᠢ︾ | ᠠᠵᠢᠯ ᠤᠨ ᠪᠠᠶᠢᠳᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠶᠡᠷᠦᠩᠬᠡᠶᠢᠯᠡᠨ ᠵᠠᠰᠠᠵᠤ ᠲᠣᠭᠲᠠᠭᠤᠨ | ᠪᠠᠶᠢᠳᠠᠯ ᠢ ᠬᠠᠮᠠᠭᠠᠯᠠᠬᠤ᠂ ᠠᠶᠤᠯᠭᠦᠶ ᠦᠢᠯᠡᠳᠪᠦᠷᠢᠯᠡᠯ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠠᠵᠢᠯ ᠢ | ᠦᠷᠭᠦᠯᠵᠢᠯᠡᠨ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ | ᠦᠨᠳᠦᠰᠦᠨ ᠠᠰᠢᠭ ᠲᠤᠰᠠ ᠶᠢ ᠲᠠᠰᠤᠷᠠᠯᠳᠠ ᠦᠭᠡᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ | ᠬᠥᠭᠵᠢᠭᠦᠯᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠥᠯᠥᠭᠡ ᠴᠥᠬᠦᠷᠡᠰᠢ ᠦᠭᠡᠢ ᠲᠡᠮᠡᠴᠡᠬᠦ | ᠬᠡᠷᠡᠭᠲᠡᠶ᠃ |