12 ᠰᠠᠷ᠎ᠠ ᠶᠢᠨ 8 ᠤ ᠡᠳᠦᠷ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ | ᠪᠦᠷᠢᠳᠬᠡᠯ ᠤᠨ ᠬᠠᠤᠯᠢ︾ ᠨᠡᠶᠢᠲᠡᠯᠡᠭᠳᠡᠭᠰᠡᠨ ᠳᠤᠷᠠᠰᠬᠠᠯ ᠤᠨ ᠡᠳᠦᠷ ᠪᠣᠯᠤᠨ᠎ᠠ᠂ ᠲᠤᠭ᠎ᠠ ᠪᠦᠷᠢᠳᠬᠡᠯ ᠤᠨ | ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠠᠤᠯᠢ ᠶᠣᠰᠣᠭᠠᠷ ᠲᠤᠭ᠎ᠠ ᠪᠦᠷᠢᠳᠬᠡᠯ ᠤᠨ | ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠶᠢᠨ ᠲᠥᠯᠥᠭᠡ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ | ᠠᠵᠢᠯᠲᠠᠳ ᠢᠶᠠᠨ ᠵᠣᠬᠢᠶᠠᠨ ᠪᠠᠶᠢᠭᠤᠯᠵᠤ ᠠᠵᠤ ᠠᠬᠤᠶᠢᠯᠠᠯ᠂ ᠨᠡᠶᠢᠭᠡᠮ ᠲᠣᠭᠤᠷᠢᠭ᠂ ᠲᠣᠮᠣ ᠬᠡᠯᠪᠡᠷᠢ ᠶᠢᠨ | ᠬᠤᠳᠠᠯᠳᠤᠭᠠᠨ ᠤ ᠬᠡᠲᠦ ᠳᠡᠯᠭᠡᠭᠦᠷ ᠵᠡᠷᠭᠡ ᠭᠠᠵᠠᠷ ᠲᠤ ᠭᠦᠨᠵᠡᠭᠡᠶᠢᠷᠡᠭᠦᠯᠦᠨ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ ᠤᠬᠠᠭᠤᠯᠤᠨ ᠲᠠᠶᠢᠯᠪᠤᠷᠢᠯᠠᠬᠤ ᠪᠣᠯᠪᠠᠰᠤᠷᠠᠭᠤᠯᠤᠯ ᠤᠨ | ᠠᠵᠢᠯᠯᠠᠭ᠎ᠠ ᠥᠷᠨᠢᠭᠦᠯᠵᠦ᠂ ᠲᠤᠭ᠎ᠠ ᠪᠦᠷᠢᠳᠬᠡᠯ ᠢ ᠣᠯᠠᠨ ᠲᠦᠮᠡᠨ ᠳᠤ ᠬᠠᠨᠳᠤᠭᠤᠯᠤᠭᠰᠠᠨ ᠪᠠᠶᠢᠨ᠎ᠠ᠃ | | | | | ᠡᠨᠡ ᠵᠢᠯ ᠠᠴᠠ ᠨᠠᠰᠢ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ︽ᠬᠠᠤᠯᠢ ᠶᠣᠰᠣᠭᠠᠷ ᠪᠦᠷᠢᠳᠬᠡᠬᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠦ ᠪᠣᠳᠣᠯᠭ᠎ᠠ | ᠲᠣᠭᠲᠠᠭᠠᠬᠤ︾ ᠪᠠᠷ ᠤᠬᠠᠭᠤᠯᠭ᠎ᠠ ᠶᠢᠨ ᠭᠤᠤᠯ ᠰᠡᠳᠦᠪ ᠪᠣᠯᠭᠠᠵᠤ᠂ ︽ᠲᠤᠭ᠎ᠠ ᠪᠦᠷᠢᠳᠬᠡᠯ ᠤᠨ ᠦᠨᠳᠦᠰᠦᠨ | ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ︾ ᠪᠠᠷ ᠠᠵᠢᠯ ᠤᠨ ᠭᠤᠤᠯ ᠰᠢᠵᠢᠮ ᠪᠣᠯᠭᠠᠵᠤ᠂ | ᠲᠤᠭ᠎ᠠ ᠪᠦᠷᠢᠳᠬᠡᠯ ᠤᠨ ᠠᠵᠢᠯ ᠤᠨ ᠦᠨᠳᠦᠰᠦᠨ ᠱᠠᠲᠤ ᠳᠠᠰᠢ ᠥᠷᠭᠡᠵᠢᠬᠦ ᠶᠢ ᠳᠥᠯᠭᠢᠨ ᠠᠬᠢᠭᠤᠯᠵᠤ᠂ ᠬᠠᠤᠯᠢ ᠪᠠᠷ | ᠵᠠᠰᠠᠬᠤ ᠤᠬᠠᠭᠤᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠪᠠ᠃ | ︽ᠣᠶᠢᠷ᠎ᠠ ᠶᠢᠨ ᠬᠡᠳᠦᠨ ᠵᠢᠯ ᠠᠴᠠ ᠨᠠᠰᠢ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠬᠤᠷᠠᠯ ᠢᠶᠠᠷ | ᠪᠣᠯᠪᠠᠰᠤᠷᠠᠭᠤᠯᠬᠤ᠂ ᠨᠢᠭᠤᠷᠲᠠᠨ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠨ ᠤ ᠠᠵᠤ | ᠠᠬᠤᠶᠢᠯᠠᠯ ᠳᠤ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠪᠣᠯᠤᠨ ᠲᠤᠭ᠎ᠠ ᠪᠦᠷᠢᠳᠬᠡᠯ ᠤᠨ ᠬᠠᠤᠯᠢ ᠪᠠᠷ | ᠵᠠᠰᠠᠬᠤ ᠲᠠᠯ᠎ᠠ ᠪᠠᠷ ᠬᠢ ᠪᠣᠯᠪᠠᠰᠤᠷᠠᠭᠤᠯᠤᠯ ᠵᠢᠯᠣᠭᠤᠳᠣᠯᠭ᠎ᠠ ᠬᠢᠵᠦ᠂ ᠮᠠᠨ ᠤ ᠠᠵᠤ ᠠᠬᠤᠶᠢᠯᠠᠯ ᠤᠨ ᠲᠤᠭ᠎ᠠ | ᠪᠦᠷᠢᠳᠬᠡᠯ ᠤᠨ ᠠᠵᠢᠯ ᠢ ᠵᠢᠷᠤᠮᠵᠢᠭᠤᠯᠤᠭᠰᠠᠨ ᠠᠴᠠ ᠳᠠᠪᠰᠢᠯᠲᠠ ᠲᠠᠢ ᠪᠣᠯᠭᠠᠭᠰᠠᠨ ᠪᠥᠭᠡᠳ ᠲᠤᠭ᠎ᠠ ᠪᠦᠷᠢᠳᠬᠡᠯ ᠤᠨ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠠᠯ᠎ᠠ ᠪᠠᠷ ᠴᠤ ᠤᠯᠠᠮ ᠨᠢᠭᠡ ᠠᠯᠬᠤᠮ | ᠣᠶᠢᠯᠠᠭᠠᠯᠲᠠ ᠲᠠᠢ ᠪᠣᠯᠭᠠᠭᠰᠠᠨ ᠪᠠᠶᠢᠨ᠎ᠠ︾ ᠭᠡᠵᠦ ᠮᠠᠨ ᠤ ᠬᠤᠳᠠ ᠶᠢᠨ ᠱᠠᠨ ᠱᠦᠢ ᠱᠦᠢᠨᠢ ᠶᠢᠨ ᠬᠢᠵᠠᠭᠠᠷᠲᠤ | ᠺᠣᠮᠫᠠᠨᠢ ᠶᠢᠨ ᠶᠡᠷᠦᠩᠬᠡᠶᠢᠯᠡᠭᠰᠡᠨ ᠠᠯᠪᠠᠨ ᠭᠡᠷ ᠤᠨ ᠡᠷᠬᠢᠯᠡᠭᠴᠢ ᠰᠦᠨ ᠯᠢ ᠢᠯᠡᠳᠬᠡᠪᠡ᠃ | ᠲᠤᠭ᠎ᠠ ᠪᠦᠷᠢᠳᠬᠡᠯ ᠤᠨ ᠠᠵᠢᠯ ᠪᠣᠯ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠠᠮᠢᠳᠤᠷᠠᠯ ᠳᠤ | ᠬᠤᠯᠪᠣᠭᠳᠠᠬᠤ ᠨᠢᠭᠡ ᠵᠦᠢᠯ ᠤᠨ ᠴᠢᠬᠤᠯᠠ ᠰᠠᠭᠤᠷᠢ ᠠᠵᠢᠯ ᠮᠥᠨ᠂ ᠲᠡᠷᠡ ᠨᠢ ᠤᠯᠤᠰ ᠠᠷᠠᠳ ᠤᠨ ᠠᠵᠤ ᠠᠬᠤᠶ | ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠳᠤ ᠲᠤᠭ᠎ᠠ ᠪᠦᠷᠢᠳᠬᠡᠯ ᠤᠨ ᠪᠠᠶᠢᠴᠠᠭᠠᠯᠲᠠ ᠬᠢᠬᠦ᠂ ᠲᠤᠭ᠎ᠠ | ᠪᠦᠷᠢᠳᠬᠡᠯ ᠤᠨ ᠵᠠᠳᠠᠯᠤᠯᠲᠠ ᠬᠢᠬᠦ᠂ ᠲᠤᠭ᠎ᠠ ᠪᠦᠷᠢᠳᠬᠡᠯ ᠤᠨ ᠮᠠᠲ᠋ᠧᠷᠢᠶᠠᠯ ᠬᠠᠩᠭᠠᠬᠤ ᠪᠠ ᠲᠤᠭ᠎ᠠ ᠪᠦᠷᠢᠳᠬᠡᠯ ᠤᠨ | ᠬᠢᠨᠠᠯᠲᠠ ᠲᠠᠯᠪᠢᠬᠤ ᠣᠨᠴᠠᠭᠠᠶ ᠡᠭᠦᠷᠭᠡ ᠴᠢᠳᠠᠪᠤᠷᠢ ᠶᠢ ᠪᠠᠳᠠᠷᠠᠭᠤᠯᠵᠤ ᠪᠠᠶᠢᠳᠠᠭ᠃ ᠮᠠᠨ ᠤ ᠬᠤᠲᠠ ᠶᠢᠨ ᠲᠤᠭ᠎ᠠ | ᠪᠦᠷᠢᠳᠬᠡᠯ ᠤᠨ ᠲᠣᠪᠴᠢᠶ᠎ᠠ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠶᠢ ᠦᠨᠳᠦᠰᠦᠨ ᠱᠠᠲᠤ ᠳᠠᠰᠢ | ᠠᠬᠢᠭᠤᠯᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠨᠢᠭᠡᠳᠦᠯᠲᠡᠶ ᠵᠠᠰᠠᠬᠤ ᠶᠢ ᠪᠠᠷᠢᠮᠲᠠᠯᠠᠨ ᠠᠵᠤ ᠠᠬᠤᠶᠢᠯᠠᠯ ᠳᠤ | ᠣᠷᠣᠭᠤᠯᠵᠤ ᠪᠢᠴᠢᠯ ᠠᠵᠤ ᠠᠬᠤᠶᠢᠯᠠᠯ ᠳᠤ ᠣᠷᠣᠭᠤᠯᠬᠤ ᠶᠢ ᠪᠠᠷᠢᠮᠲᠠᠯᠠᠵᠤ᠂ 2021 ᠣᠨ ᠳᠤ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ ᠤᠨ ᠬᠠᠤᠯᠢ ᠪᠠᠷ ᠵᠠᠰᠠᠬᠤ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ | ᠠᠩᠭᠢ ᠶᠢ ᠨᠡᠶᠢᠲᠡ 5 ᠬᠤᠭᠤᠴᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠲᠣᠭᠲᠠᠭᠠᠯ ᠳᠣᠤᠷᠠᠬᠢ ᠵᠢᠵᠢᠭ ᠪᠢᠴᠢᠯ | ᠠᠵᠤ ᠠᠬᠤᠶᠢᠯᠠᠯ ᠤᠨ ᠪᠣᠯᠪᠠᠰᠤᠷᠠᠭᠤᠯᠤᠯ ᠢ 20 ᠭᠠᠷᠤᠶ ᠤᠳᠠᠭ᠎ᠠ ᠥᠷᠨᠢᠭᠦᠯᠵᠦ᠂ ᠲᠤᠰᠬᠠᠶ ᠮᠡᠷᠭᠡᠵᠢᠯ ᠤᠨ | ᠴᠡᠭ ᠠᠴᠠ ᠴᠡᠭ ᠲᠤ ᠬᠠᠨᠳᠤᠭᠤᠯᠤᠭᠰᠠᠨ ᠪᠣᠯᠪᠠᠰᠤᠷᠠᠭᠤᠯᠤᠯ ᠢ 200 ᠭᠠᠷᠤᠶ ᠬᠥᠮᠦᠨ ᠳᠤ ᠥᠷᠨᠢᠭᠦᠯᠪᠡ᠃ | ᠡᠭᠦᠨ ᠤ ᠬᠠᠮᠲᠤ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ | ᠪᠣᠯᠤᠨ ᠬᠠᠲᠠᠭᠤ ᠬᠡᠷᠡᠭᠰᠡᠯ ᠤᠨ ᠪᠦᠲᠦᠭᠡᠨ ᠪᠠᠶᠢᠭᠤᠯᠤᠯᠲᠠ ᠶᠢ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠢ | ᠦᠨᠳᠦᠰᠦᠨ ᠱᠠᠲᠤᠨ ᠳᠤ ᠪᠥᠬᠦ ᠲᠠᠯ᠎ᠠ ᠪᠠᠷ ᠥᠷᠨᠢᠭᠦᠯᠬᠦ ᠶᠢ ᠬᠠᠤᠯᠢ ᠶᠣᠰᠣᠭᠠᠷ ᠪᠠᠲᠤᠯᠠᠵᠤ᠂ ᠨᠡᠶᠢᠲᠡ 42 | ᠤᠬᠠᠭᠤᠯᠭ᠎ᠠ ᠶᠢᠨ ᠰᠠᠮᠪᠠᠷ᠎ᠠ ᠶᠢ ᠵᠢᠷᠤᠵᠤ ᠲᠥᠯᠥᠪᠯᠡᠨ ᠵᠣᠬᠢᠶᠠᠵᠤ᠂ 3 ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ | ᠪᠤᠯᠤᠩ ᠪᠠᠶᠢᠭᠤᠯᠤᠨ᠂ 2 ᠬᠤᠳᠠᠯᠳᠤᠭᠠᠨ ᠤ ᠲᠣᠤᠷ ᠴᠢᠬ ᠤᠨ ᠤᠬᠠᠭᠤᠯᠭ᠎ᠠ ᠶᠢᠨ ᠭᠠᠵᠠᠷ ᠭᠠᠷᠭᠠᠵᠤ᠂ 1 ᠲᠣᠮᠣ | ᠬᠡᠯᠪᠡᠷᠢ ᠶᠢᠨ ᠤᠷᠢᠶ᠎ᠠ ᠯᠣᠽᠦ᠋ᠩ ᠭᠠᠷᠭᠠᠵᠤ᠂ ᠲᠣᠭᠲᠠᠪᠤᠷᠢᠲᠠᠶ ᠤᠬᠠᠭᠤᠯᠭ᠎ᠠ ᠶᠢᠨ ᠪᠡᠯᠡᠳᠬᠡᠮᠵᠢ ᠪᠠᠷ ᠲᠤᠭ᠎ᠠ | ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢ ᠠᠬᠢᠭᠤᠯᠤᠨ᠂ ᠪᠠᠶᠢᠴᠠᠭᠠᠭᠳᠠᠬᠤ ᠡᠲᠡᠭᠡᠳ ᠢᠶᠠᠷ ᠬᠠᠤᠯᠢ ᠶᠢ | ᠮᠡᠳᠡᠵᠦ ᠬᠠᠤᠯᠢ ᠶᠢ ᠰᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ | ᠪᠦᠷᠢᠳᠬᠡᠯ ᠤᠨ ᠬᠠᠤᠯᠢ︾ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠠᠢ᠃ | 【 ᠡᠨᠡ ᠵᠢᠯ ᠠᠴᠠ ᠨᠠᠰᠢ᠂ ᠮᠠᠨ ᠤ ᠲᠣᠪᠴᠢᠶ᠎ᠠ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ᠂ | ᠵᠢᠵᠢᠭ ᠪᠢᠴᠢᠯ ᠠᠵᠤ ᠠᠬᠤᠶᠢᠯᠠᠯ᠂ ᠴᠡᠭ ᠠᠴᠠ ᠴᠡᠭ ᠲᠤ ᠪᠣᠯᠪᠠᠰᠤᠷᠠᠭᠤᠯᠤᠯ ᠬᠢᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠡᠭᠦᠨ ᠤ ᠵᠡᠷᠭᠡ ᠳᠤ ︽12 · 4︾᠂ ︽12 · 8︾ ᠵᠡᠷᠭᠡ ᠬᠠᠤᠯᠢ ᠲᠦᠭᠡᠮᠡᠯᠵᠢᠭᠦᠯᠬᠦ ᠴᠢᠬᠤᠯᠠ | ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠤᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠦ᠂ | ᠪᠣᠯᠪᠠᠰᠤᠷᠠᠭᠤᠯᠤᠯ ᠤᠬᠠᠭᠤᠯᠭ᠎ᠠ ᠶᠢ ᠪᠦᠬᠦᠨ ᠢ ᠬᠠᠮᠤᠷᠤᠭᠤᠯᠵᠠᠶ᠃ 】 ᠭᠡᠵᠦ ᠬᠤᠳᠠ ᠶᠢᠨ ᠲᠤᠭ᠎ᠠ ᠪᠦᠷᠢᠳᠬᠡᠯ ᠤᠨ | ᠲᠤᠪᠴᠢᠶ᠎ᠠ ᠶᠢᠨ ᠳᠡᠳ᠋ ᠳᠠᠷᠤᠭ᠎ᠠ ᠮᠧᠩ ᠰᠢᠶᠠᠩ ᠫᠧᠩ ᠬᠡᠯᠡᠪᠡ᠃ |