ᠪᠥᠬᠦ ᠬᠤᠲᠠ ᠶᠢᠨ ᠨᠡᠭᠡᠭᠡᠯᠲᠡ ᠶᠢᠨ ᠲᠣᠭᠤᠷᠢᠭ ︵ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠤᠨ | ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠥᠷᠭᠡᠨ ᠣᠯᠠᠨ | ᠠᠷᠠᠳ ᠲᠦᠮᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠵᠠᠭᠠᠯᠳᠤᠬᠤ᠂ ᠢᠯᠡᠴᠢᠯᠡᠨ ᠮᠡᠳᠡᠭᠦᠯᠬᠦ ᠠᠷᠭ᠎ᠠ ᠵᠠᠮ ᠢ | ᠰᠠᠭᠠᠳ ᠥᠬᠡᠶ ᠨᠡᠪᠲᠡᠷᠡᠭᠦᠯᠵᠦ᠂ ᠰᠦᠪᠡᠭᠴᠢ ᠶᠢᠨ ᠢᠷᠡᠯᠲᠡ ᠶᠢ ᠥᠷᠭᠡᠳᠬᠡᠬᠦ ᠶᠢᠨ ᠲᠥᠯᠥᠭᠡ᠂ ᠡᠳᠦᠭᠡ ᠵᠠᠭᠠᠯᠳᠤᠬᠤ | ᠂ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢ ᠢᠯᠡ ᠪᠠᠷ ᠪᠠᠶᠢᠭᠤᠯᠤᠨ᠎ᠠ᠂ ᠬᠤᠯᠪᠣᠭᠳᠠᠯ ᠪᠥᠬᠦᠶ ᠵᠦᠢᠯᠡᠰ ᠢ ᠳᠣᠤᠷᠠᠬᠢ | ᠮᠡᠲᠦ ᠵᠠᠷᠯᠠᠶ᠎ᠠ᠄ | ᠨᠢᠭᠡ᠂ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠤᠨ ᠬᠡᠪᠴᠢᠶ᠎ᠡ᠄ ᠨᠡᠭᠡᠭᠡᠯᠲᠡ ᠶᠢᠨ ᠲᠣᠭᠤᠷᠢᠭ ︵ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠤᠨ ᠭᠠᠵᠠᠷ ᠰᠢᠷᠣᠶ ᠶᠢᠨ ᠬᠠᠮᠢᠶᠠᠷᠤᠯᠲᠠ᠂ ᠪᠠᠯᠠ ᠮᠥᠩᠭᠦ ᠶᠢᠨ | ᠬᠠᠮᠢᠶᠠᠷᠤᠯᠲᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠥᠮᠦᠨ ᠰᠣᠩᠭᠤᠵᠤ ᠬᠥᠮᠦᠨ ᠬᠡᠷᠡᠭᠯᠡᠬᠦ᠂ | ᠬᠠᠮᠢᠶᠠᠷᠤᠯᠲᠠ ᠶᠢᠨ ᠪᠠᠶᠢᠭᠤᠯᠤᠯ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠲᠠᠯ᠎ᠠ ᠪᠠᠷ ᠬᠢ ᠠᠰᠠᠭᠤᠳᠠᠯ ᠤᠨ | ᠰᠦᠪᠡᠭᠴᠢ᠃ | ᠬᠤᠶᠠᠷ᠂ ᠭᠥᠯᠢᠶᠡᠨ ᠠᠪᠴᠤ ᠰᠢᠢᠳᠪᠦᠷᠢᠯᠡᠬᠦ ᠴᠠᠭ᠄ 2021 ᠣᠨ ᠤ 12 ᠰᠠᠷ᠎ᠠ ᠶᠢᠨ 1 ᠤ ᠡᠳᠦᠷ ᠠᠴᠠ | 2022 ᠣᠨ ᠤ 4 ᠰᠠᠷ᠎ᠠ ᠶᠢᠨ 10 ᠤ ᠡᠳᠦᠷ ᠪᠣᠯᠲᠠᠯᠠᠬᠢ | ᠠᠵᠢᠯᠯᠠᠬᠤ ᠡᠳᠦᠷ ᠤᠨ ᠬᠤᠭᠤᠴᠠᠭ᠎ᠠ 8᠄ 30 — 12᠄ 00᠂ 14᠄ 30 — 17᠄ 30᠃ | ᠭᠤᠷᠪᠠ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ᠄ | ︵ᠨᠢᠭᠡ︶ ᠤᠲᠠᠰᠤ᠄ 0475 — 7966851 | ︵ᠬᠤᠶᠠᠷ︶ ᠡᠯᠧᠺᠲᠷᠣᠨ ᠰᠢᠦᠳᠠᠨ ᠬᠠᠶᠢᠷᠴᠠᠭ᠄ hyqyacg@163.com | ︵ᠭᠤᠷᠪᠠ︶ ᠵᠠᠬᠢᠳᠠᠯ ᠤᠨ ᠬᠠᠶᠢᠷᠴᠠᠭ᠄ ᠬᠤᠤᠯᠢᠩᠭᠤᠤᠯ ᠬᠤᠲᠠ ᠶᠢᠨ ᠵᠠᠰᠠᠭ ᠵᠠᠬᠢᠷᠭᠠᠨ ᠤ ᠲᠥᠪ ᠤᠨ ᠭᠤᠤᠯ | ᠡᠭᠦᠳᠡᠨ ᠤ ᠵᠡᠭᠦᠨ ᠲᠠᠯ᠎ᠠ ᠶᠢᠨ ᠱᠠᠲᠤ ᠶᠢᠨ ᠳᠣᠤᠷᠠᠬᠢ ᠵᠠᠬᠢᠳᠠᠯ ᠤᠨ ᠬᠠᠶᠢᠷᠴᠠᠭ | ︵ᠳᠥᠷᠪᠡ︶ ᠬᠠᠶ᠋ᠢᠭ᠄ ᠬᠤᠤᠯᠢᠩᠭᠤᠤᠯ ᠬᠤᠲᠠ ᠶᠢᠨ ᠵᠠᠰᠠᠭ ᠵᠠᠬᠢᠷᠭᠠᠨ ᠤ ᠲᠥᠪ ᠤᠨ ᠵᠡᠭᠦᠨ ᠲᠠᠯ᠎ᠠ ᠶᠢᠨ | 1119 ᠲᠠᠰᠤᠭ |