11 ᠰᠠᠷ᠎ᠠ ᠶᠢᠨ 28 ᠤ ᠡᠳᠦᠷ ᠪᠣᠯᠲᠠᠯ᠎ᠠ᠂ ᠬᠤᠤᠯᠢᠩᠭᠤᠤᠯ ᠤᠨ ᠨᠢᠰᠬᠡᠯ ᠤᠨ ᠪᠠᠭᠤᠳᠠᠯ ᠤᠨ ᠠᠶᠠᠨᠴᠢᠳ ᠤᠨ | ᠣᠷᠣᠭᠤᠯᠵᠤ ᠭᠠᠷᠭᠠᠭᠰᠠᠨ ᠬᠡᠮᠵᠢᠶ᠎ᠡ 92389 ᠬᠥᠮᠦᠨ ᠤᠳᠠᠭ᠎ᠠ ᠳᠤ ᠬᠦᠷᠴᠦ᠂ ᠤᠷᠢᠳ ᠬᠤᠵᠢᠳ 2020 | ᠣᠨ᠂ 2019 ᠣᠨ᠂ 2018 ᠣᠨ ᠤ ᠪᠥᠬᠦ ᠵᠢᠯ ᠠᠴᠠ ᠳᠠᠪᠠᠵᠤ᠂ 2017 ᠣᠨ ᠳᠤ ᠠᠶᠠᠯᠠᠯ | ᠡᠬᠢᠯᠡᠭᠰᠡᠨ ᠠᠴᠠ ᠨᠠᠰᠢ ᠠᠶᠠᠨᠴᠢᠳ ᠤᠨ ᠬᠡᠮᠵᠢᠶ᠎ᠡ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | | | | | | | ᠡᠨᠡ ᠵᠢᠯ ᠠᠴᠠ ᠨᠠᠰᠢ᠂ ᠬᠤᠤᠯᠢᠩᠭᠤᠤᠯ ᠤᠨ ᠨᠢᠰᠬᠡᠯ ᠤᠨ ᠪᠠᠭᠤᠳᠠᠯ ᠤᠤᠯ ᠤᠨ ᠠᠶᠠᠯᠠᠯ ᠤᠨ ᠱᠤᠭᠤᠮ ᠢ | ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ ᠰᠢᠨ᠎ᠡ ᠠᠶᠠᠯᠠᠯ ᠤᠨ ᠱᠤᠭᠤᠮ ᠢ ᠢᠳᠡᠪᠬᠢᠲᠡᠶ ᠲᠤᠷᠰᠢᠵᠤ᠂ ᠤᠷᠢᠳ | ᠬᠤᠵᠢᠳ ᠬᠤᠤᠯᠢᠩᠭᠤᠤᠯ — ᠲᠦᠩᠯᠢᠶᠣᠤ — ᠪᠤᠭᠤᠲᠤ᠂ ᠬᠤᠤᠯᠢᠩᠭᠤᠤᠯ — ᠪᠡᠭᠡᠵᠢᠩ ᠵᠡᠷᠭᠡ | ᠠᠶᠠᠯᠠᠯ ᠤᠨ ᠱᠤᠭᠤᠮ ᠢ ᠨᠡᠪᠲᠡᠷᠡᠭᠦᠯᠵᠡᠶ᠃ ᠡᠭᠦᠨ ᠤ ᠬᠠᠮᠲᠤ᠂ ᠮᠠᠰᠢᠨ ᠤ ᠬᠡᠯᠪᠡᠷᠢ ᠶᠢᠨ ᠪᠦᠲᠦᠴᠡ ᠶᠢ | ᠰᠢᠯᠢᠳᠡᠭᠵᠢᠭᠦᠯᠵᠦ᠂ ᠬᠥᠬᠡᠬᠤᠲᠠ — ᠬᠤᠤᠯᠢᠩᠭᠤᠤᠯ — ᠮᠦᠭᠳᠡᠨ ᠤ ᠠᠭᠠᠷ ᠤᠨ ᠠᠶᠠᠯᠠᠯ ᠤᠨ ᠱᠤᠭᠤᠮ ᠤᠨ | ᠵᠢᠵᠢᠭ ᠬᠡᠯᠪᠡᠷᠢ ᠶᠢ B737 — 800 ᠪᠣᠯᠭᠠᠨ ᠲᠠᠰ ᠳᠡᠪᠰᠢᠭᠦᠯᠵᠦ᠂ ᠪᠣᠳᠠᠲᠤ ᠬᠡᠷᠡᠭᠴᠡᠭᠡ ᠱᠠᠭᠠᠷᠳᠠᠯᠭ᠎ᠠ ᠲᠠᠢ | ᠮᠥᠷᠲᠡᠭᠡᠨ ᠵᠠᠬ᠎ᠠ ᠳᠡᠯᠭᠡᠭᠦᠷ ᠤᠨ ᠲᠤᠯᠭᠠᠭᠤᠷᠢᠯᠠᠯ ᠲᠠᠢ ᠰᠢᠭᠤᠳ ᠠᠶᠠᠯᠠᠯ ᠤᠨ ᠴᠡᠭ ᠢ ᠢᠳᠡᠪᠬᠢᠲᠡᠶ ᠨᠡᠪᠲᠡᠷᠡᠭᠦᠯᠵᠦ᠂ | ᠬᠤᠤᠯᠢᠩᠭᠤᠤᠯ ᠤᠨ ᠭᠠᠵᠠᠷ ᠣᠷᠣᠨ ᠤ ᠠᠭᠠᠷ ᠤᠨ ᠠᠶᠠᠯᠠᠯ ᠤᠨ ᠲᠣᠤᠷ ᠰᠦᠯᠵᠢᠶ᠎ᠡ ᠶᠢᠨ ᠨᠡᠪᠲᠡᠷᠡᠬᠦ ᠴᠢᠨᠠᠷ ᠢ ᠤᠯᠠᠮ | ᠨᠢᠭᠡ ᠠᠯᠬᠤᠮ ᠰᠠᠭᠠᠳ ᠥᠬᠡᠶ ᠨᠡᠪᠲᠡᠷᠡᠭᠦᠯᠵᠦ᠂ ᠳᠥᠭᠦᠮ ᠳᠥᠲᠡ ᠪᠥᠭᠡᠳ ᠰᠠᠭᠠᠳ ᠥᠬᠡᠶ ︽ᠠᠭᠠᠷ ᠤᠨ | ᠭᠠᠳᠠᠭᠠᠳᠤ ᠭᠠᠷᠭᠠᠯᠲᠠ︾ ᠶᠢ ᠪᠣᠶ ᠪᠤᠯᠭᠠᠪᠠ᠃ | | |