ᠮᠠᠨ ᠤ ᠬᠤᠲᠠ ᠰᠢᠨ᠎ᠡ ᠸᠠᠺᠼᠢᠨ ᠤ ᠲᠠᠷᠢᠯᠭ᠎ᠠ ᠶᠢ ᠡᠮᠬᠢ ᠵᠢᠷᠤᠮ ᠲᠠᠢ ᠠᠬᠢᠭᠤᠯᠵᠤ ᠠᠷᠠᠳ ᠣᠯᠠᠨ ᠤ ᠡᠷᠡᠭᠦᠯ ᠮᠡᠨᠳᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠪᠣᠶ
ᠨᠡᠶᠢᠲᠡᠯᠡᠭᠰᠡᠨ ᠴᠠᠭ᠄
2021/12/12
    ᠣᠳᠣᠬᠠᠨ ᠳᠤ ᠨᠢᠭᠡᠳᠦᠭᠡᠷ ᠤᠳᠠᠭ᠎ᠠ ᠳᠤ ᠨᠡᠶᠢᠲᠡ 132487 ᠬᠥᠮᠦᠨ ᠤ ᠲᠠᠷᠢᠯᠭ᠎ᠠ ᠬᠢᠵᠦ᠂ ᠲᠠᠷᠢᠯᠭ᠎ᠠ ᠶᠢᠨ ᠨᠣᠷᠮ᠎ᠠ ᠨᠢ 107.18% ᠪᠣᠯᠤᠨ᠎ᠠ︔ ᠬᠤᠶᠠᠳᠤᠭᠠᠷ ᠤᠳᠠᠭ᠎ᠠ ᠳᠤ ᠨᠡᠶᠢᠲᠡ 127936 ᠬᠥᠮᠦᠨ ᠤ ᠲᠠᠷᠢᠯᠭ᠎ᠠ ᠬᠢᠵᠦ᠂ ᠲᠠᠷᠢᠯᠭ᠎ᠠ ᠶᠢᠨ ᠨᠣᠷᠮ᠎ᠠ ᠨᠢ 103.5% ᠳᠤ ᠬᠦᠷᠴᠡᠶ︔ ᠴᠢᠩᠭᠠᠳᠬᠠᠬᠤ ᠲᠠᠷᠢᠯᠭ᠎ᠠ ᠶᠢᠨ ᠭᠤᠷᠪᠠᠳᠤᠭᠠᠷ ᠤᠳᠠᠭ᠎ᠠ ᠨᠢ 12 ᠰᠠᠷ᠎ᠠ ᠶᠢᠨ ᠰᠡᠭᠦᠯᠴᠢ ᠠᠴᠠ ᠡᠮᠦᠨ᠎ᠡ 61052 ᠬᠥᠮᠦᠨ ᠳᠤ ᠲᠠᠷᠢᠯᠭ᠎ᠠ ᠬᠢᠵᠦ᠂ ᠣᠳᠣᠬᠠᠨ ᠳᠤ ᠨᠡᠶᠢᠲᠡ 29689 ᠬᠥᠮᠦᠨ ᠳᠤ ᠲᠠᠷᠢᠯᠭ᠎ᠠ ᠬᠢᠵᠦ᠂ ᠲᠠᠷᠢᠯᠭ᠎ᠠ ᠶᠢᠨ ᠨᠣᠷᠮ᠎ᠠ ᠨᠢ 48.63% ᠪᠣᠯᠤᠨ᠎ᠠ᠃ ᠡᠭᠦᠨ ᠳᠤ 3 — 11 ᠪᠦᠬᠦᠯᠢ ᠨᠠᠰᠤᠨ ᠤ ᠨᠢᠭᠡᠳᠦᠭᠡᠷ ᠤᠳᠠᠭ᠎ᠠ ᠳᠤ ᠨᠡᠶᠢᠲᠡ 13636 ᠬᠥᠮᠦᠨ ᠳᠠᠷᠢᠵᠤ᠂ ᠬᠤᠶᠠᠳᠤᠭᠠᠷ ᠤᠳᠠᠭ᠎ᠠ ᠳᠤ ᠨᠡᠶᠢᠲᠡ 8267 ᠬᠥᠮᠦᠨ ᠳᠠᠷᠢᠵᠠᠶ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠰᠢᠨ᠎ᠡ ᠸᠠᠺᠼᠢᠨ ᠤ ᠲᠠᠷᠢᠯᠭ᠎ᠠ ᠶᠢ ᠦᠷᠭᠦᠯᠵᠢᠯᠡᠨ ᠠᠬᠢᠭᠤᠯᠵᠤ᠂ ᠲᠠᠷᠢᠯᠭ᠎ᠠ ᠶᠢᠨ ᠬᠥᠮᠦᠰ ᠤᠨ ᠬᠡᠪᠴᠢᠶ᠎ᠡ ᠶᠢ ᠪᠥᠬᠦ ᠲᠠᠯ᠎ᠠ ᠪᠠᠷ ᠥᠷᠭᠡᠳᠬᠡᠨ᠂ ᠰᠢᠨ᠎ᠡ ᠸᠠᠺᠼᠢᠨ ᠤ ᠲᠠᠷᠢᠯᠭ᠎ᠠ ᠶᠢᠨ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃

 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号