ᠬᠤᠤᠯᠢᠩᠭᠤᠤᠯ ᠤᠨ ᠨᠢᠰᠬᠡᠯ ᠤᠨ ᠪᠠᠭᠤᠳᠠᠯ ᠤᠨ ᠠᠶᠠᠨᠴᠢᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠤᠯᠤᠮᠵᠢ
ᠨᠡᠶᠢᠲᠡᠯᠡᠭᠰᠡᠨ ᠴᠠᠭ᠄
2021/11/30
 01    ᠮᠣᠷᠳᠠᠬᠤ ᠠᠶᠠᠨᠴᠢᠳ ᠤᠨ ᠬᠤᠯᠪᠣᠭᠳᠠᠯ ᠪᠦᠬᠦᠢ ᠲᠣᠭᠲᠠᠭᠠᠯ     ᠥᠷᠭᠡᠨ ᠣᠯᠠᠨ ᠠᠶᠠᠨᠴᠢᠳ ᠭᠠᠳᠠᠭᠰᠢ ᠭᠠᠷᠬᠤ ᠠᠴᠠ ᠪᠠᠨ ᠡᠮᠦᠨ᠎ᠡ᠂ ᠰᠠᠭᠤᠭᠰᠠᠨ ᠠᠭᠠᠷ ᠤᠨ ᠠᠶᠠᠯᠠᠯ ᠤᠨ ᠺᠣᠮᠫᠠᠨᠢ᠂ ᠭᠠᠳᠠᠭᠰᠢ ᠶᠠᠪᠤᠬᠤ ᠭᠠᠵᠠᠷ ᠵᠢᠴᠢ ᠵᠣᠷᠢᠭᠰᠠᠨ ᠭᠠᠵᠠᠷ ᠤᠨ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠠᠴᠠ ᠤᠷᠢᠳᠴᠢᠯᠠᠨ ᠠᠰᠠᠭᠤᠨ ᠯᠠᠪᠯᠠᠵᠤ᠂ ᠲᠤᠬᠠᠶ ᠶᠢᠨ ᠭᠠᠵᠠᠷ ᠤᠨ ᠬᠢᠵᠢᠭ ᠢ ᠰᠡᠷᠭᠡᠶᠢᠯᠡᠬᠦ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠤᠶᠢᠯᠠᠭᠠᠨ᠂ ᠬᠤᠯᠪᠣᠭᠳᠠᠯ ᠪᠥᠬᠦᠶ ᠪᠡᠯᠡᠳᠬᠡᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠶ     ᠬᠤᠤᠯᠢᠩᠭᠤᠤᠯ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠥᠷᠭᠡᠨ ᠣᠯᠠᠨ ᠠᠶᠠᠨᠴᠢᠳ ᠨᠢᠰᠬᠡᠯ ᠤᠨ ᠥᠷᠲᠡᠭᠡᠨ ᠳᠤ ᠣᠷᠣᠬᠤ ᠳᠠᠭᠠᠨ ᠠᠮᠠᠪᠴᠢ ᠵᠡᠭᠦᠵᠦ᠂ ᠡᠷᠡᠭᠦᠯ ᠮᠡᠨᠳᠦ ᠶᠢᠨ ᠨᠣᠮᠧᠷ᠂ ᠠᠶᠠᠯᠠᠯ ᠤᠨ ᠨᠣᠮᠧᠷ ᠢᠶᠠᠨ ᠤᠷᠢᠳᠴᠢᠯᠠᠨ ᠪᠡᠯᠡᠳᠬᠡᠵᠦ ︵ᠬᠥᠬᠡᠬᠤᠲᠠ ᠳᠤ ᠣᠴᠢᠬᠤ ᠠᠶᠠᠨᠴᠢᠳ ᠬᠥᠬᠡᠬᠤᠲᠠ ᠶᠢᠨ ᠴᠠᠭᠳᠠᠭᠠᠨ ᠤ ᠨᠣᠮᠧᠷ ᠢᠶᠠᠨ ᠬᠠᠩᠭᠠᠬᠤ ᠬᠡᠷᠡᠭᠲᠡᠶ︶᠂ ᠰᠠᠨᠠᠭᠠᠴᠢᠯᠠᠭ᠎ᠠ ᠠᠴᠠ ᠪᠠᠨ ᠠᠵᠢᠯᠲᠠᠳ ᠲᠤ ᠦᠵᠡᠭᠦᠯᠬᠦ ᠶᠢᠨ ᠬᠠᠮᠲᠤ ᠪᠡᠶ᠎ᠡ ᠶᠢᠨ ᠳᠤᠯᠠᠭᠠᠨ ᠤ ᠰᠢᠯᠭᠠᠨ ᠪᠠᠶᠢᠴᠠᠭᠠᠯᠲᠠ ᠶᠢ ᠬᠦᠯᠢᠶᠡᠬᠦ ᠬᠡᠷᠡᠭᠲᠡᠶ᠃    02    ᠢᠷᠡᠭᠰᠡᠨ ᠠᠶᠠᠨᠴᠢᠳ ᠤᠨ ᠲᠤᠬᠠᠶ ᠬᠤᠯᠪᠣᠭᠳᠠᠯ ᠪᠦᠬᠦᠢ ᠲᠣᠭᠲᠠᠭᠠᠯ   ᠬᠤᠤᠯᠢᠩᠭᠤᠤᠯ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠬᠤᠤᠯᠢᠩᠭᠤᠤᠯ ᠤᠨ ᠨᠢᠰᠬᠡᠯ ᠤᠨ ᠪᠠᠭᠤᠳᠠᠯ ᠳᠤ ᠬᠦᠷᠴᠦ ᠢᠷᠡᠭᠰᠡᠨ ᠪᠣᠶ ᠪᠥᠬᠦᠶ ᠠᠶᠠᠨᠴᠢᠳ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ᠂ ᠲᠣᠭᠲᠠᠭᠠᠯ ᠶᠣᠰᠣᠭᠠᠷ ᠪᠡᠶ᠎ᠡ ᠶᠢᠨ ᠳᠤᠯᠠᠭᠠᠨ ᠤ ᠪᠠᠶᠢᠴᠠᠭᠠᠯᠲᠠ᠂ ᠡᠷᠡᠭᠦᠯ ᠮᠡᠨᠳᠦ ᠶᠢᠨ ᠺᠣᠳ᠋ ᠤᠨ ᠪᠠᠶᠢᠴᠠᠭᠠᠯᠲᠠ ᠵᠢᠴᠢ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃ 48 ᠴᠠᠭ ᠤᠨ  ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠠᠪᠴᠤ ᠶᠠᠪᠤᠭ᠎ᠠ ᠥᠬᠡᠶ ᠠᠶᠠᠨᠴᠢᠳ ᠲᠤᠬᠠᠶ ᠶᠢᠨ ᠭᠠᠵᠠᠷ ᠲᠠᠭᠠᠨ ᠪᠦᠭᠡᠮ ᠬᠦᠴᠢᠯ ᠤᠨ ᠪᠠᠶᠢᠴᠠᠭᠠᠯᠲᠠ ᠶᠢᠨ ᠲᠠᠯᠠᠪᠤᠷ ᠲᠤ ᠴᠥᠮ᠎ᠡ ᠶᠢᠨ ᠬᠦᠴᠢᠯ ᠤᠨ ᠪᠠᠶᠢᠴᠠᠭᠠᠯᠲᠠ ᠬᠢᠵᠦ᠂ ︽ᠪᠦᠭᠡᠮ ᠬᠦᠴᠢᠯ ᠤᠨ ᠥᠯᠢᠭᠡᠷ ᠠᠪᠬᠤ ᠺᠠᠷᠲ︾ ︵ᠬᠦᠴᠦᠨ ᠲᠠᠢ ᠬᠤᠭᠤᠴᠠᠭ᠎ᠠ ᠨᠢ 2 ᠡᠳᠦᠷ︶ ᠠᠪᠤᠨ᠎ᠠ᠃     ᠳᠤᠮᠳᠠ᠂ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠬᠤᠤᠯᠢᠩᠭᠤᠤᠯ ᠬᠥᠷᠬᠦ ᠠᠶᠠᠨᠴᠢᠳ ᠬᠤᠤᠯᠢᠩᠭᠤᠤᠯ ᠬᠤᠲᠠ ᠶᠢᠨ ᠬᠢᠵᠢᠭ ᠢ ᠰᠡᠷᠭᠡᠶᠢᠯᠡᠬᠦ ᠬᠠᠮᠤᠭ ᠤᠨ ᠰᠢᠨ᠎ᠡ ᠠᠯᠪᠠᠨ ᠵᠠᠷ ᠵᠢᠴᠢ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠭᠡᠷᠡᠶ᠃ 03      ᠬᠤᠤᠯᠢᠩᠭᠤᠤᠯ ᠬᠤᠲᠠ ᠶᠢᠨ ᠬᠢᠵᠢᠭ ᠢ ᠰᠡᠷᠭᠡᠶᠢᠯᠡᠬᠦ ᠬᠠᠮᠤᠭ ᠤᠨ ᠰᠢᠨ᠎ᠡ ᠱᠠᠭᠠᠷᠳᠠᠯᠭ᠎ᠠ᠄ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠠᠴᠢᠮ ᠵᠠᠷᠯᠠᠯ     ᠣᠳᠣᠬᠠᠨ ᠳᠤ ᠤᠯᠤᠰ ᠤᠨ ᠳᠣᠲᠣᠭᠠᠳᠤ ᠶᠢᠨ ᠣᠯᠠᠨ ᠭᠠᠵᠠᠷ ᠲᠤ ᠲᠣᠰ ᠭᠠᠵᠠᠷ ᠤᠨ ᠡᠪᠡᠳᠴᠢᠨ ᠤ ᠵᠢᠱᠢᠶ᠎ᠡ ᠡᠭᠦᠰᠴᠦ᠂ 11 ᠰᠠᠷ᠎ᠠ ᠶᠢᠨ 29 ᠤ ᠡᠳᠦᠷ᠂ ᠲᠦᠩᠯᠢᠶᠣᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ︽ᠬᠤᠷᠴᠢᠨ ᠲᠣᠭᠤᠷᠢᠭ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠰᠠᠨ 1 ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ 1 ᠬᠠᠯᠳᠠᠪᠤᠷᠢᠯᠠᠭᠴᠢ ᠶᠢ ᠣᠨᠣᠰᠢᠯᠠᠭᠰᠠᠨ︾ ᠠᠯᠪᠠᠨ ᠵᠠᠷ ᠨᠡᠶᠢᠲᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠤ ᠪᠥᠭᠡᠳ ᠪᠤᠳᠤᠯᠢᠶᠠᠨᠲᠠᠶ ᠪᠠᠶᠢᠨ᠎ᠠ᠃ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠣᠷᠣᠵᠤ ᠢᠷᠡᠬᠦ ᠪᠠ ᠬᠠᠯᠳᠠᠪᠤᠷᠢᠯᠠᠬᠤ ᠲᠦᠭᠰᠢᠭᠦᠷᠢ ᠶᠢ ᠡᠷᠡᠰ ᠲᠠᠰᠤᠯᠬᠤ ᠶᠢᠨ ᠬᠠᠮᠲᠤ ᠠᠷᠢᠯᠭᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄       ᠨᠢᠭᠡ᠂ ᠣᠶᠢᠷ᠎ᠠ ᠶᠢᠨ ᠠᠷᠪᠠᠨ ᠳᠥᠷᠪᠡᠨ ᠡᠳᠦᠷ ᠤᠨ ᠳᠣᠲᠣᠷ᠎ᠠ᠂ ᠳᠤᠮᠳᠠ ᠵᠡᠷᠭᠡ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠬᠤᠤᠯᠢᠩᠭᠤᠤᠯ ᠳᠤ ᠢᠷᠡᠭᠰᠡᠨ ᠬᠥᠮᠦᠰ᠂ ᠢᠯᠠᠩᠭᠤᠶ᠎ᠠ ᠮᠠᠨᠵᠤᠤᠷ ᠬᠤᠲᠠ ᠪᠣᠯᠤᠨ ᠲᠦᠩᠯᠢᠶᠣᠤ ᠬᠤᠲᠠ ᠶᠢᠨ ᠣᠨᠣᠰᠢᠯᠠᠭᠰᠠᠨ ᠡᠪᠡᠳᠴᠢᠲᠡᠨ ᠲᠠᠢ ᠭᠠᠵᠠᠷ ᠳᠠᠪᠬᠤᠴᠠᠭᠰᠠᠨ ᠪᠠᠶᠢᠪᠠᠯ᠂ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠤᠶᠤ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠷᠦ᠋ᠢᠬᠠᠨ ᠮᠡᠳᠡᠭᠦᠯᠵᠦ᠂ ᠲᠥᠷᠥᠯ ᠬᠤᠪᠢᠶᠠᠨ ᠬᠠᠮᠢᠶᠠᠷᠬᠤ ᠵᠠᠷᠴᠢᠮ ᠶᠣᠰᠣᠭᠠᠷ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠬᠡᠷᠪᠡ ᠮᠡᠳᠡᠭᠦᠯᠬᠦ ᠥᠬᠡᠶ ᠨᠢᠭᠤᠭᠰᠠᠨ᠂ ᠤᠳᠠᠭᠠᠰᠢᠷᠠᠭᠤᠯᠤᠨ ᠮᠡᠳᠡᠭᠦᠯᠦᠭᠰᠡᠨ ᠠᠴᠠ ᠪᠣᠯᠵᠣ ᠦᠷ᠎ᠡ ᠤᠷᠰᠢᠭ ᠲᠠᠲᠠᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ ᠬᠥᠮᠦᠰ ᠠᠴᠠ ᠬᠠᠷᠢᠭᠤᠴᠠᠯᠭ᠎ᠠ ᠨᠡᠬᠡᠮᠵᠢᠯᠡᠨ᠎ᠡ᠃    ᠬᠤᠶᠠᠷ᠂ ᠣᠶᠢᠷ᠎ᠠ ᠶᠢᠨ ᠠᠷᠪᠠᠨ ᠳᠥᠷᠪᠡᠨ ᠡᠳᠦᠷ ᠤᠨ ᠳᠣᠲᠣᠷ᠎ᠠ᠂ ᠬᠤᠤᠯᠢᠩᠭᠤᠤᠯ ᠬᠤᠲᠠ ᠶᠢᠨ ᠭᠠᠳᠠᠨ᠎ᠠ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠪᠠᠷ ᠳᠡᠮᠵᠢᠨ ᠮᠠᠨ ᠤ ᠬᠤᠲᠠ ᠳᠤ ᠣᠷᠣᠵᠤ ᠢᠷᠡᠬᠦ ᠬᠥᠮᠦᠰ 48 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠦᠯᠦᠯᠲᠡ ᠲᠠᠢ ᠪᠠᠶᠢᠬᠤ ᠬᠡᠷᠡᠭᠲᠡᠶ᠃ 48 ᠴᠠᠭ ᠤᠨ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠠᠪᠴᠤ ᠶᠠᠪᠤᠭ᠎ᠠ ᠥᠬᠡᠶ ᠠᠶᠠᠨᠴᠢᠳ ᠲᠤᠬᠠᠶ ᠶᠢᠨ ᠭᠠᠵᠠᠷ ᠲᠠᠭᠠᠨ ᠪᠦᠭᠡᠮ ᠬᠦᠴᠢᠯ ᠤᠨ ᠪᠠᠶᠢᠴᠠᠭᠠᠯᠲᠠ ᠶᠢᠨ ᠲᠠᠯᠠᠪᠤᠷ ᠲᠤ ᠪᠦᠭᠡᠮ ᠬᠦᠴᠢᠯ ᠤᠨ ᠪᠠᠶᠢᠴᠠᠭᠠᠯᠲᠠ ᠬᠢᠵᠦ᠂ ︽ᠪᠦᠭᠡᠮ ᠬᠦᠴᠢᠯ ᠤᠨ ᠥᠯᠢᠭᠡᠷ ᠠᠪᠬᠤ ᠺᠠᠷᠲ︾ ︵ᠬᠦᠴᠦᠨ ᠲᠠᠢ ᠬᠤᠭᠤᠴᠠᠭ᠎ᠠ ᠨᠢ 2 ᠡᠳᠦᠷ︶ ᠠᠪᠤᠨ᠎ᠠ᠃        ᠭᠤᠷᠪᠠ᠂ ᠣᠶᠢᠷ᠎ᠠ ᠶᠢᠨ ᠠᠷᠪᠠᠨ ᠳᠥᠷᠪᠡᠨ ᠡᠳᠦᠷ ᠤᠨ ᠳᠣᠲᠣᠷ᠎ᠠ᠂ ᠬᠤᠤᠯᠢᠩᠭᠤᠤᠯ ᠬᠤᠲᠠ ᠶᠢᠨ ᠬᠢᠯᠢ ᠠᠴᠠ ᠭᠠᠳᠠᠨ᠎ᠠ᠂ ᠥᠪᠡᠷ ᠲᠡᠭᠡᠨ ᠲᠡᠷᠭᠡ ᠵᠢᠯᠤᠭᠤᠳᠴᠦ ᠢᠷᠡᠭᠰᠡᠨ‌ᠬᠤᠤᠯᠢᠩᠭᠤᠤᠯ ᠬᠤᠲᠠ ᠶᠢᠨ ᠬᠥᠮᠦᠰ 48 ᠴᠠᠭ ᠤᠨ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠶ᠃ 48 ᠴᠠᠭ ᠤᠨ ᠳᠣᠲᠣᠷ᠎ᠠ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠦᠯᠦᠯᠲᠡ ᠶᠢ ᠠᠪᠴᠤ ᠶᠠᠪᠤᠭ᠎ᠠ ᠥᠬᠡᠶ ᠬᠥᠮᠦᠰ ᠥᠪᠡᠷᠲᠡᠭᠡᠨ ᠪᠦᠭᠡᠮ ᠬᠦᠴᠢᠯ ᠤᠨ ᠪᠠᠶᠢᠴᠠᠭᠠᠯᠲᠠ ᠬᠢᠵᠦ᠂ ︽ᠪᠦᠭᠡᠮ ᠬᠦᠴᠢᠯ ᠤᠨ ᠥᠯᠢᠭᠡᠷ ᠠᠪᠬᠤ ᠺᠠᠷᠲ ︾ ︵ᠬᠦᠴᠦᠨ ᠲᠠᠢ ᠬᠤᠭᠤᠴᠠᠭ᠎ᠠ ᠨᠢ 2 ᠡᠳᠦᠷ︶ ᠠᠪᠬᠤ ᠬᠡᠷᠡᠭᠲᠡᠶ᠃ ᠤᠤᠯ ᠤᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠶᠢᠨ ᠬᠤᠷᠢᠶ᠎ᠠ ᠶᠢᠨ ᠳᠣᠲᠣᠷᠠᠬᠢ ᠪᠥᠭᠡᠮ ᠬᠦᠴᠢᠯ ᠤᠨ ᠥᠯᠢᠭᠡᠷ ᠠᠪᠬᠤ ᠴᠠᠭ ︵ᠰᠦᠢᠳᠭᠡᠯ ᠬᠤᠷᠢᠶᠠᠬᠤ ᠥᠬᠡᠶ ᠪᠠᠷ ᠪᠠᠶᠢᠴᠠᠭᠠᠨ ᠰᠢᠯᠭᠠᠬᠤ︶᠄ 08᠄ 30 — 11᠄ 30︔ 14᠄ 30 — 17᠄ 00᠃ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠪᠥᠭᠡᠮ ᠬᠦᠴᠢᠯ ᠤᠨ ᠥᠯᠢᠭᠡᠷ ᠠᠪᠬᠤ ᠴᠠᠭ ︵ᠬᠤᠪᠢ ᠶᠢᠨ ᠵᠠᠷᠤᠳᠠᠯ ᠢᠶᠠᠷ ᠪᠠᠶᠢᠴᠠᠭᠠᠨ ᠰᠢᠯᠭᠠᠬᠤ︶᠄ ᠪᠦᠬᠦᠯᠢ ᠡᠳᠦᠷ᠃          ᠲᠦᠷᠪᠡ᠂ ᠤᠢᠢᠷ᠎ᠠ ᠶᠢᠨ ᠠᠷᠪᠠᠨ ᠲᠦᠷᠪᠡᠨ ᠡᠳᠦᠷ ᠤᠨ ᠳᠣᠲᠣᠷ᠎ᠠ᠂ ᠬᠤᠤᠯᠢᠩᠭᠤᠤᠯ ᠬᠤᠲᠠ ᠶᠢᠨ ᠬᠢᠯᠢ ᠶᠢᠨ ᠭᠠᠳᠠᠨ᠎ᠠ ᠪᠤᠴᠠᠵᠤ ᠢᠷᠡᠭᠰᠡᠨ ᠬᠥᠮᠦᠰ᠂ 48 ᠴᠠᠭ ᠤᠨ ᠳᠣᠲᠣᠷ᠎ᠠ ᠪᠥᠭᠡᠮ ᠬᠦᠴᠢᠯ ᠤᠨ ᠪᠢᠯᠢᠭ ᠴᠢᠨᠠᠷ ᠤᠨ ᠮᠡᠳᠡᠭᠦᠯᠦᠯᠲᠡ ᠪᠤᠶᠤ ︽ᠪᠥᠭᠡᠮ ᠬᠦᠴᠢᠯ ᠤᠨ ᠦᠯᠢᠭᠡᠷ ᠠᠪᠬᠤ ᠺᠠᠷᠲ︾ ᠢ ᠪᠠᠶᠢᠴᠠᠭᠠᠨ ᠰᠢᠯᠭᠠᠵᠤ᠂ ᠲᠡᠯᠭᠡᠭᠦᠷ᠂ ᠵᠣᠴᠢᠳ ᠤᠨ ᠪᠠᠭᠤᠳᠠᠯ  ᠂ ᠺᠢᠨᠣ᠋ ᠶᠢᠨ ᠣᠷᠳᠣᠨ᠂ ᠰᠦᠯᠵᠢᠶᠡᠨ ᠤ ᠪᠠᠭᠠᠷ᠂ ᠤᠬᠢᠶᠠᠯᠭ᠎ᠠ ᠶᠢᠨ ᠭᠠᠵᠠᠷ᠂ ᠦᠰᠦ ᠵᠠᠰᠠᠬᠤ ᠭᠠᠵᠠᠷ᠂ ᠡᠮ ᠤᠨ ᠳᠡᠯᠭᠡᠭᠦᠷ᠂ ᠬᠤᠪᠢ ᠬᠥᠮᠦᠨ ᠤ ᠡᠮᠨᠡᠯᠭᠡ ᠶᠢᠨ ᠭᠠᠵᠠᠷ᠂ ᠰᠢᠲᠠᠷ᠎ᠠ ᠶᠢᠨ ᠥᠷᠥᠭᠡ᠂ ᠤᠮᠪᠠᠯᠲᠠ ᠶᠢᠨ ᠣᠷᠳᠣᠨ ᠵᠡᠷᠭᠡ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ ᠢᠶᠠᠷ ᠣᠷᠣᠵᠤ ᠭᠠᠷᠤᠨ᠎ᠠ᠃ ᠡᠯ᠎ᠡ ᠡᠵᠡᠩᠨᠡᠯᠲᠡ ᠶᠢᠨ ᠨᠢᠭᠡᠴᠢ ᠨᠢ ᠳᠤᠯᠠᠭᠠᠨ ᠢ ᠬᠡᠮᠵᠢᠬᠦ᠂ ᠺᠣᠳ᠋ ᠰᠢᠷᠪᠢᠬᠦ ︵ᠡᠷᠡᠭᠦᠯ ᠮᠡᠨᠳᠦ ᠶᠢᠨ ᠺᠣᠳ᠋᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠡᠩᠰᠡᠯᠡᠯᠲᠡ ᠶᠢᠨ ᠺᠣᠳ᠋︶᠂ ᠪᠥᠭᠡᠮ ᠬᠦᠴᠢᠯ ᠤᠨ ᠭᠡᠷᠡᠴᠢ ᠶᠢ ᠪᠠᠶᠢᠴᠠᠭᠠᠨ ᠰᠢᠯᠭᠠᠬᠤ᠂ ︽ᠨᠢᠭᠡ ᠮᠧᠲᠷ ᠤᠨ ᠱᠤᠭᠤᠮ︾ ᠢ ᠪᠠᠶᠢᠴᠠᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠲᠠᠯᠠᠪᠤᠷ ᠭᠠᠵᠠᠷ ᠲᠤ ᠦᠷᠭᠦᠯᠵᠢ ᠬᠦᠷᠦᠯᠴᠡᠬᠦ ᠣᠯᠠᠨ ᠨᠡᠶᠢᠲᠡ ᠶᠢᠨ ᠬᠡᠷᠡᠭᠯᠡᠭᠡᠨ ᠤ ᠵᠦᠢᠯ ᠪᠠ ᠪᠡᠯᠡᠳᠬᠡᠮᠵᠢ ᠶᠢ ᠰᠠᠶᠢᠲᠤᠷ ᠠᠷᠢᠭᠤᠳᠬᠠᠨ ᠠᠷᠢᠭᠤᠳᠬᠠᠵᠤ᠂ ᠬᠡᠷ ᠳᠣᠲᠣᠷ᠎ᠠ ᠰᠠᠯᠬᠢ ᠨᠡᠪᠲᠡᠷᠡᠭᠦᠯᠦᠨ ᠠᠭᠠᠷ ᠰᠣᠯᠢᠯᠴᠠᠬᠤ ᠶᠢ ᠪᠠᠲᠤᠯᠠᠬᠤ ᠬᠡᠷᠡᠭᠲᠡᠶ᠃      ᠲᠠᠪᠤ᠂ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢ ᠴᠢᠩᠭ᠎ᠠ ᠡᠵᠡᠮᠳᠡᠵᠦ᠂ ︽ᠤᠯᠠᠭᠠᠨ ᠬᠡᠷᠡᠭ ᠢ ᠬᠤᠶᠢᠰᠢᠯᠠᠭᠤᠯᠬᠤ᠂ ᠴᠠᠭᠠᠨ ᠬᠡᠷᠡᠭ ᠢ ᠳᠥᠭᠦᠮᠴᠢᠯᠡᠬᠦ︾ ᠶᠢ ᠬᠡᠷᠡᠭᠵᠢᠭᠦᠯᠵᠦ᠂ ᠡᠯ᠎ᠡ ᠲᠦᠷᠦᠯ ᠤᠨ ᠲᠤᠮᠤ ᠬᠡᠯᠪᠡᠷᠢ ᠶᠢᠨ ᠠᠵᠢᠯᠯᠠᠭ᠎ᠠ ᠶᠢ ᠡᠷᠬᠢᠯᠡᠬᠦ ᠴᠢᠬᠤᠯᠠ ᠦᠭᠡᠢ ᠪᠠᠶᠢᠵᠤ᠂ ᠦᠨᠡᠨᠬᠦ ᠡᠷᠬᠢᠯᠡᠬᠦ ᠴᠢᠬᠤᠯᠠᠲᠠᠢ ᠪᠣᠯ᠂ ︽ᠬᠡᠨ ᠭᠤᠣᠯᠯᠠᠨ ᠡᠷᠬᠢᠯᠡᠪᠡᠯ ᠬᠡᠨ ᠬᠠᠷᠢᠭᠤᠴᠠᠬᠤ︾᠂ ︽ᠬᠡᠨ ᠬᠢᠨᠠᠨ ᠵᠥᠪᠰᠢᠶᠡᠷᠡᠪᠡᠯ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠵᠤ᠂ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠳᠠᠨ ᠤ ᠬᠡᠪᠴᠢᠶ᠎ᠡ ᠶᠢ ᠬᠢᠵᠠᠭᠠᠷᠯᠠᠵᠤ᠂ ᠪᠦᠬᠦ ᠶᠠᠪᠤᠴᠠ ᠳᠤ ᠠᠮᠤᠷ ᠲᠦᠪᠰᠢᠨ ᠤ ᠵᠠᠢ ᠶᠢ ᠪᠠᠲᠤᠯᠠᠵᠤ᠂ ᠬᠥᠮᠦᠰ ᠤᠨ ᠴᠤᠭᠯᠠᠷᠠᠯ ᠤᠨ ᠴᠢᠨᠠᠷᠲᠠᠢ ᠲᠦᠭᠰᠢᠭᠦᠷᠢ ᠶᠢ ᠬᠠᠮᠤᠭ ᠤᠨ ᠶᠡᠭᠡ  ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠴᠢᠬᠤᠯᠠ ᠪᠤᠰᠤ ᠴᠤᠭᠯᠠᠭᠠᠨ ᠪᠠ ᠬᠠᠮᠲᠤ ᠶᠢᠨ ᠬᠤᠭᠤᠯᠠᠨ ᠤ ᠠᠵᠢᠯᠯᠠᠭ᠎ᠠ ᠶᠢ ᠴᠥᠭᠡᠳᠬᠡᠵᠦ᠂ ᠭᠡᠷ ᠪᠦᠯᠢ ᠶᠢᠨ ᠬᠤᠪᠢ ᠬᠥᠮᠦᠨ ᠤ ᠴᠤᠭᠯᠠᠭᠠᠨ ᠪᠠ ᠬᠠᠮᠲᠤ ᠶᠢᠨ ᠬᠤᠭᠤᠯᠠ ᠶᠢ 10 ᠬᠥᠮᠦᠨ ᠠᠴᠠ ᠳᠣᠭᠤᠭᠰᠢ ᠬᠢᠵᠠᠭᠠᠷᠯᠠᠨ᠎ᠠ᠃ ᠴᠡᠴᠡᠷᠯᠢᠭ᠂ ᠠᠭᠤᠳᠠᠮ ᠲᠠᠯᠠᠪᠠᠢ᠂ ᠪᠠᠭ᠎ᠠ ᠲᠣᠭᠤᠷᠢᠭ ᠵᠡᠷᠭᠡ ᠤᠯᠠᠨ ᠨᠡᠶᠢᠲᠡ ᠶᠢᠨ ᠲᠠᠯᠠᠪᠤᠷ ᠤᠨ ᠲᠠᠯᠠᠪᠠᠢ ᠶᠢᠨ ᠪᠥᠵᠢᠭ ᠵᠡᠷᠭᠡ ᠤᠯᠠᠨ ᠨᠡᠶᠢᠲᠡ ᠶᠢᠨ ᠴᠢᠨᠠᠷᠲᠠᠢ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠠᠵᠢᠯᠯᠠᠭ᠎ᠠ ᠶᠢ ᠲᠦᠷ ᠵᠣᠭᠰᠣᠭᠠᠪᠠ᠃ ᠪᠣᠶ ᠪᠥᠬᠦᠶ ᠦᠵᠡᠮᠵᠢ ᠶᠢᠨ ᠣᠷᠣᠨ ᠦᠵᠡᠮᠵᠢ ᠶᠢᠨ ᠭᠠᠵᠠᠷ᠂ ᠰᠢᠲᠠᠷ᠎ᠠ ᠶᠢᠨ ᠥᠷᠥᠭᠡ᠂ ᠳᠠᠭᠤᠤ ᠶᠢᠨ ᠲᠢᠩᠬᠢᠮ᠂ ᠠᠷᠢᠬᠢᠨ ᠮᠤᠬᠤᠯᠠᠭ᠂ ᠲᠣᠭᠯᠠᠭᠠᠮ ᠤᠨ ᠲᠢᠩᠬᠢᠮ᠂ ᠰᠦᠯᠵᠢᠶᠡᠨ ᠤ ᠪᠠᠭᠠᠷ᠂ ᠵᠦᠴᠦᠭᠡ ᠶᠢᠨ ᠲᠢᠶᠠᠲ᠋ᠧᠷ ᠵᠡᠷᠭᠡ ᠵᠤᠭ᠎ᠠ ᠴᠡᠩᠭᠡᠯ ᠤᠨ ᠭᠠᠵᠠᠷ ᠵᠢᠴᠢ ᠺᠢᠨᠣ᠋ ᠶᠢᠨ ᠣᠷᠳᠣᠨ᠂ ᠨᠣᠮ ᠤᠨ ᠰᠠᠩ᠂ ᠮᠦᠽᠧᠶ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠪᠢᠲᠡᠭᠦᠮᠵᠢᠯᠡᠭᠰᠡᠨ ᠭᠠᠵᠠᠷ ᠤᠳ ᠲᠤ ᠣᠷᠣᠬᠤ ᠬᠥᠮᠦᠨ ᠤ ᠲᠤᠭ᠎ᠠ ᠶᠢ ᠴᠢᠩᠭ᠎ᠠ ᠬᠢᠵᠠᠭᠠᠷᠯᠠᠵᠤ᠂ ᠵᠠᠷᠴᠢᠮ ᠳᠡᠭᠡᠷ᠎ᠡ ᠪᠠᠨ ᠪᠠᠭᠲᠠᠭᠠᠬᠤ ᠬᠥᠮᠦᠨ ᠤ ᠲᠤᠭ᠎ᠠ ᠶᠢᠨ 50% ᠠᠴᠠ ᠬᠡᠲᠦᠷᠡᠭᠦᠯᠵᠦ ᠪᠣᠯᠬᠤ ᠥᠬᠡᠶ᠃      ᠵᠢᠷᠭᠤᠭ᠎ᠠ᠂ ᠡᠯ᠎ᠡ ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠨᠤᠭᠤᠳ ᠰᠤᠷᠭᠠᠭᠤᠯᠢ ᠶᠢᠨ ᠡᠭᠦᠳᠡᠨ ᠤ ᠬᠠᠷᠠᠭᠤᠯ ᠢ ᠦᠨᠡᠨᠬᠦ ᠴᠢᠩᠭ᠎ᠠ ᠠᠳᠬᠤᠵᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠠᠷᠢᠭᠤᠳᠬᠠᠨ ᠰᠠᠯᠬᠢ ᠨᠡᠪᠲᠡᠷᠡᠭᠦᠯᠬᠦ᠂ ᠡᠪᠡᠳᠴᠢᠨ ᠠᠴᠠ ᠪᠤᠯᠵᠤ ᠠᠵᠢᠯ ᠠᠴᠠ ᠰᠠᠭᠠᠲᠠᠭᠰᠠᠨ ᠪᠠ ᠬᠢᠴᠢᠶᠡᠯ ᠠᠴᠠ ᠰᠠᠭᠠᠲᠠᠭᠰᠠᠨ ᠪᠠᠶᠢᠳᠠᠯ ᠢ ᠪᠦᠷᠢᠳᠬᠡᠨ ᠮᠡᠳᠡᠭᠦᠯᠬᠦ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠵᠠᠬᠢᠶᠠᠯᠠᠭ᠎ᠠ ᠶᠢᠨ ᠬᠤᠭᠤᠯᠠ ᠬᠦᠷᠭᠡᠬᠦ᠂ ᠲᠦᠷᠭᠡᠨ ᠬᠦᠷᠭᠡᠬᠦ ᠵᠢᠴᠢ ᠬᠠᠮᠢᠶ᠎ᠠ ᠥᠬᠡᠶ ᠬᠥᠮᠦᠨ᠂ ᠲᠡᠷᠭᠡ ᠬᠥᠰᠬᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠪᠣᠯᠬᠤ ᠥᠬᠡᠶ᠃ ᠬᠥᠮᠦᠨ᠂ ᠪᠣᠳᠠᠰ᠂ ᠣᠷᠴᠢᠨ ᠲᠣᠭᠤᠷᠢᠨ ᠢ ᠬᠠᠮᠲᠤᠪᠠᠷ ᠰᠡᠷᠭᠡᠶᠢᠯᠡᠬᠦ ᠪᠠ ᠣᠯᠠᠨ ᠡᠪᠡᠳᠴᠢᠨ ᠢ ᠬᠠᠮᠲᠤᠪᠠᠷ ᠰᠡᠷᠭᠡᠶᠢᠯᠡᠬᠦ ᠶᠢ ᠪᠠᠷᠢᠮᠲᠠᠯᠠᠵᠤ᠂ ᠡᠷᠡᠭᠦᠯ ᠰᠠᠷᠠᠭᠤᠯ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠦᠨᠡᠨᠬᠦ ᠪᠣᠶ ᠪᠣᠯᠭᠠᠨ᠎ᠠ᠃        ᠳᠣᠯᠤᠭ᠎ᠠ᠂ ᠬᠤᠲᠠ ᠶᠢᠨ ᠬᠡᠪᠴᠢᠶᠡᠨ ᠠᠴᠠ ᠬᠤᠳᠠᠯᠳᠤᠨ ᠣᠷᠣᠭᠤᠯᠤᠭᠰᠠᠨ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠢ ᠴᠥᠮ ᠬᠦᠢᠳᠡᠨ ᠬᠡᠯᠬᠢᠶᠡᠲᠦ ᠢᠳᠡᠭᠡᠨ ᠤ ᠲᠥᠪᠯᠡᠷᠡᠩᠭᠦᠶ ᠬᠥᠮᠥᠷᠭᠡ ᠳᠤ ᠣᠷᠣᠭᠤᠯᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠠ ᠤᠷᠢᠳᠴᠢᠯᠠᠨ ᠰᠡᠷᠭᠡᠶᠢᠯᠡᠬᠦ ᠴᠢᠨᠠᠷᠲᠠᠶ ᠪᠠᠷ ᠪᠥᠬᠦ ᠲᠠᠯ᠎ᠠ ᠪᠠᠷ ᠠᠷᠢᠭᠤᠳᠬᠠᠵᠤ᠂ ︽ᠬᠤᠤᠯᠢᠩᠭᠤᠤᠯ ᠬᠤᠲᠠ ᠶᠢᠨ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠤ ᠲᠥᠪᠯᠡᠷᠡᠩᠭᠦᠶ ᠬᠥᠮᠥᠷᠭᠡ ᠠᠴᠠ ᠭᠠᠷᠭᠠᠬᠤ ᠭᠡᠷᠡᠴᠢ︾ ᠶᠢ ᠣᠯᠤᠭᠰᠠᠨ ᠤ ᠳᠠᠷᠠᠭ᠎ᠠ ᠰᠠᠶ᠋ᠢ ᠬᠥᠮᠥᠷᠭᠡ ᠠᠴᠠ ᠭᠠᠷᠭᠠᠵᠤ ᠪᠣᠯᠤᠨ᠎ᠠ᠃ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠤ ᠪᠠᠷᠠᠭᠠᠨ ᠤ ᠡᠵᠡᠨ ᠡᠷᠬᠡᠪᠰᠢ ᠪᠠᠷᠠᠭ᠎ᠠ ᠶᠢ ᠮᠠᠨ ᠤ ᠬᠤᠲᠠ ᠳᠤ ᠲᠡᠭᠡᠭᠡᠪᠦᠷᠢᠯᠡᠨ ᠬᠦᠷᠭᠡᠬᠦ ᠠᠴᠠ 24 ᠴᠠᠭ ᠤᠨ ᠡᠮᠦᠨ᠎ᠡ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠦᠨᠡᠨ ᠮᠥᠨ ᠢᠶᠠᠷ ᠨᠢ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠲᠥᠪᠯᠡᠷᠡᠭᠰᠡᠨ ᠬᠥᠮᠥᠷᠭᠡ ᠳᠤ ᠤᠷᠢᠳᠴᠢᠯᠠᠨ ᠪᠣᠯᠵᠣᠵᠤ ᠣᠷᠣᠭᠤᠯᠬᠤ ᠬᠡᠷᠡᠭᠲᠡᠶ᠃ ᠪᠠᠷᠠᠭ᠎ᠠ ᠶᠢ ᠲᠥᠪᠯᠡᠷᠡᠭᠰᠡᠨ ᠬᠥᠮᠥᠷᠭᠡ ᠳᠤ ᠣᠷᠣᠭᠤᠯᠬᠤ ᠠᠴᠠ ᠡᠮᠦᠨ᠎ᠡ ᠬᠤᠳᠠ ᠶᠢᠨ ᠬᠡᠪᠴᠢᠶᠡᠨ ᠳᠤ ᠬᠠᠳᠠᠭᠠᠯᠠᠵᠤ᠂ ᠦᠢᠯᠡᠳᠪᠦᠷᠢᠯᠡᠵᠦ᠂ ᠪᠣᠷᠣᠯᠠᠭᠤᠯᠵᠤ᠂ ᠬᠡᠷᠡᠭᠯᠡᠵᠦ ᠪᠣᠯᠬᠤ ᠤᠢᠭᠡᠢ᠃      ᠨᠠᠢᠮᠠ᠂ ᠥᠷᠭᠡᠨ ᠣᠯᠠᠨ ᠬᠤᠲᠠ ᠶᠢᠨ ᠠᠷᠠᠳ ᠣᠶᠢᠷ᠎ᠠ ᠶᠢᠨ ᠬᠤᠭᠤᠴᠠᠭᠠᠨ ᠳᠤ ᠬᠢᠯᠢ ᠶᠢᠨ ᠭᠠᠳᠠᠨᠠᠬᠢ ᠪᠠ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠡᠳ᠋ ᠪᠣᠳᠠᠰ ᠢ ᠰᠢᠦᠳᠠᠨ ᠢᠶᠠᠷ ᠬᠤᠳᠠᠯᠳᠤᠨ ᠠᠪᠬᠤ ᠴᠢᠬᠤᠯᠠ ᠦᠭᠡᠶ ᠪᠠᠶᠢᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠬᠡᠷᠪᠡ ᠬᠢᠯᠢ ᠶᠢᠨ ᠭᠠᠳᠠᠨ᠎ᠠ ᠵᠢᠴᠢ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠡᠳ᠋ ᠪᠣᠳᠠᠰ ᠢ ᠶᠠᠭ ᠰᠢᠤᠳᠠᠨ ᠢᠶᠠᠷ ᠢᠯᠡᠭᠡᠬᠦ ᠵᠠᠮ ᠳᠠᠭᠠᠨ ᠪᠠᠶᠢᠪᠠᠯ᠂ ᠲᠡᠷᠡ ᠳᠠᠷᠤᠶ ᠳᠤᠨᠢ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠢᠭᠡᠴᠡ ᠪᠣᠯᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠲᠤ ᠬᠤᠤᠰ ᠴᠢᠭᠯᠡᠯ ᠢᠶᠠᠷ ᠮᠡᠳᠡᠭᠦᠯᠦᠨ ᠳᠠᠩᠰᠠᠯᠠᠭᠤᠯᠵᠤ᠂ ᠵᠣᠬᠢᠴᠠᠩᠭᠤᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠵᠤ᠂ ᠭᠥᠯᠢᠶᠡᠨ ᠠᠪᠬᠤ ᠪᠠ ᠭᠠᠷᠭᠠᠨ ᠠᠪᠬᠤ ᠶᠢ ᠪᠢᠲᠡᠭᠡᠶ ᠶᠠᠭᠠᠷᠠᠭᠠᠷᠠᠶ᠃ ᠰᠢᠤᠳᠠᠨ ᠤ ᠵᠦᠢᠯ ᠤᠨ ᠲᠦᠷᠭᠡᠨ ᠬᠦᠷᠭᠡᠯᠲᠡ ᠶᠢ ᠣᠯᠤᠭᠰᠠᠨ ᠤ ᠳᠠᠷᠠᠭ᠎ᠠ᠂ ᠭᠠᠷ ᠢᠶᠠᠷ ᠢᠶᠠᠨ ᠰᠢᠭᠤᠳ ᠬᠦᠷᠦᠯᠴᠡᠬᠦ ᠠᠴᠠ ᠵᠠᠶᠢᠯᠠᠰᠬᠢᠵᠦ᠂ ᠠᠮᠠᠪᠴᠢ ᠪᠠ ᠪᠡᠭᠡᠯᠡᠶ ᠵᠡᠭᠦᠵᠦ᠂ ᠳᠣᠲᠣᠷ᠎ᠠ ᠭᠠᠳᠠᠨ᠎ᠠ ᠶᠢᠨ ᠪᠣᠭᠤᠳᠠᠯ ᠢ ᠠᠷᠢᠭᠤᠳᠬᠠᠭᠰᠠᠨ ᠤ ᠳᠠᠷᠠᠭ᠎ᠠ ᠬᠡᠷ ᠳᠣᠲᠣᠷ᠎ᠠ ᠠᠪᠴᠤ ᠣᠷᠣᠵᠤ᠂ ᠨᠡᠭᠡᠭᠡᠭᠰᠡᠨ ᠤ ᠳᠠᠷᠠᠭ᠎ᠠ ᠳᠣᠲᠣᠷ᠎ᠠ ᠭᠠᠳᠠᠨ᠎ᠠ ᠶᠢᠨ ᠪᠣᠭᠤᠳᠠᠯ ᠢ ᠲᠣᠬᠢᠲᠠᠶ ᠰᠢᠢᠳᠪᠦᠷᠢᠯᠡᠵᠦ᠂ ᠭᠠᠷ ᠤᠨ ᠬᠡᠰᠡᠭ ᠤᠨ ᠠᠷᠢᠭᠤᠨ ᠴᠡᠪᠡᠷ ᠢ ᠰᠠᠶᠢᠲᠤᠷ ᠬᠢᠬᠦ ᠶᠢ ᠰᠠᠨᠠᠭᠤᠯᠵᠤ ᠪᠠᠶᠢᠨ᠎ᠠ᠃ ᠠᠵᠢᠯ ᠤᠨ ᠬᠡᠷᠡᠭᠴᠡᠭᠡ ᠵᠢᠴᠢ ᠪᠤᠰᠤᠳ ᠣᠨᠴᠠᠭᠠᠶ ᠪᠠᠶᠢᠳᠠᠯ ᠢ ᠭᠠᠷᠭᠠᠪᠠᠯ᠂ ᠠᠯᠢᠪᠠ ᠰᠢᠦᠳᠠᠨ ᠢᠶᠠᠷ ᠶᠠᠪᠤᠭᠤᠯᠬᠤ ᠡᠳ᠋ ᠪᠣᠳᠠᠰ ᠢ ᠴᠥᠮ ᠨᠠᠮ ᠵᠠᠰᠠᠭ ᠤᠨ ᠪᠠᠶᠢᠭᠤᠯᠭ᠎ᠠ ᠶᠢᠨ ᠣᠯᠠᠨ ᠨᠡᠶᠢᠲᠡ ᠶᠢᠨ ᠲᠠᠯᠠᠪᠤᠷ ᠲᠤ ᠰᠢᠦᠳᠠᠨ ᠢᠶᠠᠷ ᠶᠠᠪᠤᠭᠤᠯᠵᠤ ᠪᠣᠯᠬᠤ ᠦᠭᠡᠶ᠂ ᠨᠠᠮ ᠵᠠᠰᠠᠭ ᠤᠨ ᠪᠠᠶᠢᠭᠤᠯᠭ᠎ᠠ ᠶᠢᠨ ᠣᠯᠠᠨ ᠨᠡᠶᠢᠲᠡ ᠶᠢᠨ ᠲᠠᠯᠠᠪᠤᠷ ᠲᠤ ᠰᠢᠭᠤᠳ ᠪᠢᠲᠡᠭᠦᠮᠵᠢ ᠶᠢ ᠵᠠᠳᠠᠯᠵᠤ ᠪᠣᠯᠬᠤ ᠦᠭᠡᠶ᠃        ᠶᠢᠰᠦ᠂ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠠᠩᠬ᠎ᠠ ᠣᠨᠣᠰᠢᠯᠠᠬᠤ ᠶᠢ ᠬᠠᠷᠢᠭᠤᠴᠠᠬᠤ᠂ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠵᠡᠷᠭᠡ ᠡᠮᠨᠡᠯᠭᠡ ᠶᠢᠨ ᠬᠤᠷᠢᠶ᠎ᠠ ᠶᠢᠨ ᠮᠡᠳᠡᠷᠡᠮᠵᠢ ᠶᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ᠂ ᠬᠤᠪᠢ ᠶᠢᠨ ᠡᠮᠴᠢᠯᠡᠭᠡᠨ ᠤ ᠭᠠᠵᠠᠷ ᠪᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠬᠠᠯᠠᠭᠤᠷᠠᠵᠤ ᠪᠠᠶᠢᠭ᠎ᠠ ᠡᠪᠡᠳᠴᠢᠲᠡᠨ ᠢ ᠰᠢᠭᠰᠢᠨ ᠪᠠᠶᠢᠴᠠᠭᠠᠬᠤ ᠪᠠᠨ ᠴᠢᠩᠭᠠᠳᠬᠠᠵᠤ᠂ ᠬᠡᠷᠪᠡ ᠰᠢᠯᠲᠠᠭᠠᠨ ᠨᠢ ᠲᠣᠳᠣᠷᠬᠠᠶ ᠥᠬᠡᠶ ᠬᠠᠯᠠᠭᠤᠷᠠᠵᠤ ᠪᠠᠶᠢᠭ᠎ᠠ ᠡᠪᠡᠳᠴᠢᠲᠡᠨ ᠢ ᠣᠯᠵᠤ ᠮᠡᠳᠡᠪᠡᠯ᠂ ᠳᠠᠷᠦ᠋ᠢᠬᠠᠨ ᠲᠤᠰᠠᠭᠠᠷᠯᠠᠬᠤ ᠶᠢᠨ ᠬᠠᠮᠲᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠮᠡᠳᠡᠭᠦᠯᠵᠦ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠳᠤ ᠰᠢᠯᠵᠢᠭᠦᠯᠦᠨ ᠬᠦᠷᠭᠡᠵᠦ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ ᠶᠢ ᠵᠢᠷᠤᠮᠵᠢᠭᠤᠯᠬᠤ ᠬᠡᠷᠡᠭᠲᠡᠶ᠃  ᠠᠷᠪᠠ᠂ ᠣᠯᠠᠨ ᠭᠠᠵᠠᠷ ᠲᠤ ᠬᠥᠨᠳᠡᠭᠳᠡᠬᠦ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠶᠢᠩᠭᠤᠵᠢᠭᠤᠯᠤᠭᠰᠠᠨ ᠣᠯᠠᠨ ᠴᠡᠭ ᠲᠤ ᠬᠢᠨᠠᠨ ᠬᠡᠮᠵᠢᠬᠦ ᠪᠠ ︽ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ︾ ᠠᠵᠢᠯ ᠤᠨ ᠰᠠᠭᠤᠷᠢᠨ ᠳᠡᠭᠡᠷ᠎ᠡ᠂ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠬᠠᠮᠲᠤ ᠳᠤᠨᠢ ᠪᠠᠶᠢᠴᠠᠭᠠᠬᠤ ᠶᠢ ᠪᠠᠷᠢᠮᠲᠠᠯᠠᠵᠤ᠂ ᠭᠤᠣᠯᠳᠠᠭᠤ ᠨᠢᠰᠬᠡᠯ ᠤᠨ ᠪᠠᠭᠤᠳᠠᠯ ᠤᠨ ᠪᠣᠭᠤᠮᠲᠠ᠂ ᠡᠮᠴᠢᠯᠡᠭᠡᠨ ᠤ ᠪᠠᠶᠢᠭᠤᠯᠤᠮᠵᠢ ᠂ ᠲᠤᠰᠠᠭᠠᠷᠯᠠᠬᠤ ᠲᠠᠯᠠᠪᠤᠷ᠂ ᠬᠦᠢᠲᠡᠨ ᠢᠶᠠᠷ ᠬᠡᠯᠬᠢᠶᠡᠯᠡᠨ ᠠᠵᠢᠯᠯᠠᠬᠤ ᠵᠡᠷᠭᠡ ᠭᠤᠣᠯᠳᠠᠯᠭ᠎ᠠ ᠲᠠᠢ ᠠᠵᠢᠯ ᠤᠨ ᠪᠠᠶᠢᠷᠢ ᠶᠢᠨ ᠬᠥᠮᠦᠰ ᠲᠤ ᠬᠠᠨᠳᠤᠭᠤᠯᠵᠤ᠂ ᠵᠢᠴᠢ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠵᠢᠴᠢ ᠬᠠᠮᠢᠶ᠎ᠠ ᠪᠦᠬᠦᠢ ᠣᠷᠴᠢᠨ ᠲᠣᠭᠤᠷᠢᠨ᠂ ᠬᠠᠯᠠᠭᠤᠷᠠᠯ ᠤᠨ ᠡᠭᠦᠳᠡᠨ ᠡᠮᠨᠡᠯᠭᠡ ᠲᠠᠢ ᠡᠮᠴᠢᠯᠡᠭᠡᠨ ᠤ ᠪᠠᠶᠢᠭᠤᠯᠤᠮᠵᠢ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠣᠷᠴᠢᠨ ᠲᠣᠭᠤᠷᠢᠨ ᠵᠡᠷᠭᠡ᠃ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠤᠳᠠᠭ᠎ᠠ ᠶᠢ ᠨᠡᠮᠡᠭᠳᠡᠭᠦᠯᠬᠦ ᠶᠢᠨ ᠬᠠᠮᠲᠤ᠂ ᠡᠮ ᠤᠨ ᠳᠡᠯᠭᠡᠭᠦᠷ ᠤᠨ ᠨᠢᠶᠠᠨ ᠳᠠᠷᠤᠭᠴᠢ᠂ ᠸᠢᠷᠦ᠋ᠰ ᠢ ᠡᠰᠡᠷᠭᠦᠴᠡᠬᠦ᠂ ᠬᠠᠯᠠᠭᠤᠨ ᠢ ᠪᠠᠭᠤᠷᠠᠭᠤᠯᠬᠤ ᠡᠮ ᠤᠨ ᠵᠦᠢᠯ ᠤᠨ ᠪᠣᠷᠣᠯᠠᠭᠤᠯᠭ᠎ᠠ ᠶᠢ ᠬᠢᠨᠠᠨ ᠬᠡᠮᠵᠢᠬᠦ ᠶᠢ ᠴᠢᠩᠭᠠᠳᠬᠠᠵᠤ᠂ ᠬᠤᠪᠢ ᠶᠢᠨ ᠡᠮᠴᠢᠯᠡᠭᠡᠨ ᠤ ᠭᠠᠵᠠᠷ ᠤᠨ ᠬᠢᠨᠠᠯᠲᠠ ᠵᠢᠯᠣᠭᠤᠳᠣᠯᠭ᠎ᠠ ᠶᠢ ᠴᠢᠩᠭᠠᠳᠬᠠᠨ᠂ ᠣᠯᠠᠨ ᠭᠠᠵᠠᠷ ᠲᠤ ᠬᠥᠨᠳᠡᠭᠳᠡᠬᠦ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠪᠠᠶᠢᠭᠤᠯᠤᠮᠵᠢ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠲᠦᠭᠰᠢᠭᠦᠷᠢ ᠶᠢ ᠴᠠᠭ ᠲᠤᠬᠠᠶ ᠳᠤᠨᠢ ᠢᠯᠡᠷᠡᠭᠦᠯᠵᠦ᠂ ᠬᠢᠵᠢᠭ ᠤᠨ ᠪᠠᠶᠢᠳᠠᠯ ᠤᠨ ᠡᠬᠢᠨ ᠤ ᠬᠤᠭᠤᠴᠠᠭᠠᠨ ᠤ ᠤᠷᠢᠳᠴᠢᠯᠠᠨ ᠰᠡᠷᠡᠮᠵᠢᠯᠡᠭᠦᠯᠬᠦ ᠪᠠ ᠲᠦᠷᠭᠡᠨ ᠰᠢᠢᠳᠪᠦᠷᠢᠯᠡᠬᠦ ᠶᠢ ᠴᠢᠩᠭᠠᠳᠬᠠᠨ᠎ᠠ᠃         ᠠᠷᠪᠠᠨ ᠨᠢᠭᠡ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠣᠳᠣᠬᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠪᠣᠯᠤᠨ᠎ᠠ᠃ ᠮᠠᠨ ᠤ ᠬᠤᠲᠠ ᠨᠢᠭᠡᠨᠲᠡ ᠭᠤᠷᠪᠠᠳᠠᠬᠢ ᠤᠳᠠᠭ᠎ᠠ ᠰᠢᠨ᠎ᠡ ᠲᠢᠳᠢᠮᠯᠢᠭ ᠡᠪᠡᠳᠴᠢᠨ ᠤ ᠸᠢᠷᠦ᠋ᠰ ᠢ ᠤᠰᠠᠳᠬᠠᠬᠤ ᠸᠠᠺᠼᠢᠨ ︵ᠴᠢᠩᠭᠠᠳᠬᠠᠬᠤ ᠲᠠᠷᠢᠯᠭ᠎ᠠ︶᠂ 3 — 11 ᠪᠦᠬᠦᠯᠢ ᠨᠠᠰᠤᠨ ᠤ ᠬᠡᠤᠬᠡᠳ ᠤᠨ ᠰᠢᠨ᠎ᠡ ᠲᠢᠳᠢᠮᠯᠢᠭ ᠠᠭᠤᠰᠬᠢᠨ ᠡᠪᠡᠳᠴᠢᠨ ᠤ ᠸᠠᠺᠼᠢᠨ ᠤ ᠲᠠᠷᠢᠯᠭ᠎ᠠ ᠶᠢᠨ ᠠᠵᠢᠯ ᠢ ᠡᠬᠢᠯᠡᠭᠦᠯᠪᠡ᠂ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠬᠤᠲᠠ ᠶᠢᠨ ᠠᠷᠠᠳ ᠢ ᠤᠷᠢᠵᠤ᠂ ᠡᠬᠡ ᠨᠢᠯᠬᠠᠰ ᠤᠨ ᠡᠷᠡᠭᠦᠯᠵᠢᠯ ᠤᠨ ᠬᠦᠷᠢᠶᠡᠯᠡᠩ ᠤᠨ ᠸᠠᠺᠼᠢᠨ ᠤ ᠲᠠᠷᠢᠯᠭ᠎ᠠ ᠶᠢᠨ ᠴᠡᠭ ᠲᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠳᠠᠷᠢᠭᠤᠯᠵᠤ᠂ ᠬᠠᠮᠤᠭ ᠤᠨ ᠰᠠᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ ᠸᠠᠺᠼᠢᠨ ᠤ ᠲᠠᠷᠢᠯᠭ᠎ᠠ ᠶᠢᠨ ᠨᠥᠬᠦᠴᠡᠯ ᠳᠤ ᠨᠡᠶᠢᠴᠡᠭᠰᠡᠨ ᠲᠣᠭᠲᠠᠭᠠᠯ ᠶᠣᠰᠣᠭᠠᠷ ᠲᠠᠷᠢᠯᠭ᠎ᠠ ᠬᠢᠭᠰᠡᠨ ᠥᠬᠡᠶ ᠬᠥᠮᠦᠰ ᠢ ᠨᠢᠭᠲᠠ ᠣᠶᠢᠷᠠᠲᠤᠭᠰᠠᠳ ᠪᠠ ᠨᠢᠭᠲᠠ ᠵᠠᠯᠭᠠᠯᠲᠠ ᠪᠠᠷ ᠮᠠᠭᠠᠳᠯᠠᠨ ᠲᠣᠭᠲᠠᠭᠠᠵᠤ᠂ ᠠᠨᠠᠭᠠᠬᠤ ᠤᠬᠠᠭᠠᠨ ᠤ ᠠᠵᠢᠭᠯᠠᠯᠲᠠ ᠶᠢᠨ ᠵᠠᠷᠤᠳᠠᠯ ᠢ ᠲᠥᠪᠯᠡᠷᠡᠭᠦᠯᠦᠨ ᠲᠤᠰᠠᠭᠠᠷᠯᠠᠵᠤ ᠥᠪᠡᠷ ᠢᠶᠠᠨ ᠰᠢᠢᠳᠪᠦᠷᠢᠯᠡᠨ᠎ᠡ᠃        ᠠᠷᠪᠠᠨ ᠬᠤᠶᠠᠷ᠂ ᠥᠷᠭᠡᠨ ᠣᠯᠠᠨ ᠬᠤᠲᠠ ᠶᠢᠨ ᠠᠷᠠᠳ ᠠᠯᠪᠠᠨ ᠤ ᠲᠠᠯ᠎ᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠠᠩᠬᠠᠷᠴᠤ᠂ ᠣᠶᠢᠷ᠎ᠠ ᠶᠢᠨ ᠬᠤᠭᠤᠴᠠᠭᠠᠨ ᠳᠤ ᠵᠠᠪᠠᠯ ᠡᠪᠡᠳᠴᠢᠨ ᠤ ᠵᠢᠱᠢᠶ᠎ᠡ ᠲᠠᠢ ᠬᠤᠲᠠ ᠳᠤ ᠣᠴᠢᠵᠤ ᠮᠡᠳᠡᠭᠦᠯᠬᠦ ᠥᠬᠡᠶ ᠪᠠᠶᠢᠬᠤ ᠬᠡᠷᠡᠭᠲᠡᠶ᠃ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠨᠡᠶᠢᠲᠡ ᠶᠢᠨ ᠰᠠᠪᠬ᠎ᠠ ᠬᠡᠷᠡᠭᠯᠡᠬᠦ᠂ ︽ᠨᠢᠭᠡ ᠮᠧᠲᠷ ᠤᠨ ᠱᠤᠭᠤᠮ︾᠂ ᠬᠠᠨᠢᠶᠠᠬᠤ ᠶᠣᠰᠣ ᠵᠢᠷᠤᠮ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠪᠠ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠦᠷᠭᠦᠯᠵᠢᠯᠡᠨ ᠪᠠᠲᠤᠯᠠᠬᠤ ᠬᠡᠷᠡᠭᠲᠡᠶ᠃ ᠬᠡᠷᠪᠡ ᠬᠠᠯᠠᠭᠤᠷᠠᠬᠤ᠂ ᠬᠠᠭᠤᠷᠠᠶ ᠪᠠᠷ ᠬᠠᠨᠢᠶᠠᠬᠤ᠂ ᠲᠠᠮᠢᠷᠳᠠᠬᠤ᠂ ᠬᠤᠭᠤᠯᠠᠶ ᠡᠪᠡᠳᠬᠦ᠂ ᠦᠨᠦᠷ ᠤᠨ ᠰᠡᠷᠡᠯ ᠮᠠᠭᠤᠳᠠᠬᠤ ᠪᠤᠶᠤ ᠠᠯᠳᠠᠭᠳᠠᠬᠤ ᠂ ᠰᠠᠭᠤᠯᠭᠠᠬᠤ ᠵᠡᠷᠭᠡ ᠡᠪ ᠦᠭᠡᠢ ᠪᠠᠶᠢᠳᠠᠯ ᠢᠯᠡᠷᠡᠪᠡᠯ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠳᠤ ᠳᠠᠷᠦ᠋ᠢᠬᠠᠨ ᠬᠦᠷᠴᠦ ᠡᠷᠡᠭᠦᠯ ᠮᠡᠨᠳᠦ ᠶᠢᠨ ᠪᠠᠶᠢᠴᠠᠭᠠᠯᠲᠠ ᠶᠢ ᠬᠦᠯᠢᠶᠡᠵᠦ᠂ ᠵᠢᠭᠤᠯᠴᠢᠯᠠᠯ ᠤᠨ ᠲᠡᠦᠬᠡ᠂ ᠣᠶᠢᠷᠠᠲᠤᠭᠰᠠᠨ ᠲᠡᠦᠬᠡ ᠪᠠᠨ ᠰᠠᠨᠠᠭᠠᠴᠢᠯᠠᠭ᠎ᠠ ᠠᠴᠠ ᠪᠠᠨ ᠮᠡᠳᠡᠭᠳᠡᠵᠦ᠂ ᠡᠪᠡᠳᠴᠢᠨ ᠦᠵᠡᠭᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃                 ᠬᠤᠤᠯᠢᠩᠭᠤᠤᠯ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                          2021 ᠣᠨ ᠤ 11 ᠰᠠᠷ᠎ᠠ ᠶᠢᠨ 29               ᠬᠤᠤᠯᠢᠩᠭᠤᠤᠯ ᠬᠤᠳᠠ ᠶᠢᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ ᠣᠷᠴᠢᠭᠤᠯᠤᠨ ᠦᠢᠯᠡᠳᠪᠡ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号