ᠨᠢᠭᠡ ᠦᠵᠡᠯᠲᠡ ᠪᠠᠨ ᠬᠤᠪᠢᠷᠠᠭᠤᠯᠬᠤ ᠦᠭᠡᠢ ᠪᠣᠯ ︽ᠬᠤᠶᠠᠷ ᠢ ᠬᠦᠩᠭᠡᠷᠡᠭᠦᠯᠬᠦ︾ ᠨᠢ ᠦᠨᠳᠦᠰᠦ ᠠᠴᠠ ᠨᠢ | ᠵᠠᠰᠠᠬᠤ ᠶᠢᠨ ᠠᠷᠭ᠎ᠠ ᠦᠭᠡᠢ | 20 ᠳ᠋ᠤᠭᠠᠷ ᠵᠠᠭᠤᠨ ᠤ ᠲᠠᠪᠢ ᠵᠢᠷᠠᠭᠠᠳ ᠣᠨ ᠤ ᠦᠶ᠎ᠡ ᠳᠤ᠂ ᠮᠠᠨ ᠤ ᠤᠯᠤᠰ ᠳᠠᠷᠤᠶ ᠬᠢᠴᠢᠶᠡᠯ ᠤᠨ 1/3 ᠶᠢ | ᠬᠠᠰᠤᠵᠤ᠂ ᠰᠤᠷᠤᠭᠴᠢᠳ ᠤᠨ ᠳᠠᠷᠤᠭᠠᠰᠤ ᠶᠢ ᠬᠥᠩᠭᠡᠯᠡᠬᠦ ᠳᠤᠷᠠᠳᠤᠯᠭ᠎ᠠ ᠭᠠᠷᠭᠠᠪᠠ᠃ ᠰᠤᠷᠤᠭᠴᠢᠳ ᠤᠨ | ᠳᠠᠷᠤᠭᠠᠰᠤ ᠬᠡᠲᠦᠷᠬᠡᠶ ᠬᠦᠨᠳᠦᠷᠡᠵᠦ ᠪᠠᠶᠢᠭ᠎ᠠ ᠨᠢ ᠨᠢᠭᠡ ᠳᠤ ᠪᠡᠶ᠎ᠡ ᠮᠠᠬᠠᠪᠣᠳ ᠢᠶᠠᠨ ᠰᠠᠶᠢᠲᠤᠷ ᠳᠠᠪᠲᠠᠨ | ᠪᠣᠯᠪᠠᠰᠤᠷᠠᠭᠤᠯᠵᠤ ᠴᠢᠳᠠᠬᠤ ᠤᠢᠭᠡᠢ᠂ ᠬᠤᠶᠠᠷ ᠲᠤ ᠤᠯᠤᠰ ᠣᠷᠣᠨ ᠤ ᠶᠡᠭᠡ ᠶᠠᠪᠤᠳᠠᠯ ᠳᠤ ᠰᠡᠳᠬᠢᠯ ᠲᠠᠯᠪᠢᠬᠤ ᠴᠠᠭ | ᠤᠢᠭᠡᠢ᠂ ᠪᠤᠰᠤᠳ ᠠᠵᠢᠯᠯᠠᠭ᠎ᠠ ᠬᠢᠬᠦ ᠴᠠᠭ ᠤᠢᠭᠡᠢ ᠪᠣᠯᠣᠭᠠᠳ ᠰᠤᠷᠤᠭᠴᠢᠳ ᠤᠨ ᠦᠵᠡᠯ ᠰᠠᠨᠠᠭ᠎ᠠ ᠶᠣᠰᠣ | ᠮᠣᠷᠠᠯ ᠤᠨ ᠳᠡᠭᠡᠭᠰᠢᠯᠡᠯᠲᠡ ᠶᠢ ᠨᠥᠯᠥᠭᠡᠯᠡᠵᠦ᠂ ᠰᠤᠷᠤᠭᠴᠢᠳ ᠤᠨ ᠵᠢᠩᠬᠢᠨᠢ ᠬᠥᠭᠵᠢᠯᠲᠡ ᠶᠢ ᠬᠠᠷᠰᠢᠯᠠᠵᠤ ᠪᠠᠶᠢᠨ᠎ᠠ᠃ | | ᠣᠳᠣᠬᠠᠨ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠮᠤᠭ ᠤᠨ ᠲᠣᠪᠤᠶᠢᠮ᠎ᠠ ᠠᠰᠠᠭᠤᠳᠠᠯ ᠪᠣᠯ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠠᠷᠤᠭᠠᠰᠤ ᠬᠡᠲᠦ ᠬᠦᠨᠳᠦ ᠪᠠᠶᠢᠭ᠎ᠠ ᠶᠠᠪᠤᠳᠠᠯ ᠪᠣᠯᠤᠨ᠎ᠠ᠃ | ᠡᠩ ᠲᠡᠷᠢᠭᠦᠨ ᠳᠤ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ᠂ ᠦᠵᠡᠯ ᠰᠠᠨᠠᠭ᠎ᠠ | ᠶᠣᠰᠣ ᠮᠣᠷᠠᠯ ᠢ ᠨᠥᠯᠥᠭᠡᠯᠡᠨ᠎ᠡ᠃ ᠰᠤᠷᠤᠭᠴᠢᠳ ᠡᠳᠦᠷᠵᠢᠨ ᠰᠢᠷᠭᠠᠭᠤ ᠬᠠᠲᠠᠭᠤᠵᠢᠯᠲᠠᠶ ᠠᠵᠢᠯᠯᠠᠵᠤ᠂ ᠨᠦᠢᠷ | ᠬᠦᠷᠦᠯᠴᠡᠬᠦ ᠦᠭᠡᠢ ᠮᠥᠷᠲᠡᠭᠡᠨ ᠪᠣᠯᠪᠠᠰᠤᠷᠠᠯ ᠢᠶᠠᠷ ᠳᠤᠲᠠᠮᠠᠭ᠂ ᠲᠠᠮᠢᠷ ᠲᠡᠩᠬᠡᠭᠡ ᠨᠢ ᠮᠠᠭᠤᠳᠠᠳᠠᠭ | ᠰᠤᠷᠤᠭᠴᠢᠳ ᠤᠨ ᠪᠡᠶ᠎ᠡ ᠮᠠᠬᠠᠪᠣᠳ ᠤᠨ ᠪᠣᠯᠪᠠᠰᠤᠷᠠᠯ ᠢᠶᠠᠷ ᠳᠤᠲᠠᠮᠠᠭ ᠠᠴᠠ ᠪᠤᠯᠵᠤ ᠲᠠᠮᠢᠷ ᠲᠡᠩᠬᠡᠭᠡ ᠨᠢ | ᠮᠠᠭᠤᠳᠠᠳᠠᠭ᠃ ᠨᠢᠭᠡ ᠰᠤᠷᠭᠠᠭᠤᠯᠢ ᠶᠢᠨ ᠵᠠᠬᠢᠷᠤᠯ ᠨᠠᠳᠠ ᠳᠤ ᠵᠠᠷᠢᠮ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠭᠴᠢ ᠶᠢᠨ ᠳᠠᠩ ᠰᠠᠪᠠᠯᠠᠭᠤᠷ ᠢᠶᠠᠷ ᠪᠡᠶ᠎ᠡ ᠪᠠᠨ ᠲᠠᠲᠠᠵᠤ ᠳᠡᠭᠡᠭᠰᠢ ᠬᠡᠳᠦ ᠤᠳᠠᠭ᠎ᠠ ᠬᠢᠵᠦ | ᠳᠡᠶᠢᠯᠬᠦ ᠦᠭᠡᠢ᠂ ᠭᠦᠶᠦᠬᠦ ᠳᠤ ᠮᠠᠨᠠᠷᠠᠵᠤ ᠤᠨᠠᠨ᠎ᠠ ᠭᠡᠵᠦ ᠬᠡᠯᠡᠵᠦ ᠥᠭᠪᠡ᠃ ᠣᠳᠣᠬᠠᠨ ᠳᠤ ᠰᠤᠷᠤᠭᠴᠢᠳ ᠤᠨ | ᠳᠤᠮᠳᠠ ᠣᠶᠢᠷ᠎ᠠ ᠬᠠᠷᠠᠭ᠎ᠠ ᠲᠠᠢ ᠨᠢᠳᠦ ᠣᠯᠠᠨ᠂ ᠣᠯᠠᠩᠬᠢ ᠨᠠᠰᠤᠨ ᠳᠤ ᠬᠦᠷᠦᠭᠰᠡᠳ ᠤᠨ ᠡᠪᠡᠳᠴᠢᠨ ᠡᠮᠭᠡᠭ᠂ | ᠵᠢᠱᠢᠶᠡᠯᠡᠪᠡᠯ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠤ ᠨᠠᠰᠤ ᠪᠠᠭᠠᠰᠤᠨ᠎ᠠ᠂ ᠢᠩᠭᠢᠭᠡᠳ | ᠪᠠᠶᠢᠪᠠᠯ ᠠᠷᠠᠳ ᠢᠷᠭᠡᠳ ᠤᠨ ᠪᠡᠶ᠎ᠡ ᠮᠠᠬᠠᠪᠣᠳ ᠤᠨ ᠪᠠᠶᠢᠳᠠᠯ ᠮᠠᠭᠤᠳᠠᠵᠤ᠂ ᠣᠳᠣ ᠶᠢᠨ ᠬᠥᠮᠦᠰ ᠰᠠᠨᠠᠭ᠎ᠠ ᠵᠣᠪᠠᠨ᠎ᠠ᠃ | | ︽ᠬᠤᠶᠠᠷ ᠢ ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠳᠤᠷᠠᠳᠤᠭᠰᠠᠨ ᠠᠬᠤᠶ ᠪᠠᠶᠢᠳᠠᠯ ᠳᠤ ᠪᠠᠰᠠ | ᠰᠤᠷᠭᠠᠭᠤᠯᠢ ᠶᠢᠨ ᠭᠠᠳᠠᠨᠠᠬᠢ ᠪᠠᠶᠢᠭᠤᠯᠤᠮᠵᠢ ᠶᠡᠭᠡ ᠪᠠᠷ ᠳᠡᠯᠭᠡᠷᠡᠵᠦ ᠪᠠᠶᠢᠨ᠎ᠠ᠃ ᠥᠩᠭᠡᠷᠡᠭᠰᠡᠨ ᠳᠤ ᠪᠠᠭᠠᠴᠤᠳ ᠤᠨ | ᠣᠷᠳᠣᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠵᠡᠷᠭᠡ ᠰᠤᠷᠭᠠᠭᠤᠯᠢ ᠶᠢᠨ ᠭᠠᠳᠠᠨᠠᠬᠢ | ᠪᠠᠶᠢᠭᠤᠯᠤᠮᠵᠢ ᠨᠤᠭᠤᠳ ᠬᠢᠴᠢᠶᠡᠯ ᠤᠨ ᠭᠠᠳᠠᠨᠠᠬᠢ ᠠᠵᠢᠯᠯᠠᠭ᠎ᠠ ᠨᠤᠭᠤᠳ ᠢ ᠬᠢᠵᠦ᠂ ᠰᠤᠷᠤᠭᠴᠢᠳ ᠤᠨ ᠬᠢᠴᠢᠶᠡᠯ ᠤᠨ | ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠵᠤ ᠪᠠᠶᠢᠵᠠᠶ᠃ ᠭᠡᠲᠡᠯ᠎ᠡ᠂ ᠣᠲᠣ ᠶᠢᠨ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠯ ᠤᠨ ᠪᠠᠶᠢᠭᠤᠯᠤᠮᠵᠢ ᠬᠠᠷᠢᠨ ᠤᠷᠢᠳᠴᠢᠯᠠᠨ᠂ ᠬᠥᠲᠥᠯᠪᠦᠷᠢ ᠠᠴᠠ ᠳᠠᠪᠠᠭᠤᠯᠤᠨ ᠬᠡᠤᠬᠡᠳ ᠤᠳ ᠲᠤ | ᠬᠢᠴᠢᠶᠡᠯ ᠣᠷᠣᠵᠤ᠂ ︽ᠰᠡᠭᠦᠳᠡᠷ ᠰᠤᠷᠭᠠᠭᠤᠯᠢ︾ ᠪᠣᠯᠵᠣ ᠬᠤᠪᠢᠷᠠᠭᠠᠳ᠂ ᠰᠤᠷᠭᠠᠭᠤᠯᠢ ᠶᠢᠨ ᠳᠣᠲᠣᠷᠠᠬᠢ ᠪᠠ | ᠰᠤᠷᠭᠠᠭᠤᠯᠢ ᠶᠢᠨ ᠭᠠᠳᠠᠨᠠᠬᠢ ᠬᠤᠶᠠᠷ ᠢᠵᠢ ᠵᠢᠭᠠᠨ ᠰᠤᠷᠭᠠᠯᠲᠠ ᠶᠢᠨ ᠰᠢᠰᠲ᠋ᠧᠮ ᠢ ᠪᠦᠷᠢᠯᠳᠦᠭᠦᠯᠵᠦ᠂ | ᠰᠤᠷᠭᠠᠭᠤᠯᠢ ᠶᠢᠨ ᠪᠠᠭᠰᠢ ᠶᠢᠨ ᠬᠡᠪ ᠤᠨ ᠵᠢᠭᠠᠨ ᠰᠤᠷᠭᠠᠯᠲᠠ ᠶᠢ ᠨᠥᠯᠥᠭᠡᠯᠡᠵᠦ ᠪᠠᠶᠢᠨ᠎ᠠ᠃ | | ᠰᠤᠷᠤᠭᠴᠢᠳ ᠤᠨ ᠳᠠᠷᠤᠭᠠᠰᠤ ᠳᠡᠩᠳᠡᠭᠦᠦ ᠬᠦᠨᠳᠦ᠂ ᠡᠭᠡ ᠪᠠᠶᠢᠭᠠᠯᠢ ᠳᠤ ᠬᠠᠨᠳᠤᠬᠤ᠂ ᠨᠡᠶᠢᠭᠡᠮ ᠳᠤ ᠬᠠᠨᠳᠤᠬᠤ | ᠴᠠᠭ ᠪᠠᠶᠢᠬᠤ ᠤᠢᠭᠡᠢ᠂ ᠳᠡᠯᠡᠬᠡᠶ ᠶᠢᠷᠲᠢᠨᠴᠦ ᠶᠢ ᠣᠶᠢᠯᠠᠭᠠᠬᠤ ᠤᠢᠭᠡᠢ᠂ ᠨᠡᠶᠢᠭᠡᠮ ᠢ ᠣᠶᠢᠯᠠᠭᠠᠬᠤ ᠤᠢᠭᠡᠢ᠂ ᠥᠷᠭᠡᠨ | ᠬᠠᠷᠠᠭᠠᠰᠤ᠂ ᠡᠯᠪᠡᠭ ᠪᠠᠶᠠᠯᠢᠭ ᠮᠡᠳᠡᠯᠭᠡ᠂ ᠰᠢᠨ᠎ᠡ ᠶᠢ ᠡᠭᠦᠳᠬᠦ ᠰᠡᠳᠬᠢᠬᠦᠶ ᠪᠠ ᠴᠢᠳᠠᠪᠤᠷᠢ ᠪᠠᠷ ᠳᠤᠲᠠᠮᠠᠭ | ᠪᠠᠶᠢᠬᠤ ᠨᠢ ᠲᠡᠳᠡᠠ ᠤ ᠢᠷᠡᠭᠡᠳᠦᠶ ᠶᠢᠨ ᠰᠤᠷᠦᠯᠴᠡᠯᠭ᠎ᠠ ᠪᠠ ᠬᠥᠭᠵᠢᠯᠲᠡ ᠳᠤ ᠴᠥᠮ ᠲᠤᠩ ᠠᠰᠢᠭ ᠤᠢᠭᠡᠢ ᠶᠤᠮ᠃ | | ᠰᠤᠷᠤᠭᠴᠢᠳ ᠤᠨ ᠳᠠᠷᠤᠭᠠᠰᠤ ᠬᠥᠩᠭᠡᠷᠡᠵᠦ᠂ ᠰᠤᠷᠤᠯᠴᠠᠬᠤ ᠤᠷᠮ᠎ᠠ ᠪᠠᠬ᠎ᠠ ᠳᠡᠭᠡᠭᠰᠢᠯᠡᠵᠦ᠂ ᠰᠡᠳᠬᠢᠯ ᠰᠠᠨᠠᠭ᠎ᠠ | ᠠᠭᠤᠵᠢᠷᠠᠪᠠᠯ᠂ ᠰᠤᠷᠤᠯᠭ᠎ᠠ ᠶᠢᠨ ᠦᠷ᠎ᠡ ᠪᠦᠲᠦᠮᠵᠢ ᠳᠡᠭᠡᠭᠰᠢᠯᠡᠵᠦ᠂ ᠰᠤᠷᠤᠯᠭ᠎ᠠ ᠶᠢᠨ ᠬᠢᠷᠢ ᠪᠦᠲᠦᠮᠵᠢ ᠳᠡᠭᠡᠭᠰᠢᠯᠡᠵᠦ | ᠂ ᠰᠤᠷᠤᠭᠴᠢᠳ ᠤᠨ ᠰᠤᠷᠤᠯᠭ᠎ᠠ ᠶᠢᠨ ᠪᠠᠶᠠᠷ ᠪᠠᠶᠠᠰᠤᠯ᠂ ᠪᠠᠭ᠎ᠠ ᠨᠠᠰᠤᠨ ᠤ ᠵᠣᠯ ᠵᠢᠷᠭᠠᠯ ᠢ ᠡᠳ᠋ᠯᠡᠨ᠎ᠡ᠃ | | ᠡᠭᠦᠨ ᠠᠴᠠ ᠭᠠᠳᠠᠨ᠎ᠠ᠂ ᠳᠤᠮᠳᠠᠳᠤ ᠤᠯᠤᠰ ᠤᠨ ︽ᠰᠤᠷᠤᠯᠭ᠎ᠠ ᠳᠠᠭᠠᠨ ᠰᠢᠯᠢᠳᠡᠭ ᠪᠣᠯ ᠨᠣᠶᠠᠨ ᠪᠣᠯᠤᠨ᠎ᠠ︾ | ᠭᠡᠬᠦ ᠰᠣᠶᠣᠯ ᠤᠨ ᠣᠶᠢᠯᠠᠭᠠᠭᠳᠠᠬᠤᠨ ᠠᠴᠠ ᠪᠣᠯᠵᠣ᠂ ᠬᠡᠷ ᠤᠨ ᠠᠬᠠᠮᠠᠳ ᠨᠢᠭᠡᠪᠦᠷᠢ ᠴᠥᠮ ᠬᠡᠤᠬᠡᠳ ᠢᠶᠠᠨ ᠰᠠᠶᠢᠨ | ᠰᠤᠷᠭᠠᠭᠤᠯᠢ ᠳᠤ ᠰᠢᠯᠭᠠᠨ ᠣᠷᠣᠭᠤᠯᠵᠤ᠂ ᠲᠣᠭᠲᠠᠪᠤᠷᠢᠲᠠᠶ ᠠᠵᠢᠯ ᠣᠯᠵᠤ᠂ ᠨᠡᠯᠢᠶᠡᠳ ᠰᠠᠶᠢᠨ ᠣᠷᠣᠯᠭ᠎ᠠ ᠲᠠᠢ | ᠪᠣᠯᠭᠠᠬᠤ ᠶᠢ ᠬᠦᠰᠡᠳᠡᠭ᠂ ᠡᠨᠡ ᠨᠢ ᠰᠤᠷᠤᠭᠴᠢᠳ ᠤᠨ ᠳᠠᠷᠤᠭᠠᠰᠤ ᠶᠢ ᠤᠯᠠᠮ ᠠᠴᠠ ᠤᠯᠠᠮ ᠬᠦᠨᠳᠦᠷᠡᠭᠦᠯᠵᠦ | ᠪᠠᠶᠢᠨ᠎ᠠ᠃ | ᠣᠳᠣ ᠶᠢᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠪᠣᠯ ᠨᠢᠭᠡᠨ ᠲᠣᠮᠣ ᠠᠰᠠᠭᠤᠳᠠᠯ ᠪᠣᠯᠤᠨ᠎ᠠ᠃ | ᠰᠤᠷᠤᠭᠴᠢᠳ ᠤᠨ ᠮᠡᠳᠡᠯᠭᠡ ᠣᠯᠵᠤ ᠰᠤᠷᠬᠤ ᠦᠭᠡᠢ ᠠᠴᠠ ᠠᠶᠤᠬᠤ ᠦᠭᠡᠢ᠂ ᠰᠤᠷᠤᠭᠴᠢᠳ ᠤᠨ ᠰᠡᠳᠬᠢᠴᠡ ᠶᠢᠨ | ᠡᠷᠡᠭᠦᠯ ᠪᠤᠰᠤ ᠠᠴᠠ ᠯᠠ ᠠᠶᠤᠨ᠎ᠠ᠃ ᠰᠤᠷᠤᠭᠴᠢᠳ ᠬᠦᠨᠳᠦ ᠨᠦᠰᠡᠷ ᠰᠡᠳᠬᠢᠯ ᠤᠨ ᠳᠠᠷᠤᠭᠠᠰᠤ ᠶᠢ ᠡᠭᠦᠷᠭᠡᠯᠡᠵᠦ᠂ | ᠰᠤᠷᠤᠯᠴᠠᠯᠭ᠎ᠠ ᠳᠤ ᠤᠷᠮ᠎ᠠ ᠪᠠᠬ᠎ᠠ ᠪᠠᠷ ᠳᠤᠲᠠᠮᠠᠭ᠂ ᠰᠠᠨᠠᠭᠠᠴᠢᠯᠠᠭ᠎ᠠ ᠦᠭᠡᠢ ᠰᠤᠷᠤᠯᠴᠠᠯᠭ᠎ᠠ ᠪᠠᠷ ᠳᠤᠲᠠᠮᠠᠭ ᠪᠠᠶᠢᠵᠤ᠂ | ᠦᠷ᠎ᠡ ᠪᠦᠲᠦᠮᠵᠢ ᠥᠨᠳᠥᠷ ᠪᠢᠰᠢ ᠮᠥᠷᠲᠡᠭᠡᠨ ᠪᠠᠰᠠ ᠭᠠᠵᠢᠭᠤᠳᠠᠭᠤᠯᠬᠤ ᠰᠡᠳᠬᠢᠴᠡ ᠲᠠᠢ ᠪᠤᠯᠵᠤ᠂ | ᠰᠤᠷᠤᠯᠴᠠᠯᠭ᠎ᠠ ᠪᠠᠷ ᠥᠷᠢᠰᠥᠯᠳᠦᠭᠡᠨ ᠤ ᠠᠷᠭ᠎ᠠ ᠪᠠᠷᠢᠯ ᠪᠣᠯᠭᠠᠵᠤ᠂ ᠬᠠᠮᠲᠤ ᠰᠤᠷᠤᠭᠴᠢᠳ ᠢᠶᠠᠷ ᠥᠷᠢᠰᠥᠯᠳᠦᠭᠡᠨ ᠤ | ᠡᠰᠡᠷᠭᠦ ᠡᠲᠡᠭᠡᠳ ᠪᠣᠯᠭᠠᠵᠤ᠂ ᠨᠤᠭᠤᠷᠠᠯ ᠪᠦᠳᠦᠷᠢᠯ ᠢ ᠡᠰᠡᠷᠭᠦᠴᠡᠬᠦ ᠴᠢᠳᠠᠪᠤᠷᠢ ᠪᠠᠷ ᠳᠤᠲᠠᠮᠠᠭ ᠪᠠᠶᠢᠳᠠᠭ᠃ ᠡᠨᠡ ᠨᠢ | ᠬᠡᠦᠬᠡᠳ ᠤᠨ ᠰᠡᠳᠬᠢᠯ ᠰᠠᠨᠠᠭ᠎ᠠ ᠶᠢ ᠭᠠᠵᠢᠭᠤᠳᠠᠭᠤᠯᠵᠤ᠂ ᠬᠡᠦᠬᠡᠳ ᠤᠨ ᠵᠠᠩ ᠴᠢᠨᠠᠷ ᠢ ᠪᠣᠢ ᠪᠣᠯᠭᠠᠬᠤ ᠳᠤ ᠠᠰᠢᠭ | ᠦᠭᠡᠢ ᠶᠤᠮ᠃ | | ︽ᠬᠤᠶᠠᠷ ᠢ ᠬᠥᠩᠭᠡᠯᠡᠬᠦ︾ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠨᠢ ᠰᠤᠷᠭᠠᠨ ᠬᠥᠮᠦᠵᠢᠯ ᠤᠨ | ᠲᠦᠷᠢᠮ ᠤᠨ ᠥᠭᠡᠷᠡᠴᠢᠯᠡᠯᠲᠡ ᠮᠥᠨ᠂ ᠲᠦᠷᠢᠮ ᠤᠨ ᠲᠠᠯ᠎ᠠ ᠠᠴᠠ ᠰᠣᠷᠣᠭᠴᠢ ᠶᠢᠨ ᠬᠢᠴᠢᠶᠡᠯ ᠰᠤᠷᠤᠯᠭ᠎ᠠ᠂ | ᠬᠢᠴᠢᠶᠡᠯ ᠤᠨ ᠭᠠᠳᠠᠨᠠᠬᠢ ᠳᠠᠷᠤᠭᠠᠰᠤ ᠶᠢ ᠬᠥᠩᠭᠡᠷᠡᠭᠦᠯᠬᠦ ᠳᠤ ᠳᠡᠮᠵᠢᠯᠭᠡ ᠬᠠᠩᠭᠠᠭᠰᠠᠨ ᠪᠣᠯᠪᠠᠴᠤ ᠰᠣᠷᠣᠭᠴᠢ ᠶᠢᠨ | ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠳᠤ ᠪᠠᠰᠠ ᠣᠷᠣᠨ ᠨᠤᠲᠤᠭ ᠤᠨ ᠵᠠᠰᠠᠭ ᠤᠨ ᠣᠷᠳᠣᠨ᠂ ᠰᠤᠷᠭᠠᠭᠤᠯᠢ᠂ | ᠬᠡᠷ ᠤᠨ ᠠᠬᠠᠮᠠᠳ ᠤᠨ ᠬᠠᠮᠲᠤ ᠶᠢᠨ ᠴᠢᠷᠮᠠᠶᠢᠯᠭ᠎ᠠ ᠴᠢᠬᠤᠯᠠᠲᠠᠶ ᠶᠤᠮ᠃ | | * ᠦᠵᠡᠯᠲᠡ ᠪᠠᠨ ᠬᠤᠪᠢᠷᠠᠭᠤᠯᠬᠤ ᠦᠭᠡᠢ ᠪᠣᠯ ︽ᠬᠤᠶᠠᠷ ᠢ ᠬᠦᠩᠭᠡᠷᠡᠭᠦᠯᠬᠦ︾ ᠶᠢ ᠦᠨᠳᠦᠰᠦᠨ ᠠᠴᠠ ᠨᠢ | ᠵᠠᠰᠠᠬᠤ ᠶᠢᠨ ᠠᠷᠭ᠎ᠠ ᠦᠭᠡᠢ ᠶᠤᠮ᠃ | ᠭᠡᠷ ᠤᠨ ᠠᠬᠠᠮᠠᠳ ᠡᠩ ᠲᠡᠷᠢᠭᠦᠨ ᠳᠤ ᠦᠵᠡᠯᠲᠡ ᠪᠠᠨ ᠬᠤᠪᠢᠷᠠᠭᠤᠯᠵᠤ᠂ ᠬᠡᠦᠬᠡᠳ ᠤᠨ ᠢᠶᠠᠨ ᠳᠠᠪᠠᠭᠤᠯᠢᠭ | ᠲᠠᠯ᠎ᠠ ᠪᠠ ᠣᠨᠴᠠᠯᠢᠭ ᠢ ᠣᠶᠢᠯᠠᠭᠠᠵᠤ᠂ ᠬᠠᠷᠠᠬᠠᠨ ᠪᠠᠭ᠎ᠠ ᠠᠴᠠ ᠪᠠᠨ ᠬᠡᠦᠬᠡᠳ ᠤᠨ ᠳᠤᠷ᠎ᠠ ᠰᠣᠨᠢᠷᠬᠠᠯ ᠢ | ᠬᠥᠮᠦᠵᠢᠭᠦᠯᠦᠨ᠂ ᠬᠡᠦᠬᠡᠳ ᠢ ᠬᠠᠪᠰᠤᠷᠤᠨ ᠰᠠᠶᠢᠨ ᠰᠠᠶᠢᠬᠠᠨ ᠰᠤᠷᠤᠯᠴᠠᠬᠤ ᠳᠠᠳᠬᠠᠯ ᠲᠠᠢ ᠪᠣᠯᠭᠠᠵᠤ᠂ | ᠰᠤᠷᠭᠠᠭᠤᠯᠢ ᠲᠠᠢ ᠬᠠᠮᠵᠢᠯᠴᠠᠨ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠮ᠎ᠡ ᠶᠣᠰᠣ ᠪᠠ ᠳᠦᠷᠢᠮ | ᠲᠣᠭᠲᠠᠭᠠᠯ ᠤᠨ ᠱᠠᠭᠠᠷᠳᠠᠯᠭ᠎ᠠ ᠶᠢ ᠬᠦᠨᠳᠦᠳᠬᠡᠬᠦ ᠬᠡᠷᠡᠭᠲᠡᠶ᠃ ᠣᠷᠣᠨ ᠨᠤᠲᠤᠭ ᠤᠨ ᠵᠠᠰᠠᠭ ᠤᠨ ᠣᠷᠳᠣᠨ ᠤ ᠨᠣᠶᠠᠳ | ᠴᠤ ᠦᠵᠡᠯᠲᠡ ᠪᠠᠨ ᠮᠠᠰᠢ ᠤᠯᠠᠨ ᠣᠷᠣᠨ ᠨᠤᠲᠤᠭ ᠤᠨ ᠵᠠᠰᠠᠭ ᠤᠨ ᠣᠷᠳᠣᠨ ᠴᠢᠩᠬᠤᠸᠠ ᠶᠡᠭᠡ ᠰᠤᠷᠭᠠᠭᠤᠯᠢ | ᠪᠡᠭᠡᠵᠢᠩ ᠶᠡᠭᠡ ᠰᠤᠷᠭᠠᠭᠤᠯᠢ ᠳᠤ ᠰᠢᠯᠭᠠᠨ ᠤᠷᠤᠭᠰᠠᠨ ᠰᠤᠷᠤᠭᠴᠢ ᠶᠢᠨ ᠲᠤᠭ᠎ᠠ ᠪᠠᠷ ᠠᠵᠢᠯ ᠤᠨ ᠪᠦᠲᠦᠮᠵᠢ ᠪᠠᠨ | ᠪᠣᠯᠭᠠᠵᠤ ᠪᠠᠶᠢᠨ᠎ᠠ᠂ ᠡᠨᠡ ᠪᠣᠯ ᠣᠷᠣᠨ ᠨᠤᠲᠤᠭ ᠤᠨ ᠵᠠᠰᠠᠭ ᠤᠨ ᠣᠷᠳᠣᠨ ᠤ ᠠᠵᠢᠯ ᠤᠨ ᠵᠠᠩᠭᠢᠯᠠᠭ᠎ᠠ ᠮᠥᠨ᠂ | ᠬᠡᠷᠪᠡ ᠡᠨᠡ ᠬᠦ ᠦᠵᠡᠯᠲᠡ ᠪᠠᠨ ᠬᠤᠪᠢᠷᠠᠭᠤᠯᠬᠤ ᠦᠭᠡᠢ ᠪᠣᠯ ᠰᠤᠷᠭᠠᠨ ᠬᠥᠮᠦᠵᠢᠯ ᠤᠨ ᠥᠷᠢᠰᠥᠯᠳᠦᠭᠡᠨ ᠡᠭᠦᠷᠢᠳᠡ | ᠣᠷᠣᠰᠢᠬᠤ ᠪᠣᠯᠤᠨ᠎ᠠ᠃ | ᠨᠡᠶᠢᠭᠡᠮ ᠤᠨ ᠡᠯ᠎ᠡ ᠡᠲᠡᠭᠡᠳ ᠤᠨ ᠬᠢᠨ ᠦᠵᠡᠯᠲᠡ ᠪᠠᠨ ᠬᠤᠪᠢᠷᠠᠭᠤᠯᠬᠤ ᠬᠡᠷᠡᠭᠲᠡᠶ ᠃ ᠣᠳᠣᠬᠠᠨ ᠤ ᠭᠤᠣᠯ | ᠪᠣᠯᠬᠤ ᠰᠤᠷᠭᠠᠨ ᠬᠥᠮᠦᠵᠢᠯ ᠤᠨ ᠦᠵᠡᠯᠲᠡ ᠳᠤ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠬᠠᠭᠤᠴᠢᠨ | ᠦᠵᠡᠯᠲᠡ ᠮᠠᠰᠢ ᠤᠯᠠᠨ ᠣᠷᠣᠰᠢᠵᠤ ᠪᠠᠶᠢᠨ᠎ᠠ᠃ | ᠵᠢᠱᠢᠶᠡᠯᠡᠪᠡᠯ᠂ ᠢᠷᠡᠭᠡᠳᠦᠶ ᠶᠢᠨ ᠠᠵᠢᠯ᠂ ᠣᠷᠣᠯᠭ᠎ᠠ ᠶᠢ ᠯᠠ ᠪᠣᠳᠣᠯᠬᠢᠯᠠᠬᠤ ᠠᠴᠠ ᠪᠢᠰᠢ᠂ ᠬᠡᠦᠬᠡᠳ ᠤᠨ | ᠦᠰᠦᠨ ᠪᠤᠶᠢᠵᠢᠯᠲᠠ ᠶᠢᠨ ᠵᠢᠮ᠎ᠡ ᠶᠣᠰᠣ ᠶᠢ ᠪᠣᠳᠣᠯᠬᠢᠯᠠᠬᠤ ᠦᠭᠡᠢ᠃ ᠨᠡᠶᠢᠭᠡᠮ ᠤᠨ ᠴᠢᠳᠠᠪᠤᠷᠢᠲᠠᠨ ᠤ ᠬᠡᠷᠡᠭᠴᠡᠭᠡ | ᠪᠣᠯ ᠤᠯᠠᠨ ᠡᠰᠢᠴᠢᠯᠡᠭᠰᠡᠨ ᠪᠠᠶᠢᠳᠠᠭ᠂ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠢ ᠯᠠ ᠬᠡᠷᠡᠭᠰᠡᠳᠡᠭ | ᠪᠢᠰᠢ ᠶᠤᠮ᠃ ᠬᠡᠷᠡᠭ ᠳᠡᠭᠡᠷ᠎ᠡ ᠪᠠᠨ ᠴᠥᠭᠡᠨ ᠲᠣᠭᠠᠨ ᠤ ᠬᠥᠮᠦᠨ ᠯᠡ ᠰᠤᠳᠤᠯᠭᠠᠨ ᠤ ᠮᠠᠶ᠋ᠢᠭ ᠤᠨ ᠶᠡᠭᠡ | ᠰᠤᠷᠭᠠᠭᠤᠯᠢ ᠳᠤ ᠣᠷᠣᠵᠤ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠳᠤ ᠲᠤᠬᠢᠷᠡᠬᠤ ᠶᠤᠮ᠃ ᠡᠯ᠎ᠡ ᠵᠦᠢᠯ ᠤᠨ | ᠠᠵᠢᠯ ᠲᠦᠷᠦᠯ ᠨᠢ ᠡᠷᠬᠡ ᠲᠡᠭᠰᠢ ᠪᠠᠶᠢᠳᠠᠭ᠂ ᠳᠡᠭᠡᠳᠦ ᠲᠤᠤᠷᠠᠳᠦ ᠶᠢᠨ ᠢᠯᠭᠠᠭ᠎ᠠ ᠭᠡᠵᠦ ᠪᠠᠶᠢᠳᠠᠭ ᠦᠭᠡᠢ᠃ | | 2.︽ᠬᠤᠶᠠᠷ ᠢ ᠬᠦᠩᠭᠡᠷᠡᠭᠦᠯᠬᠦ︾ ᠶᠢᠨ ᠬᠠᠮᠤᠭ ᠤᠨ ᠦᠨᠳᠦᠰᠦᠨ ᠭᠠᠷᠬᠤ ᠵᠠᠮ ᠪᠣᠯ ᠰᠤᠷᠭᠠᠭᠤᠯᠢ ᠨᠢᠭᠡᠪᠦᠷᠢ ᠶᠢ | ᠰᠠᠶᠢᠲᠤᠷ ᠡᠷᠬᠢᠯᠡᠬᠦ ᠶᠠᠪᠤᠳᠠᠯ ᠪᠣᠯᠤᠨ᠎ᠠ | ︽ᠬᠤᠶᠠᠷ ᠢ ᠬᠦᠩᠭᠡᠷᠡᠭᠦᠯᠬᠦ︾ ᠶᠢᠨ ᠬᠠᠮᠤᠭ ᠤᠨ ᠦᠨᠳᠦᠰᠦᠨ ᠭᠠᠷᠬᠤ ᠵᠠᠮ ᠪᠣᠯ ᠰᠤᠷᠭᠠᠭᠤᠯᠢ ᠶᠢ ᠰᠠᠶᠢᠲᠤᠷ | ᠡᠷᠬᠢᠯᠡᠵᠦ᠂ ᠬᠢᠴᠢᠶᠡᠯ ᠢᠶᠠᠨ ᠰᠠᠶᠢᠲᠤᠷ ᠰᠤᠷᠤᠯᠴᠠᠵᠤ᠂ ᠰᠤᠷᠤᠭᠴᠢ ᠨᠢᠭᠡᠪᠦᠷᠢ ᠶᠢ ᠰᠠᠶᠢᠲᠤᠷ ᠵᠢᠭᠠᠵᠤ᠂ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠠᠪᠤᠳᠠᠯ ᠪᠣᠯᠤᠨ᠎ᠠ᠃ ᠪᠠᠭᠰᠢ ᠨᠢ ᠵᠥᠪᠬᠡᠨ | ᠬᠢᠴᠢᠶᠡᠯ ᠢᠶᠠᠨ ᠰᠠᠶᠢᠨ ᠣᠷᠣᠭᠤᠯᠤᠨ᠎ᠠ᠂ ᠰᠤᠷᠤᠭᠴᠢ ᠨᠢ ᠰᠣᠨᠣᠰᠴᠤ ᠣᠶᠢᠯᠭᠠᠴᠢᠬᠠᠪᠠᠯ ᠭᠡᠷ ᠤᠨ ᠠᠬᠠᠮᠠᠳ ᠨᠢ | ᠭᠡᠷ ᠤᠨ ᠪᠠᠭᠰᠢ ᠵᠠᠯᠠᠭᠰᠠᠨ ᠤ ᠬᠡᠷᠡᠭ ᠦᠭᠡᠢ᠃ ᠡᠭᠦᠨ ᠤ ᠬᠠᠮᠲᠤ᠂ ᠰᠤᠷᠭᠠᠭᠤᠯᠢ ᠨᠤᠭᠤᠳ ᠬᠢᠴᠢᠶᠡᠯ ᠤᠨ ᠳᠠᠷᠠᠭᠠᠬᠢ | ᠠᠰᠢᠭᠲᠠᠶ ᠬᠥᠳᠡᠯᠭᠡᠭᠡᠨ ᠨᠦᠭᠦᠳ ᠢ ᠵᠣᠬᠢᠶᠠᠨ ᠪᠠᠶᠢᠭᠤᠯᠵᠤ᠂ ᠰᠤᠷᠤᠭᠴᠢᠳ ᠤᠨ ᠬᠥᠳᠡᠯᠭᠡᠭᠡᠨ ᠤ ᠱᠠᠭᠠᠷᠳᠠᠯᠭ᠎ᠠ ᠶᠢ | ᠬᠠᠩᠭᠠᠵᠤ᠂ ᠳᠤᠷ᠎ᠠ ᠪᠠᠬ᠎ᠠ ᠶᠢ ᠬᠥᠭᠵᠢᠭᠦᠯᠬᠦ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠂ ᠢᠩᠭᠢᠪᠡᠯ ᠰᠠᠶ᠋ᠢ | ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠤ ᠴᠢᠳᠠᠨ᠎ᠠ᠃ | ᠡᠩ ᠲᠡᠷᠢᠭᠦᠨ ᠳᠤ ᠰᠤᠷᠭᠠᠭᠤᠯᠢ ᠶᠢᠨ ᠲᠡᠩᠴᠡᠭᠦᠷᠢᠲᠡᠶ ᠬᠥᠭᠵᠢᠯᠲᠡ ᠶᠢ ᠶᠡᠬᠡᠪᠡᠷ ᠠᠬᠢᠭᠤᠯᠵᠤ᠂ ᠪᠠᠭᠤᠷᠠᠶ | ᠰᠤᠷᠭᠠᠭᠤᠯᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠣᠳᠣᠬᠠᠨ ᠳᠤ᠂ ᠠᠷᠠᠳ ᠣᠯᠠᠨ ᠤ ᠰᠤᠷᠭᠠᠨ | ᠬᠥᠮᠦᠵᠢᠯ ᠤᠨ ᠲᠤᠬᠠᠶ ᠬᠦᠰᠡᠯ ᠡᠷᠡᠮᠡᠯᠵᠡᠯ ᠬᠢᠭᠡᠳ ᠰᠤᠷᠭᠠᠨ ᠬᠥᠮᠦᠵᠢᠯ ᠤᠨ ᠬᠥᠭᠵᠢᠯᠲᠡ ᠶᠢᠨ ᠲᠡᠩᠴᠡᠭᠦᠷᠢ ᠥᠬᠡᠶ | ᠪᠠᠶᠢᠳᠠᠯ ᠤᠨ ᠬᠤᠭᠤᠷᠣᠨᠳᠣ ᠪᠠᠰᠠ ᠵᠥᠷᠢᠴᠡᠯ ᠣᠷᠣᠰᠢᠵᠤ ᠪᠠᠶᠢᠨ᠎ᠠ᠂ ᠬᠡᠷ ᠤᠨ ᠠᠬᠠᠮᠠᠳ ᠨᠢᠭᠡᠪᠦᠷᠢ ᠴᠥᠮ | ᠥᠪᠡᠷ ᠤᠨ ᠦᠷ᠎ᠡ ᠬᠡᠤᠬᠡᠳ ᠢᠶᠠᠨ ᠰᠢᠯᠢᠳᠡᠭ ᠰᠤᠷᠭᠠᠭᠤᠯᠢ ᠳᠤ ᠣᠷᠣᠭᠤᠯᠬᠤ ᠶᠢ ᠬᠦᠰᠡᠵᠦ ᠪᠠᠶᠢᠨ᠎ᠠ᠂ ᠡᠭᠦᠨ ᠢ | ᠣᠶᠢᠯᠠᠭᠠᠵᠤ ᠪᠣᠯᠤᠨ᠎ᠠ᠂ ᠭᠠᠭᠴᠠ ᠬᠦ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠪᠡᠯ ᠰᠠᠶ᠋ᠢ ᠰᠣᠷᠣᠭᠴᠢ ᠶᠢᠨ | ᠳᠠᠷᠤᠭᠠᠰᠤ ᠬᠡᠲᠦ ᠬᠦᠨᠳᠦ ᠪᠠᠶᠢᠭ᠎ᠠ ᠬᠦᠴᠢᠷ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠤ ᠴᠢᠳᠠᠨ᠎ᠠ᠃ | | ᠰᠤᠷᠭᠠᠭᠤᠯᠢ ᠨᠢᠭᠡᠪᠦᠷᠢ ᠶᠢ ᠰᠠᠶᠢᠲᠤᠷ ᠡᠷᠬᠢᠯᠡᠵᠦ᠂ ᠰᠤᠷᠤᠭᠴᠢ ᠨᠢᠭᠡᠪᠦᠷᠢ ᠶᠢ ᠰᠠᠶᠢᠲᠤᠷ ᠵᠢᠭᠠᠬᠤ ᠬᠡᠷᠡᠭᠲᠡᠶ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠬᠢᠷᠢ ᠪᠦᠲᠦᠮᠵᠢ ᠪᠠᠷ ᠪᠠᠷᠢᠮᠵᠢᠶ᠎ᠠ ᠪᠣᠯᠭᠠᠨ | ᠠᠩᠭᠢ ᠬᠤᠪᠢᠶᠠᠬᠤ ᠶᠢ ᠴᠢᠩᠭ᠎ᠠ ᠴᠠᠭᠠᠵᠠᠯᠠᠨ᠎ᠠ᠃ ᠰᠤᠷᠤᠭᠴᠢᠳ ᠤᠨ ᠰᠤᠷᠤᠯᠴᠠᠬᠤ ᠴᠢᠳᠠᠪᠤᠷᠢ ᠪᠠ ᠰᠤᠷᠤᠯᠴᠠᠬᠤ | ᠬᠢᠷᠢ ᠬᠡᠮᠵᠢᠶ᠎ᠡ ᠪᠣᠯ ᠵᠥᠷᠢᠶ᠎ᠡ ᠲᠠᠢ ᠪᠠᠶᠢᠳᠠᠭ ᠪᠣᠯᠬᠤᠷ ᠠᠪᠢᠶᠠᠰ ᠲᠤᠨᠢ ᠲᠣᠬᠢᠷᠠᠭᠤᠯᠤᠨ ᠵᠢᠭᠠᠵᠤ᠂ ᠰᠤᠷᠤᠭᠴᠢ | ᠨᠢᠭᠡᠪᠦᠷᠢ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠬᠡᠷᠪᠡ ᠲᠠᠩ ᠭᠠᠭᠴᠠ ᠬᠢᠷᠢ ᠪᠦᠲᠦᠮᠵᠢ ᠪᠠᠷ | ᠰᠣᠷᠣᠭᠴᠢ ᠶᠢ ᠬᠡᠮᠵᠢᠬᠦ ᠳᠤ ᠭᠦᠷᠪᠡᠯ᠂ ᠵᠠᠷᠢᠮ ᠰᠣᠷᠣᠭᠴᠢ ᠳᠤ ᠰᠡᠳᠬᠢᠯ ᠤᠨ ᠳᠠᠷᠤᠭᠠᠰᠤ ᠲᠠᠢ ᠪᠣᠯᠵᠣ᠂ ᠰᠢᠨᠲᠠᠷᠠᠯ | ᠲᠥᠷᠥᠭᠳᠡᠯ ᠲᠠᠢ ᠪᠣᠯᠤᠨ᠎ᠠ︔ ᠬᠠᠷᠢᠨ ᠵᠠᠷᠢᠮ ᠰᠤᠷᠤᠭᠴᠢᠳ ᠳᠠᠪᠠᠭᠤᠯᠢᠭ ᠰᠡᠳᠬᠢᠯᠭᠡ ᠲᠠᠢ ᠪᠣᠯᠬᠤ ᠨᠢ | ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠠᠰᠢᠭ ᠥᠬᠡᠶ ᠶᠤᠮ᠃ ᠰᠤᠷᠭᠠᠭᠤᠯᠢ ᠨᠤᠭᠤᠳ ᠰᠣᠩᠭᠤᠨ | ᠰᠤᠷᠬᠤ ᠬᠢᠴᠢᠶᠡᠯ ᠤᠨ ᠠᠷᠭ᠎ᠠ ᠪᠠᠷ ᠴᠢᠳᠠᠪᠤᠷᠢ ᠳᠤᠨᠢ ᠲᠣᠬᠢᠷᠠᠭᠤᠯᠤᠨ ᠵᠢᠭᠠᠬᠤ ᠶᠢ ᠬᠡᠷᠡᠭᠵᠢᠭᠦᠯᠵᠦ ᠪᠣᠯᠤᠨ᠎ᠠ᠃ | | ※ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠴᠢᠶᠡᠯ ᠤᠨ ᠲᠠᠩᠬᠢᠮ ᠤᠨ ᠰᠤᠷᠭᠠᠨ | ᠬᠥᠮᠦᠵᠢᠯ ᠢ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠶᠢᠨ ᠭᠤᠣᠯ ᠠᠷᠭ᠎ᠠ ᠵᠠᠮ ᠪᠣᠯᠭᠠᠵᠤ᠂ | ᠵᠢᠭᠠᠨ ᠰᠤᠷᠭᠠᠬᠤ ᠠᠷᠭ᠎ᠠ ᠬᠡᠯᠪᠡᠷᠢ ᠪᠠᠨ ᠬᠠᠯᠠᠨ ᠰᠠᠶᠢᠵᠢᠷᠠᠭᠤᠯᠵᠤ᠂ ᠬᠢᠴᠢᠶᠡᠯ ᠪᠣᠯᠭᠠᠨ ᠢ ᠰᠠᠶᠢᠲᠤᠷ | ᠰᠤᠷᠤᠯᠴᠠᠭᠤᠯᠵᠤ᠂ ᠰᠤᠷᠤᠬᠴᠢ ᠨᠢᠭᠡᠪᠦᠷᠢ ᠶᠢ ᠬᠢᠴᠢᠶᠡᠯ ᠤᠨ ᠲᠠᠩᠬᠢᠮ ᠳᠤ ᠰᠣᠨᠣᠰᠴᠤ ᠣᠶᠢᠯᠠᠭᠠᠬᠤ ᠪᠣᠯᠭᠠᠬᠤ | ᠬᠡᠷᠡᠭᠲᠡᠢ᠂ ᠢᠩᠭᠢᠪᠡᠯ ᠭᠡᠷ ᠤᠨ ᠳᠠᠰᠬᠠᠯ ᠤᠨ ᠳᠠᠷᠤᠭᠠᠰᠤ ᠶᠢ ᠬᠥᠩᠭᠡᠷᠡᠭᠦᠯᠵᠦ ᠴᠢᠳᠠᠨ᠎ᠠ᠃ | | ᠰᠤᠷᠭᠠᠭᠤᠯᠢ᠂ ᠭᠡᠷ ᠪᠦᠯᠢ᠂ ᠨᠡᠶᠢᠭᠡᠮ ᠠᠴᠠ ᠴᠥᠮ ᠰᠤᠷᠤᠭᠴᠢᠳ ᠤᠨ ᠬᠢᠴᠢᠶᠡᠯ ᠤᠨ ᠭᠠᠳᠠᠨᠠᠬᠢ ᠴᠠᠭ ᠲᠤ | ᠬᠠᠷᠢᠭᠤᠴᠠᠯᠭ᠎ᠠ ᠡᠭᠦᠷᠭᠡᠯᠡᠵᠦ᠂ ᠤᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠬᠠᠩᠭᠠᠬᠤ ᠬᠡᠷᠡᠭᠲᠡᠶ᠃ | ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠴᠥᠮ ᠰᠤᠷᠭᠠᠭᠤᠯᠢ ᠶᠢᠨ 3 ᠴᠠᠭ ᠬᠠᠭᠠᠰ ᠠᠴᠠ | ᠬᠤᠶᠢᠰᠢ ᠰᠤᠷᠤᠭᠴᠢᠳ ᠢ ᠨᠠᠶᠢᠳᠠᠨ ᠬᠠᠮᠢᠶᠠᠷᠤᠭᠤᠯᠬᠤ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠦᠭᠰᠡᠨ ᠠᠴᠠ | ᠮᠠᠰᠢ ᠰᠠᠶᠢᠨ ᠦᠷ᠎ᠡ ᠪᠦᠲᠦᠮᠵᠢ ᠣᠯᠵᠠᠶ᠃ ᠦᠳᠡ ᠶᠢᠨ ᠬᠤᠶᠢᠨ᠎ᠠ ᠨᠠᠶᠢᠳᠠᠨ ᠬᠠᠮᠢᠶᠠᠷᠤᠭᠤᠯᠬᠤ ᠠᠩᠬᠢ ᠨᠢ ᠨᠢᠭᠡ | ᠬᠡᠰᠡᠭ ᠴᠠᠭ ᠢ ᠬᠡᠷᠡᠭᠯᠡᠵᠦ ᠪᠠᠶᠢᠭᠠᠳ ᠰᠤᠷᠤᠭᠴᠢᠳ ᠢ ᠬᠠᠪᠰᠤᠷᠤᠨ ᠭᠡᠷ ᠤᠨ ᠳᠠᠰᠬᠠᠯ ᠢ ᠨᠢ ᠪᠡᠶᠡᠯᠡᠭᠦᠯᠵᠦ᠂ ᠨᠢᠭᠡ | ᠬᠡᠰᠡᠭ ᠴᠠᠭ ᠢ ᠬᠡᠷᠡᠭᠯᠡᠵᠦ ᠪᠠᠶᠢᠭᠠᠳ ᠡᠯ᠎ᠡ ᠵᠦᠢᠯ ᠤᠨ ᠳᠤᠷ᠎ᠠ ᠰᠣᠨᠢᠷᠬᠠᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ | ᠂ ᠡᠯ᠎ᠡ ᠵᠦᠢᠯ ᠤᠨ ᠰᠣᠶᠣᠯ ᠲᠠᠮᠢᠷ ᠤᠨ ᠬᠥᠳᠡᠯᠭᠡᠭᠡᠨ ᠢ ᠥᠷᠨᠢᠭᠦᠯᠵᠦ᠂ ᠰᠤᠷᠤᠭᠴᠢᠳ ᠢ ᠬᠥᠳᠡᠯᠭᠡᠭᠡᠨ ᠤ ᠳᠤᠮᠳᠠ | ᠥᠰᠬᠡᠨ ᠪᠤᠶᠢᠵᠢᠭᠤᠯᠵᠤ ᠪᠣᠯᠤᠨ᠎ᠠ᠃ | ᠰᠤᠷᠭᠠᠭᠤᠯᠢ ᠠᠴᠠ ᠨᠠᠶᠢᠳᠠᠨ ᠬᠠᠮᠢᠶᠠᠷᠤᠭᠤᠯᠬᠤ ᠠᠩᠬᠢ ᠶᠢ ᠵᠣᠬᠢᠶᠠᠨ ᠪᠠᠶᠢᠭᠤᠯᠵᠤ᠂ ᠪᠠᠰᠠ ᠪᠠᠭᠰᠢ ᠪᠠᠷ | ᠬᠠᠷᠠᠭᠠᠯᠵᠠᠭᠤᠯᠬᠤ ᠬᠡᠷᠡᠭᠲᠡᠶ᠃ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠪᠡᠯ᠂ ᠰᠤᠷᠤᠭᠴᠢᠳ | ᠰᠤᠷᠭᠠᠭᠤᠯᠢ ᠲᠠᠷᠬᠠᠭᠰᠠᠨ ᠤ ᠳᠠᠷᠠᠭᠠᠬᠢ ᠬᠤᠶᠠᠷ ᠴᠠᠭ ᠢ ᠰᠤᠷᠭᠠᠭᠤᠯᠢ ᠳᠤ ᠨᠠᠶᠢᠳᠠᠨ ᠬᠠᠮᠢᠶᠠᠷᠤᠭᠤᠯᠬᠤ ᠬᠡᠷᠡᠭᠲᠡᠶ᠂ | ᠭᠡᠪᠡᠴᠦ ᠣᠨᠴᠠ ᠵᠠᠷᠢᠮ ᠭᠠᠵᠠᠷ ᠣᠷᠣᠨ ᠤ ᠲᠥᠷᠥ ᠶᠢᠨ ᠪᠣᠳᠣᠯᠭ᠎ᠠ ᠶᠢ ᠪᠣᠳᠠᠲᠠᠶ ᠪᠠᠶᠢᠳᠠᠯ ᠠᠴᠠ ᠡᠭᠦᠰᠬᠦ ᠦᠭᠡᠶ᠂ ︽ | ᠡᠭᠡᠭᠡ ᠠᠳᠠᠯᠢ ᠪᠣᠯᠭᠠᠬᠤ︾ ᠦᠵᠡᠭᠳᠡᠯ ᠬᠦᠨᠳᠦ ᠨᠣᠴᠢᠲᠠᠶ ᠪᠣᠯᠵᠤ᠂ ᠪᠠᠭᠰᠢ ᠶᠢᠨ ᠳᠠᠷᠤᠭᠠᠰᠤ ᠳᠡᠩᠳᠡᠭᠦᠦ | ᠬᠦᠨᠳᠦᠷᠡᠭᠰᠡᠨ ᠪᠠᠶᠢᠨ᠎ᠠ᠃ | ᠡᠨᠡ ᠬᠦ ᠬᠦᠴᠢᠷᠳᠡᠯ ᠢ ᠰᠢᠢᠳᠪᠦᠷᠢᠯᠡᠬᠦ ᠳᠤ ᠣᠷᠣᠨ ᠨᠤᠲᠤᠭ ᠤᠨ ᠰᠤᠷᠭᠠᠨ ᠬᠥᠮᠦᠵᠢᠯ ᠤᠨ ᠰᠠᠯᠠᠭ᠎ᠠ | ᠮᠥᠴᠢᠷ ᠤᠳ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠶᠢ ᠬᠦᠢᠴᠡᠳ ᠣᠶᠢᠯᠠᠭᠠᠵᠤ᠂ ᠭᠠᠵᠠᠷ ᠣᠷᠣᠨ ᠤ | ᠪᠠᠶᠢᠳᠠᠯ ᠳᠠᠭᠠᠨ ᠳᠣᠭᠢᠷᠠᠭᠤᠯᠤᠨ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠶ᠃ | ᠰᠤᠷᠭᠠᠭᠤᠯᠢ ᠨᠤᠭᠤᠳ ᠪᠠᠭᠰᠢ ᠨᠠᠷ ᠤᠨ ᠬᠠᠮᠢᠶᠠᠷᠤᠯᠲᠠ ᠶᠢ ᠥᠭᠡᠷᠡᠴᠢᠯᠡᠵᠦ᠂ ᠪᠠᠭᠰᠢ ᠨᠠᠷ ᠤᠨ ᠳᠠᠷᠤᠭᠠᠰᠤ ᠶᠢ | ᠬᠥᠩᠭᠡᠯᠡᠨ᠂ ᠪᠠᠭᠰᠢ ᠨᠠᠷ ᠤᠨ ᠬᠢᠴᠢᠶᠡᠯ ᠢᠶᠠᠨ ᠰᠠᠶᠢᠨ ᠣᠷᠣᠭᠤᠯᠬᠤ ᠶᠢ ᠪᠠᠲᠤᠯᠠᠬᠤ ᠬᠡᠷᠡᠭᠲᠡᠶ᠃ ᠵᠢᠱᠢᠶᠡᠯᠡᠪᠡᠯ᠂ | ᠬᠢᠴᠢᠶᠡᠯ ᠤᠨ ᠭᠠᠳᠠᠨᠠᠬᠢ ᠬᠥᠳᠡᠯᠭᠡᠭᠡᠨ ᠢ ᠨᠠᠶᠢᠳᠠᠨ ᠬᠠᠮᠢᠶᠠᠷᠤᠭᠤᠯᠬᠤ ᠨᠢ ᠰᠤᠷᠤᠭᠴᠢᠳ ᠤᠨ ᠪᠡᠶ᠎ᠡ ᠪᠠᠨ ᠳᠠᠭᠠᠭᠠᠬᠤ | ᠴᠢᠨᠠᠷ ᠢ ᠭᠦᠢᠴᠡᠳ ᠪᠠᠳᠠᠷᠠᠭᠤᠯᠵᠤ᠂ ᠰᠤᠷᠤᠭᠴᠢᠳ ᠢ ᠬᠥᠳᠡᠯᠭᠡᠭᠡᠨ ᠵᠣᠬᠢᠶᠠᠨ ᠪᠠᠶᠢᠭᠤᠯᠤᠭᠤᠯᠬᠤ ᠳᠤ ᠪᠠᠭᠰᠢ | ᠵᠢᠯᠣᠭᠤᠳᠬᠤ ᠦᠢᠯᠡᠳᠦᠯ ᠦᠵᠡᠭᠦᠯᠪᠡᠯ ᠪᠣᠯᠴᠢᠬᠠᠨ᠎ᠠ ᠃ | ᠡᠯ᠎ᠡ ᠵᠦᠢᠯ ᠤᠨ ᠳᠤᠷ᠎ᠠ ᠰᠣᠨᠢᠷᠬᠠᠯ ᠤᠨ ᠠᠩᠭᠢ ᠳᠤ ᠪᠠᠰᠠ ᠰᠤᠷᠭᠠᠭᠤᠯᠢ ᠶᠢᠨ ᠭᠠᠳᠠᠨᠠᠬᠢ ᠵᠣᠬᠢᠬᠤ ᠬᠢᠷᠢ ᠬᠡᠮ ᠲᠠᠢ | ᠲᠤᠰᠬᠠᠶ ᠮᠡᠷᠭᠡᠵᠢᠯᠲᠡᠨ᠂ ᠤᠳᠤᠮᠰᠢᠯ ᠤᠨ ᠪᠤᠰᠤ ᠵᠠᠯᠭᠠᠮᠵᠢᠯᠠᠭᠴᠢ᠂ ᠰᠠᠶᠢᠨ ᠳᠤᠷ᠎ᠠ ᠶᠢᠨ ᠠᠵᠢᠯᠯᠠᠭᠴᠢ ᠶᠢ ᠤᠷᠢᠵᠤ | ᠬᠠᠪᠰᠤᠷᠤᠨ ᠵᠢᠯᠣᠭᠤᠳᠬᠤ ᠳᠤ ᠣᠷᠣᠯᠴᠠᠭᠤᠯᠵᠤ ᠪᠣᠯᠤᠨ᠎ᠠ᠃ ᠬᠠᠪᠰᠤᠷᠤᠨ ᠵᠢᠯᠤᠭᠤᠳᠤᠭᠴᠢ ᠨᠢ ᠴᠥᠮ ᠠᠵᠢᠯ ᠤᠨ | ᠴᠢᠯᠥᠭᠡ ᠪᠠᠷ ᠢᠶᠠᠨ ᠠᠵᠢᠯᠯᠠᠳᠠᠭ ᠪᠣᠯᠬᠤᠷ ᠵᠣᠬᠢᠬᠤ ᠬᠡᠮᠵᠢᠶᠡᠨ ᠤ ᠬᠥᠳᠡᠯᠮᠦᠷᠢ ᠦᠢᠯᠡᠴᠢᠯᠡᠭᠡᠨ ᠤ ᠨᠥᠬᠦᠪᠥᠷᠢ ᠥᠭᠬᠦ | ᠬᠡᠷᠡᠭᠲᠡᠶ᠃ ᠵᠠᠷᠢᠮ ᠮᠡᠷᠭᠡᠵᠢᠯ ᠤᠨ ᠴᠢᠨᠠᠷᠲᠠᠶ ᠬᠢᠴᠢᠶᠡᠯ ᠤᠨ ᠠᠵᠢᠯᠯᠠᠭ᠎ᠠ ᠳᠤ ᠪᠠᠰᠠ ᠬᠢᠨᠠᠨ ᠵᠥᠪᠰᠢᠶᠡᠷᠡᠭᠦᠯᠦᠭᠰᠡᠨ ᠤ | ᠲᠠᠷᠠᠭ᠎ᠠ ᠵᠣᠬᠢᠰᠲᠠᠶ ᠪᠠᠷ ᠰᠦᠢᠳᠬᠡᠯ ᠬᠤᠷᠢᠶᠠᠵᠤ᠂ ᠮᠠᠲ᠋ᠧᠷᠢᠶᠠᠯ ᠤᠨ ᠬᠤᠷᠣᠭᠳᠠᠯ ᠪᠠ ᠬᠠᠪᠰᠤᠷᠤᠨ | ᠵᠢᠯᠣᠭᠤᠳᠤᠭᠴᠢ ᠶᠢᠨ ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ ᠶᠢ ᠲᠤᠯᠭᠠᠨ ᠥᠭᠴᠦ ᠪᠣᠯᠤᠨ᠎ᠠ᠃ | ᠪᠠᠭᠴᠠᠯᠠᠭᠠᠳ ᠬᠡᠯᠡᠪᠡᠯ ᠡᠯ᠎ᠡ ᠵᠦᠢᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠰᠤᠷᠤᠭᠴᠢᠳ ᠤᠨ ᠰᠤᠷᠤᠯᠭ᠎ᠠ | ᠠᠮᠢᠳᠤᠷᠠᠯ ᠢ ᠪᠠᠶᠠᠯᠢᠭᠵᠢᠭᠤᠯᠬᠤ ᠬᠡᠷᠡᠭᠲᠡᠢ᠃ | | 3. ᠶᠣᠰᠣ ᠰᠤᠷᠲᠠᠬᠤᠨ᠂ ᠤᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠶᠢ ᠪᠦᠬᠦ | ᠲᠠᠯ᠎ᠠ ᠪᠠᠷ ᠬᠥᠭᠵᠢᠭᠦᠯᠬᠦ ᠨᠢ ᠲᠡᠭᠰᠢᠳᠬᠡᠨ ᠬᠥᠭᠵᠢᠭᠦᠯᠬᠦ ᠶᠠᠪᠤᠳᠠᠯ ᠪᠤᠰᠤ | | ᠰᠤᠷᠭᠠᠨ ᠬᠥᠮᠦᠵᠢᠯ ᠤᠨ ᠮᠥᠨ ᠴᠢᠨᠠᠷ ᠪᠣᠯ ᠴᠢᠳᠠᠪᠤᠷᠢᠲᠠᠨ ᠢ ᠬᠥᠮᠦᠵᠢᠭᠦᠯᠬᠦ ᠶᠠᠪᠤᠳᠠᠯ ᠮᠥᠨ᠂ ᠶᠣᠰᠣ ᠮᠣᠷᠠᠯ᠂ | ᠤᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠶᠢ ᠪᠦᠬᠦ ᠲᠠᠯ᠎ᠠ ᠪᠠᠷ ᠬᠥᠭᠵᠢᠭᠦᠯᠬᠦ ᠨᠢ | ᠲᠡᠭᠰᠢᠳᠬᠡᠨ ᠬᠥᠭᠵᠢᠭᠦᠯᠬᠦ ᠶᠠᠪᠤᠳᠠᠯ ᠪᠤᠰᠤ᠃ ᠬᠥᠮᠦᠨ ᠪᠣᠯᠭᠠᠨ ᠤ ᠠᠪᠢᠶᠠᠰ ᠪᠢᠯᠢᠭ ᠠᠳᠠᠯᠢ ᠦᠭᠡᠢ᠂ ᠵᠠᠷᠢᠮ | ᠬᠥᠮᠦᠨ ᠤᠳᠬ᠎ᠠ ᠵᠣᠬᠢᠶᠠᠯ ᠳᠤ ᠳᠤᠷᠠᠲᠠᠶ᠂ ᠵᠠᠷᠢᠮ ᠬᠥᠮᠦᠨ ᠲᠣᠭᠠᠨ ᠤ ᠤᠬᠠᠭᠠᠨ ᠳᠤ ᠳᠤᠷᠠᠲᠠᠶ᠂ ᠬᠥᠮᠦᠨ ᠢ | ᠬᠥᠮᠦᠵᠢᠭᠦᠯᠬᠦ ᠶᠢ ᠨᠢᠭᠡ ᠯᠡ ᠠᠳᠠᠯᠢ ᠪᠠᠷ ᠦᠵᠡᠵᠦ ᠪᠣᠯᠬᠤ ᠦᠭᠡᠢ᠃ ᠪᠦᠬᠦ ᠲᠠᠯ᠎ᠠ ᠶᠢᠨ ᠬᠥᠭᠵᠢᠯᠲᠡ ᠭᠡᠳᠡᠭ ᠨᠢ | ᠳᠠᠷᠤᠶ ᠪᠡᠶ᠎ᠡ ᠮᠠᠬᠠᠪᠣᠳ᠂ ᠤᠶᠤᠨ ᠤᠬᠠᠭᠠᠨ ᠵᠢᠴᠢ ᠢᠷᠡᠭᠡᠳᠦᠶ ᠶᠢᠨ ᠴᠢᠳᠠᠪᠤᠷᠢ ᠶᠢᠨ ᠭᠦᠢᠴᠡᠳ ᠬᠥᠭᠵᠢᠯᠲᠡ ᠶᠢ | ᠬᠡᠯᠡᠵᠦ ᠪᠠᠶᠢᠨ᠎ᠠ᠃ | | ᠴᠠᠭ ᠦᠶ᠎ᠡ ᠬᠤᠪᠢᠷᠠᠵᠤ ᠪᠠᠶᠢᠨ᠎ᠠ᠂ ᠴᠢᠳᠠᠪᠤᠷᠢᠲᠠᠨ ᠤ ᠬᠡᠷᠡᠭᠴᠡᠭᠡ ᠴᠦ ᠬᠤᠪᠢᠷᠠᠵᠤ ᠪᠠᠶᠢᠨ᠎ᠠ᠂ ᠬᠥᠮᠦᠨ ᠤ | ᠬᠥᠭᠵᠢᠯᠲᠡ ᠴᠦ ᠴᠠᠭ ᠦᠶ᠎ᠡ ᠶᠢᠨ ᠣᠨᠴᠠᠯᠢᠭ ᠢ ᠢᠯᠡᠷᠡᠭᠦᠯᠬᠦ ᠬᠡᠷᠡᠭᠲᠡᠶ᠃ ᠣᠳᠣᠬᠠᠨ ᠳᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠮᠠᠰᠢ ᠬᠥᠭᠵᠢᠭᠰᠡᠨ ᠪᠣᠯᠬᠤᠷ ᠰᠤᠷᠭᠠᠭᠤᠯᠢ ᠨᠤᠭᠤᠳ ᠴᠠᠭ ᠦᠶ᠎ᠡ ᠶᠢᠨ ᠱᠠᠭᠠᠷᠳᠠᠯᠭ᠎ᠠ ᠶᠢ | ᠦᠨᠳᠦᠰᠦᠯᠡᠨ᠂ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠬᠡᠷᠡᠭᠲᠡᠶ᠃ ᠣᠳᠣᠬᠠᠨ ᠤ ᠰᠤᠷᠤᠭᠴᠢᠳ ᠪᠣᠯ | ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠨ᠎ᠡ ᠬᠦᠴᠦᠨ ᠮᠥᠨ ᠪᠣᠯᠬᠤᠷ ᠰᠤᠷᠭᠠᠨ | ᠬᠥᠮᠦᠵᠢᠯ ᠤᠨ ᠦᠢᠯᠡᠰ ᠤᠨ ᠡᠭᠦᠷᠭᠡ ᠬᠦᠨᠳᠦ᠂ ᠵᠠᠮ ᠬᠤᠯᠠ ᠪᠠᠶᠢᠨ᠎ᠠ᠃ ᠶᠣᠰᠣ ᠰᠤᠷᠲᠠᠬᠤᠨ ᠢ ᠪᠤᠢ ᠪᠣᠯᠭᠠᠵᠤ | ᠬᠥᠮᠦᠨ ᠢ ᠬᠥᠮᠦᠵᠢᠭᠦᠯᠬᠦ ᠪᠠᠷ ᠦᠨᠳᠦᠰᠦᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠰᠤᠷᠤᠭᠴᠢᠳ ᠢ ᠮᠡᠳᠡᠯᠭᠡ ᠲᠠᠢ | ᠪᠣᠯᠭᠠᠬᠤ ᠪᠠᠷ ᠪᠠᠷᠠᠬᠤ ᠦᠭᠡᠢ ᠪᠠᠰᠠ ᠡᠷᠬᠢᠮ ᠳᠡᠭᠡᠳᠦ ᠵᠠᠩ ᠴᠢᠨᠠᠷ ᠲᠠᠢ ᠪᠣᠯᠭᠠᠵᠤ᠂ ᠮᠠᠨ ᠤ ᠤᠯᠤᠰ ᠤᠨ | ᠬᠥᠭᠵᠢᠯᠲᠡ ᠳᠤ ᠦᠨᠡᠨᠬᠦ ᠬᠤᠪᠢ ᠨᠡᠮᠡᠷᠢ ᠦᠵᠡᠭᠦᠯᠵᠦ ᠴᠢᠳᠠᠬᠤ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢ | ᠬᠥᠮᠦᠵᠢᠭᠦᠯᠬᠦ ᠬᠡᠷᠡᠭᠲᠡᠢ᠃ | ᠴᠢᠳᠠᠪᠤᠷᠢᠲᠠᠨ ᠪᠣᠯ ᠤᠯᠡᠠ ᠶᠠᠩᠵᠤ ᠶᠢᠨ ᠪᠠᠶᠢᠳᠠᠭ᠂ ᠪᠠᠰᠠ ᠲᠡᠰ ᠳᠠᠪᠬᠤᠷᠭ᠎ᠠ ᠲᠠᠢ ᠪᠠᠶᠢᠳᠠᠭ᠃ ᠬᠥᠮᠦᠰ | ᠶᠡᠷᠦ ᠨᠢ ᠴᠢᠳᠠᠪᠤᠷᠢᠲᠠᠨ ᠪᠠ ᠠᠪᠢᠶᠠᠰ ᠪᠢᠯᠢᠭᠲᠡᠨ ᠢ ᠬᠤᠳᠬᠤᠯᠳᠤᠭᠤᠯᠳᠠᠭ᠂ ᠢᠯᠠᠩᠭᠤᠶ᠎ᠠ ᠣᠯᠠᠩᠬᠢ ᠭᠡᠷ ᠤᠨ | ᠠᠬᠠᠮᠠᠳ ᠥᠪᠡᠷ ᠤᠨ ᠬᠡᠦᠬᠡᠳ ᠢᠶᠠᠨ ᠠᠪᠢᠶᠠᠰ ᠪᠢᠯᠢᠭᠲᠡᠨ ᠢᠶᠠᠷ ᠦᠵᠡᠳᠡᠭ᠃ ᠮᠢᠨᠦ ᠦᠵᠡᠬᠦ ᠪᠠᠷ᠂ ᠴᠢᠳᠠᠪᠤᠷᠢᠲᠠᠨ | ᠭᠡᠳᠡᠭ ᠪᠣᠯ ᠳᠠᠷᠤᠶ ᠬᠦᠰᠡᠯᠡᠩ ᠢᠲᠡᠭᠡᠯ ᠪᠢᠰᠢᠷᠡᠯ ᠲᠠᠢ᠂ ᠮᠡᠳᠡᠯᠭᠡ ᠲᠠᠢ᠂ ᠨᠡᠶᠢᠭᠡᠮ ᠳᠤ ᠦᠢᠯᠡᠴᠢᠯᠡᠬᠦ ᠴᠢᠳᠠᠪᠤᠷᠢ ᠲᠠᠢ | ᠂ ᠨᠡᠶᠢᠭᠡᠮ ᠳᠤ ᠬᠤᠪᠢ ᠨᠡᠮᠡᠷᠢ ᠦᠵᠡᠭᠦᠯᠵᠦ ᠴᠢᠳᠠᠬᠤ ᠬᠥᠮᠦᠨ ᠮᠥᠨ᠃ ᠡᠯ᠎ᠡ ᠠᠵᠢᠯ ᠲᠦᠷᠦᠯ ᠳᠤ ᠴᠥᠮ | ᠴᠢᠳᠠᠪᠤᠷᠢᠲᠠᠨ ᠱᠠᠭᠠᠷᠳᠠᠭᠳᠠᠨ᠎ᠠ᠂ ᠲᠠᠷᠢᠶᠠᠯᠠᠩ ᠳᠤ ᠴᠢᠳᠠᠪᠤᠷᠢᠲᠠᠨ ᠱᠠᠭᠠᠷᠳᠠᠭᠳᠠᠨ᠎ᠠ᠂ ᠣᠷᠴᠢᠨ ᠠᠬᠤᠶ ᠶᠢᠨ | ᠬᠠᠮᠠᠭᠠᠯᠠᠯᠲᠠ ᠳᠤ ᠴᠢᠳᠠᠪᠤᠷᠢᠲᠠᠨ ᠱᠠᠭᠠᠷᠳᠠᠭᠳᠠᠨ᠎ᠠ᠂ ᠳᠡᠭᠡᠳᠦ ᠨᠠᠷᠢᠯᠢᠭ ᠣᠷᠦ᠋ᠢᠯᠠᠭᠰᠠᠨ ᠬᠦᠷᠢᠶᠡᠨ ᠳᠤ ᠴᠦ | ᠴᠢᠳᠠᠪᠤᠷᠢᠲᠠᠨ ᠱᠠᠭᠠᠷᠳᠠᠭᠳᠠᠨ᠎ᠠ᠃ | ᠡᠶᠢᠮᠦ ᠠᠴᠠ ᠴᠢᠳᠠᠪᠤᠷᠢᠲᠠᠨ ᠤ ᠲᠤᠬᠠᠶ ᠵᠥᠪ ᠦᠵᠡᠯᠲᠡ ᠶᠢ ᠪᠤᠢ ᠪᠣᠯᠭᠠᠵᠤ᠂ ᠬᠥᠮᠦᠨ ᠪᠦᠬᠦᠠ ᠴᠢᠳᠠᠪᠤᠷᠢᠲᠠᠨ | ᠪᠤᠯᠵᠦ ᠴᠢᠳᠠᠬᠤ᠂ ᠤᠯᠡᠠ ᠶᠠᠩᠵᠤ ᠶᠢᠨ ᠴᠢᠳᠠᠪᠤᠷᠢᠲᠠᠨ ᠢ ᠬᠥᠮᠦᠵᠢᠭᠦᠯᠵᠦ ᠴᠢᠳᠠᠬᠤ ᠴᠢᠳᠠᠪᠤᠷᠢᠲᠠᠨ ᠤ ᠲᠤᠬᠠᠶ | ᠦᠵᠡᠯᠲᠡ ᠶᠢ ᠪᠤᠢ ᠪᠣᠯᠭᠠᠬᠤ ᠬᠡᠷᠡᠭᠲᠡᠶ᠃ ᠨᠢᠭᠡᠨ ᠰᠠᠶᠢᠨ ᠰᠤᠷᠭᠠᠭᠤᠯᠢ ᠰᠤᠷᠤᠭᠴᠢ ᠨᠢᠭᠡᠪᠦᠷᠢ ᠶᠢᠨ ᠦᠰᠦᠨ | ᠪᠤᠶᠢᠵᠢᠯᠲᠠ ᠶᠢ ᠬᠠᠯᠠᠮᠵᠢᠯᠠᠬᠤ ᠠᠴᠠ ᠪᠢᠰᠢ᠂ ᠵᠥᠪᠬᠡᠨ ᠴᠥᠭᠡᠨ ᠲᠣᠭᠠᠨ ᠤ ᠠᠪᠢᠶᠠᠰ ᠪᠢᠯᠢᠭ ᠢᠶᠠᠷ ᠰᠠᠶᠢᠨ | ᠰᠤᠷᠤᠭᠴᠢᠳ ᠢ ᠯᠠ ᠬᠠᠯᠠᠮᠵᠢᠯᠠᠭᠠᠳ ᠪᠣᠯᠬᠤ ᠦᠭᠡᠢ᠃ ᠨᠢᠭᠡᠨ ᠰᠤᠷᠭᠠᠭᠤᠯᠢ ᠬᠡᠷᠪᠡ ᠰᠤᠷᠤᠭᠴᠢ ᠨᠢᠭᠡᠪᠦᠷᠢ ᠶᠢ | ᠶᠣᠰᠣ ᠮᠣᠷᠠᠯ ᠲᠠᠢ ᠡᠷᠬᠡᠲᠦ ᠠᠷᠠᠳ ᠪᠣᠯᠭᠠᠨ ᠬᠥᠮᠦᠵᠢᠭᠦᠯᠪᠡᠯ ᠳᠠᠷᠤᠶ ᠨᠢᠭᠡᠨ ᠰᠠᠶᠢᠨ ᠰᠤᠷᠭᠠᠭᠤᠯᠢ ᠪᠣᠯᠤᠨ᠎ᠠ᠃ | ᠭᠡᠪᠡᠴᠦ ᠮᠠᠨ ᠤ ᠮᠠᠰᠢ ᠤᠯᠠᠨ ᠰᠤᠷᠭᠠᠭᠤᠯᠢ ᠨᠤᠭᠤᠳ ᠰᠤᠷᠭᠠᠭᠤᠯᠢ ᠶᠢᠨ ᠰᠢᠯᠭᠠᠷᠠᠭᠰᠠᠳ ᠢᠶᠠᠨ ᠯᠡ ᠬᠠᠷᠠᠵᠤ | ᠪᠠᠶᠢᠨ᠎ᠠ᠃ ᠮᠠᠰᠢ ᠤᠯᠠᠨ ᠰᠤᠷᠭᠠᠭᠤᠯᠢ ᠶᠢᠨ ᠰᠤᠷᠭᠠᠭᠤᠯᠢ ᠶᠢᠨ ᠪᠠᠶᠠᠷ ᠲᠤ ᠤᠬᠠᠭᠤᠯᠭ᠎ᠠ ᠶᠢᠨ ᠳᠤᠷᠠᠰᠬᠠᠯ ᠤᠨ | ᠳᠡᠪᠲᠡᠷ ᠢ ᠳᠠᠷᠤᠮᠠᠯᠯᠠᠵᠤ᠂ ᠲᠦᠷᠦᠭᠦᠦ ᠬᠡᠳᠦᠨ ᠨᠢᠭᠤᠷ ᠲᠤᠨᠢ ᠶᠡᠷᠦ ᠨᠢ ᠤᠳᠤᠷᠢᠳᠤᠯᠭ᠎ᠠ ᠶᠢᠨ ᠭᠡᠷᠡᠯ ᠵᠢᠷᠤᠭ᠂ | ᠪᠢᠴᠢᠭᠡᠰᠦ ᠪᠢᠴᠢᠵᠦ᠂ ᠲᠠᠷᠠᠭ᠎ᠠ ᠨᠢ ᠰᠤᠷᠭᠠᠭᠤᠯᠢ ᠶᠢᠨ ᠰᠢᠯᠭᠠᠷᠠᠭᠰᠠᠳ ᠢᠶᠠᠨ ᠵᠢᠭᠰᠠᠭᠠᠵᠤ᠂ ᠡᠩ ᠤᠨ | ᠬᠥᠳᠡᠯᠮᠦᠷᠢᠴᠢᠳ ᠲᠤ ᠣᠷᠣᠨ ᠪᠠᠶᠢᠷᠢ ᠦᠭᠡᠢ ᠪᠠᠶᠢᠪᠠ᠃ ᠰᠤᠷᠭᠠᠭᠤᠯᠢ ᠶᠢᠨ ᠭᠠᠷᠮᠠᠭᠠᠶᠢᠴᠤᠳᠲ᠋ᠠᠭᠠᠨ ᠶᠠᠷᠢᠶᠠᠨ | ᠥᠬᠡᠶ ᠣᠮᠣᠭᠰᠢᠭᠤᠰᠢᠲᠠᠶ᠂ ᠭᠡᠪᠡᠴᠦ ᠡᠩ ᠤᠨ ᠰᠤᠷᠤᠭᠴᠢᠳ ᠪᠣᠯ ᠰᠤᠷᠭᠠᠭᠤᠯᠢ ᠶᠢᠨ ᠭᠤᠤᠯ ᠦᠷ᠎ᠡ ᠪᠦᠲᠦᠭᠡᠯ | ᠮᠥᠨ᠂ ᠡᠭᠦᠨ ᠢ ᠰᠤᠷᠭᠠᠭᠤᠯᠢ ᠶᠢᠨ ᠴᠢᠬᠤᠯᠠᠴᠢᠯᠠᠭᠰᠠᠨ ᠤ ᠬᠡᠷᠡᠭ ᠥᠬᠡᠶ ᠬᠡᠵᠢ ᠦᠦ︖ | ᠬᠥᠮᠦᠨ ᠪᠣᠯ ᠢᠯᠭᠠᠭ᠎ᠠ ᠲᠠᠢ ᠪᠠᠶᠢᠳᠠᠭ᠃ ᠬᠡᠳᠦ᠋ᠢᠪᠡᠷ ᠰᠢᠨ᠎ᠡ ᠬᠢᠴᠢᠶᠡᠯ ᠤᠨ ᠥᠭᠡᠷᠡᠴᠢᠯᠡᠯᠲᠡ ᠨᠢ ᠨᠢᠭᠡᠳᠦᠯᠲᠡᠶ | ᠴᠢᠨᠠᠷ ᠤᠨ ᠰᠠᠭᠤᠷᠢᠨ ᠳᠡᠭᠡᠷ᠎ᠡ ᠠᠮᠢᠳᠤᠯᠢᠭ ᠴᠢᠨᠠᠷᠲᠠᠶ ᠪᠣᠯᠵᠣ᠂ ᠣᠷᠣᠨ ᠨᠤᠲᠤᠭ ᠤᠨ ᠬᠢᠴᠢᠶᠡᠯ᠂ ᠰᠤᠷᠭᠠᠭᠤᠯᠢ ᠶᠢᠨ | ᠥᠪᠡᠷ ᠤᠨ ᠬᠢᠴᠢᠶᠡᠯ ᠤᠨ ᠨᠡᠭᠡᠭᠡᠯᠲᠡ ᠶᠢᠨ ᠣᠷᠣᠨ ᠵᠠᠶ ᠲᠠᠢ ᠪᠣᠯᠤᠭᠰᠠᠨ ᠪᠣᠯᠪᠠᠴᠤ ᠦᠨᠡᠯᠡᠯᠲᠡ ᠰᠢᠯᠭᠠᠯᠲᠠ ᠨᠢ | ᠨᠢᠭᠡᠳᠦᠯᠲᠡᠶ ᠪᠠᠶᠢᠳᠠᠭ᠃ ᠨᠢᠭᠡᠳᠦᠯᠲᠡᠶ ᠬᠥᠮᠦᠵᠢᠭᠦᠯᠬᠦ ᠬᠠᠷᠠᠯᠲᠠ ᠨᠢ ᠥᠪᠡᠷᠮᠢᠴᠡ ᠴᠢᠨᠠᠷ ᠲᠠᠢ ᠴᠢᠳᠠᠪᠤᠷᠢᠲᠠᠨ ᠢ | ᠬᠥᠮᠦᠵᠢᠭᠦᠯᠬᠦ ᠳᠤ ᠪᠡᠷᠬᠡᠲᠡᠶ ᠶᠤᠮ᠃ ᠮᠠᠨ ᠤ ᠭᠡᠷ ᠤᠨ ᠠᠬᠠᠮᠠᠳ ᠪᠦᠷ ᠥᠪᠡᠷ ᠤᠨ ᠬᠡᠦᠬᠡᠳ ᠢᠶᠠᠨ ᠠᠪᠢᠶᠠᠰ | ᠪᠢᠯᠢᠭ ᠲᠠᠢ ᠪᠣᠯᠬᠤ ᠶᠢ ᠬᠦᠰᠡᠳᠡᠭ᠂ ᠡᠶᠢᠮᠦ ᠠᠴᠠ ᠬᠠᠷᠠᠬᠠᠨ ᠪᠠᠭ᠎ᠠ ᠠᠴᠠ ᠪᠠᠨ ᠬᠡᠦᠬᠡᠳ ᠢ ᠠᠯᠪᠠᠳᠠᠨ | ᠰᠤᠷᠤᠯᠴᠠᠭᠤᠯᠵᠤ᠂ ︽ᠡᠬᠢᠯᠡᠯᠲᠡ ᠶᠢᠨ ᠱᠤᠭᠤᠮ ᠳᠤ ᠪᠢᠲᠡᠭᠡᠶ ᠢᠯᠠᠭᠳᠠᠭᠠᠷᠠᠶ︾ ᠭᠡᠵᠦ ᠵᠣᠷᠢᠭᠤᠳᠠ ᠶᠢᠨ ᠰᠤᠷᠭᠠᠨ | ᠬᠥᠮᠦᠵᠢᠯ ᠤᠨ ᠡᠮᠬᠢ ᠵᠠᠮᠪᠠᠷᠠᠭ᠎ᠠ ᠦᠭᠡᠢ ᠥᠷᠢᠰᠥᠯᠳᠦᠭᠡᠨ ᠢ ᠪᠣᠢ ᠪᠣᠯᠭᠠᠵᠤ᠂ ᠬᠠᠮᠤᠭ ᠡᠴᠦᠰ ᠲᠤ ᠬᠡᠦᠬᠡᠳ ᠲᠤ | ᠬᠤᠣᠷ ᠬᠥᠨᠥᠭᠡᠯ ᠤᠴᠠᠷᠠᠭᠤᠯᠵᠤ᠂ ᠮᠠᠨ ᠤ ᠦᠨᠳᠦᠰᠦᠲᠡᠨ ᠤ ᠢᠷᠡᠭᠡᠳᠦᠶ ᠳᠤ ᠬᠤᠣᠷ ᠬᠥᠨᠥᠭᠡᠯ ᠤᠴᠠᠷᠠᠭᠤᠯᠳᠠᠭ᠃ | | ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠶ᠂ ᠬᠠᠷᠢᠨ ︽ᠵᠢᠷᠤᠵᠤ ᠲᠥᠯᠥᠪᠯᠡᠬᠦ︾ ᠪᠢᠰᠢ᠂ ᠴᠢᠳᠠᠪᠤᠷᠢᠲᠠᠨ ᠢ | ᠬᠥᠮᠦᠵᠢᠭᠦᠯᠬᠦ ᠳᠤ ᠶᠡᠷᠦᠩᠬᠡᠶᠢᠯᠡᠭᠰᠡᠨ ᠪᠣᠯᠪᠠᠰᠤᠷᠠᠯ ᠤᠨ ᠰᠤᠷᠭᠠᠨ ᠬᠥᠮᠦᠵᠢᠯ ᠤᠨ ᠰᠠᠭᠤᠷᠢᠨ ᠳᠡᠭᠡᠷ᠎ᠡ | ᠴᠢᠳᠠᠪᠤᠷᠢ ᠳᠤᠨᠢ ᠲᠣᠬᠢᠷᠠᠭᠤᠯᠤᠨ ᠵᠢᠭᠠᠬᠤ ᠬᠡᠷᠡᠭᠲᠡᠶ᠃ ᠣᠳᠣᠬᠠᠨ ᠳᠤ ᠵᠠᠷᠢᠮ ᠭᠡᠷ ᠤᠨ ᠠᠬᠠᠮᠠᠳ ᠬᠠᠷᠠᠬᠠᠨ | ᠪᠠᠭ᠎ᠠ ᠠᠴᠠ ᠪᠠᠨ ᠬᠡᠦᠬᠡᠳ ᠢᠶᠠᠨ ᠲᠣᠭᠠᠨ ᠤ ᠤᠬᠠᠭᠠᠨ ᠤ ᠣᠯᠢᠮᠫᠢᠺ ᠤᠨ ᠤᠷᠤᠯᠳᠤᠭᠠᠨ ᠤ ᠲᠣᠭᠠᠨ ᠤ ᠤᠬᠠᠭᠠᠨ ᠢ | ᠰᠤᠷᠤᠯᠴᠠᠭᠤᠯᠳᠠᠭ ᠲᠣᠭᠠᠨ ᠤ ᠤᠬᠠᠭᠠᠨ ᠤ ᠣᠯᠢᠮᠫᠢᠺ ᠤᠨ ᠤᠷᠤᠯᠳᠤᠭᠠᠨ ᠢ ᠰᠤᠷᠤᠯᠴᠠᠬᠤ ᠨᠢ ᠲᠡᠷᠡ | ᠴᠢᠭ ᠢᠶᠠᠷ ᠢᠶᠠᠨ ᠮᠠᠭᠤ ᠶᠠᠪᠤᠳᠠᠯ ᠪᠢᠰᠢ᠂ ᠭᠡᠪᠡᠴᠦ ᠠᠷᠠᠳ ᠨᠡᠶᠢᠲᠡ ᠪᠠᠷ ᠢᠶᠠᠨ ᠲᠣᠭᠠᠨ ᠤ ᠤᠬᠠᠭᠠᠨ ᠤ | ᠲᠣᠬᠢᠷᠠᠮᠵᠢᠲᠠᠶ ᠰᠤᠷᠭᠠᠨ ᠬᠥᠮᠦᠵᠢᠯ ᠪᠣᠯ ᠰᠠᠶ᠋ᠢ ᠬᠠᠮᠤᠭ ᠤᠨ ᠰᠠᠶᠢᠨ ᠰᠤᠷᠭᠠᠨ ᠬᠥᠮᠦᠵᠢᠯ ᠮᠥᠨ᠂ ᠪᠠᠰᠠ ᠴᠤ | ᠬᠠᠮᠤᠭ ᠤᠨ ᠭᠤᠣᠯᠴᠢ ᠰᠤᠷᠭᠠᠨ ᠬᠥᠮᠦᠵᠢᠯ ᠮᠥᠨ᠃ | ᠰᠤᠷᠤᠭᠴᠢᠳ ᠤᠨ ᠨᠡᠶᠢᠭᠡᠮ ᠳᠡᠭᠡᠷ᠎ᠡ ᠣᠷᠣᠰᠢᠨ ᠲᠣᠭᠲᠠᠨᠢᠬᠤ ᠪᠠ ᠬᠥᠭᠵᠢᠬᠦ ᠴᠢᠳᠠᠪᠤᠷᠢ ᠶᠢ ᠬᠥᠮᠦᠵᠢᠭᠦᠯᠬᠦ | ᠶᠠᠪᠤᠳᠠᠯ ᠪᠣᠯᠤᠨ᠎ᠠ᠃ ᠰᠠᠭᠤᠷᠢ ᠰᠤᠷᠭᠠᠨ ᠬᠥᠮᠦᠵᠢᠯ ᠳᠤ ︽ᠭᠤᠷᠪᠠᠨ ᠦᠨᠳᠦᠰᠦᠨ︾ ᠢ ᠰᠠᠶᠢᠲᠤᠷ ᠬᠢᠬᠦ ᠬᠡᠷᠡᠭᠲᠡᠶ | ᠭᠡᠵᠦ ᠪᠢ ᠳᠤᠷᠠᠳᠴᠤ ᠥᠩᠭᠡᠷᠡᠭᠰᠡᠨ ᠪᠢᠯᠡ᠄ ᠨᠢᠭᠡ ᠳᠤ ᠪᠡᠶ᠎ᠡ ᠮᠠᠬᠠᠪᠣᠳ ᠰᠡᠳᠬᠢᠯ ᠰᠠᠨᠠᠭᠠᠨ ᠤ ᠡᠷᠡᠭᠦᠯ ᠮᠡᠨᠳᠤ ᠶᠢᠨ | ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠶ︔ ᠬᠤᠶᠠᠷ ᠲᠤ ᠨᠠᠰᠤᠨ ᠲᠤᠷᠰᠢᠳᠠ ᠶᠢᠨ ᠰᠤᠷᠤᠯᠴᠠᠯᠭ᠎ᠠ ᠶᠢᠨ | ᠰᠠᠭᠤᠷᠢ ᠶᠢ ᠰᠠᠶᠢᠲᠤᠷ ᠲᠠᠯᠪᠢᠵᠤ᠂ ᠰᠤᠷᠤᠭᠴᠢᠳ ᠲᠤ ᠲᠠᠰᠤᠷᠠᠯᠲᠠ ᠥᠬᠡᠶ ᠰᠤᠷᠤᠯᠴᠠᠬᠤ᠂ ᠥᠪᠡᠷ ᠢᠶᠠᠨ | ᠰᠤᠷᠤᠯᠴᠠᠬᠤ ᠴᠢᠳᠠᠪᠤᠷᠢ ᠲᠠᠢ ᠪᠠᠶᠢᠬᠤ ᠬᠡᠷᠡᠭᠲᠡᠶ︔ ᠭᠤᠷᠪᠠ ᠳᠤ ᠨᠡᠶᠢᠭᠡᠮ ᠳᠤ ᠬᠠᠨᠳᠤᠬᠤ ᠰᠠᠭᠤᠷᠢ ᠶᠢ ᠰᠠᠶᠢᠲᠤᠷ | ᠲᠠᠯᠪᠢᠵᠤ᠂ ᠰᠤᠷᠤᠭᠴᠢᠳ ᠲᠤ ᠡᠷᠡᠭᠦᠯ ᠰᠠᠷᠠᠭᠤᠯ ᠨᠡᠶᠢᠭᠡᠮ ᠤᠨ ᠤᠷᠮ᠎ᠠ ᠰᠡᠳᠬᠢᠯᠭᠡ ᠲᠠᠢ᠂ ᠪᠤᠰᠤᠳ ᠲᠠᠢ | ᠨᠡᠪᠲᠡᠷᠡᠯᠴᠡᠵᠦ ᠴᠢᠳᠠᠬᠤ᠂ ᠪᠤᠰᠤᠳ ᠢ ᠬᠦᠨᠳᠦᠳᠬᠡᠵᠦ ᠴᠢᠳᠠᠬᠤ᠂ ᠴᠢᠯᠥᠭᠡᠲᠡᠶ ᠶᠠᠪᠤᠯᠴᠠᠬᠤ ᠰᠡᠳᠬᠢᠯᠭᠡ ᠲᠠᠢ | ᠪᠠᠶᠢᠬᠤ ᠬᠡᠷᠡᠭᠲᠡᠶ᠃ | ᠡᠭᠦᠨ ᠠᠴᠠ ᠭᠠᠳᠠᠨ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠢᠯᠡᠷᠡᠭᠦᠯᠦᠭᠰᠡᠨ ᠢᠶᠠᠷ᠂ ᠳᠣᠤᠷᠠᠬᠢ ᠲᠠᠪᠤᠨ | ᠦᠨᠳᠦᠰᠦᠨ ᠡᠯᠧᠮᠧᠨ᠋ᠲ ᠢ ᠪᠦᠷᠢᠯᠳᠦᠭᠦᠯᠦᠭᠰᠡᠨ ᠬᠥᠮᠦᠨ ᠬᠠᠮᠤᠭ ᠤᠨ ᠶᠡᠭᠡ ᠬᠥᠭᠵᠢᠯᠲᠡ ᠶᠢᠨ ᠳᠠᠯᠳᠠ ᠬᠦᠴᠦᠨ ᠲᠠᠢ | ᠪᠠᠶᠢᠳᠠᠭ᠃ | ᠨᠢᠭᠡᠳᠦᠭᠡᠷ ᠲᠤ ᠳᠣᠲᠣᠭᠠᠳᠤ ᠬᠥᠳᠡᠯᠭᠡᠭᠴᠢ ᠪᠣᠯᠤᠨ᠎ᠠ᠃ ᠬᠡᠷᠪᠡ ᠬᠥᠳᠡᠯᠭᠡᠭᠴᠢ ᠬᠦᠴᠦ ᠨᠢ ᠭᠠᠳᠠᠭᠠᠳᠤ | ᠳᠠᠷᠤᠯᠲᠠ ᠠᠴᠠ ᠢᠷᠡᠬᠦ ᠳᠤ ᠬᠦᠷᠪᠡᠯ ᠮᠠᠰᠢ ᠠᠮᠠᠷᠬᠠᠨ ᠠᠷᠢᠯᠳᠠᠭ᠃ | ᠬᠤᠶᠠᠳᠤᠭᠠᠷ ᠲᠤ᠂ ᠰᠥᠰᠥ ᠵᠣᠷᠢᠭ ᠲᠠᠢ ᠪᠠᠶᠢᠬᠤ ᠬᠡᠷᠡᠭᠲᠡᠶ᠃ ᠢᠯᠠᠭᠳᠠᠯ ᠪᠣᠯ ᠢᠯᠠᠯᠲᠠ ᠶᠢᠨ ᠡᠬᠡ᠂ | ᠢᠯᠠᠭᠳᠠᠯ ᠢ ᠳᠠᠭᠠᠭᠠᠬᠤ ᠬᠡᠷᠡᠭᠲᠡᠶ᠃ | ᠭᠤᠷᠪᠠᠳᠤᠭᠠᠷ ᠲᠤ᠂ ᠴᠢᠯᠥᠭᠡᠲᠡᠶ ᠶᠠᠪᠤᠯᠴᠠᠬᠤ᠃ ᠠᠳᠠᠯᠢ ᠪᠤᠰᠤ ᠰᠠᠨᠠᠯ ᠢ ᠰᠤᠷᠤᠯᠴᠠᠵᠤ᠂ ᠠᠳᠠᠯᠢ ᠪᠤᠰᠤ | ᠦᠵᠡᠯᠲᠡ ᠶᠢ ᠰᠢᠩᠭᠡᠭᠡᠨ ᠠᠪᠬᠤ ᠬᠡᠷᠡᠭᠲᠡᠶ᠂ ᠥᠪᠡᠷ ᠤᠨ ᠦᠵᠡᠯᠲᠡ ᠪᠠᠨ ᠦᠬᠦᠨ ᠪᠠᠷᠢᠮᠲᠠᠯᠠᠵᠤ ᠪᠣᠯᠬᠤ ᠦᠭᠡᠢ᠃ | ᠳᠥᠷᠪᠡᠳᠦᠭᠡᠷ ᠲᠤ ᠂ ᠤᠶᠤᠨ ᠤᠬᠠᠭᠠᠨ ᠪᠣᠯᠤᠨ᠎ᠠ᠃ ᠤᠶᠤᠨ ᠤᠬᠠᠭᠠᠨ ᠭᠡᠳᠡᠭ ᠨᠢ ᠲᠠᠷᠢᠬᠢ ᠪᠠᠨ | ᠬᠥᠳᠡᠯᠭᠡᠬᠦ ᠶᠢ ᠬᠡᠯᠡᠬᠦ ᠠᠴᠠ ᠪᠢᠰᠢ᠂ ᠮᠧᠬᠠᠨᠢᠭ ᠢᠶᠠᠷ ᠬᠢᠬᠦ ᠪᠢᠰᠢ ᠶᠤᠮ᠃ | ᠲᠠᠪᠤᠳᠤᠭᠠᠷ ᠲᠤ ᠂ ᠤᠳᠤᠷᠢᠳᠬᠤ ᠬᠦᠴᠦᠨ ᠪᠣᠯᠤᠨ᠎ᠠ᠃ ᠤᠳᠤᠷᠢᠳᠬᠤ ᠬᠦᠴᠦᠨ ᠭᠡᠳᠡᠭ ᠨᠢ ᠰᠤᠷᠤᠭᠴᠢᠳ ᠢ | ᠬᠥᠮᠦᠵᠢᠭᠦᠯᠵᠦ ᠢᠷᠡᠭᠡᠳᠦᠶ ᠳᠤ ᠪᠦᠷ ᠤᠳᠤᠷᠢᠳᠤᠯᠭ᠎ᠠ ᠪᠣᠯᠭᠠᠨ᠎ᠠ ᠭᠡᠰᠡᠨ ᠦᠭᠡ ᠪᠢᠰᠢ᠂ ᠬᠠᠷᠢᠨ ᠥᠪᠡᠷ ᠤᠨ | ᠳᠠᠪᠠᠭᠤᠯᠢᠭ ᠲᠠᠯ᠎ᠠ ᠪᠠ ᠳᠤᠲᠠᠭᠳᠠᠯ ᠢᠶᠠᠨ ᠵᠥᠪ ᠢᠶᠠᠷ ᠲᠠᠨᠢᠵᠤ᠂ ᠪᠤᠰᠤᠳ ᠲᠠᠢ ᠨᠡᠪᠲᠡᠷᠡᠯᠴᠡᠵᠦ᠂ ᠪᠤᠰᠤᠳ ᠢ | ᠨᠥᠯᠥᠭᠡᠯᠡᠨ᠎ᠡ ᠭᠡᠰᠡᠨ ᠦᠭᠡ ᠶᠤᠮ᠃ | ᠰᠤᠷᠤᠭᠴᠢᠳ ᠲᠤ ᠮᠡᠳᠡᠯᠭᠡ ᠰᠤᠷᠤᠯᠴᠠᠭᠤᠯᠬᠤ ᠠᠴᠠ ᠭᠠᠳᠠᠨ᠎ᠠ ᠪᠠᠰᠠ ᠰᠤᠷᠤᠭᠴᠢᠳ ᠲᠤ ᠡᠨᠡ ᠲᠠᠪᠤᠨ | ᠦᠨᠳᠦᠰᠦᠨ ᠡᠯᠧᠮᠧᠨ᠋ᠲ ᠢ ᠪᠦᠷᠢᠯᠳᠦᠭᠦᠯᠬᠦ ᠪᠠᠷ ᠬᠥᠮᠦᠵᠢᠭᠦᠯᠬᠦ ᠬᠡᠷᠡᠭᠲᠡᠶ᠃ ᠡᠭᠦᠨ ᠤ ᠬᠠᠮᠲᠤ᠂ ᠰᠤᠷᠤᠭᠴᠢᠳ ᠤᠨ | ᠦᠵᠡᠯ ᠰᠠᠨᠠᠭ᠎ᠠ ᠶᠣᠰᠣ ᠮᠣᠷᠠᠯ ᠢ ᠬᠥᠮᠦᠵᠢᠭᠦᠯᠬᠦ ᠪᠣᠯ ᠪᠠᠰᠠ ᠴᠤ ᠣᠮᠲᠣᠭᠠᠶᠢᠯᠠᠵᠤ ᠪᠣᠯᠤᠰᠢ ᠥᠬᠡᠶ ᠨᠢᠭᠡ ᠲᠠᠯ᠎ᠠ | ᠪᠣᠯᠤᠨ᠎ᠠ᠃ | ᠭᠡᠷᠡᠯ ᠪᠠᠭᠰᠢ ᠤᠷᠴᠢᠭᠤᠯᠵᠦ | ᠬᠤᠤᠯᠢᠩᠭᠤᠤᠯ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ ᠦᠢᠯᠡᠳᠪᠡ | | |