ᠨᠢᠭᠡᠨ ᠰᠤᠷᠭᠠᠭᠤᠯᠢ ᠰᠤᠷᠤᠭᠴᠢ ᠶᠢᠨ ᠪᠠᠶᠢᠳᠠᠯ ᠢ ᠪᠦᠷᠢᠳᠬᠡᠬᠦ ᠦᠶᠡᠰ ᠡᠴᠢᠭᠡ ᠡᠬᠡ ᠨᠢ ᠠᠵᠤ ᠠᠬᠤᠶᠢᠯᠠᠯ ᠤᠨ | ᠳᠡᠭᠡᠳᠦ ᠵᠡᠷᠭᠡ ᠶᠢᠨ ᠬᠠᠮᠢᠶᠠᠷᠤᠭᠴᠢ᠂ ᠠᠯᠪᠠᠲᠠᠨ ᠮᠥᠨ ᠡᠰᠡᠬᠦ ᠶᠢ ᠪᠢᠴᠢᠬᠦ ᠶᠢ ᠱᠠᠭᠠᠷᠳᠠᠪᠠ ᠰᠤᠷᠤᠭᠴᠢ ᠶᠢᠨ ᠭᠡᠷ | ᠪᠦᠯᠢ ᠶᠢᠨ ᠮᠡᠳᠡᠭᠡ ᠵᠠᠩᠭᠢ ᠶᠢ ᠴᠤᠭᠯᠠᠭᠤᠯᠤᠨ ᠰᠢᠢᠳᠪᠦᠷᠢᠯᠡᠬᠦ ᠳᠤ ᠬᠠᠤᠯᠢ ᠲᠣᠭᠲᠠᠭᠠᠯ ᠶᠣᠰᠤ ᠪᠠᠷ ᠬᠢᠬᠦ ᠬᠡᠷᠡᠭᠲᠡᠢ | | | ᠬᠡᠷᠡᠭ ᠤᠨ ᠵᠢᠱᠢᠶᠡᠨ ᠤ ᠡᠷᠭᠢᠴᠡᠭᠦᠯᠦᠯ | 2020 ᠣᠨ ᠳᠤ ᠨᠢᠭᠡᠨ ᠳᠤᠮᠳᠠᠳᠤ ᠰᠤᠷᠭᠠᠭᠤᠯᠢ ᠶᠢᠨ ᠬᠢᠨ ᠰᠣᠷᠣᠭᠴᠢ ᠶᠢᠨ ᠪᠠᠶᠢᠳᠠᠯ ᠢ ᠪᠦᠷᠢᠳᠬᠡᠬᠦ ᠦᠶᠡᠰ | ᠰᠤᠷᠤᠭᠴᠢᠳ ᠢᠶᠠᠷ ᠪᠢᠴᠢᠭᠦᠯᠬᠦ ᠶᠢ ᠱᠠᠭᠠᠷᠳᠠᠭᠰᠠᠨ ᠳᠤᠤᠷ᠎ᠠ ᠵᠢᠭᠰᠠᠭᠠᠭᠰᠠᠨ ᠮᠡᠳᠡᠭᠡ ᠵᠠᠩᠭᠢ ᠨᠢ ᠬᠡᠷ ᠤᠨ ᠠᠬᠠᠮᠠᠳ ᠢ | ᠰᠡᠵᠢᠭᠯᠡᠭᠦᠯᠪᠡ᠄ | ᠨᠢᠭᠡ ᠳᠤ᠂ ᠡᠴᠢᠭᠡ ᠡᠬᠡ ᠶᠢᠨ ᠬᠢᠨᠢ ᠠᠵᠢᠯ ᠤᠨ ᠮᠡᠳᠡᠭᠡ ᠵᠠᠩᠭᠢ ᠳᠤ ᠠᠵᠤ ᠠᠬᠤᠶᠢᠯᠠᠯ ᠤᠨ ᠳᠡᠭᠡᠳᠦ | ᠳᠡᠰ ᠤᠨ ᠬᠠᠮᠢᠶᠠᠷᠤᠭᠴᠢ᠂ ᠠᠵᠢᠯ ᠦᠢᠯᠡᠰ ᠤᠨ ᠨᠢᠭᠡᠴᠢ ᠶᠢᠨ ᠤᠳᠤᠷᠢᠳᠤᠯᠭ᠎ᠠ᠂ ᠠᠯᠪᠠᠲᠠᠨ ᠮᠥᠨ ᠡᠰᠡᠬᠦ ᠶᠢ | ᠲᠣᠳᠣᠷᠬᠠᠶᠢᠯᠠᠬᠤ ᠬᠡᠷᠡᠭᠲᠡᠶ︔ | ᠬᠤᠶᠠᠷ ᠲᠤ᠂ ᠭᠡᠷ ᠪᠦᠯᠢ ᠶᠢᠨ ᠣᠷᠣᠯᠭ᠎ᠠ ᠶᠢᠨ ᠮᠡᠳᠡᠭᠡ ᠵᠠᠩᠭᠢ ᠳᠤ ᠠᠳᠠᠯᠢ ᠪᠤᠰᠤ ᠣᠷᠣᠯᠭ᠎ᠠ ᠶᠢᠨ | ᠬᠡᠮᠵᠢᠶ᠎ᠡ ᠪᠠᠷ ᠭᠡᠷ ᠪᠦᠯᠢ ᠶᠢᠨ ᠣᠷᠣᠯᠭ᠎ᠠ ᠶᠢᠨ ᠮᠡᠳᠡᠭᠡ ᠵᠠᠩᠭᠢ ᠶᠢ ᠬᠡᠳᠦᠨ ᠳᠡᠰ ᠬᠤᠪᠢᠶᠠᠨ᠎ᠠ︔ | ᠭᠤᠷᠪᠠ ᠳᠤ᠂ ᠵᠠᠮ ᠬᠠᠷᠢᠯᠴᠠᠭᠠᠨ ᠤ ᠠᠷᠭ᠎ᠠ ᠮᠠᠶ᠋ᠢᠭ ᠤᠨ ᠮᠡᠳᠡᠭᠡ ᠵᠠᠩᠭᠢ ᠳᠤ ᠰᠣᠷᠣᠭᠴᠢ ᠰᠤᠷᠭᠠᠭᠤᠯᠢ ᠳᠤ | ᠨᠡᠶᠢᠲᠡ ᠶᠢᠨ ᠮᠠᠰᠢᠨ ᠲᠡᠷᠭᠡ ᠪᠠᠷ ᠣᠴᠢᠳᠠᠭ ᠶᠤᠮ ᠦᠦ ᠬᠤᠪᠢ ᠶᠢᠨ ᠮᠠᠰᠢᠨ ᠲᠡᠷᠭᠡ ᠪᠠᠷ ᠣᠴᠢᠳᠠᠭ ᠶᠤᠮ ᠦᠦ | ᠭᠡᠳᠡᠭ ᠢ ᠲᠣᠳᠣᠷᠬᠠᠶᠢᠯᠠᠵᠤ᠂ ᠬᠤᠪᠢ ᠶᠢᠨ ᠮᠠᠰᠢᠨ ᠲᠡᠷᠭᠡ ᠪᠣᠯ ᠮᠠᠰᠢᠨ ᠲᠡᠷᠭᠡᠨ ᠤ ᠨᠠᠷᠠᠲᠤ ᠲᠡᠮᠳᠡᠭᠲᠦ ᠶᠢ ᠪᠢᠴᠢᠬᠦ | ᠬᠡᠷᠡᠭᠲᠡᠶ᠃ | ᠡᠭᠦᠨ ᠠᠴᠠ ᠭᠠᠳᠠᠨ᠎ᠠ ᠪᠠᠰᠠ ᠬᠡᠷ ᠤᠨ ᠠᠬᠠᠮᠠᠳ ᠤᠨ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ᠂ ᠶᠠᠯ᠎ᠠ | ᠬᠢᠭᠰᠡᠨ ᠲᠡᠦᠬᠡ ᠵᠡᠷᠭᠡ ᠮᠡᠳᠡᠭᠡ ᠵᠠᠩᠭᠢ ᠶᠢᠨ ᠲᠤᠬᠠᠶ ᠪᠦᠷᠢᠳᠬᠡᠯ ᠬᠢᠵᠡᠶ᠃ ᠡᠶᠢᠮᠦᠷᠬᠦᠦ ᠠᠷᠭ᠎ᠠ ᠪᠠᠷᠢᠯ ᠨᠢ ᠠᠮᠠᠷᠬᠠᠨ | ᠮᠠᠷᠭᠤᠯᠳᠤᠭᠠᠨ ᠡᠭᠦᠰᠭᠡᠬᠦ ᠪᠠᠷ ᠪᠠᠷᠠᠬᠤ ᠦᠭᠡᠢ᠂ ᠡᠭᠦᠨ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠠᠰᠠᠭᠤᠳᠠᠯ ᠢ | ᠴᠤ ᠠᠩᠬᠠᠷᠴᠤ ᠭᠦᠨᠵᠡᠭᠡᠢ ᠰᠤᠳᠤᠯᠤᠨ ᠶᠠᠷᠢᠯᠴᠠᠭᠤᠰᠢᠲᠠᠢ ᠶᠤᠮ᠃ | | ᠲᠤᠰᠬᠠᠶ ᠮᠡᠷᠭᠡᠵᠢᠯᠲᠡᠨ ᠤ ᠬᠠᠤᠯᠢ ᠶᠢᠨ ᠲᠠᠶᠢᠯᠪᠤᠷᠢ | ᠰᠤᠷᠭᠠᠨ ᠬᠥᠮᠦᠵᠢᠯ ᠤᠨ ᠬᠠᠤᠯᠢ ᠲᠣᠭᠲᠠᠭᠠᠬᠤ ᠶᠢ ᠰᠤᠳᠤᠯᠬᠤ ᠰᠠᠭᠤᠷᠢᠨ ᠭᠠᠵᠠᠷ ︵ᠰᠤᠷᠭᠠᠨ ᠬᠥᠮᠦᠵᠢᠯ ᠤᠨ | ᠶᠠᠮᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ — ᠬᠤᠸᠠ ᠵᠦᠩ ᠪᠠᠭᠰᠢ ᠶᠢᠨ ᠶᠡᠭᠡ | ᠰᠤᠷᠭᠠᠭᠤᠯᠢ ᠬᠠᠮᠲᠤ ᠪᠠᠷ ᠪᠠᠶᠢᠭᠤᠯᠤᠭᠰᠠᠨ︶᠂ ᠬᠤᠸᠠ ᠵᠦᠩ ᠪᠠᠭᠰᠢ ᠶᠢᠨ ᠶᠡᠭᠡ ᠰᠤᠷᠭᠠᠭᠤᠯᠢ ᠶᠢᠨ | ᠰᠤᠷᠭᠠᠭᠤᠯᠢ ᠶᠢ ᠵᠠᠰᠠᠬᠤ ᠶᠢ ᠰᠤᠳᠤᠯᠬᠤ ᠲᠥᠪ ᠤᠨ ᠭᠦᠢᠴᠡᠳᠭᠡᠬᠦ ᠡᠷᠬᠢᠯᠡᠭᠴᠢ᠂ ᠰᠤᠳᠤᠯᠤᠭᠴᠢ ᠵᠧᠩ ᠨᠢᠩ | | ᠦᠢᠯᠡᠳᠦᠯᠭᠡ ᠳᠤ ᠰᠤᠷᠭᠠᠭᠤᠯᠢ ᠠᠴᠠ ᠰᠤᠷᠤᠭᠴᠢᠳ ᠤᠨ ᠬᠡᠷ ᠪᠦᠯᠢ ᠶᠢᠨ ᠮᠡᠳᠡᠭᠡ ᠵᠠᠩᠭᠢ ᠶᠢ ᠵᠦᠶ ᠵᠣᠬᠢᠰ | ᠥᠬᠡᠶ ᠪᠠᠷ ᠴᠤᠭᠯᠠᠭᠤᠯᠬᠤ ᠪᠠ ᠪᠦᠷᠢᠳᠬᠡᠬᠦ ᠪᠠᠶᠢᠳᠠᠯ ᠪᠠᠶᠢᠨ ᠳᠠᠬᠢᠨ ᠭᠠᠷᠴᠤ ᠪᠠᠶᠢᠨ᠎ᠠ᠃ ᠡᠮᠦᠨᠡᠬᠡᠨ ᠵᠠᠷᠢᠮ | ᠵᠠᠭᠤᠴᠢᠯᠠᠭᠤᠷ ᠤᠨ ᠮᠡᠳᠡᠭᠡᠯᠡᠭᠰᠡᠨ ᠢᠶᠠᠷ ᠵᠠᠷᠢᠮ ᠰᠤᠷᠭᠠᠭᠤᠯᠢ ᠭᠠᠳᠠᠷ ᠣᠷᠣᠨ ᠠᠴᠠ ᠢᠷᠡᠭᠰᠡᠨ ᠠᠵᠢᠯᠴᠢᠳ ᠢ | ᠳᠠᠭᠠᠵᠤ ᠨᠡᠭᠦᠵᠦ ᠢᠷᠡᠭᠰᠡᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠭᠠᠷ ᠭᠦᠢᠴᠡᠳᠭᠡᠯ ᠢ ᠬᠢᠬᠦ ᠳᠤ | ᠰᠣᠷᠣᠭᠴᠢ ᠶᠢᠨ ᠡᠴᠢᠭᠡ ᠡᠬᠡ ᠶᠢᠨ ᠬᠢᠨ ᠪᠠᠩᠬᠢ ᠶᠢᠨ ᠺᠠᠷᠲ ᠲᠠᠬᠢ ᠬᠠᠭᠠᠰ ᠵᠢᠯ ᠠᠴᠠ ᠳᠡᠭᠡᠭᠰᠢᠬᠢ ᠴᠠᠯᠢᠩ ᠤᠨ | ᠮᠡᠳᠡᠭᠡ ᠵᠠᠩᠭᠢ ᠶᠢ ᠬᠠᠩᠭᠠᠬᠤ ᠴᠢᠬᠤᠯᠠᠲᠠᠶ︔ ᠵᠠᠷᠢᠮ ᠰᠤᠷᠭᠠᠭᠤᠯᠢ ᠰᠤᠷᠤᠭᠴᠢ ᠶᠢᠨ ᠭᠡᠷ ᠤᠨ ᠠᠬᠠᠮᠠᠳ ᠤᠨ ᠠᠵᠢᠯ | ᠮᠡᠷᠭᠡᠵᠢᠯ ᠪᠠ ᠰᠤᠷᠤᠭᠴᠢ ᠶᠢᠨ ᠰᠤᠷᠭᠠᠭᠤᠯᠢ ᠳᠤ ᠶᠠᠪᠤᠬᠤ ᠵᠠᠮ ᠬᠠᠷᠢᠯᠴᠠᠭᠠᠨ ᠤ ᠠᠷᠭ᠎ᠠ ᠮᠠᠶ᠋ᠢᠭ ᠢ ᠪᠠᠶᠢᠴᠠᠭᠠᠳᠠᠭ︔ | ᠵᠠᠷᠢᠮ ᠰᠤᠷᠭᠠᠭᠤᠯᠢ ᠨᠢᠭᠤᠷᠳᠠᠨ ᠰᠢᠯᠭᠠᠬᠤ ᠦᠶᠡᠰ ᠭᠡᠷ ᠤᠨ ᠠᠬᠠᠮᠠᠳ ᠢ ᠰᠤᠷᠤᠯᠭ᠎ᠠ ᠶᠢᠨ ᠨᠠᠮᠲᠠᠷ ᠤᠨ | ᠦᠨᠡᠮᠯᠡᠯ ᠢᠶᠠᠨ ᠠᠪᠴᠤ ᠢᠷᠡᠬᠦ ᠬᠡᠷᠡᠭᠲᠡᠶ ᠭᠡᠵᠦ ᠱᠠᠭᠠᠷᠳᠠᠵᠤ ᠥᠩᠭᠡᠷᠡᠵᠡᠶ︔ ᠵᠠᠷᠢᠮ ᠰᠤᠷᠭᠠᠭᠤᠯᠢ ᠠᠰᠠᠭᠤᠯᠲᠠ ᠶᠢᠨ | ᠬᠠᠭᠤᠳᠠᠰᠤ ᠪᠠᠷ ᠳᠠᠮᠵᠢᠭᠤᠯᠤᠨ ᠰᠣᠷᠣᠭᠴᠢ ᠶᠢᠨ ᠡᠪᠦᠭᠡ ᠡᠮᠡᠭᠡ ᠶᠢᠨ ᠰᠤᠷᠤᠯᠭ᠎ᠠ ᠶᠢᠨ ᠨᠠᠮᠲᠠᠷ᠂ ᠠᠵᠢᠯᠯᠠᠵᠤ ᠪᠠᠶᠢᠭ᠎ᠠ | ᠨᠢᠭᠡᠴᠢ ᠵᠡᠷᠭᠡ ᠮᠡᠳᠡᠭᠡ ᠵᠠᠩᠭᠢ ᠶᠢ ᠪᠠᠶᠢᠴᠠᠭᠠᠨ ᠣᠶᠢᠯᠠᠭᠠᠳᠠᠭ᠃ ᠡᠶᠢᠮᠦᠷᠬᠦᠦ ᠪᠠᠶᠢᠳᠠᠯ ᠨᠢ ᠭᠡᠷ ᠤᠨ ᠠᠬᠠᠮᠠᠳ ᠤᠨ | ᠳᠤᠷ᠎ᠠ ᠦᠭᠡᠶᠢᠴᠡᠯ ᠪᠠ ᠨᠡᠶᠢᠭᠡᠮ ᠤᠨ ᠰᠡᠵᠢᠭᠯᠡᠯ ᠢ ᠡᠭᠦᠰᠭᠡᠭᠰᠡᠨ ᠢᠶᠠᠷ ᠪᠠᠷᠠᠬᠤ ᠦᠭᠡᠢ ᠪᠠᠰᠠ ᠰᠤᠷᠭᠠᠨ | ᠬᠥᠮᠦᠵᠢᠯ ᠤᠨ ᠡᠷᠬᠡ ᠲᠡᠭᠰᠢ᠂ ᠬᠤᠪᠢ ᠶᠢᠨ ᠨᠢᠭᠤᠴᠠ ᠶᠢ ᠬᠠᠮᠠᠭᠠᠯᠠᠬᠤ ᠵᠢᠴᠢ ᠬᠤᠪᠢ ᠬᠥᠮᠦᠨ ᠤ ᠮᠡᠳᠡᠭᠡ | ᠵᠠᠩᠭᠢ ᠶᠢ ᠬᠠᠮᠠᠭᠠᠯᠠᠬᠤ ᠵᠡᠷᠭᠡ ᠠᠰᠠᠭᠤᠳᠠᠯ ᠳᠤ ᠬᠤᠯᠪᠣᠭᠳᠠᠵᠠᠢ᠃ | ᠨᠢᠭᠡᠳᠦᠭᠡᠷ ᠲᠤ᠂ ᠰᠣᠷᠣᠭᠴᠢ ᠶᠢᠨ ᠬᠡᠷ ᠪᠦᠯᠢ ᠶᠢᠨ ᠮᠡᠳᠡᠭᠡ ᠵᠠᠩᠭᠢ ᠶᠢ ᠵᠦᠶ ᠵᠣᠬᠢᠰ ᠦᠭᠡᠢ ᠪᠠᠷ | ᠴᠤᠭᠯᠠᠭᠤᠯᠬᠤ ᠨᠢ ᠬᠤᠪᠢ ᠶᠢᠨ ᠨᠢᠭᠤᠴᠠ ᠶᠢᠨ ᠡᠷᠬᠡ ᠳᠤ ᠬᠠᠯᠳᠠᠬᠤ ᠳᠤ ᠬᠦᠷᠴᠦ ᠮᠡᠳᠡᠨ᠎ᠡ᠃ ᠰᠤᠷᠭᠠᠭᠤᠯᠢ ᠠᠴᠠ | ᠰᠣᠷᠣᠭᠴᠢ ᠶᠢᠨ ᠬᠡᠷ ᠪᠦᠯᠢ ᠶᠢᠨ ᠮᠡᠳᠡᠭᠡ ᠵᠠᠩᠭᠢ ᠶᠢ ᠡᠶᠢᠮᠦᠷᠬᠦᠦ ᠨᠠᠷᠢᠨ ᠨᠢᠮᠪᠠᠶ ᠪᠥᠬᠦ ᠲᠠᠯ᠎ᠠ ᠪᠠᠷ ᠴᠤᠭᠯᠠᠭᠤᠯᠬᠤ ᠨᠢ | ︽ᠬᠠᠤᠯᠢ ᠶᠣᠰᠣᠨ ᠤ᠂ ᠵᠦᠶ ᠶᠣᠰᠣᠨ ᠤ᠂ ᠴᠢᠬᠤᠯᠠᠲᠠᠶ︾ ᠵᠢᠴᠢ ︽ᠬᠠᠩᠭᠠᠭᠰᠠᠨ ᠦᠢᠯᠡᠴᠢᠯᠡᠭᠡ ᠲᠠᠢ | ᠬᠤᠯᠪᠣᠭ᠎ᠠ ᠲᠠᠢ︾ ᠭᠡᠬᠦ ᠠᠷᠠᠳ ᠢᠷᠭᠡᠨ ᠤ ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠬᠤ ᠦᠨᠳᠦᠰᠦᠨ | ᠵᠠᠷᠴᠢᠮ ᠪᠠ ᠵᠠᠭᠠᠭ ᠱᠤᠭᠤᠮ ᠠᠴᠠ ᠵᠥᠷᠢᠴᠡᠵᠦ᠂ ᠬᠤᠪᠢ ᠬᠥᠮᠦᠨ ᠤ ᠮᠡᠳᠡᠭᠡ ᠵᠠᠩᠭᠢ᠂ ᠬᠤᠪᠢ ᠶᠢᠨ ᠨᠢᠭᠤᠴᠠ ᠶᠢᠨ | ᠡᠷᠬᠡ ᠳᠤ ᠬᠠᠯᠳᠠᠭᠰᠠᠨ ᠶᠠᠪᠤᠳᠠᠯ ᠪᠣᠯᠵᠣ ᠮᠡᠳᠡᠨ᠎ᠡ᠃ | ︽ᠢᠷᠭᠡᠨ ᠤ ᠬᠠᠤᠯᠢ ᠶᠢᠨ ᠪᠢᠴᠢᠭ︾ ᠲᠤ᠄ ᠬᠤᠪᠢ ᠬᠥᠮᠦᠨ ᠤ ᠮᠡᠳᠡᠭᠡ ᠵᠠᠩᠭᠢ ᠶᠢ ᠰᠢᠢᠳᠪᠦᠷᠢᠯᠡᠬᠦ ᠳᠤ | ᠬᠠᠤᠯᠢ ᠶᠣᠰᠣᠨ ᠤ᠂ ᠵᠦᠶ ᠶᠣᠰᠣᠨ ᠤ᠂ ᠴᠢᠬᠤᠯᠠ ᠪᠥᠬᠦᠶ ᠵᠠᠷᠴᠢᠮ ᠢ ᠵᠢᠷᠤᠮᠯᠠᠬᠤ ᠬᠡᠷᠡᠭᠲᠡᠶ᠂ ᠬᠡᠲᠦ | ᠰᠢᠢᠳᠪᠦᠷᠢᠯᠡᠵᠦ ᠪᠣᠯᠬᠤ ᠥᠬᠡᠶ᠃ ︽ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ︾ ᠳᠤ᠄ ᠬᠤᠪᠢ | ᠬᠥᠮᠦᠨ ᠤ ᠮᠡᠳᠡᠭᠡ ᠵᠠᠩᠭᠢ ᠶᠢ ᠰᠢᠢᠳᠪᠦᠷᠢᠯᠡᠬᠦ ᠳᠤ ᠲᠣᠳᠣᠷᠬᠠᠶ᠂ ᠵᠦᠶ ᠵᠣᠬᠢᠰᠲᠠᠶ ᠵᠣᠷᠢᠯᠭ᠎ᠠ ᠲᠠᠢ ᠪᠠᠶᠢᠬᠤ ᠬᠡᠷᠡᠭᠲᠡᠶ | ᠪᠥᠭᠡᠳ ᠰᠢᠢᠳᠪᠦᠷᠢᠯᠡᠬᠦ ᠵᠣᠷᠢᠯᠭ᠎ᠠ ᠲᠠᠢ ᠰᠢᠭᠤᠳ ᠬᠤᠯᠪᠣᠭ᠎ᠠ ᠲᠠᠢ᠂ ᠬᠤᠪᠢ ᠬᠥᠮᠦᠨ ᠤ ᠡᠷᠬᠡ ᠠᠰᠢᠭ ᠲᠤ | ᠬᠠᠮᠤᠭ ᠤᠨ ᠪᠠᠭ᠎ᠠ ᠨᠥᠯᠥᠭᠡ ᠦᠵᠡᠭᠦᠯᠬᠦ ᠠᠷᠭ᠎ᠠ ᠮᠠᠶ᠋ᠢᠭ ᠪᠠᠶᠢᠬᠤ ᠁ ᠬᠤᠪᠢ ᠬᠥᠮᠦᠨ ᠤ ᠮᠡᠳᠡᠭᠡ ᠵᠠᠩᠭᠢ ᠶᠢ | ᠬᠡᠲᠦ ᠴᠤᠭᠯᠠᠭᠤᠯᠵᠤ ᠪᠣᠯᠬᠤ ᠥᠬᠡᠶ᠃ ︽ᠮᠡᠳᠡᠭᠡ ᠵᠠᠩᠭᠢ ᠶᠢᠨ ᠠᠮᠤᠷ ᠲᠦᠪᠰᠢᠨ ᠤ ᠮᠡᠷᠭᠡᠵᠢᠯ ᠤᠨ ᠬᠤᠪᠢ | ᠬᠥᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠳᠦᠷᠢᠮᠵᠢᠯ︾ ᠳᠤ᠄ ᠬᠤᠪᠢ ᠬᠥᠮᠦᠨ ᠤ ᠮᠡᠳᠡᠭᠡ ᠵᠠᠩᠭᠢ ᠶᠢ | ᠴᠤᠭᠯᠠᠭᠤᠯᠬᠤ ᠳᠤ ︽ᠬᠠᠮᠤᠭ ᠤᠨ ᠪᠠᠭ᠎ᠠ ᠬᠡᠷᠡᠭᠯᠡᠵᠦ ᠬᠦᠷᠬᠦ᠋ᠢᠴᠡ ᠵᠠᠷᠴᠢᠮ︾ ᠢ ᠵᠢᠷᠤᠮᠯᠠᠵᠤ᠂ ᠬᠤᠪᠢ ᠬᠥᠮᠦᠨ ᠤ | ᠮᠡᠳᠡᠭᠡ ᠵᠠᠩᠭᠢ ᠶᠢᠨ ᠭᠤᠤᠯ ᠴᠣᠭᠴᠠ ᠯᠤᠭ᠎ᠠ ᠠᠰᠲᠠᠭᠠᠨ ᠪᠣᠯᠵᠣᠨ ᠳᠣᠭᠲᠠᠭᠰᠠᠨ ᠢ ᠭᠠᠷᠭᠠᠪᠠᠯ᠂ ᠵᠥᠪᠬᠡᠨ ᠬᠤᠪᠢ | ᠬᠥᠮᠦᠨ ᠤ ᠮᠡᠳᠡᠭᠡ ᠵᠠᠩᠭᠢ ᠶᠢᠨ ᠭᠤᠤᠯ ᠴᠣᠭᠴᠠ ᠶᠢᠨ ᠡᠷᠬᠡ ᠣᠯᠭᠤᠵᠤ ᠵᠥᠪᠰᠢᠶᠡᠷᠡᠭᠦᠯᠬᠦ ᠵᠣᠷᠢᠯᠭ᠎ᠠ ᠶᠢ | ᠬᠠᠩᠭᠠᠬᠤ ᠳᠤ ᠬᠡᠷᠡᠭᠰᠡᠬᠦ ᠬᠠᠮᠤᠭ ᠤᠨ ᠪᠠᠭ᠎ᠠ ᠬᠤᠪᠢ ᠬᠥᠮᠦᠨ ᠤ ᠮᠡᠳᠡᠭᠡ ᠵᠠᠩᠭᠢ ᠶᠢᠨ ᠲᠥᠷᠥᠯ ᠬᠡᠯᠪᠡᠷᠢ ᠪᠠ ᠲᠤᠭ᠎ᠠ | ᠬᠡᠮᠵᠢᠶ᠎ᠡ ᠪᠠᠷ ᠰᠢᠢᠳᠪᠦᠷᠢᠯᠡᠨ᠎ᠡ᠃ | ᠰᠤᠷᠭᠠᠭᠤᠯᠢ ᠠᠴᠠ ᠰᠤᠷᠤᠭᠴᠢ ᠶᠢᠨ ᠭᠡᠷ ᠤᠨ ᠠᠬᠠᠮᠠᠳ ᠤᠨ ᠰᠤᠷᠤᠯᠭ᠎ᠠ ᠶᠢᠨ ᠨᠠᠮᠲᠠᠷ᠂ ᠲᠤᠰᠢᠶᠠᠯ᠂ ᠭᠡᠷ | ᠪᠦᠯᠢ ᠶᠢᠨ ᠡᠳ᠋ ᠬᠥᠷᠥᠩᠭᠡ ᠵᠡᠷᠭᠡ ᠮᠡᠳᠡᠭᠡ ᠵᠠᠩᠭᠢ ᠶᠢ ᠴᠤᠭᠯᠠᠭᠤᠯᠬᠤ ᠳᠤ ᠬᠤᠯᠪᠤᠭᠳᠠᠬᠤ ᠮᠡᠳᠡᠭᠡ ᠵᠠᠩᠭᠢ ᠶᠢ | ᠰᠤᠷᠤᠭᠴᠢ ᠶᠢᠨ ᠰᠤᠷᠭᠠᠭᠤᠯᠢ ᠳᠤ ᠣᠷᠣᠬᠤ ᠴᠢᠬᠤᠯᠠ ᠨᠥᠬᠦᠴᠡᠯ ᠪᠣᠯᠭᠠᠬᠤ ᠦᠭᠡᠶ᠃ ᠬᠡᠳᠦ᠋ᠢᠪᠡᠷ ᠵᠠᠷᠢᠮ | ᠰᠤᠷᠭᠠᠭᠤᠯᠢ ᠶᠢᠨ ᠬᠢᠨ ᠲᠣᠰ ᠠᠵᠢᠯᠯᠠᠭ᠎ᠠ ᠶᠢ ᠬᠡᠷ ᠤᠨ ᠠᠬᠠᠮᠠᠳ ᠪᠠ ᠰᠤᠷᠭᠠᠭᠤᠯᠢ ᠶᠢᠨ ᠬᠤᠯᠪᠣᠭᠠᠯᠠᠨ | ᠬᠥᠳᠡᠯᠦᠯᠴᠡᠬᠦ ᠵᠢᠴᠢ ᠨᠠᠩ ᠬᠠᠨᠳᠤᠯᠭᠠᠲᠠᠢ ᠪᠠᠷ ᠰᠤᠷᠭᠠᠨ ᠬᠥᠮᠦᠵᠢᠯ ᠤᠨ ᠠᠵᠢᠯ ᠥᠷᠨᠢᠭᠦᠯᠬᠦ ᠶᠢᠨ ᠲᠥᠯᠥᠭᠡ ᠶᠤᠮ | ᠭᠡᠵᠦ ᠬᠡᠯᠡᠳᠡᠭ ᠪᠣᠯᠪᠠᠴᠤ ᠵᠣᠬᠢᠶᠠᠭᠴᠢ ᠶᠢᠨ ᠦᠵᠡᠬᠦ ᠪᠠᠷ᠂ ᠰᠤᠷᠭᠠᠨ ᠬᠥᠮᠦᠵᠢᠯ ᠢ ᠬᠠᠮᠲᠤᠷᠠᠨ ᠥᠷᠨᠢᠭᠦᠯᠬᠦ | ᠲᠠᠯ᠎ᠠ ᠠᠴᠠ ᠠᠪᠴᠤ ᠬᠡᠯᠡᠪᠡᠯ᠂ ᠰᠣᠷᠣᠭᠴᠢ ᠶᠢᠨ ᠬᠡᠷ ᠤᠨ ᠠᠬᠠᠮᠠᠳ ᠤᠨ ᠰᠤᠷᠤᠯᠭ᠎ᠠ ᠶᠢᠨ ᠨᠠᠮᠲᠠᠷ᠂ ᠲᠤᠰᠬᠠᠶ | ᠮᠡᠷᠭᠡᠵᠢᠯ᠂ ᠠᠵᠢᠯ ᠤᠨ ᠰᠢᠨᠵᠢ ᠴᠢᠨᠠᠷ ᠵᠡᠷᠭᠡ ᠨᠢ ᠴᠢᠬᠤᠯᠠ ᠪᠥᠬᠦᠶ ᠮᠡᠳᠡᠭᠡ ᠵᠠᠩᠭᠢ ᠳᠤ ᠲᠣᠭᠠᠴᠠᠭᠳᠠᠬᠤ ᠮᠠᠭᠠᠳ | ᠥᠬᠡᠶ᠂ ᠭᠡᠪᠡᠴᠦ ᠲᠤᠰᠢᠶᠠᠯ ᠤᠨ ᠪᠠᠶᠢᠷᠢ ᠵᠢᠴᠢ ᠵᠢᠯ ᠤᠨ ᠣᠷᠣᠯᠭ᠎ᠠ ᠵᠡᠷᠭᠡ ᠮᠡᠳᠡᠭᠡ ᠵᠠᠩᠭᠢ ᠨᠢ ᠴᠢᠬᠤᠯᠠ ᠪᠤᠰᠤ | ᠮᠡᠳᠡᠭᠡ ᠵᠠᠩᠭᠢ ᠳᠤ ᠬᠠᠷᠢᠶᠠᠯᠠᠭᠳᠠᠨ᠎ᠠ᠂ ᠰᠤᠷᠭᠠᠭᠤᠯᠢ ᠡᠲᠡᠭᠡᠷ ᠮᠡᠳᠡᠭᠡ ᠵᠠᠩᠭᠢ ᠶᠢ ᠮᠡᠳᠡᠬᠦ ᠥᠬᠡᠶ ᠴᠦ ᠭᠡᠰᠡᠨ | ᠰᠤᠷᠭᠠᠭᠤᠯᠢ ᠶᠢᠨ ᠬᠤᠯᠪᠤᠭᠳᠠᠬᠤ ᠠᠵᠢᠯ ᠢᠶᠠᠨ ᠥᠷᠨᠢᠭᠦᠯᠬᠦ ᠶᠢ ᠨᠥᠯᠥᠭᠡᠯᠡᠬᠦ ᠥᠬᠡᠶ ᠶᠤᠮ᠃ ᠬᠡᠷᠪᠡ | ᠰᠤᠷᠭᠠᠭᠤᠯᠢ ᠨᠢ ᠰᠤᠷᠤᠭᠴᠢᠳ ᠤᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠭᠰᠠᠨ ᠨᠢ ᠶᠠᠳᠠᠭᠤ | ᠬᠦᠴᠢᠷᠳᠡᠯᠲᠡᠶ ᠰᠤᠷᠤᠭᠴᠢᠳ ᠢ ᠲᠤᠰᠠᠯᠠᠬᠤ ᠶᠢᠨ ᠲᠥᠯᠥᠭᠡ ᠪᠣᠯ ᠪᠠᠶᠢᠳᠠᠯ ᠢᠶᠠᠨ ᠤᠷᠢᠳᠴᠢᠯᠠᠨ ᠲᠣᠳᠣᠷᠬᠠᠶᠢᠯᠠᠬᠤ | ᠬᠡᠷᠡᠭᠲᠡᠶ᠂ ᠶᠠᠳᠠᠭᠤ ᠬᠦᠴᠢᠷᠳᠡᠯᠲᠡᠶ ᠪᠤᠰᠤ ᠰᠤᠷᠤᠭᠴᠢᠳ ᠬᠤᠯᠪᠤᠭᠳᠠᠬᠤ ᠮᠡᠳᠡᠭᠡ ᠵᠠᠩᠭᠢ ᠶᠢ ᠰᠣᠩᠭᠤᠨ ᠬᠠᠩᠭᠠᠬᠤ | ᠥᠬᠡᠶ ᠪᠠᠶᠢᠵᠤ ᠪᠣᠯᠤᠨ᠎ᠠ᠃ | ᠡᠭᠦᠨ ᠤ ᠬᠠᠮᠲᠤ᠂ ᠬᠡᠷ ᠪᠦᠯᠢ ᠰᠤᠷᠭᠠᠭᠤᠯᠢ ᠬᠤᠯᠪᠣᠭᠠᠯᠠᠨ ᠬᠥᠳᠡᠯᠦᠯᠴᠡᠬᠦ ᠠᠷᠭ᠎ᠠ ᠬᠡᠯᠪᠡᠷᠢ ᠮᠠᠰᠢ ᠣᠯᠠᠨ ᠪᠣᠶ᠂ | ᠵᠢᠱᠢᠶᠡᠯᠡᠪᠡᠯ ᠬᠡᠷ ᠪᠦᠯᠢ ᠶᠢᠨ ᠰᠤᠷᠪᠤᠯᠵᠢᠯᠠᠭ᠎ᠠ᠂ ᠬᠡᠷ ᠤᠨ ᠠᠬᠠᠮᠠᠳ ᠤᠨ ᠬᠢᠴᠢᠶᠡᠯ ᠤᠨ ᠲᠠᠩᠬᠢᠮ᠂ ᠬᠡᠷ ᠤᠨ | ᠠᠬᠠᠮᠠᠳ ᠤᠨ ᠬᠤᠷᠠᠯ ᠵᠡᠷᠭᠡ ᠠᠷᠭ᠎ᠠ ᠬᠡᠯᠪᠡᠷᠢ ᠨᠢ ᠰᠤᠷᠭᠠᠭᠤᠯᠢ ᠪᠣᠯᠤᠨ ᠬᠡᠷ ᠤᠨ ᠠᠬᠠᠮᠠᠳ ᠤᠨ ᠰᠣᠯᠢᠯᠴᠠᠭ᠎ᠠ | ᠨᠡᠪᠲᠡᠷᠡᠯᠴᠡᠭᠡ ᠵᠢᠴᠢ ᠬᠤᠯᠪᠤᠭᠳᠠᠬᠤ ᠠᠵᠢᠯ ᠢ ᠥᠷᠨᠢᠭᠦᠯᠬᠦ ᠬᠡᠷᠡᠭᠴᠡᠭᠡ ᠶᠢ ᠪᠦᠷᠢᠮᠦᠰᠦᠨ ᠬᠠᠩᠭᠠᠵᠤ ᠴᠢᠳᠠᠨ᠎ᠠ᠃ | ᠰᠣᠷᠣᠭᠴᠢ ᠶᠢᠨ ᠬᠡᠷ ᠪᠦᠯᠢ ᠶᠢᠨ ᠮᠡᠳᠡᠭᠡ ᠵᠠᠩᠭᠢ ᠶᠢ ᠬᠡᠲᠦ ᠴᠤᠭᠯᠠᠭᠤᠯᠬᠤ ᠪᠠ ᠰᠤᠷᠭᠠᠭᠤᠯᠢ ᠶᠢᠨ ᠠᠵᠢᠯ ᠢᠶᠠᠨ ᠨᠠᠩ | ᠰᠠᠶᠢᠨ ᠥᠷᠨᠢᠭᠦᠯᠬᠦ ᠶᠢᠨ ᠬᠤᠭᠤᠷᠣᠨᠳᠣ ︽ᠰᠢᠭᠤᠳ ᠬᠤᠯᠪᠣᠭ᠎ᠠ︾ ᠪᠠᠶᠢᠬᠤ ᠥᠬᠡᠶ᠂ ᠵᠠᠷᠢᠮ ᠰᠤᠷᠭᠠᠭᠤᠯᠢ ᠶᠢᠨ | ᠮᠡᠳᠡᠭᠡ ᠵᠠᠩᠭᠢ ᠶᠢ ᠬᠡᠲᠦ ᠴᠤᠭᠯᠠᠭᠤᠯᠬᠤ ᠠᠵᠢᠯᠯᠠᠭ᠎ᠠ ᠨᠢ ᠬᠤᠪᠢ ᠬᠥᠮᠦᠨ ᠤ ᠮᠡᠳᠡᠭᠡ ᠵᠠᠩᠭᠢ ᠵᠢᠴᠢ ᠬᠤᠪᠢ ᠶᠢᠨ | ᠨᠢᠭᠤᠴᠠ ᠶᠢ ᠬᠠᠮᠠᠭᠠᠯᠠᠬᠤ ᠬᠤᠯᠪᠤᠭᠳᠠᠬᠤ ᠬᠠᠤᠯᠢ ᠴᠠᠭᠠᠵᠠ ᠵᠠᠷᠴᠢᠮ ᠢ ᠵᠥᠷᠢᠴᠡᠭᠰᠡᠨ ᠨᠢ ᠳᠠᠮᠵᠢᠭ ᠥᠬᠡᠶ ᠶᠤᠮ᠃ | ᠡᠨᠡ ᠵᠢᠯ ᠨᠡᠶᠢᠲᠡᠯᠡᠭᠰᠡᠨ ︽ᠨᠠᠰᠤᠨ ᠳᠤ ᠥᠯᠥ ᠭᠦᠷᠦᠭᠰᠡᠳ ᠢ ᠰᠤᠷᠭᠠᠭᠤᠯᠢ ᠠᠴᠠ ᠬᠠᠮᠠᠭᠠᠯᠠᠬᠤ ᠳᠣᠭᠲᠠᠭᠠᠯ︾ | ᠤᠨ ᠠᠷᠪᠠᠳᠤᠭᠠᠷ ᠵᠦᠢᠯ ᠳᠤ ᠰᠤᠷᠭᠠᠭᠤᠯᠢ ᠠᠴᠠ ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠬᠤ ᠳᠡᠰ | ᠳᠠᠷᠠᠭᠠᠯᠠᠯ᠂ ᠱᠠᠭᠠᠷᠳᠠᠯᠭ᠎ᠠ ᠤᠨ ᠲᠤᠬᠠᠶ ᠤᠯᠠᠮ ᠨᠢᠭᠡ ᠠᠯᠬᠤᠮ ᠲᠣᠭᠲᠠᠭᠠᠯ ᠭᠠᠷᠭᠠᠵᠠᠶ᠄ ︽ᠰᠤᠷᠭᠠᠭᠤᠯᠢ ᠠᠴᠠ | ᠰᠣᠷᠣᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠬᠤ ᠳᠤ ᠪᠠᠨ ᠰᠣᠷᠣᠭᠴᠢ ᠵᠢᠴᠢ ᠬᠡᠷ ᠤᠨ | ᠠᠬᠠᠮᠠᠳ ᠲᠤ ᠮᠡᠳᠡᠭᠳᠡᠬᠦ ᠬᠡᠷᠡᠭᠲᠡᠶ ᠪᠥᠭᠡᠳ ᠴᠤᠭᠯᠠᠭᠤᠯᠤᠭᠰᠠᠨ ᠰᠣᠷᠣᠭᠴᠢ ᠵᠢᠴᠢ ᠬᠡᠷ ᠪᠦᠯᠢ ᠶᠢᠨ ᠮᠡᠳᠡᠭᠡ | ᠵᠠᠩᠭᠢ ᠶᠢ ᠬᠠᠮᠢᠶᠠᠷᠬᠤ᠂ ᠨᠢᠭᠤᠴᠠ ᠶᠢ ᠬᠠᠮᠠᠭᠠᠯᠠᠬᠤ ᠡᠭᠦᠷᠭᠡ ᠲᠠᠢ᠂ ᠰᠦᠢᠳᠭᠡᠬᠦ ᠵᠢᠴᠢ ᠬᠠᠤᠯᠢ ᠪᠤᠰᠤ ᠪᠠᠷ | ᠬᠠᠰᠤᠵᠤ ᠬᠠᠶᠠᠬᠤ᠂ ᠵᠠᠳᠠᠷᠠᠭᠤᠯᠬᠤ᠂ ᠢᠯᠡ ᠪᠣᠯᠭᠠᠬᠤ᠂ ᠬᠤᠳᠠᠯᠳᠤᠭᠠᠯᠠᠬᠤ ᠠᠵᠢᠯᠯᠠᠭ᠎ᠠ ᠬᠢᠵᠦ ᠪᠣᠯᠬᠤ ᠥᠬᠡᠶ︾᠃ | ᠡᠭᠦᠨ ᠢ ᠦᠨᠳᠦᠰᠦᠯᠡᠪᠡᠯ᠂ ᠡᠶᠢᠮᠦᠷᠬᠦᠦ ᠰᠤᠷᠭᠠᠭᠤᠯᠢ ᠠᠴᠠ ᠰᠣᠷᠣᠭᠴᠢ ᠶᠢᠨ ᠬᠡᠷ ᠪᠦᠯᠢ ᠶᠢᠨ ᠮᠡᠳᠡᠭᠡ ᠵᠠᠩᠭᠢ ᠶᠢ | ᠪᠥᠬᠦ ᠲᠠᠯ᠎ᠠ ᠪᠠᠷ ᠴᠤᠭᠯᠠᠭᠤᠯᠵᠤ᠂ ᠬᠠᠷᠠᠭᠠᠯᠵᠠᠭᠰᠠᠨ ᠲᠤᠰᠬᠠᠶ ᠮᠡᠷᠭᠡᠵᠢᠯ ᠤᠨ ᠬᠠᠳᠠᠭᠠᠯᠠᠵᠤ ᠬᠠᠮᠠᠭᠠᠯᠠᠬᠤ ᠨᠥᠬᠦᠴᠡᠯ | ᠥᠬᠡᠶ ᠪᠠᠷ ᠮᠡᠳᠡᠭᠡ ᠵᠠᠩᠭᠢ ᠶᠢ ᠵᠠᠳᠠᠷᠠᠭᠤᠯᠪᠠᠯ᠂ ᠰᠤᠷᠭᠠᠭᠤᠯᠢ ᠠᠴᠠ ᠬᠠᠮᠢᠶᠠᠷᠤᠯᠲᠠ ᠶᠢᠨ ᠬᠠᠷᠢᠭᠤᠴᠠᠯᠭ᠎ᠠ ᠡᠭᠦᠷᠭᠡᠯᠡᠬᠦ | ᠬᠡᠷᠡᠭᠲᠡᠶ᠃ | ᠬᠤᠶᠠᠳᠤᠭᠠᠷ ᠲᠤ᠂ ᠰᠣᠷᠣᠭᠴᠢ ᠶᠢᠨ ᠬᠡᠷ ᠪᠦᠯᠢ ᠶᠢᠨ ᠮᠡᠳᠡᠭᠡ ᠵᠠᠩᠭᠢ ᠶᠢ ᠬᠡᠲᠦ ᠴᠤᠭᠯᠠᠭᠤᠯᠬᠤ ᠨᠢ ᠰᠤᠷᠭᠠᠨ | ᠬᠥᠮᠦᠵᠢᠯ ᠤᠨ ᠭᠤᠤᠯᠴᠢ ᠶᠢ ᠵᠥᠷᠢᠴᠡᠭᠰᠡᠨ ᠶᠠᠪᠤᠳᠠᠯ ᠪᠣᠯᠤᠨ᠎ᠠ᠃ ᠰᠤᠷᠭᠠᠭᠤᠯᠢ ᠠᠴᠠ ᠰᠤᠷᠤᠭᠴᠢᠳ ᠤᠨ ᠭᠡᠷ | ᠪᠦᠯᠢ ᠶᠢᠨ ᠮᠡᠳᠡᠭᠡ ᠵᠠᠩᠭᠢ ᠶᠢ ᠪᠦᠷᠢᠳᠭᠡᠬᠦ ᠶᠢ ᠦᠵᠡᠬᠦ ᠳᠤ ᠨᠢᠭᠡᠨ ᠪᠠᠭ᠎ᠠ ᠶᠠᠪᠤᠳᠠᠯ ᠰᠢᠭ᠋ ᠪᠣᠯᠪᠠᠴᠤ ᠲᠡᠭᠦᠨ ᠤ | ᠠᠷᠤ ᠳᠤ ᠰᠤᠷᠭᠠᠨ ᠬᠥᠮᠦᠵᠢᠯ ᠤᠨ ᠭᠤᠣᠯᠴᠢ ᠶᠢᠨ ᠠᠰᠠᠭᠤᠳᠠᠯ ᠬᠤᠯᠪᠣᠭᠳᠠᠵᠤ ᠪᠠᠶᠢᠳᠠᠭ᠃ | ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾ ᠶᠢᠨ ᠳᠥᠷᠪᠡᠳᠦᠭᠡᠷ ᠵᠦᠢᠯ ᠳᠤ ᠲᠣᠭᠲᠠᠭᠠᠭᠰᠠᠨ ᠨᠢ | ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶᠠᠯᠠᠯ ᠲᠠᠢ ᠰᠤᠷᠭᠠᠭᠤᠯᠢ ᠳᠤ ᠣᠷᠣᠬᠤ | ᠨᠠᠰᠤᠨ ᠤ ᠬᠡᠦᠬᠡᠳ᠂ ᠪᠠᠭᠠᠴᠤᠳ ᠪᠦᠬᠦᠨ ᠬᠦᠢᠰᠦ ᠢᠯᠭᠠᠯ᠂ ᠦᠨᠳᠦᠰᠦᠲᠡᠨ᠂ ᠠᠷᠠᠰᠤᠲᠠᠨ᠂ ᠭᠡᠷ ᠪᠦᠯᠢ ᠶᠢᠨ ᠡᠳ᠋ | ᠬᠥᠷᠥᠩᠭᠡ ᠶᠢᠨ ᠪᠠᠶᠢᠳᠠᠯ᠂ ᠱᠠᠰᠢᠨ ᠰᠢᠲᠦᠯᠭᠡ ᠵᠡᠷᠭᠡ ᠶᠢᠨ ᠢᠯᠭᠠᠯ ᠦᠭᠡᠶ ᠪᠠᠷ ᠬᠠᠤᠯᠢ ᠶᠣᠰᠤ ᠪᠠᠷ ᠡᠷᠬᠡ | ᠲᠡᠭᠰᠢ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠡᠷᠬᠡ ᠲᠠᠢ᠃ ᠠᠷᠪᠠᠨ ᠬᠤᠶᠠᠳᠤᠭᠠᠷ ᠵᠦᠢᠯ ᠳᠤ᠂ | ᠤᠯᠤᠰ ᠠᠴᠠ ᠠᠷᠭ᠎ᠠ ᠬᠡᠮᠵᠢᠶ᠎ᠡ ᠠᠪᠴᠤ ᠰᠤᠷᠭᠠᠨ ᠬᠥᠮᠦᠵᠢᠯ ᠤᠨ ᠭᠤᠣᠯᠴᠢ ᠶᠢ ᠠᠬᠢᠭᠤᠯᠵᠤ᠂ ᠰᠤᠷᠭᠠᠨ | ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ | ︽ᠨᠠᠰᠤᠨ ᠳᠤ ᠥᠯᠥ ᠭᠦᠷᠦᠭᠰᠡᠳ ᠢ ᠰᠤᠷᠭᠠᠭᠤᠯᠢ ᠠᠴᠠ ᠬᠠᠮᠠᠭᠠᠯᠠᠬᠤ ᠲᠣᠭᠲᠠᠭᠠᠯ ︾ ᠤᠨ ᠳᠥᠷᠪᠡᠳᠦᠭᠡᠷ | ᠵᠦᠢᠯ᠂ ᠶᠢᠰᠦᠳᠦᠭᠡᠷ ᠵᠦᠢᠯ ᠳᠤ᠄ ᠰᠤᠷᠭᠠᠭᠤᠯᠢ ᠠᠴᠠ ᠰᠣᠷᠣᠭᠴᠢ ᠨᠢᠭᠡ ᠪᠦᠷᠢ ᠳᠤ ᠡᠷᠬᠡ ᠲᠡᠭᠰᠢ ᠪᠠᠷ ᠬᠠᠨᠳᠤᠬᠤ | ᠬᠡᠷᠡᠭᠲᠡᠶ᠂ ᠰᠣᠷᠣᠭᠴᠢ ᠵᠢᠴᠢ ᠲᠡᠭᠦᠨ ᠤ ᠡᠴᠢᠭᠡ ᠡᠬᠡ ᠪᠤᠶᠤ ᠪᠤᠰᠤᠳ ᠬᠠᠷᠠᠭᠠᠯᠵᠠᠨ ᠬᠠᠮᠠᠭᠠᠯᠠᠭᠴᠢ ᠶᠢᠨ | ᠦᠨᠳᠦᠰᠦᠲᠡᠨ᠂ ᠠᠷᠠᠰᠤᠲᠠᠨ᠂ ᠭᠦᠢᠰᠦ ᠢᠯᠭᠠᠯ᠂ ᠡᠷᠦᠬᠡ ᠠᠮᠠ᠂ ᠠᠵᠢᠯ ᠮᠡᠷᠭᠡᠵᠢᠯ᠂ ᠱᠠᠰᠢᠨ ᠰᠢᠲᠦᠯᠭᠡ᠂ | ᠰᠤᠷᠭᠠᠨ ᠬᠥᠮᠦᠵᠢᠯ ᠭᠥᠷᠳᠡᠭᠰᠡᠨ ᠬᠡᠮᠵᠢᠶ᠎ᠡ᠂ ᠬᠡᠷ ᠪᠦᠯᠢ ᠶᠢᠨ ᠪᠠᠶᠢᠳᠠᠯ᠂ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ | ᠪᠠᠶᠢᠳᠠᠯ ᠵᠡᠷᠭᠡ ᠠᠴᠠ ᠪᠣᠯᠵᠣ ᠰᠣᠷᠣᠭᠴᠢ ᠶᠢ ᠭᠠᠳᠠᠭᠤᠷᠴᠢᠯᠠᠬᠤ ᠪᠤᠶᠤ ᠰᠣᠷᠣᠭᠴᠢ ᠶᠢ ᠢᠯᠭᠠᠨ ᠦᠵᠡᠵᠦ ᠪᠣᠯᠬᠤ | ᠥᠬᠡᠶ︔ ᠰᠤᠷᠭᠠᠨ ᠬᠥᠮᠦᠵᠢᠭᠦᠯᠬᠦ᠂ ᠬᠠᠮᠢᠶᠠᠷᠬᠤ ᠶᠠᠪᠤᠴᠠ ᠳᠤ ᠶᠠᠮᠠᠷᠪᠠ ᠰᠤᠷᠤᠭᠴᠢᠳ ᠵᠢᠴᠢ ᠭᠡᠷ ᠤᠨ ᠠᠬᠠᠮᠠᠳ | ᠪᠤᠶᠤ ᠬᠠᠷᠢᠶᠠᠯᠠᠭᠳᠠᠬᠤ ᠣᠨᠴᠠᠭᠠᠢ ᠬᠠᠮᠲᠤᠯᠢᠭ ᠤᠨ ᠦᠭᠡ ᠶᠠᠷᠢᠶ᠎ᠠ ᠥᠢᠯᠡ ᠠᠵᠢᠯᠯᠠᠭ᠎ᠠ᠂ ᠠᠷᠭ᠎ᠠ ᠮᠠᠶ᠋ᠢᠭ ᠢ | ᠮᠠᠭᠤᠰᠢᠶᠠᠵᠤ᠂ ᠭᠤᠲᠤᠭᠠᠨ ᠲᠤᠷᠤᠮᠵᠢᠯᠠᠵᠤ ᠪᠣᠯᠬᠤ ᠥᠭᠡᠢ᠃ ᠳᠡᠭᠡᠷᠡᠬᠢ ᠲᠣᠭᠲᠠᠭᠠᠯ ᠳᠤ ᠪᠦᠷ ︽ᠰᠤᠷᠭᠠᠨ | ᠬᠥᠮᠦᠵᠢᠯ ᠪᠣᠯ ᠡᠷᠬᠡ ᠲᠡᠭᠰᠢ︾᠂ ︽ᠰᠤᠷᠭᠠᠨ ᠬᠥᠮᠦᠵᠢᠯ ᠳᠤ ᠢᠯᠭᠠᠯ ᠦᠭᠡᠢ︾ ᠭᠡᠬᠦ ᠦᠨᠳᠦᠰᠦᠨ ᠵᠠᠷᠴᠢᠮ ᠢ | ᠴᠢᠬᠤᠯᠠᠴᠢᠯᠠᠵᠠᠢ᠃ | ᠰᠤᠷᠭᠠᠭᠤᠯᠢ ᠠᠴᠠ ᠰᠣᠷᠣᠭᠴᠢ ᠶᠢᠨ ᠬᠡᠷ ᠪᠦᠯᠢ ᠶᠢᠨ ᠮᠡᠳᠡᠭᠡ ᠵᠠᠩᠭᠢ ᠶᠢ ᠬᠡᠲᠦ ᠴᠤᠭᠯᠠᠭᠤᠯᠬᠤ ᠶᠢᠨ ᠬᠠᠮᠲᠤ | ᠰᠣᠷᠣᠭᠴᠢ ᠶᠢᠨ ᠡᠴᠢᠭᠡ ᠡᠬᠡ ᠶᠢᠨ ᠡᠳ᠋ ᠬᠥᠷᠥᠩᠭᠡ᠂ ᠲᠤᠰᠢᠶᠠᠯ ᠤᠨ ᠪᠠᠶᠢᠷᠢ ᠵᠡᠷᠭᠡ ᠪᠠᠶᠢᠳᠠᠯ ᠢ ᠣᠨᠴᠠᠭᠠᠶᠢᠯᠠᠨ ︽ | ᠠᠩᠬᠠᠷᠬᠤ︾ ᠨᠢ ᠬᠡᠳᠦ᠋ᠢᠪᠡᠷ ᠪᠡᠶᠡᠴᠢ ᠲᠠᠯ᠎ᠠ ᠪᠠᠷ ᠵᠣᠷᠢᠭᠤᠳᠠ ᠭᠠᠳᠠᠭᠤᠷᠴᠢᠯᠠᠬᠤ ᠰᠠᠨᠠᠭ᠎ᠠ ᠥᠬᠡᠶ ᠪᠣᠯᠪᠠᠴᠤ | ᠪᠤᠰᠤᠳᠴᠢ ᠲᠠᠯ᠎ᠠ ᠪᠠᠷ ᠪᠠᠰᠠ ᠤᠷᠢᠳ ᠢᠶᠠᠷ ᠰᠣᠨᠣᠰᠤᠭᠰᠠᠨ ᠢᠶᠠᠨ ᠦᠨᠡᠮᠰᠢᠵᠦ᠂ ᠢᠯᠭᠠᠭ᠎ᠠ ᠲᠠᠢ ᠬᠠᠨᠳᠤᠬᠤ | ᠨᠥᠯᠥᠭᠡ ᠶᠢ ᠠᠮᠠᠷᠬᠠᠨ ᠪᠣᠶ ᠪᠣᠯᠭᠠᠵᠤ᠂ ᠡᠭᠦᠨ ᠤ ᠤᠯᠠᠮ ᠠᠴᠠ ᠵᠠᠷᠢᠮ ᠣᠨᠴᠠᠭᠠᠶ᠂ ᠠᠵᠤ ᠠᠬᠤᠶ ᠨᠢ | ᠬᠦᠴᠢᠷᠳᠡᠯᠲᠡᠶ ᠬᠡᠷ ᠪᠦᠯᠢ ᠶᠢᠨ ᠰᠤᠷᠤᠭᠴᠢᠳ ᠤᠨ ᠰᠡᠳᠬᠢᠯ ᠢ ᠰᠢᠷᠬᠠᠳᠤᠭᠤᠯᠵᠤ᠂ ᠰᠤᠷᠤᠭᠴᠢᠳ | ᠬᠤᠭᠤᠷᠣᠨᠳᠣ ᠪᠠᠨ ᠠᠳᠠᠯᠢᠳᠬᠠᠬᠤ ᠰᠡᠳᠬᠢᠴᠡ ᠶᠢ ᠪᠣᠶ ᠪᠣᠯᠭᠠᠵᠤ᠂ ᠴᠠᠭᠠᠰᠢᠯᠠᠪᠠᠯ ᠭᠠᠳᠠᠭᠤᠷᠴᠢᠯᠠᠬᠤ ᠪᠤᠶᠤ | ᠰᠤᠷᠭᠠᠭᠤᠯᠢ ᠶᠢᠨ ᠬᠦᠷᠢᠶᠡᠨ ᠤ ᠳᠣᠷᠤᠮᠵᠢᠯᠠᠯ ᠢ ᠪᠣᠶ ᠪᠣᠯᠭᠠᠵᠤ ᠮᠡᠳᠡᠨ᠎ᠡ᠃ ᠡᠲᠡᠭᠡᠷ ᠨᠢ ᠰᠤᠷᠭᠠᠨ ᠬᠥᠮᠦᠵᠢᠯ ᠤᠨ | ᠲᠥᠪ ᠭᠤᠤᠯᠴᠢ ᠳᠤ ᠬᠤᠬᠢᠷᠠᠯ ᠤᠴᠠᠷᠠᠭᠤᠯᠵᠤ᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾ ᠪᠠ | ︽ᠨᠠᠰᠤᠨ ᠳᠤ ᠥᠯᠥ ᠭᠦᠷᠦᠭᠰᠡᠳ ᠢ ᠰᠤᠷᠭᠠᠭᠤᠯᠢ ᠠᠴᠠ ᠬᠠᠮᠠᠭᠠᠯᠠᠬᠤ ᠲᠣᠭᠲᠠᠭᠠᠯ︾ ᠤᠨ ᠬᠤᠯᠪᠤᠭᠳᠠᠬᠤ ᠵᠣᠷᠢᠭ | ᠰᠠᠨᠠᠭ᠎ᠠ ᠶᠢ ᠵᠦᠷᠢᠴᠡᠭᠰᠡᠨ ᠨᠢ ᠳᠠᠮᠵᠢᠭ ᠥᠬᠡᠶ ᠶᠤᠮ᠃ | ᠭᠤᠷᠪᠠᠳᠤᠭᠠᠷ ᠲᠤ᠂ ᠰᠤᠷᠤᠭᠴᠢᠳ ᠤᠨ ᠭᠡᠷ ᠪᠦᠯᠢ ᠶᠢᠨ ᠮᠡᠳᠡᠭᠡ ᠵᠠᠩᠭᠢ ᠶᠢ ᠬᠠᠤᠯᠢ ᠶᠣᠰᠤ ᠶᠢ ᠴᠢᠩᠭ᠎ᠠ | ᠪᠠᠷᠢᠮᠲᠠᠯᠠᠨ ᠴᠤᠭᠯᠠᠭᠤᠯᠤᠨ ᠰᠢᠢᠳᠪᠦᠷᠢᠯᠡᠬᠦ ᠬᠡᠷᠡᠭᠲᠡᠶ᠃ ᠰᠤᠷᠭᠠᠨ ᠬᠥᠮᠦᠵᠢᠯ ᠤᠨ ᠭᠤᠣᠯᠴᠢ ᠠᠴᠠ ᠦᠵᠡᠭᠰᠡᠨ ᠴᠦ | ᠲᠡᠷᠡ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠲᠠᠯ᠎ᠠ ᠠᠴᠠ ᠦᠵᠡᠭᠰᠡᠨ ᠴᠦ ᠲᠡᠷᠡ᠂ ᠲᠤᠬᠠᠢ ᠶᠢᠨ | ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠭᠡᠷ ᠤᠨ ᠠᠬᠠᠮᠠᠳ ᠤᠨ ᠪᠡᠶ᠎ᠡ ᠶᠢᠨ ᠬᠢᠷᠢ ᠬᠡᠮ ᠤᠨ ᠮᠡᠳᠡᠭᠡ ᠵᠠᠩᠭᠢ ᠶᠢ | ᠪᠦᠷᠢᠳᠬᠡᠬᠦ ᠠᠷᠭ᠎ᠠ ᠮᠠᠶ᠋ᠢᠭ ᠵᠢᠴᠢ ᠲᠤᠰ ᠳᠤᠮᠳᠠᠳᠤ ᠰᠤᠷᠭᠠᠭᠤᠯᠢ ᠲᠠᠢ ᠠᠳᠠᠯᠢᠪᠲᠤᠷ ᠮᠠᠰᠢ ᠣᠯᠠᠨ ᠰᠤᠷᠭᠠᠭᠤᠯᠢ ᠶᠢᠨ | ᠠᠪᠤᠭᠰᠠᠨ ᠠᠷᠭ᠎ᠠ ᠨᠢ ᠴᠥᠮ ᠬᠠᠤᠯᠢ ᠶᠣᠰᠣᠨ ᠳᠤ ᠨᠡᠶᠢᠴᠡᠨ᠎ᠡ ᠭᠡᠵᠦ ᠬᠡᠯᠡᠬᠦ ᠳᠤ ᠪᠡᠷᠬᠡ ᠶᠤᠮ᠃ ᠭᠡᠪᠡᠴᠦ | ᠵᠠᠩᠭᠢᠷᠠᠬᠤ ᠠᠴᠠ ᠠᠶᠤᠭᠠᠳ ᠢᠳᠡᠬᠦ ᠪᠠᠨ ᠪᠣᠯᠢᠬᠤ᠂ ︽ᠨᠢᠭᠡ ᠯᠡ ᠬᠢᠲᠤᠭ᠎ᠠ ᠪᠠᠷ ᠲᠠᠰᠤ ᠳᠠᠷᠤᠬᠤ︾ ᠮᠡᠲᠦ ᠪᠠᠷ | ᠰᠤᠷᠭᠠᠭᠤᠯᠢ ᠠᠴᠠ ᠰᠤᠷᠤᠭᠴᠢᠳ ᠤᠨ ᠬᠡᠷ ᠪᠦᠯᠢ ᠶᠢᠨ ᠮᠡᠳᠡᠭᠡ ᠵᠠᠩᠭᠢ ᠶᠢ ᠴᠤᠭᠯᠠᠭᠤᠯᠬᠤ ᠶᠢ ᠪᠥᠬᠦ ᠲᠠᠯ᠎ᠠ ᠪᠠᠷ | ᠬᠤᠷᠢᠭᠯᠠᠵᠤ ᠪᠠᠰᠠ ᠪᠣᠯᠬᠤ ᠥᠬᠡᠶ᠂ ᠬᠠᠷᠢᠨ ᠰᠤᠷᠭᠠᠭᠤᠯᠢ ᠠᠴᠠ ︽ᠰᠣᠷᠣᠭᠴᠢ ᠶᠢᠨ ᠬᠡᠷ ᠪᠦᠯᠢ ᠶᠢᠨ ᠮᠡᠳᠡᠭᠡ | ᠵᠠᠩᠭᠢ ᠶᠢ ᠬᠡᠲᠦ ᠴᠤᠭᠯᠠᠭᠤᠯᠬᠤ︾ ᠦᠢᠯᠡ ᠠᠵᠢᠯᠯᠠᠭ᠎ᠠ ᠶᠢ ᠲᠠᠶᠠᠭᠳᠠᠬᠤ ᠴᠢᠬᠤᠯᠠᠲᠠᠶ ᠪᠠᠶᠢᠨ᠎ᠠ᠃ ᠰᠤᠷᠭᠠᠭᠤᠯᠢ ᠨᠢ | ᠰᠤᠷᠤᠭᠴᠢᠳ ᠤᠨ ᠬᠥᠭᠵᠢᠯᠲᠡ ᠶᠢ ᠠᠬᠢᠭᠤᠯᠬᠤ ᠶᠢ ᠪᠣᠳᠣᠯᠬᠢᠯᠠᠵᠤ᠂ ᠰᠤᠷᠤᠭᠴᠢᠳ ᠤᠨ ᠬᠡᠷ ᠪᠦᠯᠢ ᠶᠢᠨ ᠮᠡᠳᠡᠭᠡ | ᠵᠠᠩᠭᠢ ᠶᠢ ᠵᠦᠶ ᠵᠣᠬᠢᠰᠲᠠᠶ ᠴᠤᠭᠯᠠᠭᠤᠯᠵᠤ ᠪᠣᠯᠤᠨ᠎ᠠ᠂ ᠭᠡᠬᠦ ᠳᠤ ᠪᠠᠨ ᠡᠨᠡ ᠬᠦ ᠱᠠᠭᠠᠷᠳᠠᠯᠭ᠎ᠠ ᠳᠤ ᠬᠦᠷᠬᠦ ᠳᠤ | ᠰᠤᠷᠤᠭᠴᠢᠳ ᠤᠨ ᠬᠡᠷ ᠪᠦᠯᠢ ᠶᠢᠨ ᠮᠡᠳᠡᠭᠡ ᠵᠠᠩᠭᠢ ᠶᠢ ᠴᠤᠭᠯᠠᠭᠤᠯᠬᠤ ᠪᠦᠷᠢᠨ ᠲᠡᠭᠦᠯᠳᠡᠷ ᠲᠦᠷᠢᠮ ᠢ ᠪᠠᠶᠢᠭᠤᠯᠬᠤ | ᠪᠠ ᠮᠡᠳᠡᠭᠡ ᠵᠠᠩᠭᠢ ᠶᠢ ᠬᠠᠳᠠᠭᠠᠯᠠᠬᠤ ᠨᠠᠶᠢᠳᠠᠪᠤᠷᠢᠲᠠᠶ ᠨᠥᠬᠦᠴᠡᠯ ᠢ ᠪᠦᠷᠢᠯᠳᠦᠭᠦᠯᠬᠦ ᠬᠡᠷᠡᠭᠲᠡᠶ᠃ | ᠪᠣᠳᠠᠲᠠᠶ ᠪᠠᠷ ᠬᠡᠯᠡᠪᠡᠯ᠂ ᠰᠣᠷᠣᠭᠴᠢ ᠶᠢᠨ ᠬᠡᠷ ᠪᠦᠯᠢ ᠶᠢᠨ ᠮᠡᠳᠡᠭᠡ ᠵᠠᠩᠭᠢ ᠶᠢ ᠵᠦᠶ ᠵᠣᠬᠢᠰᠲᠠᠶ | ᠴᠤᠭᠯᠠᠭᠤᠯᠬᠤ ᠳᠤ ᠳᠤᠤᠷᠠᠬᠢ ᠳᠥᠷᠪᠡᠨ ᠲᠠᠯ᠎ᠠ ᠠᠴᠠ ᠭᠠᠷᠳᠠᠵᠤ ᠪᠣᠯᠤᠨ᠎ᠠ ᠃ | ᠨᠢᠭᠡ ᠳᠤ᠂ ᠰᠤᠷᠤᠭᠴᠢᠳ ᠤᠨ ᠭᠡᠷ ᠪᠦᠯᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠰᠢᠢᠳᠪᠦᠷᠢᠯᠡᠬᠦ ᠪᠣᠳᠠᠲᠠᠶ | ᠬᠡᠷᠡᠭᠵᠢᠭᠦᠯᠬᠦ ᠨᠠᠷᠢᠨ ᠳᠦᠷᠢᠮ ᠢ ᠳᠠᠷᠦ᠋ᠢᠬᠠᠨ ᠰᠤᠳᠤᠯᠤᠨ ᠲᠣᠭᠲᠠᠭᠠᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ | ᠰᠤᠷᠭᠠᠭᠤᠯᠢ ᠶᠢᠨ ᠬᠢᠨ ᠲᠣᠰ ᠣᠷᠣᠨ ᠪᠦᠰᠡ ᠶᠢᠨ ᠢᠶᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠬᠠᠤᠯᠢ︾᠂ ︽ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ︾ | ᠵᠡᠷᠭᠡ ᠬᠤᠯᠪᠤᠭᠳᠠᠬᠤ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠰᠤᠷᠭᠠᠭᠤᠯᠢ ᠠᠴᠠ ᠰᠣᠷᠣᠭᠴᠢ ᠶᠢᠨ | ᠬᠡᠷ ᠪᠦᠯᠢ ᠶᠢᠨ ᠮᠡᠳᠡᠭᠡ ᠵᠠᠩᠭᠢ ᠶᠢ ᠴᠤᠭᠯᠠᠭᠤᠯᠵᠤ ᠰᠢᠢᠳᠪᠦᠷᠢᠯᠡᠬᠦ ᠲᠤᠬᠠᠶ ᠪᠣᠳᠠᠲᠠᠶ ᠨᠠᠷᠢᠨ ᠲᠦᠷᠢᠮ ᠢ | ᠲᠣᠭᠲᠠᠭᠠᠵᠤ᠂ ᠵᠣᠬᠢᠰᠲᠠᠢ ᠲᠦᠷᠢᠮ ᠪᠠ ᠠᠵᠢᠯᠯᠠᠬᠤ ᠲᠦᠷᠢᠮ ᠢ ᠲᠣᠳᠣᠷᠬᠠᠶᠢᠯᠠᠨ᠂ ᠰᠤᠷᠭᠠᠭᠤᠯᠢ ᠠᠴᠠ | ᠰᠤᠷᠤᠭᠴᠢ ᠶᠢᠨ ᠭᠡᠷ ᠪᠥᠯᠢ ᠶᠢᠨ ᠮᠡᠳᠡᠭᠡ ᠵᠠᠩᠭᠢ ᠶᠢ ᠴᠤᠭᠯᠠᠭᠤᠯᠬᠤ ᠡᠷᠬᠡ ᠮᠡᠳᠡᠯ ᠪᠠ ᠬᠦᠷᠢᠶ᠎ᠡ ᠬᠡᠪᠴᠢᠶ᠎ᠡ ᠶᠢ ᠵᠦᠶ | ᠵᠣᠬᠢᠰᠲᠠᠶ ᠲᠣᠭᠲᠠᠭᠠᠵᠤ᠂ ᠰᠣᠷᠣᠭᠴᠢ ᠶᠢᠨ ᠬᠡᠷ ᠪᠦᠯᠢ ᠶᠢᠨ ᠮᠡᠳᠡᠭᠡ ᠵᠠᠩᠭᠢ ᠶᠢ ᠴᠤᠭᠯᠠᠭᠤᠯᠵᠤ ᠰᠢᠢᠳᠪᠦᠷᠢᠯᠡᠬᠦ | ᠰᠤᠷᠭᠠᠭᠤᠯᠢ ᠶᠢᠨ ᠠᠵᠢᠯᠯᠠᠭ᠎ᠠ ᠨᠢ ᠵᠢᠷᠤᠮᠯᠠᠬᠤ ᠲᠦᠷᠢᠮ ᠲᠠᠢ ᠪᠠᠶᠢᠬᠤ ᠶᠢ ᠦᠨᠡᠨ ᠬᠦ ᠪᠠᠲᠤᠯᠠᠵᠤ᠂ ᠬᠠᠤᠯᠢ | ᠶᠣᠰᠣᠨ ᠤ᠂ ᠵᠦᠶ ᠶᠣᠰᠣᠨ ᠤ᠂ ᠴᠢᠬᠤᠯᠠ ᠪᠥᠬᠦᠶ ᠪᠠ ᠦᠨᠡᠨᠴᠢ ᠢᠲᠡᠭᠡᠮᠵᠢᠲᠡᠶ ᠪᠠᠶᠢᠬᠤ ᠵᠠᠷᠴᠢᠮ ᠢ ᠪᠠᠷᠢᠮᠲᠠᠯᠠᠬᠤ | ᠬᠡᠷᠡᠭᠲᠡᠶ᠃ | ᠬᠤᠶᠠᠷ ᠲᠤ᠂ ᠰᠤᠷᠭᠠᠭᠤᠯᠢ ᠠᠴᠠ ᠬᠤᠪᠢ ᠬᠥᠮᠦᠨ ᠤ ᠮᠡᠳᠡᠭᠡ ᠵᠠᠩᠭᠢ ᠶᠢ ᠰᠢᠢᠳᠪᠦᠷᠢᠯᠡᠬᠦ ᠬᠡᠷᠡᠭᠴᠡᠭᠡ | ᠱᠠᠭᠠᠷᠳᠠᠯᠭ᠎ᠠ ᠶᠢ ᠲᠣᠳᠣᠷᠬᠠᠶᠢᠯᠠᠵᠤ᠂ ᠴᠢᠬᠤᠯᠠ ᠪᠤᠰᠤ ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠬᠤ | ᠠᠵᠢᠯᠯᠠᠭ᠎ᠠ ᠶᠢ ᠪᠠᠭᠠᠰᠬᠠᠬᠤ ᠬᠡᠷᠡᠭᠲᠡᠢ᠃ ᠰᠤᠷᠭᠠᠭᠤᠯᠢ ᠨᠢ ᠪᠠᠭᠰᠢ ᠰᠤᠷᠤᠭᠴᠢ᠂ ᠭᠡᠷ ᠤᠨ ᠠᠬᠠᠮᠠᠳ ᠠᠴᠠ ᠮᠡᠳᠡᠭᠡ | ᠵᠠᠩᠭᠢ ᠴᠤᠭᠯᠠᠭᠤᠯᠵᠤ ᠬᠡᠷᠡᠭᠯᠡᠬᠦ ᠳᠤ ᠢᠯᠡ ᠪᠠᠷ ᠴᠤᠭᠯᠠᠭᠤᠯᠵᠤ᠂ ᠴᠤᠭᠯᠠᠭᠤᠯᠵᠤ ᠬᠡᠷᠡᠭᠯᠡᠬᠦ ᠵᠣᠷᠢᠯᠭ᠎ᠠ᠂ ᠠᠷᠭ᠎ᠠ | ᠮᠠᠶ᠋ᠢᠭ ᠪᠠ ᠬᠦᠷᠢᠶ᠎ᠡ ᠬᠡᠪᠴᠢᠶ᠎ᠡ ᠪᠠᠨ ᠲᠣᠳᠣᠷᠬᠠᠶᠢᠯᠠᠬᠤ ᠬᠡᠷᠡᠭᠲᠡᠶ᠃ ᠬᠡᠷᠪᠡ ᠭᠡᠷ ᠪᠦᠯᠢ ᠶᠢᠨ ᠠᠵᠤ ᠠᠬᠤᠶ ᠨᠢ | ᠬᠦᠴᠢᠷᠳᠡᠯᠲᠡᠶ ᠰᠤᠷᠤᠭᠴᠢ᠂ ᠰᠢᠨ᠎ᠡ ᠰᠤᠷᠤᠭᠴᠢ ᠳᠠᠩᠰᠠᠯᠠᠭᠤᠯᠬᠤ ᠵᠡᠷᠭᠡ ᠶᠢ ᠳᠣᠭᠲᠠᠭᠠᠬᠤ ᠳᠤ ᠬᠦᠷᠪᠡᠯ ᠵᠥᠪᠬᠡᠨ | ᠡᠨᠡ ᠲᠥᠷᠥᠯ ᠤᠨ ᠠᠵᠢᠯ ᠯᠤᠭ᠎ᠠ ᠬᠤᠯᠪᠣᠭᠳᠠᠬᠤ ᠮᠡᠳᠡᠭᠡ ᠵᠠᠩᠭᠢ ᠶᠢ ᠪᠦᠷᠢᠳᠬᠡᠵᠦ᠂ ᠰᠤᠷᠤᠭᠴᠢ ᠶᠢᠨ ᠬᠤᠪᠢ | ᠬᠥᠮᠦᠨ ᠵᠢᠴᠢ ᠭᠡᠷ ᠪᠦᠯᠢ ᠶᠢᠨ ᠮᠡᠳᠡᠭᠡ ᠵᠠᠩᠭᠢ ᠶᠢ ᠬᠡᠲᠦ ᠴᠤᠭᠯᠠᠭᠤᠯᠵᠤ ᠪᠣᠯᠬᠤ ᠦᠭᠡᠶ᠂ ᠨᠡᠩ ᠪᠤᠰᠤᠳ | ᠵᠦᠢᠯ ᠳᠤ ᠬᠡᠷᠡᠭᠯᠡᠵᠦ ᠪᠣᠯᠬᠤ ᠦᠭᠡᠶ᠂ ᠡᠭᠦᠨ ᠢᠶᠠᠷ ᠪᠠᠭᠰᠢ ᠰᠤᠷᠤᠭᠴᠢ᠂ ᠭᠡᠷ ᠤᠨ ᠠᠬᠠᠮᠠᠳ ᠤᠨ ᠪᠠᠶᠢᠳᠠᠯ ᠢ ᠮᠡᠳᠡᠬᠦ | ᠡᠷᠬᠡ ᠪᠣᠯᠤᠨ ᠬᠤᠪᠢ ᠶᠢᠨ ᠨᠢᠭᠤᠴᠠ ᠶᠢᠨ ᠡᠷᠬᠡ ᠶᠢ ᠭᠦᠢᠴᠡᠳ ᠪᠠᠲᠤᠯᠠᠬᠤ ᠬᠡᠷᠡᠭᠲᠡᠶ᠃ | ᠭᠤᠷᠪᠠ ᠳᠤ᠂ ᠴᠢᠬᠤᠯᠠ ᠪᠦᠬᠦᠢ ᠠᠮᠤᠷ ᠲᠦᠪᠰᠢᠨ ᠤ ᠮᠡᠷᠭᠡᠵᠢᠯ ᠤᠨ ᠠᠷᠭ᠎ᠠ ᠬᠡᠮᠵᠢᠶ᠎ᠡ ᠠᠪᠴᠤ᠂ | ᠴᠤᠭᠯᠠᠭᠤᠯᠤᠭᠰᠠᠨ ᠰᠤᠷᠤᠭᠴᠢᠳ ᠤᠨ ᠭᠡᠷ ᠪᠦᠯᠢ ᠶᠢᠨ ᠮᠡᠳᠡᠭᠡ ᠵᠠᠩᠭᠢ ᠳᠤ ᠠᠮᠤᠷ ᠲᠦᠪᠰᠢᠨ ᠤ ᠬᠠᠮᠢᠶᠠᠷᠤᠯᠲᠠ ᠬᠢᠬᠦ | ᠬᠡᠷᠡᠭᠲᠡᠶ᠃ ᠮᠡᠳᠡᠭᠡ ᠵᠠᠩᠭᠢ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠮᠡᠳᠡᠭᠡ ᠵᠠᠩᠭᠢ ᠶᠢ ᠵᠠᠳᠠᠷᠠᠭᠤᠯᠬᠤ ᠶᠢ | ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ | ᠲᠥᠰᠦᠯ ᠢ ᠪᠠᠶᠢᠭᠤᠯᠬᠤ ᠬᠡᠷᠡᠭᠲᠡᠢ᠃ ᠬᠤᠪᠢ ᠬᠥᠮᠦᠨ ᠤ ᠮᠡᠳᠡᠭᠡ ᠵᠠᠩᠭᠢ ᠶᠢ ᠬᠠᠳᠠᠭᠠᠯᠠᠬᠤ ᠰᠢᠰᠲ᠋ᠧᠮ ᠳᠤ | ᠬᠤᠯᠪᠤᠭᠳᠠᠬᠤ ᠲᠣᠭᠲᠠᠭᠠᠯ ᠶᠣᠰᠤ ᠪᠠᠷ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠳᠡᠰ ᠢ ᠲᠣᠭᠲᠠᠭᠠᠬᠤ ᠶᠢᠨ | ᠬᠠᠮᠲᠤ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠬᠤᠪᠢ | ᠬᠥᠮᠦᠨ ᠤ ᠮᠡᠳᠡᠭᠡ ᠵᠠᠩᠭᠢ ᠶᠢ ᠰᠢᠢᠳᠪᠦᠷᠢᠯᠡᠬᠦ ᠠᠵᠢᠯᠯᠠᠭ᠎ᠠ ᠵᠢᠴᠢ ᠠᠮᠤᠷ ᠲᠦᠪᠰᠢᠨ ᠢ ᠬᠠᠮᠠᠭᠠᠯᠠᠬᠤ ᠠᠷᠭ᠎ᠠ | ᠬᠡᠮᠵᠢᠶᠡᠨ ᠳᠤ ᠬᠢᠨᠠᠯᠲᠠ ᠲᠠᠯᠪᠢᠬᠤ ᠶᠢ ᠬᠠᠷᠢᠭᠤᠴᠠᠭᠤᠯᠬᠤ ᠬᠡᠷᠡᠭᠲᠡᠶ᠃ | ᠳᠥᠷᠪᠡ ᠳᠤ᠂ ᠵᠣᠬᠢᠴᠠᠩᠭᠤᠶ ᠢᠵᠢ ᠪᠦᠷᠢᠳᠦᠭᠦᠯᠬᠦ ᠳᠦᠷᠢᠮ ᠪᠠ ᠠᠷᠭ᠎ᠠ ᠬᠡᠮᠵᠢᠶ᠎ᠡ ᠶᠢ ᠪᠠᠶᠢᠭᠤᠯᠤᠨ | ᠲᠡᠭᠦᠯᠳᠡᠷᠵᠢᠭᠦᠯᠬᠦ ᠬᠡᠷᠡᠭᠲᠡᠢ᠃ ᠰᠤᠷᠭᠠᠭᠤᠯᠢ ᠬᠡᠷ ᠤᠨ ᠠᠬᠠᠮᠠᠳ ᠤᠨ ᠰᠠᠨᠠᠭᠠᠰᠢᠷᠠᠯ ᠳᠤ ᠰᠢᠭᠤᠳ ᠬᠠᠨᠳᠤᠵᠤ᠂ | ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠲᠤᠰᠬᠠᠶᠢᠯᠠᠨ ᠰᠠᠶᠢᠲᠤᠷ ᠬᠢᠵᠦ᠂ ᠬᠡᠷ ᠤᠨ ᠠᠬᠠᠮᠠᠳ ᠤᠨ | ᠮᠡᠳᠡᠭᠡ ᠵᠠᠩᠭᠢ ᠶᠢ ᠴᠤᠭᠯᠠᠭᠤᠯᠬᠤ ᠨᠢ ᠰᠤᠷᠭᠠᠨ ᠬᠥᠮᠦᠵᠢᠯ ᠤᠨ ᠡᠷᠬᠡ ᠲᠡᠭᠰᠢ ᠶᠢ ᠨᠥᠯᠥᠭᠡᠯᠡᠵᠦ ᠮᠡᠳᠡᠬᠦ ᠲᠤᠬᠠᠶ | ᠰᠠᠨᠠᠭᠠᠰᠢᠷᠠᠯ ᠢ ᠠᠷᠢᠯᠭᠠᠬᠤ ᠬᠡᠷᠡᠭᠲᠡᠶ᠃ ᠡᠭᠦᠨ ᠤ ᠬᠠᠮᠲᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠨ ᠬᠢᠨ ᠪᠠᠰᠠ ᠪᠠᠭᠰᠢ ᠰᠤᠷᠤᠭᠴᠢ ᠴᠠᠭᠠᠰᠢᠯᠠᠪᠠᠯ ᠭᠡᠷ ᠤᠨ ᠠᠬᠠᠮᠠᠳ ᠲᠠᠢ ᠠᠰᠢᠭ ᠲᠤᠰᠠ ᠶᠢᠨ | ᠰᠣᠯᠢᠯᠴᠠᠭ᠎ᠠ ᠬᠢᠭᠰᠡᠨ ᠵᠡᠷᠭᠡ ᠪᠠᠶᠢᠳᠠᠯ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠳᠬᠠᠬᠤ ᠬᠡᠷᠡᠭᠲᠡᠶ᠃ | ᠰᠤᠷᠭᠠᠭᠤᠯᠢ ᠠᠴᠠ ᠰᠣᠷᠣᠭᠴᠢ ᠶᠢᠨ ᠬᠡᠷ ᠪᠦᠯᠢ ᠶᠢᠨ ᠮᠡᠳᠡᠭᠡ ᠵᠠᠩᠭᠢ ᠶᠢ ᠴᠤᠭᠯᠠᠭᠤᠯᠬᠤ ᠨᠢ ᠦᠵᠡᠬᠦ ᠳᠤ ᠪᠠᠭ᠎ᠠ | ᠶᠠᠪᠤᠳᠠᠯ ᠰᠢᠭ᠋ ᠪᠣᠯᠪᠠᠴᠤ ᠦᠨᠡᠨ ᠳᠤ ᠪᠠᠨ ᠰᠤᠷᠭᠠᠭᠤᠯᠢ ᠠᠴᠠ ᠬᠠᠤᠯᠢ ᠴᠠᠭᠠᠵᠠ ᠶᠢᠨ ᠲᠣᠭᠲᠠᠭᠠᠯ ᠢ ᠵᠢᠷᠤᠮᠯᠠᠬᠤ᠂ | ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ᠂ ᠰᠣᠷᠣᠭᠴᠢ ᠶᠢᠨ ᠡᠷᠬᠡ ᠶᠢ ᠬᠠᠮᠠᠭᠠᠯᠠᠬᠤ ᠲᠠᠢ | ᠬᠤᠯᠪᠣᠭᠳᠠᠵᠤ᠂ ᠬᠠᠤᠯᠢ ᠶᠣᠰᠤ ᠪᠠᠷ ᠰᠤᠷᠭᠠᠭᠤᠯᠢ ᠶᠢ ᠵᠠᠰᠠᠬᠤ ᠲᠠᠢ ᠬᠤᠯᠪᠣᠭᠳᠠᠬᠤ ᠶᠡᠭᠡ ᠶᠠᠪᠤᠳᠠᠯ ᠮᠥᠨ᠃ | ᠳᠦᠷᠢᠮᠵᠢᠭᠰᠡᠨ ᠲᠦᠷᠢᠮ ᠪᠠ ᠦᠨᠡᠨ ᠬᠦ ᠬᠡᠷᠡᠭᠵᠢᠭᠦᠯᠵᠦ ᠪᠣᠯᠬᠤᠶᠢᠴᠠ ᠮᠡᠷᠭᠡᠵᠢᠯ ᠤᠨ ᠲᠥᠰᠦᠯ ᠢᠶᠠᠷ ᠬᠠᠤᠯᠢ ᠪᠠᠷ | ᠵᠠᠰᠠᠬᠤ ᠰᠢᠰᠲ᠋ᠧᠮ ᠢ ᠪᠠᠶᠢᠭᠤᠯᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ | ᠬᠦᠴᠢᠷᠳᠡᠯ ᠢ ᠰᠢᠢᠳᠪᠦᠷᠢᠯᠡᠵᠦ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠠᠮᠢ ᠠᠬᠤᠢ ᠶᠢ ᠪᠠᠶᠢᠭᠤᠯᠬᠤ ᠬᠡᠷᠡᠭᠲᠡᠢ | ᠃ | ᠵᠣᠬᠢᠶᠠᠯ ᠤᠨ ᠢᠷᠡᠯᠲᠡ᠄ ᠳᠤᠮᠳᠠᠳᠤ ᠤᠯᠤᠰ ᠤᠨ ᠰᠤᠷᠭᠠᠨ ᠬᠥᠮᠦᠵᠢᠯ ᠰᠣᠨᠢᠨ 2021 ᠣᠨ ᠤ 12 | ᠰᠠᠷ᠎ᠠ ᠶᠢᠨ 1 ᠤ ᠡᠳᠦᠷ ᠤᠨ 5 ᠳ᠋ᠤᠭᠠᠷ ᠨᠢᠭᠤᠷ ᠤᠨ ︽ᠰᠤᠷᠭᠠᠭᠤᠯᠢ ᠶᠢᠨ ᠵᠠᠬᠢᠷᠤᠯ ᠤᠨ ᠭᠠᠷᠠᠭ ᠤᠨ ᠰᠡᠳᠬᠦᠯ | ︾ | ᠬᠠᠷᠢᠭᠤᠴᠠᠭᠰᠠᠨ ᠨᠠᠶᠢᠷᠠᠭᠤᠯᠤᠭᠴᠢ᠄ ᠳ᠋ᠦ᠋ ᠿᠦᠨ ᠨᠠᠨ |