ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠰᠣᠩᠭᠤᠨ ᠭᠠᠷᠭᠠᠬᠤ ᠪᠣᠯ | ᠬᠤᠭᠤᠴᠠᠭ᠎ᠠ ᠰᠣᠯᠢᠬᠤ ᠠᠵᠢᠯ ᠤᠨ ᠰᠠᠭᠤᠷᠢ ᠠᠵᠢᠯ ᠮᠥᠨ᠂ ᠶᠡᠭᠡ ᠬᠤᠷᠠᠯ ᠤᠨ ᠰᠣᠩᠭᠤᠭᠤᠯᠢ ᠶᠢ ᠰᠠᠶᠢᠲᠤᠷ | ᠵᠣᠬᠢᠶᠠᠨ ᠪᠠᠶᠢᠭᠤᠯᠬᠤ ᠪᠣᠯ ᠬᠤᠭᠤᠴᠠᠭ᠎ᠠ ᠰᠣᠯᠢᠬᠤ ᠠᠵᠢᠯ ᠤᠨ ᠠᠮᠵᠢᠯᠲᠠ ᠤᠯᠬᠤ ᠶᠢᠨ ᠴᠢᠬᠤᠯᠠ ᠵᠠᠩᠭᠢᠯᠠᠭ᠎ᠠ ᠮᠥᠨ | ᠃ ᠡᠯ᠎ᠡ ᠱᠠᠲᠤᠨ ᠤ ᠨᠠᠮ ᠤᠨ ᠬᠤᠷᠢᠶ᠎ᠠ ᠵᠢᠴᠢ ᠲᠡᠭᠦᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠳ | ᠲᠥᠯᠥᠭᠡᠯᠡᠭᠴᠢ᠂ ᠭᠡᠰᠢᠭᠦᠨ ᠢ ᠰᠣᠩᠭᠤᠨ ᠭᠠᠷᠭᠠᠬᠤ ᠪᠠ ᠶᠡᠭᠡ ᠬᠤᠷᠠᠯ ᠤᠨ ᠰᠣᠩᠭᠤᠭᠤᠯᠢ ᠶᠢᠨ ᠠᠵᠢᠯ ᠤᠨ ᠳᠤᠮᠳᠠ | ᠂ ᠡᠷᠬᠡᠪᠰᠢ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯᠯᠠᠬᠤ ᠦᠢᠯᠡᠳᠦᠯ ᠢ ᠴᠢᠩᠭᠠᠳᠬᠠᠵᠤ᠂ ᠠᠷᠠᠳᠴᠢᠯᠠᠯ ᠢ | ᠭᠦᠢᠴᠡᠳ ᠪᠠᠳᠠᠷᠠᠭᠤᠯᠤᠨ᠂ ᠬᠠᠤᠯᠢ ᠲᠦᠷᠢᠮ ᠢ ᠴᠢᠩᠭ᠎ᠠ ᠵᠢᠷᠤᠮᠯᠠᠨ ᠠᠵᠢᠯᠯᠠᠵᠤ᠂ ᠵᠢᠷᠤᠮᠵᠢᠯ ᠲᠠᠢ ᠡᠮᠬᠢ ᠵᠢᠷᠤᠮ ᠲᠠᠢ | ᠂ ᠨᠢᠭᠲᠠ ᠴᠢᠩᠭ᠎ᠠ ᠨᠠᠷᠢᠨ ᠨᠢᠮᠪᠠᠶ᠂ ᠯᠠᠪᠳᠠᠭᠤᠨ ᠪᠠᠲᠤᠲᠠᠶ ᠪᠠᠷ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ | ᠬᠡᠷᠡᠭᠲᠡᠶ᠃ | 1. ᠵᠢᠱᠢᠭᠳᠡᠭᠴᠢ ᠶᠢᠨ ᠬᠢᠷᠢ ᠬᠡᠮ ᠤᠨ ᠨᠥᠬᠦᠴᠡᠯ ᠢ ᠴᠢᠩᠳᠠᠯᠠᠨ᠎ᠠ᠃ | ᠤᠯᠤᠰ ᠲᠦᠷᠦ ᠶᠢᠨ ᠪᠠᠷᠢᠮᠵᠢᠶ᠎ᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠴᠦ ᠲᠡᠷᠡ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠴᠦ ᠲᠡᠷᠡ᠂ ᠴᠥᠮ ᠡᠷᠬᠡᠪᠰᠢ | ᠤᠬᠠᠮᠰᠠᠷ ᠠᠴᠠ ᠪᠠᠨ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ | 2. ᠬᠡᠪᠴᠢᠶ᠎ᠡ ᠪᠦᠲᠦᠴᠡ ᠶᠢ ᠵᠣᠬᠢᠰᠲᠠᠶ ᠲᠣᠭᠲᠠᠭᠠᠨ᠎ᠠ᠃ | ᠣᠷᠣᠨ ᠲᠤᠭ᠎ᠠ ᠶᠢᠨ ᠲᠠᠯ᠎ᠠ ᠪᠠᠷ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ | ᠡᠩ ᠤᠨ ᠪᠠᠶᠢᠳᠠᠯ ᠳᠤ ᠳᠡᠭᠡᠷ᠎ᠡ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠡᠲᠦᠷᠡᠭᠦᠯᠵᠦ | ᠪᠣᠯᠬᠤ ᠦᠭᠡᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠢᠨ᠎ᠡ ᠪᠠᠷ ᠵᠠᠰᠠᠪᠤᠷᠢ | ᠣᠷᠣᠭᠤᠯᠤᠭᠰᠠᠨ ᠰᠣᠩᠭᠤᠭᠤᠯᠢ ᠶᠢᠨ ᠪᠦᠲᠦᠴᠡ ᠶᠢᠨ ᠲᠠᠯ᠎ᠠ ᠪᠠᠷ᠂ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠳᠣᠲᠣᠷᠠᠬᠢ ᠦᠢᠯᠡᠳᠪᠦᠷᠢᠯᠡᠯ ᠪᠠ ᠠᠵᠢᠯ ᠤᠨ ᠡᠮᠦᠨ᠎ᠡ ᠹᠷᠣᠨᠲ ᠤᠨ | ᠲᠥᠯᠥᠭᠡᠯᠡᠭᠴᠢ ᠶᠢᠨ ᠬᠠᠷᠢᠴᠠᠯ ᠢ ᠦᠨᠡᠨ ᠬᠦ ᠪᠠᠲᠤᠯᠠᠵᠤ᠂ ᠠᠵᠢᠯᠴᠢᠨ᠂ ᠲᠠᠷᠢᠶᠠᠴᠢᠨ ᠤ ᠲᠥᠯᠥᠭᠡᠯᠡᠭᠴᠢ ᠶᠢᠨ | ᠬᠠᠷᠢᠴᠠᠯ ᠢ ᠳᠡᠭᠡᠷ᠎ᠡ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠣᠣᠷ᠎ᠠ ᠪᠠᠶᠢᠯᠭᠠᠵᠤ ᠪᠣᠯᠬᠤ | ᠦᠭᠡᠢ᠂ ᠡᠮᠡᠭᠲᠡᠶ ᠲᠥᠯᠥᠭᠡᠯᠡᠭᠴᠢ᠂ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠴᠥᠭᠡᠨ | ᠲᠣᠭᠠᠲᠤ ᠦᠨᠳᠦᠰᠦᠲᠡᠨ ᠤ ᠲᠥᠯᠥᠭᠡᠯᠡᠭᠴᠢ ᠶᠢ ᠡᠩ ᠤᠨ ᠪᠠᠶᠢᠳᠠᠯ ᠳᠤ ᠲᠤᠰ ᠭᠠᠵᠠᠷ ᠣᠷᠣᠨ ᠤ ᠡᠮᠡᠭᠲᠡᠶ ᠨᠠᠮ ᠤᠨ | ᠭᠡᠰᠢᠭᠦᠨ᠂ ᠴᠥᠭᠡᠨ ᠲᠣᠭᠠᠲᠤ ᠦᠨᠳᠦᠰᠦᠲᠡᠨ ᠤ ᠨᠠᠮ ᠤᠨ ᠭᠡᠰᠢᠭᠦᠨ ᠤ ᠨᠠᠮ ᠤᠨ ᠭᠡᠰᠢᠭᠦᠨ ᠤ ᠪᠦᠬᠦ ᠲᠣᠭᠠᠨ ᠤ | ᠳᠣᠲᠣᠷ᠎ᠠ ᠡᠵᠡᠯᠡᠬᠦ ᠬᠠᠷᠢᠴᠠᠯ ᠠᠴᠠ ᠳᠣᠣᠷ᠎ᠠ ᠪᠠᠶᠢᠯᠭᠠᠵᠤ ᠪᠣᠯᠬᠤ ᠦᠭᠡᠢ︔ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠦᠨᠳᠦᠰᠦᠨ ᠱᠠᠲᠤᠨ ᠤ ᠲᠥᠯᠥᠭᠡᠯᠡᠭᠴᠢ ᠢᠯᠠᠩᠭᠤᠶ᠎ᠠ ᠨᠢᠭᠡᠳᠦᠭᠡᠷ ᠹᠷᠣᠨᠲ ᠤᠨ | ᠠᠵᠢᠯᠴᠢᠨ᠂ ᠲᠠᠷᠢᠶᠠᠴᠢᠨ᠂ ᠲᠤᠰᠬᠠᠶ ᠮᠡᠷᠭᠡᠵᠢᠯ ᠤᠨ ᠠᠵᠢᠯᠳᠠᠨ ᠤ ᠲᠥᠯᠥᠭᠡᠯᠡᠭᠴᠢ ᠶᠢᠨ ᠬᠠᠷᠢᠴᠠᠯ ᠢ ᠵᠣᠬᠢᠰᠲᠠᠶ ᠪᠠᠷ | ᠳᠡᠭᠡᠭᠰᠢᠯᠡᠭᠦᠯᠵᠦ᠂ ᠡᠮᠡᠭᠲᠡᠶ ᠲᠥᠯᠥᠭᠡᠯᠡᠭᠴᠢ ᠶᠢᠨ ᠬᠠᠷᠢᠴᠠᠯ ᠢ ᠵᠠᠷᠴᠢᠮ ᠳᠡᠭᠡᠷ᠎ᠡ ᠪᠠᠨ ᠳᠡᠭᠡᠷ᠎ᠡ ᠨᠢᠭᠡ | ᠬᠤᠭᠤᠴᠠᠭᠠᠨ ᠤ ᠬᠢ ᠠᠴᠠ ᠥᠨᠳᠥᠷ ᠪᠠᠶᠢᠯᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠬᠤ ᠳᠠᠭᠠᠨ ᠨᠢᠭᠡᠳᠦᠯᠲᠡᠶ ᠲᠥᠯᠥᠪᠯᠡᠨ ᠨᠡᠶᠢᠳᠡ ᠳᠤᠨᠢ | ᠬᠠᠷᠠᠭᠠᠯᠵᠠᠵᠤ᠂ ᠬᠠᠷᠢᠴᠠᠯ ᠨᠢ ᠭᠡᠳᠤ ᠥᠨᠳᠥᠷ ᠪᠣᠯᠬᠤ ᠶᠢ ᠰᠡᠷᠭᠡᠶᠢᠯᠡᠬᠦ ᠬᠡᠷᠡᠭᠲᠡᠶ︔ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠢ ᠨᠢᠭᠡᠳᠦᠯᠲᠡᠶ ᠲᠥᠯᠥᠪᠵᠢᠭᠦᠯᠦᠨ ᠲᠡᠩᠴᠡᠭᠦᠷᠢᠲᠡᠶ ᠪᠠᠶᠢᠯᠭᠠᠬᠤ ᠶᠢ ᠠᠩᠬᠠᠷᠴᠤ᠂ ᠨᠠᠮ ᠤᠨ | ᠭᠠᠳᠠᠨᠠᠬᠢ ᠲᠥᠯᠥᠭᠡᠯᠡᠭᠴᠢ ᠬᠥᠮᠦᠰ ᠤᠨ ᠬᠠᠷᠢᠴᠠᠯ ᠢ ᠪᠠᠲᠤᠯᠠᠵᠤ᠂ ᠡᠮᠡᠭᠲᠡᠶ ᠭᠡᠰᠢᠭᠦᠳ ᠢ ᠵᠣᠬᠢᠬᠤ ᠬᠠᠷᠢᠴᠠᠯ ᠲᠠᠢ | ᠪᠠᠶᠢᠯᠭᠠᠨ᠎ᠠ᠃ ᠲᠥᠯᠥᠭᠡᠯᠡᠬᠦ ᠴᠢᠨᠠᠷ ᠤᠨ ᠲᠠᠯ᠎ᠠ ᠪᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠴᠢᠬᠤᠯᠠ ᠶᠡᠭᠡ ᠡᠭᠦᠷᠭᠡ ᠶᠢᠨ ᠳᠤᠮᠳᠠ ᠲᠤᠪᠤᠶᠢᠮ᠎ᠠ | ᠢᠯᠡᠷᠡᠯ ᠲᠠᠢ ᠰᠢᠯᠢᠳᠡᠭ ᠬᠥᠮᠦᠰ ᠢᠶᠠᠷ ᠵᠢᠱᠢᠭᠳᠡᠭᠴᠢ ᠪᠠᠨ ᠪᠣᠯᠭᠠᠬᠤ ᠪᠠᠷ ᠢᠳᠡᠪᠬᠢᠲᠡᠢ ᠲᠠᠨᠢᠯᠴᠠᠭᠤᠯᠵᠤ᠂ ᠰᠢᠨ᠎ᠡ | ᠨᠡᠶᠢᠭᠡᠮ ᠤᠨ ᠳᠠᠪᠬᠤᠷᠭ᠎ᠠ ᠶᠢᠨ ᠬᠥᠮᠦᠰ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠠᠵᠢᠯ ᠡᠷᠬᠢᠯᠡᠭᠰᠡᠳ ᠤᠨ | ᠳᠤᠮᠳᠠ ᠠᠴᠠ ᠲᠥᠯᠥᠭᠡᠯᠡᠭᠴᠢ᠂ ᠭᠡᠰᠢᠭᠦᠨ ᠰᠣᠩᠭᠤᠨ ᠭᠠᠷᠭᠠᠬᠤ ᠶᠢ ᠠᠩᠬᠠᠷᠤᠨ᠎ᠠ᠃ | 3. ᠵᠣᠬᠢᠶᠠᠨ ᠪᠠᠶᠢᠭᠤᠯᠤᠯᠲᠠ ᠶᠢᠨ ᠬᠢᠨᠠᠨ ᠬᠠᠷᠭᠤᠭᠤᠯᠤᠯᠲᠠ ᠶᠢᠨ ᠪᠣᠭᠤᠮᠲᠠ ᠶᠢ ᠴᠢᠩᠭᠠᠳᠬᠠᠨ᠎ᠠ᠃ | ᠪᠡᠶ᠎ᠡ ᠶᠢᠨ ᠭᠠᠷᠤᠯ ᠤᠨ ᠪᠣᠭᠤᠮᠲᠠ ᠶᠢ ᠴᠢᠩᠭ᠎ᠠ ᠠᠳᠬᠤᠵᠤ᠂ ᠵᠢᠱᠢᠭᠳᠡᠭᠴᠢ ᠶᠢᠨ ᠬᠢᠷᠢ ᠬᠡᠮ ᠢ ᠬᠠᠮᠲᠤᠷᠠᠨ | ᠬᠢᠨᠠᠬᠤ ᠲᠣᠭᠲᠠᠴᠠ ᠶᠢ ᠪᠠᠶᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠠ | ᠵᠣᠬᠢᠶᠠᠨ ᠪᠠᠶᠢᠭᠤᠯᠤᠯᠲᠠ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠤᠨ | ᠡᠭᠦᠷᠭᠡ ᠴᠢᠳᠠᠪᠤᠷᠢ ᠶᠢᠨ ᠦᠢᠯᠡᠳᠦᠯ ᠢ ᠪᠠᠳᠠᠷᠠᠭᠤᠯᠵᠤ᠂ ᠵᠢᠱᠢᠭᠳᠡᠭᠴᠢ ᠶᠢᠨ ᠪᠡᠶ᠎ᠡ ᠶᠢᠨ ᠭᠠᠷᠤᠯ ᠢ ᠣᠨᠣᠪᠴᠢᠲᠠᠢ | ᠮᠠᠭᠠᠳᠯᠠᠨ ᠲᠣᠭᠲᠠᠭᠠᠬᠤ ᠶᠢᠨ ᠬᠠᠮᠲᠤ ᠵᠣᠬᠢᠬᠤ ᠬᠡᠪᠴᠢᠶᠡᠨ ᠳᠤ ᠵᠠᠷᠯᠠᠨ ᠨᠡᠶᠢᠲᠡᠯᠡᠵᠦ᠂ ᠦᠨᠡᠨ ᠬᠤᠳᠠᠯ ᠢ ᠠᠯᠳᠠᠵᠤ | ᠦᠨᠡᠨ ᠬᠤᠳᠠᠯ ᠢ ᠠᠯᠳᠠᠬᠤ ᠠᠴᠠ ᠵᠠᠶᠢᠯᠠᠰᠬᠢᠵᠦ᠂ ᠬᠤᠳᠠᠯ ᠬᠡᠯᠡᠵᠦ ᠬᠠᠭᠤᠷᠮᠠᠭ ᠢᠶᠠᠷ ᠦᠢᠯᠡᠳᠬᠦ ᠶᠢ ᠰᠡᠷᠭᠡᠶᠢᠯᠡᠬᠦ | ᠬᠡᠷᠡᠭᠲᠡᠢ᠃ | 4. ᠶᠡᠭᠡ ᠬᠤᠷᠠᠯ ᠤᠨ ᠰᠣᠩᠭᠤᠭᠤᠯᠢ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ᠎ᠠ᠃ | ᠡᠨᠡ ᠵᠢᠯ᠂ ᠨᠠᠮ ᠤᠨ ᠲᠥᠪ ᠬᠤᠷᠢᠶ᠎ᠠ ᠠᠴᠠ ᠣᠷᠣᠨ ᠨᠤᠲᠤᠭ ᠤᠨ ᠨᠠᠮ ᠤᠨ ᠵᠣᠬᠢᠶᠠᠨ ᠪᠠᠶᠢᠭᠤᠯᠤᠯᠲᠠ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠶᠢᠨ ᠠᠵᠢᠯ ᠤᠨ ᠲᠦᠷᠢᠮ ᠳᠤ | ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠪᠠ᠂ ᠡᠨᠡ ᠪᠣᠯ ᠨᠠᠮ ᠤᠨ ᠳᠣᠲᠣᠭᠠᠳᠤ ᠶᠢᠨ ᠰᠣᠩᠭᠤᠭᠤᠯᠢ ᠶᠢᠨ | ᠦᠢᠯᠡᠳᠦᠯᠭᠡ ᠶᠢᠨ ᠰᠦᠪᠡᠭᠴᠢᠯᠡᠯᠳᠡ ᠪᠠ ᠲᠦᠷᠢᠮ ᠤᠨ ᠪᠠᠶᠢᠭᠤᠯᠤᠯᠲᠠ ᠶᠢᠨ ᠴᠢᠬᠤᠯᠠ ᠦᠷ᠎ᠡ ᠪᠦᠲᠦᠭᠡᠯ ᠮᠥᠨ᠂ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠳᠤᠮᠳᠠ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠬᠦ | ᠬᠡᠷᠡᠭᠲᠡᠢ᠃ | ᠬᠠᠤᠯᠢ ᠳᠦᠷᠢᠮ ᠶᠣᠰᠣᠭᠠᠷ ᠠᠵᠢᠯᠯᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ | ᠵᠠᠰᠠᠬᠤ ᠠᠷᠭ᠎ᠠ ᠮᠠᠶ᠋ᠢᠭ ᠢ ᠴᠢᠳᠠᠮᠠᠭᠠᠶ ᠬᠡᠷᠡᠭᠯᠡᠨ ᠬᠤᠭᠤᠴᠠᠭ᠎ᠠ ᠰᠣᠯᠢᠬᠤ ᠠᠵᠢᠯ ᠢ ᠠᠬᠢᠭᠤᠯᠵᠤ᠂ ᠬᠠᠤᠯᠢ ᠴᠠᠭᠠᠵᠠ | ᠪᠠ ᠲᠦᠷᠢᠮ ᠢ ᠴᠢᠳᠠᠮᠠᠭᠠᠶ ᠬᠡᠷᠡᠭᠯᠡᠨ ᠰᠣᠩᠭᠤᠭᠤᠯᠢ ᠶᠢᠨ ᠳᠤᠮᠳᠠ ᠲᠣᠬᠢᠶᠠᠯᠳᠤᠭᠰᠠᠨ ᠠᠰᠠᠭᠤᠳᠠᠯ ᠢ ᠰᠢᠢᠳᠪᠦᠷᠢᠯᠡᠵᠦ | ᠂ ᠬᠠᠤᠯᠢ ᠴᠠᠭᠠᠵᠠ ᠶᠢᠨ ᠵᠢᠷᠤᠮ ᠢᠶᠠᠷ ᠳᠠᠮᠵᠢᠭᠤᠯᠤᠨ ᠨᠠᠮ ᠤᠨ ᠬᠤᠷᠢᠶᠠᠨ ᠤ ᠵᠣᠷᠢᠯᠲᠠ ᠶᠢ ᠴᠢᠳᠠᠮᠠᠭᠠᠶ ᠪᠠᠷ | ᠪᠡᠶᠡᠯᠡᠭᠦᠯᠬᠦ ᠶᠢᠨ ᠬᠠᠮᠲᠤ ᠶᠠᠷᠢᠶ᠎ᠠ ᠬᠡᠯᠡᠯᠴᠡᠭᠡᠨ ᠤ ᠠᠶᠤᠯ ᠲᠦᠭᠰᠢᠭᠦᠷᠢ ᠶᠢ ᠬᠢᠨᠠᠨ ᠬᠡᠮᠵᠢᠬᠦ᠂ ᠤᠷᠢᠳᠴᠢᠯᠠᠨ | ᠰᠡᠷᠡᠮᠵᠢᠯᠡᠭᠦᠯᠬᠦ ᠪᠠ ᠠᠷᠭᠠᠴᠠᠬᠤ ᠲᠣᠭᠲᠠᠴᠠ ᠶᠢ ᠪᠦᠷᠢᠨᠰᠢᠬᠦᠯᠵᠤ᠂ ᠬᠠᠤᠯᠢ ᠶᠣᠰᠣᠭᠠᠷ ᠰᠢᠢᠳᠪᠦᠷᠢᠯᠡᠬᠦ᠂ ᠶᠠᠷᠢᠶ᠎ᠠ | ᠬᠡᠯᠡᠯᠴᠡᠭᠡ ᠪᠠᠷ ᠬᠥᠲᠥᠯᠥᠨ ᠵᠢᠯᠣᠭᠤᠳᠬᠤ᠂ ᠨᠡᠶᠢᠭᠡᠮ ᠤᠨ ᠲᠠᠯ᠎ᠠ ᠠᠴᠠ ᠬᠠᠮᠢᠶᠠᠷᠤᠨ ᠡᠵᠡᠮᠳᠡᠬᠦ ᠶᠢ ᠵᠡᠷᠭᠡ ᠪᠠᠷ | ᠲᠦᠯᠬᠢᠨ ᠠᠬᠢᠭᠤᠯᠬᠤ ᠶᠢ ᠪᠠᠷᠢᠮᠲᠠᠯᠠᠵᠤ᠂ ᠰᠣᠩᠭᠤᠭᠤᠯᠢ ᠶᠢᠨ ᠠᠵᠢᠯ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ | ᠠᠭᠤᠷ ᠠᠮᠢᠰᠬᠤᠯ ᠪᠠ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠵᠤ ᠥᠭᠭᠦᠨ᠎ᠡ᠃ |