ᠴᠠᠭᠠᠨ ᠰᠠᠷ᠎ᠠ ᠪᠣᠯ ᠮᠠᠨ ᠤ ᠳᠤᠮᠳᠠᠳᠤᠴᠤᠳ ᠤᠨ ᠤᠯᠠᠮᠵᠢᠯᠠᠯᠲᠤ ᠪᠠᠶᠠᠷ ᠤᠨ ᠡᠳᠦᠷ ᠮᠥᠨ᠂ ᠴᠠᠭᠠᠨ | ᠰᠠᠷ᠎ᠠ ᠶᠢᠨ ᠦᠳᠡᠰᠢᠯᠡᠭᠡ ᠪᠣᠯ ᠮᠠᠨ ᠤ ᠳᠤᠲᠠᠭᠳᠠᠵᠤ ᠪᠣᠯᠤᠰᠢ ᠥᠬᠡᠶ ᠴᠠᠭᠠᠨ ᠰᠠᠷ᠎ᠠ ᠶᠢᠨ ᠬᠤᠭᠤᠯᠠ ᠮᠥᠨ᠃ | ᠬᠤᠤᠯᠢᠩᠭᠤᠤᠯ ᠬᠤᠲᠠ ᠶᠢᠨ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠲᠠᠰᠤᠷᠠᠯᠲᠠ ᠥᠬᠡᠶ | ᠪᠠᠶᠠᠯᠢᠭᠵᠢᠭᠤᠯᠵᠤ᠂ ᠪᠠᠶᠠᠷ ᠬᠥᠷ ᠲᠠᠢ᠂ ᠥᠯᠵᠡᠶ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ | ᠪᠣᠯᠭᠠᠬᠤ ᠶᠢᠨ ᠲᠥᠯᠥᠭᠡ᠂ 2022 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠬᠤᠤᠯᠢᠩᠭᠤᠤᠯ ᠬᠤᠲᠠ ᠶᠢᠨ | 2022 ᠣᠨ ᠤ ᠷᠠᠳᠢᠣ᠋ ᠨᠡᠪᠲᠡᠷᠡᠭᠦᠯᠭᠡ ᠶᠢᠨ ᠴᠠᠭᠠᠨ ᠰᠠᠷ᠎ᠠ ᠶᠢᠨ ᠨᠠᠶᠢᠷ ᠢ ᠡᠷᠭᠢᠯᠡᠬᠦ ᠪᠠᠷ ᠲᠣᠭᠲᠠᠪᠠ᠃ ᠮᠠᠨ ᠤ | ᠬᠤᠲᠠ ᠶᠢᠨ ᠭᠠᠵᠠᠷ ᠣᠷᠣᠨ ᠤ ᠰᠣᠶᠣᠯ ᠤᠨ ᠣᠨᠴᠠᠯᠢᠭ ᠢ ᠭᠦᠶ᠋ᠴᠡᠳ ᠳᠡᠯᠭᠡᠨ ᠦᠵᠡᠭᠦᠯᠵᠦ᠂ ᠪᠥᠬᠦ | ᠠᠷᠠᠳ ᠢᠶᠠᠷ ᠢᠶᠠᠨ ᠴᠠᠭᠠᠨ ᠰᠠᠷ᠎ᠠ ᠶᠢᠨ ᠦᠳᠡᠰᠢᠯᠡᠭᠡ ᠡᠷᠭᠢᠯᠡᠬᠦ᠂ ᠪᠥᠬᠦ ᠠᠷᠠᠳ ᠢᠶᠠᠷ ᠢᠶᠠᠨ ᠣᠷᠣᠯᠴᠠᠬᠤ | ᠣᠶᠢᠯᠠᠭᠠᠭᠳᠠᠬᠤᠨ ᠢ ᠢᠯᠡᠷᠡᠭᠦᠯᠬᠦ ᠶᠢᠨ ᠲᠥᠯᠥᠭᠡ᠂ ᠨᠢᠭᠡ ᠪᠦᠯᠦᠭ ᠰᠢᠯᠢᠳᠡᠭ ᠤᠷᠠᠨ ᠰᠠᠶᠢᠬᠠᠨ ᠤ ᠫᠷᠤᠭ᠍ᠷᠠᠮ ᠢ | ᠰᠣᠩᠭᠤᠨ ᠬᠤᠤᠯᠢᠩᠭᠤᠤᠯ ᠬᠤᠲᠠ ᠶᠢᠨ 2022 ᠣᠨ ᠤ ᠷᠠᠳᠢᠣ᠋ ᠨᠡᠪᠲᠡᠷᠡᠭᠦᠯᠭᠡ ᠶᠢᠨ ᠴᠠᠭᠠᠨ ᠰᠠᠷ᠎ᠠ ᠶᠢᠨ | ᠬᠠᠮᠲᠤᠷᠠᠭᠰᠠᠨ ᠦᠳᠡᠰᠢᠯᠡᠭᠡ ᠶᠢᠨ ᠲᠠᠪᠴᠠᠩ ᠳᠤ ᠭᠠᠷᠭᠠᠨ᠎ᠠ᠃ ᠡᠳᠦᠭᠡ ᠬᠤᠯᠪᠣᠭᠳᠠᠯ ᠪᠥᠬᠦᠢ ᠤᠴᠢᠷ ᠢ ᠳᠣᠣᠷᠠᠬᠢ | ᠮᠡᠲᠦ ᠮᠡᠳᠡᠭᠳᠡᠶ᠎ᠡ᠄ | ᠨᠢᠭᠡ᠂ ᠫᠷᠤᠭ᠍ᠷᠠᠮ ᠡᠯᠰᠡᠬᠦ | 1. ᠲᠣᠭᠯᠠᠯᠲᠠ ᠶᠢᠨ ᠲᠥᠷᠥᠯ ᠬᠡᠯᠪᠡᠷᠢ᠄ ᠳᠠᠭᠤᠤ᠂ ᠬᠥᠭᠵᠢᠮ ᠤᠨ ᠠᠶ᠎ᠠ᠂ ᠲᠠᠭᠤᠷᠢᠯᠢᠭ᠂ ᠴᠠᠷᠭᠢᠯ ᠬᠤᠯᠪᠣᠭ᠎ᠠ᠂ | ᠪᠡᠯᠡᠨ ᠶᠠᠷᠢᠯᠴᠠᠭ᠎ᠠ᠂ ᠤᠷᠠᠨ ᠤᠩᠰᠢᠯᠭ᠎ᠠ᠂ ᠱᠤᠭ ᠶᠠᠷᠢᠶ᠎ᠠ᠂ ᠤᠤᠭᠠᠯ ᠰᠤᠶᠤᠯ ᠵᠡᠷᠭᠡ ᠫᠷᠤᠭ᠍ᠷᠠᠮ ᠢ ᠴᠥᠮ ᠰᠣᠩᠭᠤᠨ | ᠨᠡᠷ᠎ᠡ ᠮᠡᠳᠡᠭᠦᠯᠵᠦ ᠪᠣᠯᠤᠨ᠎ᠠ︔ | 2. ᠫᠷᠤᠭ᠍ᠷᠠᠮ ᠤᠨ ᠠᠭᠤᠯᠭ᠎ᠠ᠄ ᠢᠳᠡᠪᠬᠢᠲᠡᠶ ᠪᠥᠭᠡᠳ ᠡᠷᠡᠭᠦᠯ ᠥᠭᠡᠳᠡᠷᠬᠡᠭ ᠪᠠᠶᠢᠵᠤ᠂ ︽ᠭᠤᠷᠪᠠ ᠳᠤ ᠣᠶᠢᠷᠠᠳᠬᠤ︾ | ᠵᠠᠷᠴᠢᠮ ᠢ ᠢᠯᠡᠷᠡᠭᠦᠯᠵᠦ᠂ ᠰᠢᠯᠢᠳᠡᠭ ᠰᠣᠶᠣᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠤᠬᠠᠭᠤᠯᠤᠨ ᠳᠡᠯᠭᠡᠨ | ᠦᠵᠡᠭᠦᠯᠵᠦ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠤᠨ᠎ᠠ︔ | 3᠂ ᠲᠣᠭᠯᠠᠯᠲᠠ ᠶᠢᠨ ᠴᠠᠭ᠄ ᠳᠠᠭᠤᠤ᠂ ᠬᠥᠭᠵᠢᠮ᠂ ᠪᠡᠯᠡᠨ ᠶᠠᠷᠢᠯᠴᠠᠭ᠎ᠠ᠂ ᠲᠠᠭᠤᠷᠢᠯᠢᠭ ᠵᠡᠷᠭᠡ ᠠᠮᠢ ᠠᠬᠤᠶ ᠶᠢᠨ | ᠫᠷᠤᠭ᠍ᠷᠠᠮ ᠢ 6 ᠮᠢᠨᠦ᠋ᠲ ᠤᠨ ᠳᠣᠲᠣᠷ᠎ᠠ᠂ ᠬᠡᠯᠡᠨ ᠤ ᠲᠥᠷᠥᠯ ᠤᠨ ᠫᠷᠤᠭ᠍ᠷᠠᠮ ᠢ 8 ᠮᠢᠨᠦ᠋ᠲ ᠤᠨ ᠳᠣᠲᠣᠷ᠎ᠠ᠂ ᠪᠤᠰᠤᠳ | ᠲᠥᠷᠥᠯ ︵ᠠᠷᠠᠳ ᠤᠨ ᠰᠣᠩᠭᠤᠨ ᠬᠦᠷᠭᠡᠭᠰᠡᠨ ᠫᠷᠤᠭ᠍ᠷᠠᠮ ᠢ ᠪᠠᠭᠲᠠᠭᠠᠨ᠎ᠠ︶ ᠢ 5 ᠮᠢᠨᠦ᠋ᠲ ᠤᠨ ᠳᠣᠲᠣᠷ᠎ᠠ᠃ | ᠬᠤᠶᠠᠷ᠂ ᠫᠷᠤᠭ᠍ᠷᠠᠮ ᠤᠨ ᠰᠢᠯᠭᠠᠷᠠᠭᠤᠯᠤᠯᠲᠠ | 1. ︽ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ ᠨᠠᠶᠢᠷ︾ ᠤᠨ ᠫᠷᠤᠭ᠍ᠷᠠᠮ ᠤᠨ ᠰᠣᠩᠭᠤᠯᠲᠠ ᠳᠤ ᠨᠡᠷ᠎ᠡ | ᠮᠡᠳᠡᠭᠦᠯᠦᠨ᠎ᠡ | 2. ᠭᠠᠳᠠᠨ᠎ᠠ ᠣᠷᠣᠨ ᠤ ᠬᠤᠤᠯᠢᠨ ᠭᠤᠤᠯ ᠨᠤᠲᠤᠭ ᠲᠠᠢ ᠲᠠᠮᠢᠷᠴᠢᠨ ᠰᠦᠯᠵᠢᠶ᠎ᠡ ᠪᠠᠷ ᠨᠡᠷ᠎ᠡ ᠮᠡᠳᠡᠭᠦᠯᠵᠦ᠂ | ᠬᠤᠯᠪᠣᠭᠳᠠᠯ ᠪᠥᠬᠦᠶ ᠫᠷᠤᠭ᠍ᠷᠠᠮ ᠤᠨ MP3 ᠬᠡᠯᠪᠡᠷᠢ ᠶᠢᠨ ᠲᠠᠭᠤᠨ ᠤ ᠳᠠᠪᠲᠠᠮᠵᠢ ᠶᠢ ᠳᠠᠮᠵᠢᠭᠤᠯᠵᠤ ᠪᠣᠯᠤᠨ᠎ᠠ︔ | ᠫᠷᠤᠭ᠍ᠷᠠᠮ ᠤᠨ ᠰᠣᠩᠭᠤᠯᠲᠠ ᠶᠢᠨ ᠴᠠᠭ᠄ 2021 ᠣᠨ ᠤ 12 ᠰᠠᠷ᠎ᠠ ᠶᠢᠨ 1 ᠤ ᠡᠳᠦᠷ ᠠᠴᠠ 2022 | ᠣᠨ ᠤ 1 ᠰᠠᠷ᠎ᠠ ᠶᠢᠨ 15 ᠤ ᠡᠳᠦᠷ ᠪᠣᠯᠲᠠᠯ᠎ᠠ︔ | ᠭᠤᠷᠪᠠ᠂ ᠰᠢᠯᠢᠨ ᠰᠣᠩᠭᠤᠬᠤ ᠡᠲᠡᠭᠡᠳ | ᠬᠤᠲᠠ ᠶᠢᠨ ᠬᠠᠷᠢᠶ᠎ᠠ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ | ᠰᠤᠷᠭᠠᠭᠤᠯᠢ᠂ ᠨᠡᠶᠢᠭᠡᠮ ᠤᠨ ᠡᠯ᠎ᠡ ᠪᠦᠯᠬᠦᠮ ᠪᠠ ᠲᠣᠰ ᠬᠤᠲᠠ ᠶᠢᠨ ᠳᠣᠲᠣᠷᠠᠬᠢ ᠡᠷᠳᠡᠮ ᠴᠢᠳᠠᠪᠤᠷᠢ ᠲᠠᠢ ᠵᠣᠬᠢᠶᠠᠨ | ᠪᠠᠶᠢᠭᠤᠯᠤᠯᠲᠠ ᠪᠠ ᠬᠤᠪᠢ ᠬᠥᠮᠦᠨ ᠴᠥᠮ ᠨᠡᠷ᠎ᠡ ᠮᠡᠳᠡᠭᠦᠯᠵᠦ ᠰᠣᠩᠭᠤᠨ ᠳᠡᠪᠰᠢᠭᠦᠯᠬᠦ ᠳᠤ ᠣᠷᠣᠯᠴᠠᠵᠤ ᠪᠣᠯᠤᠨ᠎ᠠ᠃ | | | ᠳᠥᠷᠪᠡ᠂ ᠨᠡᠷ᠎ᠡ ᠮᠡᠳᠡᠭᠦᠯᠬᠦ ᠠᠷᠭ᠎ᠠ ᠮᠠᠶ᠋ᠢᠭ | ᠨᠡᠷ᠎ᠡ ᠮᠡᠳᠡᠭᠦᠯᠬᠦ ᠴᠠᠭ᠄ ᠲᠣᠰ ᠡᠳᠦᠷ ᠠᠴᠠ ᠡᠬᠢᠯᠡᠨ ᠨᠡᠷ᠎ᠡ ᠮᠡᠳᠡᠭᠦᠯᠦᠨ᠎ᠡ | ᠬᠠᠷᠢᠯᠴᠠᠬᠤ ᠤᠲᠠᠰᠤ᠄ 7966288 | ᠨᠡᠷ᠎ᠡ ᠮᠡᠳᠡᠭᠦᠯᠬᠦ ᠢᠮᠧᠯ᠄ ᠬᠠᠮ ᠵᠠᠭᠤᠴᠢᠯᠠᠭᠤᠷ ᠤᠨ ᠲᠥᠪ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠶᠢᠨ | ᠡᠬᠢᠨ ᠤ ᠦᠰᠦᠭ ᠤᠨ ᠴᠣᠮᠬᠠᠳᠬᠠᠯ | Rmtzxgbdt@163com | | ᠬᠤᠤᠯᠢᠩᠭᠤᠤᠯ ᠬᠤᠲᠠ ᠶᠢᠨ ᠬᠠᠮ ᠵᠠᠭᠤᠴᠢᠯᠠᠭᠤᠷ ᠤᠨ ᠲᠥᠪ | |