︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾ | ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠤᠨ | ᠲᠣᠭᠲᠠᠭᠠᠯ ᠢ ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ ᠪᠠᠷ᠂ ᠬᠤᠲᠠ ᠶᠢᠨ ᠨᠠᠮ ᠤᠨ | ᠬᠤᠷᠢᠶᠠᠨ ᠤ ᠠᠷᠪᠠᠨ ᠨᠢᠭᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ 2021 ᠣᠨ ᠤ 11 ᠰᠠᠷ᠎ᠠ ᠶᠢᠨ 22 ᠤᠨ | ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ ᠬᠤᠤᠯᠢᠩᠭᠤᠤᠯ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠠᠮᠤ ᠪᠤᠳᠠᠭᠠᠨ ᠳᠤ ᠬᠤᠯᠪᠣᠭᠳᠠᠭᠰᠠᠨ ᠤᠯᠤᠰ ᠤᠨ ᠥᠮᠴᠢᠯᠡᠯ ᠤᠨ ᠠᠵᠤ | ᠠᠬᠤᠶᠢᠯᠠᠯ᠂ ᠦᠨᠳᠦᠰᠦᠨ ᠱᠠᠲᠤᠨ ᠤ ᠠᠮᠤ ᠪᠤᠳᠠᠭᠠᠨ ᠤ ᠬᠥᠮᠥᠷᠭᠡ ᠵᠡᠷᠭᠡ ᠰᠠᠯᠠᠭ᠎ᠠ ᠮᠥᠴᠢᠷ ᠨᠢᠭᠡᠴᠡ ᠳᠤ ᠠᠮᠤ | ᠪᠤᠳᠠᠭᠠᠨ ᠤ ᠠᠰᠠᠭᠤᠳᠠᠯ ᠳᠤ ᠬᠤᠯᠪᠣᠭᠳᠠᠭᠰᠠᠨ ᠲᠤᠰᠬᠠᠶ ᠴᠠᠭᠳᠠᠨ ᠪᠠᠶᠢᠴᠠᠭᠠᠯᠲᠠ ᠥᠷᠨᠢᠭᠦᠯᠦᠨ᠎ᠡ᠃ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠲᠣᠭᠤᠷᠢᠨ ᠪᠠᠶᠢᠴᠠᠭᠠᠬᠤ ᠬᠤᠭᠤᠴᠠᠭᠠᠨ ᠳᠤ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠬᠢᠨ ᠭᠤᠣᠯᠳᠠᠭᠤ ᠠᠮᠤ ᠪᠤᠳᠠᠭᠠᠨ ᠤ ᠠᠵᠢᠯ ᠳᠤ ᠬᠤᠯᠪᠣᠭᠳᠠᠭᠰᠠᠨ ᠬᠤᠯᠪᠣᠭᠳᠠᠯ | ᠪᠦᠬᠦᠢ ᠠᠰᠠᠭᠤᠳᠠᠯ ᠢ ᠬᠦᠯᠢᠶᠡᠨ ᠠᠪᠴᠤ ᠰᠢᠢᠳᠪᠦᠷᠢᠯᠡᠵᠠᠢ᠂ ᠭᠤᠣᠯᠳᠠᠯᠭ᠎ᠠ ᠨᠢ ᠨᠠᠮ ᠤᠨ ᠭᠡᠰᠢᠭᠦᠨ ᠺᠠᠳ᠋ᠷᠴᠤᠳ ᠤᠨ | ᠠᠮᠤ ᠪᠤᠳᠠᠭᠠᠨ ᠤ ᠠᠵᠢᠯ ᠳᠤ ᠬᠤᠯᠪᠣᠭᠳᠠᠭᠰᠠᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ | ᠠᠰᠠᠭᠤᠳᠠᠯ᠂ ᠢᠯᠠᠩᠭᠤᠶ᠎ᠠ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠳᠠᠬᠢ ᠢᠯᠵᠠᠷᠠᠯ ᠤᠨ | ᠠᠰᠠᠭᠤᠳᠠᠯ ᠪᠣᠯᠤᠨ᠎ᠠ᠃ ᠠᠮᠤ ᠪᠤᠳᠠᠭᠠᠨ ᠤ ᠠᠰᠠᠭᠤᠳᠠᠯ ᠳᠤ ᠥᠯᠥ ᠬᠠᠷᠢᠶᠠᠯᠠᠭᠳᠠᠬᠤ ᠪᠤᠰᠤᠳ ᠵᠠᠬᠢᠳᠠᠯ | ᠰᠤᠷᠪᠤᠯᠵᠢᠯᠠᠭ᠎ᠠ ᠶᠢᠨ ᠲᠤᠰᠬᠠᠯ ᠢ ᠲᠣᠭᠲᠠᠭᠠᠯ ᠶᠣᠰᠣᠭᠠᠷ ᠬᠤᠲᠠ ᠪᠣᠯᠤᠨ ᠬᠤᠯᠪᠣᠭᠳᠠᠯ ᠪᠦᠬᠦᠢ ᠬᠤᠰᠢᠭᠤ ᠰᠢᠶᠠᠨ ︵ | ᠬᠤᠲᠠ᠂ ᠲᠣᠭᠤᠷᠢᠭ︶ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠳᠤ ᠰᠢᠯᠵᠢᠭᠦᠯᠦᠨ ᠲᠤᠰᠢᠶᠠᠵᠤ | ᠰᠢᠢᠳᠪᠦᠷᠢᠯᠡᠬᠦᠯᠦᠨ᠎ᠡ᠃ | ᠴᠠᠭᠳᠠᠨ ᠪᠠᠶᠢᠴᠠᠭᠠᠬᠤ ᠬᠤᠭᠤᠴᠠᠭᠠᠨ ᠳᠤ᠂ ᠴᠠᠭᠳᠠᠨ ᠪᠠᠶᠢᠴᠠᠭᠠᠬᠤ ᠳᠤᠭᠤᠶᠢᠯᠠᠩ ᠵᠠᠬᠢᠳᠠᠯ ᠰᠤᠷᠪᠤᠯᠵᠢᠯᠠᠭ᠎ᠠ ᠶᠢ | ᠬᠦᠯᠢᠶᠡᠨ ᠠᠪᠬᠤ ᠴᠣᠩᠬᠤ᠂ ᠡᠯᠧᠺᠲᠷᠣᠨ ᠰᠢᠦᠳᠠᠨ ᠤ ᠬᠠᠶᠢᠷᠴᠠᠭ᠂ ᠬᠠᠷᠢᠯᠴᠠᠬᠤ ᠵᠠᠬᠢᠳᠠᠯ ᠤᠨ ᠬᠠᠶᠢᠷᠴᠠᠭ | ᠭᠠᠷᠭᠠᠵᠤ᠂ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ ᠳ᠋ᠢᠶᠠᠩᠬᠤᠸᠠ ᠶᠢ ᠨᠡᠪᠲᠡᠷᠡᠭᠦᠯᠵᠦ᠂ ᠤᠯᠠᠨ | ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠤᠨ᠎ᠠ᠃ | 1᠂ ᠢᠯᠡᠴᠢᠯᠡᠨ ᠮᠡᠳᠡᠭᠦᠯᠬᠦ ᠤᠲᠠᠰᠤ᠄ 16647589005 | 2. ᠡᠯᠧᠺᠲᠷᠣᠨ ᠰᠢᠦᠳᠠᠨ ᠬᠠᠶᠢᠷᠴᠠᠭ᠄ 16647589005@wo.cn | 3. ᠰᠤᠷᠪᠤᠯᠵᠢᠯᠠᠭ᠎ᠠ ᠶᠢ ᠭᠥᠯᠢᠶᠡᠨ ᠠᠪᠬᠤ ᠭᠠᠵᠠᠷ᠄ ᠬᠤᠤᠯᠢᠨ ᠭᠤᠤᠯ ᠬᠤᠲᠠ ᠶᠢᠨ ᠵᠠᠰᠠᠭ ᠵᠠᠬᠢᠷᠭᠠᠨ ᠤ ᠲᠥᠪ ᠤᠨ | 1312 ᠲᠠᠰᠤᠭ | ᠬᠦᠯᠢᠶᠡᠨ ᠠᠪᠴᠤ ᠰᠢᠢᠳᠪᠦᠷᠢᠯᠡᠬᠦ ᠤᠲᠠᠰᠤᠨ ᠤ ᠴᠠᠭ ᠨᠢ᠄ ᠠᠵᠢᠯ ᠤᠨ ᠡᠳᠦᠷ ᠤᠨ ᠦᠳᠡ ᠶᠢᠨ ᠡᠮᠦᠨᠡᠬᠢ 8᠄ | 30 ᠦᠳᠡ ᠶᠢᠨ ᠬᠤᠶᠢᠨᠠᠬᠢ 18᠄ 00᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ | ᠡᠳᠦᠷ ᠨᠢ 2021 ᠣᠨ ᠤ 12 ᠰᠠᠷ᠎ᠠ ᠶᠢᠨ 26 ᠤ ᠡᠳᠦᠷ ᠪᠣᠯᠤᠨ᠎ᠠ᠃ ᠥᠷᠭᠡᠨ ᠤᠯᠠᠨ ᠺᠠᠳ᠋ᠷ ᠤᠯᠠᠨ ᠲᠦᠮᠡᠨ ᠤ | ᠬᠤᠯᠪᠣᠭᠳᠠᠯ ᠪᠦᠬᠦᠢ ᠠᠰᠠᠭᠤᠳᠠᠯ ᠢ ᠲᠤᠰᠬᠠᠬᠤ ᠶᠢ ᠪᠠᠶᠠᠷᠯᠠᠨ ᠤᠭᠲᠤᠨ᠎ᠠ᠃ | ᠬᠤᠲᠠ ᠶᠢᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ | | 2021 ᠣᠨ ᠤ 11 ᠰᠠᠷ᠎ᠠ ᠶᠢᠨ 23 |