12 ᠰᠠᠷ᠎ᠠ ᠶᠢᠨ 16 ᠤ ᠡᠳᠦᠷ᠂ ᠰᠤᠷᠭᠠᠨ ᠬᠥᠮᠦᠵᠢᠯ ᠤᠨ ᠶᠠᠮᠤᠨ ᠵᠡᠷᠭᠡ ᠶᠢᠰᠦᠨ ᠰᠠᠯᠠᠭ᠎ᠠ ᠮᠥᠴᠢᠷ ︽ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ︾ ︵ᠳᠣᠷᠣᠭᠰᠢ | ︽ᠠᠵᠢᠯᠯᠠᠭᠠᠨ ᠤ ᠲᠥᠯᠥᠪᠯᠡᠭᠡ︾ ᠭᠡᠵᠦ ᠲᠣᠪᠴᠢᠯᠠᠨ᠎ᠠ︶ ᠶᠢ ᠨᠡᠶᠢᠲᠡᠯᠡᠪᠡ᠃ | | ︽ᠠᠵᠢᠯᠯᠠᠭᠠᠨ ᠤ ᠲᠥᠯᠥᠪᠯᠡᠭᠡ︾ ᠳᠤ ᠳᠤᠷᠠᠳᠤᠭᠰᠠᠨ ᠨ᠊ ᠢ᠂ ᠬᠡᠤᠬᠡᠳ ᠲᠤ ᠬᠠᠯᠠ ᠦᠵᠡᠭᠦᠯᠬᠦ᠂ ᠪᠡᠶ᠎ᠡ | ᠮᠠᠬᠠᠪᠣᠳ ᠤᠨ ᠲᠠᠮᠤᠯᠠᠯ ᠵᠢᠴᠢ ᠬᠡᠯᠪᠡᠷᠢ ᠶᠢ ᠨᠢ ᠦᠭᠡᠷᠡᠳᠦᠬᠦᠯᠦᠭᠰᠡᠨ ᠪᠡᠶ᠎ᠡ ᠮᠠᠬᠠᠪᠣᠳ ᠤᠨ ᠲᠠᠮᠤᠯᠠᠯ ᠵᠡᠷᠭᠡ | ᠪᠠᠭᠰᠢ ᠶᠢᠨ ᠶᠣᠰᠣ ᠮᠣᠷᠠᠯ ᠤᠨ ᠵᠢᠷᠤᠮᠵᠢᠯ ᠢᠶᠠᠨ ᠬᠦᠨᠳᠦ ᠨᠣᠴᠢᠲᠠᠶ ᠠᠯᠳᠠᠭᠰᠠᠨ ᠦᠢᠯᠡ ᠠᠵᠢᠯᠯᠠᠭ᠎ᠠ ᠭᠠᠷᠤᠭᠰᠠᠨ | ᠬᠡᠤᠬᠡᠳ ᠤᠨ ᠴᠡᠴᠡᠷᠯᠢᠭ ᠲᠤ ᠣᠨ ᠤ ᠪᠠᠶᠢᠴᠠᠭᠠᠯᠲᠠ ᠳᠤ ᠨᠢᠭᠡ ᠯᠡ ᠫᠢᠶᠣᠣ ᠪᠠᠷ ᠦᠭᠡᠶᠢᠰᠬᠡᠬᠦ ᠶᠢ ᠬᠡᠷᠡᠭᠵᠢᠭᠦᠯᠵᠦ᠂ | ᠬᠡᠷᠡᠭ ᠶᠠᠪᠤᠳᠠᠯ ᠳᠤ ᠬᠤᠯᠪᠣᠭᠳᠠᠭᠰᠠᠨ ᠪᠠᠭᠰᠢ ᠠᠵᠢᠯᠲᠠᠨ᠂ ᠬᠠᠮᠢᠶᠠᠷᠤᠭᠴᠢ ᠪᠠ ᠡᠷᠭᠢᠯᠡᠨ ᠪᠠᠶᠢᠭᠤᠯᠤᠭᠴᠢ ᠠᠴᠠ | ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠡᠭᠦᠨ ᠤ ᠬᠠᠮᠲᠤ᠂ ᠡᠯ᠎ᠡ ᠮᠤᠵᠢ ︵ᠣᠷᠣᠨ᠂ ᠬᠤᠲᠠ︶ ᠶᠢᠨ ᠬᠢᠨ ᠬᠡᠦᠬᠡᠳ ᠤᠨ ᠴᠡᠴᠡᠷᠯᠢᠭ ᠤᠨ ᠨᠡᠷᠡᠶᠢᠳᠦᠯ ᠢ | ᠵᠢᠷᠤᠮᠵᠢᠭᠤᠯᠤᠨ ᠢᠯᠭᠠᠷᠠᠭᠤᠯᠬᠤ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ︽ᠳᠤᠮᠳᠠᠳᠤ ᠤᠯᠤᠰ︾ ︽ | ᠳᠤᠮᠳᠠᠳᠤ ᠠᠷᠠᠳ ᠤᠯᠤᠰ︾ ︽ᠪᠥᠬᠦ ᠤᠯᠤᠰ︾ ︽ᠣᠯᠠᠨ ᠤᠯᠤᠰ︾ ︽ᠳᠡᠯᠡᠬᠡᠶ︾ ︽ᠶᠢᠷᠲᠢᠨᠴᠦ︾ ︽ | ᠪᠦᠮᠪᠦᠷᠴᠡᠭ︾ ᠵᠡᠷᠭᠡ ᠥᠰᠥᠭ ᠲᠠᠢ᠂ ᠭᠠᠳᠠᠭᠠᠳᠤ ᠬᠡᠯᠡᠨ ᠤ ᠦᠭᠡ᠂ ᠭᠠᠳᠠᠭᠠᠳᠤ ᠤᠯᠤᠰ ᠤᠨ ᠤᠯᠤᠰ ᠤᠨ ᠨᠡᠷ᠎ᠡ᠂ | ᠭᠠᠵᠠᠷ ᠤᠨ ᠨᠡᠷ᠎ᠡ᠂ ︽ᠬᠤᠤᠰ ᠬᠡᠯᠡ︾ ︽ᠤᠷᠠᠯᠢᠭ︾ ︽ᠤᠯᠤᠰ ᠤᠨ ᠰᠤᠷᠭᠠᠭᠤᠯᠢ︾ ︽ᠬᠡᠷ ᠤᠨ ᠰᠤᠷᠭᠠᠭᠤᠯᠢ | ︾ ᠵᠡᠷᠭᠡ ᠶᠢ ᠪᠠᠭᠲᠠᠭᠠᠭᠰᠠᠨ ᠬᠢᠴᠢᠶᠡᠯ ᠤᠨ ᠣᠨᠴᠠᠯᠢᠭ ᠢ ᠥᠷᠥᠭᠡᠰᠦᠯ ᠢᠶᠠᠷ ᠴᠢᠬᠤᠯᠠᠴᠢᠯᠠᠭᠰᠠᠨ ᠵᠢᠴᠢ ᠱᠠᠰᠢᠨ | ᠰᠤᠷᠲᠠᠬᠤᠨ ᠤ ᠥᠩᠭᠡ ᠪᠤᠳᠤᠭ ᠲᠠᠢ ᠨᠡᠷᠡᠶᠢᠳᠦᠯ ᠵᠢᠴᠢ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ | ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠨᠡᠷᠡᠶᠢᠳᠦᠯ ᠢ ᠬᠡᠷᠡᠭᠯᠡᠭᠰᠡᠨ ᠪᠤᠶᠤ ᠲᠣᠪᠴᠢᠯᠠᠯ ᠢ ᠬᠡᠷᠡᠭᠯᠡᠭᠰᠡᠨ ᠵᠡᠷᠭᠡ ᠶᠢ | ᠢᠯᠭᠠᠷᠠᠭᠤᠯᠤᠨ ᠴᠡᠭᠴᠡᠯᠡᠵᠦ᠂ 2022 ᠣᠨ ᠤ 6 ᠰᠠᠷ᠎ᠠ ᠠᠴᠠ ᠡᠮᠦᠨ᠎ᠡ ᠴᠡᠭᠴᠡᠯᠡᠨ ᠥᠭᠡᠷᠡᠴᠢᠯᠡᠨ᠎ᠡ᠃ | 2025 ᠣᠨ ᠪᠣᠯᠬᠤ ᠳᠤ᠂ ᠪᠥᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ | ᠴᠡᠴᠡᠷᠯᠢᠭ ᠲᠤ ᠣᠷᠣᠬᠤ ᠪᠥᠬᠦ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ | | ︽ᠠᠵᠢᠯᠯᠠᠭᠠᠨ ᠤ ᠲᠥᠯᠥᠪᠯᠡᠭᠡ︾ ᠶᠢᠨ ᠭᠤᠤᠯ ᠬᠠᠷᠠᠯᠲᠠ ᠪᠣᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ 2025 ᠣᠨ ᠪᠣᠯᠬᠤ ᠳᠤ᠂ ᠪᠥᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠭᠤᠷᠪᠠᠨ | ᠵᠢᠯ ᠤᠨ ᠬᠡᠤᠬᠡᠳ ᠤᠨ ᠴᠡᠴᠡᠷᠯᠢᠭ ᠲᠤ ᠣᠷᠣᠬᠤ ᠪᠥᠬᠦ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ | ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢ 85% ᠠᠴᠠ ᠳᠡᠭᠡᠭᠰᠢ ᠳᠤ | ᠬᠦᠷᠦᠭᠦᠯᠵᠦ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠲᠤ ᠪᠠᠶᠢᠭ᠎ᠠ ᠬᠡᠤᠬᠡᠳ ᠤᠨ ᠴᠡᠴᠡᠷᠯᠢᠭ ᠤᠨ | ᠡᠵᠡᠯᠡᠬᠦ ᠬᠠᠷᠢᠴᠠᠯ ᠢ 50% ᠠᠴᠠ ᠳᠡᠭᠡᠭᠰᠢ ᠳᠤ ᠬᠦᠷᠦᠭᠦᠯᠦᠨ᠎ᠡ᠃ | ᠡᠭᠦᠨ ᠤ ᠬᠠᠮᠲᠤ᠂ ᠬᠤᠲᠠ ᠬᠥᠳᠡᠭᠡ ᠶᠢ ᠬᠠᠮᠤᠷᠤᠭᠰᠠᠨ᠂ ᠪᠠᠶᠢᠷᠢᠰᠢᠯ ᠨᠢ ᠵᠦᠶ ᠵᠣᠬᠢᠰᠲᠠᠶ᠂ ᠨᠡᠶᠢᠲᠡ ᠶᠢᠨ | ᠠᠰᠠᠷᠠᠮᠵᠢ ᠶᠢᠨ ᠲᠦᠭᠡᠮᠡᠯ ᠬᠠᠷᠠᠭᠠᠯᠵᠠᠯ ᠲᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠬᠦᠯᠵᠦ᠂ ᠲᠦᠭᠡᠮᠡᠯ ᠬᠠᠷᠠᠭᠠᠯᠵᠠᠯ ᠤᠨ | ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠂ ᠬᠡᠤᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠶᠠᠰᠤ ᠴᠢᠨᠠᠷ ᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠬᠡᠤᠬᠡᠳ ᠤᠨ ᠴᠡᠴᠡᠷᠯᠢᠭ ᠬᠢᠭᠡᠳ ᠪᠠᠭ᠎ᠠ ᠰᠤᠷᠭᠠᠭᠤᠯᠢ ᠶᠢ ᠰᠢᠨᠵᠢᠯᠡᠬᠦ ᠤᠬᠠᠭᠠᠨᠴᠢ ᠪᠠᠷ | ᠵᠣᠯᠭᠠᠭᠤᠯᠬᠤ ᠲᠣᠭᠲᠠᠴᠠ ᠶᠢ ᠪᠤᠢ ᠪᠤᠯᠭᠠᠨ᠎ᠠ᠃ | | ︽ᠠᠵᠢᠯᠯᠠᠭᠠᠨ ᠤ ᠲᠥᠯᠥᠪᠯᠡᠭᠡ︾ ᠶᠢᠨ ᠭᠤᠤᠯᠳᠠᠯᠭ᠎ᠠ ᠲᠠᠢ ᠡᠭᠦᠷᠭᠡ ᠪᠣᠯ ᠲᠦᠭᠡᠮᠡᠯ ᠬᠠᠷᠠᠭᠠᠯᠵᠠᠯ ᠤᠨ ᠡᠬᠢ | ᠪᠠᠶᠠᠯᠢᠭ ᠤᠨ ᠳᠤᠲᠠᠭᠤᠳᠠᠯ ᠢ ᠨᠥᠬᠦᠪᠥᠷᠢᠯᠡᠵᠦ᠂ ᠲᠦᠭᠡᠮᠡᠯ ᠬᠠᠷᠠᠭᠠᠯᠵᠠᠯ ᠤᠨ ᠪᠠᠲᠤᠯᠠᠭ᠎ᠠ ᠶᠢᠨ ᠲᠣᠭᠲᠠᠴᠠ ᠶᠢ | ᠲᠡᠭᠦᠯᠳᠡᠷᠵᠢᠭᠦᠯᠦᠨ᠂ ᠠᠰᠠᠷᠠᠨ ᠬᠥᠮᠦᠵᠢᠭᠦᠯᠬᠦ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠲᠥᠯᠥᠪᠯᠡᠭᠡ ᠳᠤ ᠲᠣᠳᠣᠷᠬᠠᠶ ᠲᠣᠭᠲᠠᠭᠠᠭᠰᠠᠨ ᠨᠢ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ | ᠶᠡᠭᠡ ᠪᠠᠷ ᠬᠥᠭᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ | ᠴᠡᠴᠡᠷᠯᠢᠭ ᠢ ᠢᠳᠡᠪᠬᠢᠲᠡᠶ ᠪᠠᠷ ᠲᠡᠳᠬᠦᠨ ᠳᠡᠮᠵᠢᠵᠦ᠂ ᠨᠡᠶᠢᠭᠡᠮ ᠤᠨ ᠬᠦᠴᠦᠨ ᠤ ᠬᠡᠤᠬᠡᠳ ᠤᠨ ᠴᠡᠴᠡᠷᠯᠢᠭ | ᠡᠷᠭᠢᠯᠡᠬᠦ ᠶᠢ ᠳᠡᠮᠵᠢᠨ ᠵᠢᠷᠤᠮᠵᠢᠭᠤᠯᠬᠤ ᠬᠡᠷᠡᠭᠲᠡᠶ᠃ ᠲᠣᠰᠬᠤᠨ ᠤ ᠱᠠᠲᠤᠨ ᠤ ᠬᠡᠦᠬᠡᠳ ᠤᠨ ᠴᠡᠴᠡᠷᠯᠢᠭ ᠤᠨ | ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠰᠢᠨ᠎ᠡ ᠪᠠᠷ ᠨᠡᠮᠡᠭᠳᠡᠭᠰᠡᠨ ᠬᠥᠮᠦᠨ ᠠᠮᠠ᠂ ᠨᠡᠭᠦᠳᠡᠯ | ᠬᠥᠮᠦᠨ ᠠᠮᠠ ᠲᠥᠪᠯᠡᠷᠡᠭᠰᠡᠨ ᠭᠠᠵᠠᠷ ᠣᠷᠣᠨ ᠳᠤ ᠨᠢᠭᠡ ᠪᠦᠯᠦᠭ ᠬᠡᠦᠬᠡᠳ ᠤᠨ ᠴᠡᠴᠡᠷᠯᠢᠭ ᠢ ᠰᠢᠨ᠎ᠡ ᠪᠠᠷ | ᠪᠠᠶᠢᠭᠤᠯᠬᠤ ᠪᠤᠶᠤ ᠥᠷᠭᠡᠳᠬᠡᠨ ᠪᠠᠶᠢᠭᠤᠯᠵᠤ᠂ ᠬᠤᠳᠠ ᠬᠥᠳᠡᠭᠡ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠪᠠᠶᠢᠷᠢᠰᠢᠯ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ | ᠰᠤᠷᠬᠤ ᠨᠠᠰᠤᠨ ᠤ ᠬᠡᠦᠬᠡᠳ ᠤᠨ ᠴᠡᠴᠡᠷᠯᠢᠭ ᠲᠤ ᠣᠷᠣᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ | ᠵᠠᠰᠠᠭ ᠤᠨ ᠣᠷᠳᠣᠨ ᠤ ᠣᠷᠣᠭᠤᠯᠤᠯᠲᠠ ᠪᠠᠷ ᠭᠤᠤᠯ ᠪᠣᠯᠭᠠᠬᠤ᠂ ᠬᠡᠷ ᠪᠦᠯᠢ ᠵᠦᠶ ᠵᠣᠬᠢᠰᠲᠠᠶ ᠬᠤᠪᠢᠶᠠᠨ ᠡᠭᠦᠷᠭᠡᠯᠡᠬᠦ | ᠂ ᠪᠤᠰᠤᠳ ᠣᠯᠠᠨ ᠠᠷᠭ᠎ᠠ ᠵᠠᠮ ᠢᠶᠠᠷ ᠵᠠᠷᠤᠳᠠᠯ ᠴᠤᠭᠯᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠬᠡᠤᠬᠡᠳ ᠤᠨ | ᠴᠡᠴᠡᠷᠯᠢᠭ ᠤᠨ ᠪᠠᠭᠰᠢ ᠶᠢ ᠳᠣᠭᠢᠷᠠᠭᠤᠯᠤᠨ ᠨᠥᠬᠦᠪᠥᠷᠢᠯᠡᠬᠦ᠂ ᠴᠠᠯᠢᠩ ᠣᠯᠭᠤᠮᠵᠢ ᠶᠢ ᠪᠠᠲᠤᠯᠠᠬᠤ ᠲᠦᠷᠢᠮ ᠢ | ᠪᠦᠷᠢᠨᠰᠢᠬᠦᠯᠵᠦ᠂ ᠪᠠᠭᠰᠢ ᠶᠢᠨ ᠲᠤᠰᠬᠠᠶ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠲᠦᠭᠡᠮᠡᠯ | ᠬᠠᠷᠠᠭᠠᠯᠵᠠᠯ ᠤᠨ ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠷᠭᠦᠯᠵᠢᠯᠡᠨ ᠬᠥᠭᠵᠢᠬᠦ ᠶᠢ | ᠠᠬᠢᠭᠤᠯᠬᠤ ᠬᠡᠷᠡᠭᠲᠡᠶ᠃ ᠠᠰᠠᠷᠠᠨ ᠬᠥᠮᠦᠵᠢᠭᠦᠯᠬᠦ ᠲᠠᠯ᠎ᠠ ᠪᠠᠷ᠂ ᠲᠣᠭᠯᠠᠭᠠᠮ ᠢᠶᠠᠷ ᠦᠨᠳᠦᠰᠦᠨ ᠠᠵᠢᠯᠯᠠᠭ᠎ᠠ | ᠪᠣᠯᠭᠠᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠦᠵᠢᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ | ᠬᠡᠤᠬᠡᠳ ᠤᠨ ᠴᠡᠴᠡᠷᠯᠢᠭ ᠬᠢᠭᠡᠳ ᠪᠠᠭ᠎ᠠ ᠰᠤᠷᠭᠠᠭᠤᠯᠢ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ | ᠵᠣᠯᠭᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠶ᠃ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ︽ᠰᠣᠷᠣᠭᠴᠢ ᠣᠯᠠᠨᠲᠠᠶ ᠠᠩᠭᠢ ᠶᠢᠨ ᠲᠤᠭ᠎ᠠ︾ ᠶᠢ | ᠠᠯᠬᠤᠮ ᠠᠯᠬᠤᠮ ᠢᠶᠠᠷ ᠪᠠᠭᠠᠰᠬᠠᠵᠤ᠂ ᠦᠨᠡᠮᠯᠡᠯ ᠥᠬᠡᠶ ᠰᠢᠨ᠎ᠡ ᠴᠡᠴᠡᠷᠯᠢᠭ ᠭᠠᠷᠬᠤ ᠶᠢ ᠰᠡᠷᠭᠡᠶᠢᠯᠡᠨ᠎ᠡ᠃ | ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ ᠶᠢᠨ ᠲᠥᠯᠥᠭᠡ᠂ ︽ᠠᠵᠢᠯᠯᠠᠭᠠᠨ ᠤ | ᠲᠥᠯᠥᠪᠯᠡᠭᠡ︾ ᠳᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠢᠭᠰᠠᠭᠠᠵᠠᠶ᠃ | | ︽ᠠᠵᠢᠯᠯᠠᠭᠠᠨ ᠤ ᠲᠥᠯᠥᠪᠯᠡᠭᠡ︾ ᠳᠤ ᠱᠠᠭᠠᠷᠳᠠᠭᠰᠠᠨ ᠨᠢ᠂ ᠲᠦᠷᠦᠭᠦ ᠬᠥᠮᠦᠨ ᠠᠮᠠ ᠶᠢᠨ ᠬᠤᠪᠢᠷᠠᠯᠲᠠ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠤᠲᠠ ᠪᠠᠯᠭᠠᠰᠤᠵᠢᠭᠤᠯᠬᠤ ᠬᠥᠭᠵᠢᠯᠲᠡ ᠶᠢᠨ | ᠬᠠᠨᠳᠤᠰᠢ ᠶᠢ ᠭᠦᠶ᠋ᠴᠡᠳ ᠪᠣᠳᠣᠯᠬᠢᠯᠠᠵᠤ᠂ ᠴᠡᠴᠡᠷᠯᠢᠭ ᠲᠤ ᠣᠷᠣᠬᠤ ᠬᠡᠷᠡᠭᠴᠡᠭᠡ ᠶᠢ ᠲᠥᠰᠦᠭᠡᠯᠡᠨ ᠪᠤᠳᠤᠬᠤ | ᠠᠵᠢᠯ ᠢ ᠵᠢᠯ ᠳᠠᠷᠠᠭᠠᠯᠠᠨ ᠰᠠᠶᠢᠲᠤᠷ ᠬᠢᠵᠦ᠂ ᠰᠢᠶᠠᠨ ︵ᠲᠣᠭᠤᠷᠢᠭ︶ ᠤ ᠲᠦᠭᠡᠮᠡᠯ ᠬᠠᠷᠠᠭᠠᠯᠵᠠᠯ ᠤᠨ ᠴᠢᠨᠠᠷᠲᠠᠶ | ᠬᠡᠤᠬᠡᠳ ᠤᠨ ᠴᠡᠴᠡᠷᠯᠢᠭ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ᠵᠠᠷᠴᠢᠮ | ᠳᠡᠭᠡᠷ᠎ᠡ ᠪᠠᠨ ᠭᠤᠷᠪᠠᠨ ᠵᠢᠯ ᠳᠤ ᠨᠢᠭᠡ ᠤᠳᠠᠭ᠎ᠠ ᠲᠣᠬᠢᠷᠠᠭᠤᠯᠤᠯᠲᠠ ᠬᠢᠨ᠎ᠠ᠃ ᠭᠤᠷᠪᠠᠨ ᠬᠡᠤᠬᠡᠳ ᠠᠪᠬᠤ | ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠪᠠ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠣᠷᠣᠰᠢᠨ ᠰᠠᠭᠤᠭ᠎ᠠ ᠨᠡᠶᠢᠭᠡᠮ ᠲᠣᠭᠤᠷᠢᠭ ᠤᠨ ᠬᠥᠮᠦᠨ ᠠᠮᠠ ᠶᠢᠨ ᠢᠵᠢ ᠪᠥᠷᠢᠳᠦᠭᠰᠡᠨ ᠡᠷᠳᠡᠮ ᠤᠨ ᠴᠣᠯᠠ ᠶᠢᠨ | ᠪᠠᠷᠢᠮᠵᠢᠶ᠎ᠠ ᠳᠤ ᠴᠠᠭ ᠲᠤᠬᠠᠶ ᠳᠤᠨᠢ ᠵᠠᠰᠠᠪᠤᠷᠢ ᠣᠷᠣᠭᠤᠯᠬᠤ ᠪᠠ ᠲᠣᠬᠢᠷᠠᠭᠤᠯᠤᠯᠲᠠ ᠬᠢᠵᠦ᠂ ᠣᠶᠢᠷ᠎ᠠ ᠬᠠᠪᠢ ᠶᠢᠨ | ᠴᠡᠴᠡᠷᠯᠢᠭ ᠲᠤ ᠣᠷᠣᠬᠤ ᠬᠡᠷᠡᠭᠴᠡᠭᠡ ᠶᠢ ᠬᠠᠩᠭᠠᠨ᠎ᠠ᠃ | ᠡᠭᠦᠨ ᠤ ᠬᠠᠮᠲᠤ᠂ ᠤᠯᠤᠰ ᠠᠴᠠ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ | ᠥᠷᠭᠡᠳᠬᠡᠬᠦ ᠢᠨᠵᠧᠨᠧᠷᠢᠩ ᠪᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠯᠬᠢᠨ ᠠᠬᠢᠭᠤᠯᠬᠤ | ᠢᠨᠵᠧᠨᠧᠷᠢᠩ ᠢ ᠬᠡᠷᠡᠭᠵᠢᠭᠦᠯᠵᠦ᠂ ᠨᠢᠭᠡ ᠪᠦᠯᠦᠭ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠰᠢᠨ᠎ᠡ ᠪᠠᠷ | ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂ ᠥᠷᠭᠡᠳᠬᠡᠨ ᠪᠠᠶᠢᠭᠤᠯᠵᠤ᠂ ᠬᠥᠮᠦᠨ ᠠᠮᠠ ᠲᠥᠪᠯᠡᠷᠡᠨ ᠤᠷᠤᠭᠰᠠᠨ | ᠭᠠᠵᠠᠷ᠂ ᠬᠥᠳᠡᠭᠡ ᠲᠣᠰᠬᠤᠨ ᠤ ᠭᠠᠵᠠᠷ ᠣᠷᠣᠨ᠂ ︽ᠭᠤᠷᠪᠠᠨ ᠣᠷᠣᠨ ᠭᠤᠷᠪᠠᠨ ᠵᠧᠦ︾᠂ ᠤᠤᠯ ᠤᠨ | ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯ ᠲᠠᠢ ᠭᠠᠵᠠᠷ ᠣᠷᠣᠨ ᠤ ᠰᠢᠶᠠᠨ ᠪᠠ ᠬᠡᠰᠡᠭ ᠣᠷᠣᠨ ᠠᠴᠠ | ᠭᠠᠳᠠᠨᠠᠬᠢ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠭᠤᠣᠯᠳᠠᠯᠭ᠎ᠠ ᠲᠠᠢ ᠰᠢᠶᠠᠨ ᠤ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠶᠢ ᠲᠡᠮᠵᠢᠨ᠎ᠡ᠃ ᠡᠯ᠎ᠡ ᠭᠠᠵᠠᠷ ᠤᠨ ᠬᠢᠨ | ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠲᠦᠭᠡᠮᠡᠯ | ᠬᠠᠷᠠᠭᠠᠯᠵᠠᠯ ᠤᠨ ᠴᠢᠨᠠᠷᠲᠠᠶ ᠡᠬᠢ ᠪᠠᠶᠠᠯᠢᠭ ᠤᠨ ᠳᠤᠲᠠᠭᠤᠳᠠᠯ ᠢ ᠨᠥᠬᠦᠪᠥᠷᠢᠯᠡᠵᠦ᠂ ᠬᠤᠲᠠ ᠬᠥᠳᠡᠭᠡ ᠶᠢᠨ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠶᠢᠳᠡᠮ ᠪᠦᠷᠬᠦᠭᠦᠯᠬᠦ ᠶᠢ ᠦᠨᠡᠨ ᠬᠦ ᠪᠠᠲᠤᠯᠠᠪᠠ᠃ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ︽ᠰᠣᠷᠣᠭᠴᠢ ᠣᠯᠠᠨᠲᠠᠶ ᠠᠩᠭᠢ︾ ᠶᠢᠨ ᠦᠵᠡᠭᠳᠡᠯ ᠢ | ᠠᠯᠬᠤᠮ ᠠᠯᠬᠤᠮ ᠢᠶᠠᠷ ᠠᠷᠢᠯᠭᠠᠬᠤ ᠪᠠ ᠠᠷᠢᠯᠭᠠᠵᠤ᠂ ᠦᠨᠡᠮᠯᠡᠯ ᠥᠬᠡᠶ ᠴᠡᠴᠡᠷᠯᠢᠭ ᠰᠢᠨ᠎ᠡ ᠪᠠᠷ ᠢᠯᠡᠷᠡᠬᠦ ᠶᠢ | ᠰᠡᠷᠭᠡᠶᠢᠯᠡᠨ᠎ᠡ᠃ ᠴᠡᠴᠡᠷᠯᠢᠭ ᠡᠷᠭᠢᠯᠡᠬᠦ ᠨᠥᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠵᠤ᠂ ᠴᠡᠴᠡᠷᠯᠢᠭ ᠤᠨ ᠬᠡᠷ | ᠪᠠᠶᠢᠰᠢᠩ ᠤᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠎ᠠ᠃ | ᠡᠭᠦᠨ ᠠᠴᠠ ᠭᠠᠳᠠᠨ᠎ᠠ᠂ ᠬᠡᠤᠬᠡᠳ ᠤᠨ ᠴᠡᠴᠡᠷᠯᠢᠭ ᠤᠨ ᠰᠦᠢᠳᠭᠡᠯ ᠬᠤᠷᠢᠶᠠᠯᠲᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠮᠤᠵᠢ ︵ᠣᠷᠣᠨ᠂ ᠬᠤᠲᠠ︶ ᠶᠢᠨ ᠬᠢᠨ ᠠᠯᠪᠠᠨ ᠠᠴᠠ ᠡᠷᠭᠢᠯᠡᠭᠰᠡᠨ | ᠬᠡᠤᠬᠡᠳ ᠤᠨ ᠴᠡᠴᠡᠷᠯᠢᠭ ᠤᠨ ᠰᠦᠢᠳᠭᠡᠯ ᠬᠤᠷᠢᠶᠠᠯᠲᠠ ᠶᠢᠨ ᠪᠠᠷᠢᠮᠵᠢᠶ᠎ᠠ᠂ ᠲᠦᠭᠡᠮᠡᠯ ᠬᠠᠷᠠᠭᠠᠯᠵᠠᠯ ᠤᠨ ᠴᠢᠨᠠᠷᠲᠠᠶ | ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠬᠠᠮᠤᠭ ᠤᠨ ᠥᠨᠳᠥᠷ ᠰᠦᠢᠳᠭᠡᠯ ᠬᠤᠷᠢᠶᠠᠯᠲᠠ ᠶᠢᠨ | ᠬᠢᠵᠠᠭᠠᠷ ᠢ ᠲᠤᠭᠳᠠᠭᠠᠨ᠎ᠠ᠃ | | ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠲᠤ ︽ᠣᠷᠣᠨ ᠲᠤᠭ᠎ᠠ ᠪᠠᠶᠢᠲᠠᠯ᠎ᠠ ᠨᠥᠬᠦᠪᠥᠷᠢᠯᠡᠬᠦ ᠥᠬᠡᠶ | ︾᠂ ᠣᠷᠣᠯᠠᠨ ᠬᠢᠴᠢᠶᠡᠯᠯᠡᠬᠦ ᠪᠠᠭᠰᠢ ᠶᠢ ᠣᠷᠳᠣ ᠬᠤᠭᠤᠴᠠᠭ᠎ᠠ ᠪᠠᠷ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ | ︽ᠠᠵᠢᠯᠯᠠᠭᠠᠨ ᠤ ᠲᠥᠯᠥᠪᠯᠡᠭᠡ︾ ᠳᠤ ᠪᠠᠰᠠ ᠬᠡᠤᠬᠡᠳ ᠤᠨ ᠴᠡᠴᠡᠷᠯᠢᠭ ᠤᠨ ᠪᠠᠭᠰᠢ ᠶᠢᠨ ᠲᠣᠬᠢᠷᠠᠭᠤᠯᠤᠯᠲᠠ | ᠪᠠ ᠴᠠᠯᠢᠩ ᠣᠯᠭᠤᠮᠵᠢ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠡᠯ᠎ᠡ ᠭᠠᠵᠠᠷ ᠤᠨ ᠬᠢᠨ ᠠᠯᠪᠠᠨ ᠠᠴᠠ | ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠪᠠᠭᠰᠢ ᠠᠵᠢᠯᠲᠠᠨ ᠢ ᠴᠠᠭ ᠲᠤᠬᠠᠶ ᠳᠤᠨᠢ ᠨᠥᠬᠦᠪᠥᠷᠢᠯᠡᠵᠦ᠂ ︽ᠣᠷᠣᠨ | ᠲᠤᠭ᠎ᠠ ᠪᠠᠶᠢᠭᠠᠳ ᠨᠥᠬᠦᠪᠥᠷᠢᠯᠡᠬᠦ ᠥᠬᠡᠶ︾᠂ ᠣᠷᠳᠣ ᠬᠤᠭᠤᠴᠠᠭ᠎ᠠ ᠪᠠᠷ ᠣᠷᠣᠯᠠᠨ ᠬᠢᠴᠢᠶᠡᠯᠯᠡᠬᠦ ᠪᠠᠭᠰᠢ ᠶᠢ | ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ | ᠪᠠᠭᠰᠢ ᠶᠢᠨ ᠴᠠᠯᠢᠩ ᠣᠯᠭᠤᠮᠵᠢ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠠᠭᠰᠢ ᠶᠢᠨ | ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠬᠤ᠂ ᠠᠳᠠᠯᠢ ᠠᠵᠢᠯ ᠳᠤ ᠠᠳᠠᠯᠢ ᠬᠥᠯᠥᠰᠥ ᠣᠯᠭᠤᠬᠤ ᠶᠢ | ᠦᠨᠡᠨ ᠬᠦ ᠪᠠᠲᠤᠯᠠᠨ᠎ᠠ᠃ | ᠠᠰᠢᠭ ᠣᠯᠵᠠᠪᠤᠷᠢ ᠶᠢᠨ ᠪᠤᠰᠤ ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ | ᠰᠦᠢᠳᠭᠡᠯ ᠬᠤᠷᠢᠶᠠᠬᠤ᠂ ᠠᠵᠢᠯᠯᠠᠭ᠎ᠠ ᠥᠷᠨᠢᠭᠦᠯᠬᠦ ᠪᠠᠯᠠ ᠮᠥᠩᠭᠦ ᠶᠢᠨ ᠶᠠᠪᠤᠯᠴᠠᠭ᠎ᠠ ᠶᠢ ᠰᠤᠷᠭᠠᠨ ᠬᠥᠮᠦᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠳᠠᠩᠰᠠᠯᠠᠭᠤᠯᠤᠭᠰᠠᠨ ᠲᠠᠩᠰᠠᠨ ᠡᠷᠦᠬᠡ ᠳᠤ ᠬᠡᠷᠡᠭᠯᠡᠵᠦ᠂ ᠰᠦᠢᠳᠭᠡᠯ | ᠬᠤᠷᠢᠶᠠᠬᠤ ᠶᠢ ᠭᠤᠤᠯᠳᠠᠭᠤ ᠪᠠᠭᠰᠢ ᠠᠵᠢᠯᠲᠠᠨ ᠠᠵᠢᠯᠴᠢᠨ ᠤ ᠣᠯᠭᠤᠮᠵᠢ ᠶᠢ ᠪᠠᠲᠤᠯᠠᠬᠤ᠂ ᠬᠡᠤᠬᠡᠳ ᠤᠨ ᠴᠡᠴᠡᠷᠯᠢᠭ | ᠡᠷᠭᠢᠯᠡᠬᠦ ᠨᠥᠬᠦᠴᠡᠯ ᠢ ᠰᠠᠶᠢᠵᠢᠷᠠᠭᠤᠯᠬᠤ᠂ ᠠᠰᠠᠷᠠᠨ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠳᠤ ᠬᠡᠷᠡᠭᠯᠡᠬᠦ ᠶᠢ | ᠦᠨᠡᠨᠬᠦ ᠪᠠᠲᠤᠯᠠᠬᠤ ᠬᠡᠷᠡᠭᠲᠡᠶ᠃ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ | ᠴᠡᠴᠡᠷᠯᠢᠭ ᠤᠨ ᠡᠷᠬᠢᠯᠡᠭᠴᠢᠳ ᠶᠠᠮᠠᠷᠪᠠ ᠠᠷᠭ᠎ᠠ ᠮᠠᠶ᠋ᠢᠭ ᠢᠶᠠᠷ ᠳᠠᠮᠵᠢᠭᠤᠯᠤᠨ ᠰᠤᠷᠭᠠᠭᠤᠯᠢ ᠡᠷᠭᠢᠯᠡᠭᠰᠡᠨ ᠠᠰᠢᠭ | ᠣᠷᠣᠯᠭ᠎ᠠ ᠣᠯᠵᠤ᠂ ᠰᠤᠷᠭᠠᠭᠤᠯᠢ ᠡᠷᠭᠢᠯᠡᠭᠰᠡᠨ ᠦᠯᠡᠳᠡᠪᠦᠷᠢ ᠪᠠᠨ ᠬᠤᠪᠢᠶᠠᠷᠢᠯᠠᠬᠤ ᠪᠤᠶᠤ ᠰᠢᠯᠵᠢᠭᠦᠯᠬᠦ ᠶᠢ ᠴᠢᠩᠭ᠎ᠠ | ᠴᠠᠭᠠᠵᠠᠯᠠᠨ᠎ᠠ᠃ | ᠠᠮᠤᠷ ᠲᠦᠪᠰᠢᠨ ᠤ ᠪᠠᠲᠤᠯᠠᠪᠤᠷᠢ ᠶᠢᠨ ᠲᠠᠯ᠎ᠠ ᠪᠠᠷ᠂ ᠪᠦᠬᠦᠨ ᠢ ᠬᠠᠮᠤᠷᠤᠭᠰᠠᠨ ᠠᠮᠤᠷ ᠲᠦᠪᠰᠢᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠬᠤ ᠬᠡᠷᠡᠭᠲᠡᠢ᠃ ᠵᠢᠱᠢᠶᠡᠯᠡᠪᠡᠯ᠄ ᠬᠡᠤᠬᠡᠳ ᠤᠨ | ᠴᠡᠴᠡᠷᠯᠢᠭ ᠤᠨ ᠡᠭᠦᠳᠡᠨ ᠳᠤ ᠲᠤᠰᠠᠭᠠᠷᠯᠠᠬᠤ ᠬᠡᠷᠡᠰᠬᠡ᠂ ᠲᠤᠰᠠᠭᠠᠷᠯᠠᠬᠤ ᠲᠤᠯᠭᠠᠭᠤᠷ ᠪᠤᠶᠤ ᠡᠷᠭᠦᠭᠳᠡᠵᠦ ᠪᠠᠭᠤᠬᠤ | ᠲᠤᠯᠭᠠᠭᠤᠷ ᠵᠡᠷᠭᠡ ᠮᠥᠷᠭᠦᠯᠳᠦᠬᠦ ᠶᠢ ᠰᠡᠷᠭᠡᠶᠢᠯᠡᠬᠦ ᠬᠠᠲᠠᠭᠤ ᠪᠡᠯᠡᠳᠬᠡᠮᠵᠢ᠂ ᠲᠤᠰᠬᠠᠶ ᠲᠤᠰᠢᠶᠠᠯᠲᠤ ᠠᠮᠤᠷ ᠢ | ᠬᠠᠮᠠᠭᠠᠯᠠᠬᠤ ᠲᠣᠬᠢᠷᠠᠭᠤᠯᠤᠯᠲᠠ᠂ ᠨᠢᠭᠡ ᠳᠠᠷᠤᠪᠴᠢᠲᠤ ᠪᠠᠴᠢᠮ ᠲᠦᠭᠰᠢᠭᠦᠷᠢ ᠮᠡᠳᠡᠭᠦᠯᠬᠦ᠂ ᠬᠠᠷᠠᠭᠠᠨ ᠳᠠᠪᠲᠠᠮᠵᠢ ᠪᠠᠷ | ᠬᠢᠨᠠᠨ ᠡᠵᠡᠮᠳᠡᠬᠦ ᠲᠣᠨᠣᠭᠯᠠᠯ ᠳᠣᠭᠢᠷᠠᠭᠤᠯᠬᠤ ᠪᠠ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠥᠬᠦ ᠲᠠᠯ᠎ᠠ ᠪᠠᠷ | ᠪᠠᠷᠢᠮᠵᠢᠶ᠎ᠠ ᠳᠤ ᠬᠦᠷᠦᠭᠦᠯᠬᠦ ᠵᠡᠷᠭᠡ ᠪᠣᠯᠤᠨ᠎ᠠ᠃ | | ᠣᠯᠠᠨ ᠤᠯᠤᠰ᠂ ᠬᠤᠤᠰ ᠬᠡᠯᠡ᠂ ᠤᠷᠠᠯᠢᠭ ᠵᠡᠷᠭᠡ ᠥᠰᠥᠭ ᠲᠠᠢ ᠬᠡᠤᠬᠡᠳ ᠤᠨ ᠴᠡᠴᠡᠷᠯᠢᠭ ᠢ ᠴᠡᠭᠴᠡᠯᠡᠨ | ᠵᠠᠰᠠᠬᠤ ᠴᠢᠬᠤᠯᠠᠲᠠᠶ | ︽ᠠᠵᠢᠯᠯᠠᠭᠠᠨ ᠤ ᠲᠥᠯᠥᠪᠯᠡᠭᠡ︾ ᠳᠤ ᠪᠠᠰᠠ ᠬᠡᠤᠬᠡᠳ ᠤᠨ ᠴᠡᠴᠡᠷᠯᠢᠭ ᠡᠷᠭᠢᠯᠡᠬᠦ ᠵᠢᠷᠤᠮᠵᠢᠭᠤᠨ ᠪᠤᠰᠤ | ᠦᠢᠯᠡᠠᠵᠢᠯᠯᠠᠭ᠎ᠠ ᠶᠢ ᠵᠠᠰᠠᠬᠤ ᠡᠷᠴᠢᠮ ᠢ ᠴᠢᠩᠭᠠᠷᠠᠭᠤᠯᠬᠤ ᠬᠡᠷᠡᠭᠲᠡᠶ ᠭᠡᠵᠦ ᠳᠤᠷᠠᠳᠤᠨ ᠭᠠᠷᠭᠠᠵᠠᠶ᠂ ᠡᠭᠦᠨ ᠳᠤ᠄ | ᠨᠤᠷᠠᠬᠤ ᠠᠶᠤᠯᠲᠠᠶ ᠬᠡᠷ ᠪᠠᠶᠢᠰᠢᠩ ᠣᠷᠣᠰᠢᠵᠤ ᠪᠠᠶᠢᠭ᠎ᠠ᠂ ︽ᠭᠤᠷᠪᠠ ᠶᠢ ᠰᠡᠷᠭᠡᠶᠢᠯᠡᠬᠦ︾ ᠨᠢ ᠪᠠᠷᠢᠮᠵᠢᠶ᠎ᠠ ᠳᠤ | ᠬᠥᠷᠬᠦ ᠥᠬᠡᠶ ᠵᠡᠷᠭᠡ ᠠᠮᠤᠷ ᠲᠦᠪᠰᠢᠨ ᠤ ᠳᠠᠯᠳᠠ ᠬᠡᠮ ᠵᠢᠴᠢ ᠴᠡᠴᠡᠷᠯᠢᠭ ᠤᠨ ᠳᠠᠷᠤᠭ᠎ᠠ ᠪᠠ ᠪᠠᠭᠰᠢ ᠶᠢᠨ | ᠲᠣᠭᠲᠠᠭᠠᠭᠰᠠᠨ ᠬᠢᠷᠢ ᠬᠡᠮ ᠢ ᠪᠦᠷᠢᠯᠳᠦᠭᠦᠯᠦᠭᠰᠡᠨ ᠥᠬᠡᠶ ᠵᠡᠷᠭᠡ ᠵᠢᠷᠤᠮᠵᠢᠯ ᠥᠬᠡᠶ ᠬᠡᠤᠬᠡᠳ ᠤᠨ ᠴᠡᠴᠡᠷᠯᠢᠭ | ᠡᠷᠭᠢᠯᠡᠬᠦ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠷ ᠬᠥᠳᠡᠯᠦᠩᠭᠦᠶ ᠪᠠᠷ ᠰᠢᠮᠳᠠᠭᠤᠯᠤᠨ ᠪᠠᠶᠢᠴᠠᠭᠠᠵᠤ᠂ | ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠢ ᠪᠣᠳᠠᠲᠠᠶᠢᠵᠢᠭᠰᠠᠨ | ᠥᠬᠡᠶ ᠶᠢ ᠬᠠᠤᠯᠢ ᠶᠣᠰᠣᠭᠠᠷ ᠰᠢᠢᠳᠭᠡᠨ ᠲᠣᠷᠭᠠᠨ᠎ᠠ᠃ | ᠬᠡᠤᠬᠡᠳ ᠲᠤ ᠬᠠᠯᠠ ᠦᠵᠡᠭᠦᠯᠬᠦ᠂ ᠪᠡᠶ᠎ᠡ ᠮᠠᠬᠠᠪᠣᠳ ᠤᠨ ᠲᠠᠮᠤᠯᠠᠯ ᠵᠢᠴᠢ ᠬᠡᠯᠪᠡᠷᠢ ᠶᠢ ᠨᠢ ᠦᠭᠡᠷᠡᠳᠦᠬᠦᠯᠦᠭᠰᠡᠨ | ᠪᠡᠶ᠎ᠡ ᠮᠠᠬᠠᠪᠣᠳ ᠤᠨ ᠲᠠᠮᠤᠯᠠᠯ ᠵᠡᠷᠭᠡ ᠪᠠᠭᠰᠢ ᠶᠢᠨ ᠶᠣᠰᠣ ᠮᠣᠷᠠᠯ ᠤᠨ ᠵᠢᠷᠤᠮᠵᠢᠯ ᠢᠶᠠᠨ ᠬᠦᠨᠳᠦ ᠨᠣᠴᠢᠲᠠᠶ | ᠠᠯᠳᠠᠭᠰᠠᠨ ᠦᠢᠯᠡ ᠠᠵᠢᠯᠯᠠᠭ᠎ᠠ ᠲᠠᠢ ᠬᠡᠤᠬᠡᠳ ᠤᠨ ᠴᠡᠴᠡᠷᠯᠢᠭ ᠲᠤ ᠣᠨ ᠤ ᠪᠠᠶᠢᠴᠠᠭᠠᠯᠲᠠ ᠳᠤ ᠨᠢᠭᠡ ᠪᠢᠯᠧᠲ ᠢᠶᠠᠷ | ᠦᠭᠡᠶᠢᠰᠬᠡᠬᠦ ᠶᠢ ᠬᠡᠷᠡᠭᠵᠢᠭᠦᠯᠵᠦ᠂ ᠬᠡᠷᠡᠭ ᠶᠠᠪᠤᠳᠠᠯ ᠳᠤ ᠬᠤᠯᠪᠣᠭᠳᠠᠭᠰᠠᠨ ᠪᠠᠭᠰᠢ ᠠᠵᠢᠯᠲᠠᠨ ᠠᠵᠢᠯᠴᠢᠨ᠂ | ᠬᠠᠮᠢᠶᠠᠷᠤᠭᠴᠢ ᠪᠠ ᠡᠷᠭᠢᠯᠡᠨ ᠪᠠᠶᠢᠭᠤᠯᠤᠭᠴᠢ ᠠᠴᠠ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠡᠯ᠎ᠡ ᠮᠤᠵᠢ ︵ᠣᠷᠣᠨ᠂ ᠬᠤᠲᠠ︶ ᠶᠢᠨ ᠬᠢᠨ ᠬᠡᠦᠬᠡᠳ ᠤᠨ ᠴᠡᠴᠡᠷᠯᠢᠭ ᠤᠨ ᠨᠡᠷᠡᠶᠢᠳᠦᠯ ᠢ ᠵᠢᠷᠤᠮᠵᠢᠭᠤᠯᠤᠨ | ᠢᠯᠭᠠᠷᠠᠭᠤᠯᠬᠤ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ︽ᠳᠤᠮᠳᠠᠳᠤ ᠤᠯᠤᠰ︾ ︽ᠳᠤᠮᠳᠠᠳᠤ ᠠᠷᠠᠳ | ᠤᠯᠤᠰ︾ ︽ᠪᠥᠬᠦ ᠤᠯᠤᠰ︾ ︽ᠣᠯᠠᠨ ᠤᠯᠤᠰ︾ ︽ᠳᠡᠯᠡᠬᠡᠶ︾ ︽ᠶᠢᠷᠲᠢᠨᠴᠦ︾ ︽ᠪᠦᠮᠪᠦᠷᠴᠡᠭ︾ ᠵᠡᠷᠭᠡ | ᠥᠰᠥᠭ ᠲᠠᠢ᠂ ᠭᠠᠳᠠᠭᠠᠳᠤ ᠬᠡᠯᠡᠨ ᠤ ᠦᠭᠡ᠂ ᠭᠠᠳᠠᠭᠠᠳᠤ ᠤᠯᠤᠰ ᠤᠨ ᠤᠯᠤᠰ ᠤᠨ ᠨᠡᠷ᠎ᠡ᠂ ᠭᠠᠵᠠᠷ ᠤᠨ ᠨᠡᠷ᠎ᠡ᠂ | ︽ᠬᠤᠤᠰ ᠬᠡᠯᠡ︾ ︽ᠤᠷᠠᠯᠢᠭ︾ ︽ᠤᠯᠤᠰ ᠤᠨ ᠰᠤᠷᠭᠠᠭᠤᠯᠢ︾ ︽ᠬᠡᠷ ᠤᠨ ᠰᠤᠷᠭᠠᠭᠤᠯᠢ︾ ᠵᠡᠷᠭᠡ ᠶᠢ | ᠪᠠᠭᠲᠠᠭᠠᠭᠰᠠᠨ ᠬᠢᠴᠢᠶᠡᠯ ᠤᠨ ᠣᠨᠴᠠᠯᠢᠭ ᠢ ᠥᠷᠥᠭᠡᠰᠦᠯ ᠢᠶᠠᠷ ᠴᠢᠬᠤᠯᠠᠴᠢᠯᠠᠭᠰᠠᠨ ᠵᠢᠴᠢ ᠱᠠᠰᠢᠨ ᠰᠤᠷᠲᠠᠬᠤᠨ ᠤ | ᠥᠩᠭᠡ ᠪᠤᠳᠤᠭ ᠲᠠᠢ ᠨᠡᠷᠡᠶᠢᠳᠦᠯ ᠵᠢᠴᠢ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠠᠯᠪᠠᠨ ᠠᠴᠠ | ᠡᠷᠭᠢᠯᠡᠭᠰᠡᠨ ᠰᠤᠷᠭᠠᠭᠤᠯᠢ ᠶᠢᠨ ᠨᠡᠷᠡᠶᠢᠳᠦᠯ ᠢ ᠬᠡᠷᠡᠭᠯᠡᠭᠰᠡᠨ ᠪᠤᠶᠤ ᠲᠣᠪᠴᠢᠯᠠᠯ ᠢ ᠬᠡᠷᠡᠭᠯᠡᠭᠰᠡᠨ ᠵᠡᠷᠭᠡ ᠶᠢ | ᠢᠯᠭᠠᠷᠠᠭᠤᠯᠤᠨ ᠴᠡᠭᠴᠡᠯᠡᠵᠦ᠂ 2022 ᠣᠨ ᠤ 6 ᠰᠠᠷ᠎ᠠ ᠠᠴᠠ ᠡᠮᠦᠨ᠎ᠡ ᠴᠡᠭᠴᠡᠯᠡᠨ ᠥᠭᠡᠷᠡᠴᠢᠯᠡᠨ᠎ᠡ᠃ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ | ᠡᠷᠴᠢᠮ ᠢ ᠴᠢᠩᠭᠠᠷᠠᠭᠤᠯᠵᠤ᠂ ᠰᠤᠷᠬᠤ ᠨᠠᠰᠤᠨ ᠠᠴᠠ ᠡᠮᠦᠨᠡᠬᠢ ᠬᠡᠤᠬᠡᠳ ᠲᠤ ᠬᠠᠨᠳᠤᠭᠤᠯᠤᠨ ᠰᠦᠯᠵᠢᠶᠡᠨ ᠳᠡᠭᠡᠷᠡᠬᠢ | ᠪᠣᠯᠪᠠᠰᠤᠷᠠᠭᠤᠯᠤᠯ ᠥᠷᠨᠢᠭᠦᠯᠬᠦ ᠪᠠ ᠰᠤᠷᠬᠤ ᠨᠠᠰᠤᠨ ᠠᠴᠠ ᠡᠮᠦᠨᠡᠬᠢ ᠠᠩᠭᠢ᠂ ᠬᠡᠤᠬᠡᠳ ᠤᠨ ᠪᠠᠭ᠎ᠠ ᠰᠤᠷᠭᠠᠭᠤᠯᠢ ᠶᠢ | ᠵᠣᠯᠭᠠᠭᠤᠯᠬᠤ ᠠᠩᠭᠢ᠂ ᠰᠡᠳᠬᠢᠬᠦᠶ ᠶᠢᠨ ᠪᠣᠯᠪᠠᠰᠤᠷᠠᠯ ᠤᠨ ᠠᠩᠭᠢ᠂ ᠨᠠᠶᠢᠳᠠᠨ ᠬᠠᠮᠢᠶᠠᠷᠤᠭᠤᠯᠬᠤ ᠠᠩᠭᠢ ᠵᠡᠷᠭᠡ | ᠨᠡᠷ᠎ᠡ ᠪᠠᠷ ᠰᠦᠯᠵᠢᠶᠡᠨ ᠭᠠᠳᠠᠨᠠᠬᠢ ᠰᠢᠨᠵᠢᠯᠡᠭᠡᠨ ᠤ ᠲᠥᠷᠥᠯ ︵ᠭᠠᠳᠠᠭᠠᠳᠤ ᠬᠡᠯᠡ ᠪᠠᠭᠲᠠᠨ᠎ᠠ︶ ᠤᠨ | ᠪᠣᠯᠪᠠᠰᠤᠷᠠᠭᠤᠯᠤᠯ ᠥᠷᠨᠢᠭᠦᠯᠬᠦ ᠵᠢᠴᠢ ᠬᠡᠤᠬᠡᠳ ᠤᠨ ᠪᠡᠶ᠎ᠡ ᠰᠡᠳᠬᠢᠴᠡ ᠶᠢᠨ ᠬᠥᠭᠵᠢᠯᠲᠡ ᠶᠢᠨ ᠵᠢᠮ᠎ᠡ ᠶᠣᠰᠣ ᠪᠠ | ᠭᠥᠯᠢᠶᠡᠨ ᠠᠪᠬᠤ ᠴᠢᠳᠠᠪᠤᠷᠢ ᠠᠴᠠ ᠵᠥᠷᠢᠴᠡᠭᠰᠡᠨ ᠪᠤᠰᠤᠳ ᠪᠣᠯᠪᠠᠰᠤᠷᠠᠭᠤᠯᠤᠯ ᠤᠨ ᠠᠵᠢᠯᠯᠠᠭ᠎ᠠ ᠶᠢ ᠣᠯᠵᠤ ᠮᠡᠳᠡᠪᠡᠯ | ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠠᠮᠢᠶ᠎ᠠ ᠪᠥᠬᠦᠶ ᠬᠥᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠬᠦ | ᠬᠡᠷᠡᠭᠲᠡᠶ᠃ | | | | | ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠣᠷᠳᠤᠨ ᠤ ᠮᠤᠩᠭᠤᠯ ᠰᠦᠯᠵᠢᠶᠡᠣᠷᠴᠢᠭᠤᠯᠤᠨ | ᠦᠢᠯᠡᠳᠪᠡ |