ᠬᠢᠵᠢᠭ ᠤᠨ ᠬᠤᠭᠤᠴᠠᠭᠠᠨ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ︵ᠬᠤᠤᠯᠢᠩᠭᠤᠤᠯ ᠬᠤᠳᠠ ᠶᠢᠨ︶ ᠯᠢ ᠴᠧᠩ ᠢ ᠶᠢ ᠰᠤᠷᠪᠤᠯᠵᠢᠯᠠᠭᠰᠠᠨ ᠨᠢ | ᠬᠥᠲᠥᠯᠥᠭᠴᠢ᠄ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︖ ᠡᠷᠬᠢᠮ ᠤᠳᠤᠷᠢᠳᠤᠯᠭ᠎ᠠ ᠲᠠᠨ ᠤ | ᠵᠠᠰᠠᠭ ᠤᠨ ᠣᠷᠳᠣᠨ ᠤ ᠰᠦᠯᠵᠢᠶ᠎ᠡ ᠶᠢᠨ ᠰᠤᠷᠪᠤᠯᠵᠢᠯᠠᠭ᠎ᠠ ᠪᠤᠯᠤᠩ ᠳᠤ ᠮᠣᠷᠢᠯᠠᠨ ᠰᠠᠭᠠᠲᠠᠭᠰᠠᠨ ᠳᠤ ᠪᠠᠶᠠᠷᠯᠠᠨ | ᠤᠭᠲᠤᠵᠤ ᠪᠠᠶᠢᠨ᠎ᠠ᠃ | ᠡᠨᠡ ᠡᠳᠦᠷ᠂ ᠰᠤᠷᠪᠤᠯᠵᠢᠯᠠᠭ᠎ᠠ ᠶᠢᠨ ᠲᠠᠰᠤᠭ ᠲᠤ ᠮᠤᠷᠢᠯᠠᠨ ᠢᠷᠡᠭᠰᠡᠨ ᠬᠦᠨᠳᠦᠲᠦ ᠵᠣᠴᠢᠳ ᠪᠣᠯ | ᠬᠤᠤᠯᠢᠩᠭᠤᠤᠯ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠯᠢ ᠴᠧᠩ ᠢ | ᠪᠣᠯᠤᠨ᠎ᠠ᠂ ᠪᠢᠳᠡ《 ᠬᠢᠵᠢᠭ ᠲᠠᠢ ᠲᠡᠮᠡᠴᠡᠵᠦ ᠠᠷᠠᠳ ᠤᠨ ᠠᠮᠢᠳᠤᠷᠠᠯ ᠢ ᠪᠠᠲᠤᠯᠠᠬᠤ 》ᠡᠨᠡ ᠬᠦ ᠭᠤᠣᠯ ᠰᠡᠳᠦᠪ | ᠤᠨ ᠲᠣᠭᠤᠷᠢᠨ ᠳᠤ ᠤᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠨ᠎ᠠ᠃ | ᠯᠢ ᠡᠷᠬᠢᠯᠡᠭᠴᠢ ᠡ᠂ ᠰᠠᠶᠢᠨ ᠤᠤ︖ | [ ᠯᠢ ᠴᠧᠩ ᠢ ᠡᠷᠬᠢᠯᠡᠭᠴᠢ᠄ ] ᠬᠥᠲᠥᠯᠥᠭᠴᠢ ᠰᠠᠶᠢᠨ ᠤᠤ︖᠂ ᠰᠦᠯᠵᠢᠶᠡᠨ ᠠᠨᠳᠠ ᠨᠠᠷ ᠰᠠᠶᠢᠨ | ᠪᠠᠶᠢᠵᠠᠭᠠᠨ᠎ᠠ ᠤᠤ︖ | ᠬᠥᠲᠥᠯᠥᠭᠴᠢ᠄ ᠲᠠ ᠤᠷᠢᠳ ᠢᠶᠠᠷ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ | ᠠᠵᠢᠯ ᠤᠨ ᠡᠭᠦᠷᠭᠡ ᠬᠠᠷᠢᠭᠤᠴᠠᠯᠭ᠎ᠠ ᠳᠤ ᠶᠠᠭᠤ ᠶᠠᠭᠤ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ ᠤᠤ︖ | [ ᠯᠢ ᠴᠧᠩ ᠢ ᠡᠷᠬᠢᠯᠡᠭᠴᠢ᠄ ] ᠬᠤᠤᠯᠢᠩᠭᠤᠤᠯ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠡᠭᠦᠷᠭᠡ ᠬᠠᠷᠢᠭᠤᠴᠠᠯᠭ᠎ᠠ᠄ ( ᠨᠢᠭᠡ ) ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ | ᠬᠤᠲᠠ ᠶᠢᠨ ᠲᠣᠭᠲᠠᠭᠠᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠵᠢᠴᠢ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ | ᠴᠢᠭᠯᠡᠯᠲᠡ ᠶᠢ ᠲᠤᠤᠱᠯᠠᠭᠤᠯᠤᠨ ᠬᠡᠷᠡᠭᠵᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠪᠥᠬᠦ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠵᠢᠯᠣᠭᠤᠳᠤᠨ᠎ᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠨᠳᠦᠰᠦᠨ ᠣᠯᠠᠨ ᠨᠡᠶᠢᠲᠡ ᠶᠢᠨ ᠦᠶᠯᠡᠴᠢᠯᠡᠭᠡ ᠶᠢ ᠲᠡᠩᠴᠡᠭᠦᠷᠢᠰᠢᠭᠦᠯᠬᠦ᠂ | ᠨᠡᠶᠢᠳᠡᠮ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠪᠠ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ | ᠱᠠᠲᠤ ᠳᠠᠰᠢ ᠤᠷᠲᠤᠳᠬᠠᠬᠤ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃( ᠬᠤᠶᠠᠷ ) ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ | ᠲᠦᠩᠯᠢᠶᠣᠤ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠴᠢᠬᠤᠯᠠ ᠶᠡᠭᠡ ᠴᠢᠭᠯᠡᠯᠲᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠲᠤᠤᠱᠯᠠᠭᠤᠯᠤᠨ | ᠬᠡᠷᠡᠭᠵᠢᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ | ᠶᠢ ᠵᠣᠬᠢᠶᠠᠨ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠠᠬᠢᠭᠤᠯᠤᠨ᠂ ᠣᠳᠣ | ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠬᠦᠯᠵᠦ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠶᠯᠡᠴᠢᠯᠡᠭᠡ ᠶᠢ ᠠᠬᠢᠭᠤᠯᠬᠤ ᠳᠤ ᠭᠤᠤᠯ ᠴᠣᠭᠴᠠ ᠶᠢᠨ ᠣᠯᠠᠨ | ᠡᠰᠢᠵᠢᠭᠰᠡᠨ᠂ ᠬᠠᠩᠭᠠᠬᠤ ᠠᠷᠭ᠎ᠠ ᠮᠠᠶ᠋ᠢᠭ ᠤᠨ ᠣᠯᠠᠨ ᠶᠠᠩᠵᠤ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠦᠶᠯᠡᠴᠢᠯᠡᠭᠡ ᠪᠠ ᠡᠮ ᠤᠨ | ᠵᠦᠶᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠬᠤ ᠬᠡᠷᠡᠭᠲᠡᠶ᠃ ( ᠭᠤᠷᠪᠠ | ) ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠯᠥᠪᠵᠢᠭᠦᠯᠭᠡ ᠵᠢᠴᠢ ᠠᠷᠠᠳ ᠲᠦᠮᠡᠨ ᠤ ᠡᠷᠡᠭᠦᠯ ᠮᠡᠨᠳᠦ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠠᠰᠠᠭᠤᠳᠠᠯ ᠳᠤ | ᠭᠠᠷ ᠲᠦᠷᠦᠭᠦ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠡᠭᠡᠯᠢᠯᠡᠭᠡ ᠶᠢᠨ | ᠲᠥᠯᠥᠪᠵᠢᠭᠦᠯᠭᠡ ᠶᠢ ᠬᠡᠷᠡᠭᠵᠢᠭᠦᠯᠵᠦ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ | ᠬᠠᠷᠢᠭᠤᠴᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠨ ᠬᠢᠵᠠᠭᠠᠷᠯᠠᠬᠤ | ᠪᠠ ᠤᠯᠠᠨ ᠨᠡᠶᠢᠲᠡ ᠶᠢᠨ ᠡᠯ᠎ᠡ ᠵᠦᠢᠯ ᠤᠨ ᠭᠡᠨᠡᠳᠲᠡ ᠶᠢᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ( ᠳᠥᠷᠪᠡ ) ᠬᠥᠮᠦᠨ ᠠᠮᠠ ᠶᠢᠨ | ᠨᠠᠰᠤᠵᠢᠯ ᠢ ᠠᠷᠭᠠᠴᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠬᠤ ᠶᠢᠨ ᠬᠠᠮᠲᠤ | ᠵᠣᠬᠢᠴᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠡᠮᠴᠢᠯᠡᠭᠡ ᠨᠠᠰᠤᠵᠢᠯ ᠢ ᠤᠶᠠᠯᠳᠤᠭᠤᠯᠬᠤ ᠠᠵᠢᠯ ᠢ | ᠬᠠᠷᠢᠭᠤᠴᠠᠨ ᠠᠬᠢᠭᠤᠯᠤᠨ᠎ᠠ᠃ ( ᠲᠠᠪᠤ ) ᠤᠯᠤᠰ ᠤᠨ ᠡᠮ ᠤᠨ ᠵᠦᠶᠯ ᠤᠨ ᠲᠥᠷᠥ ᠶᠢᠨ ᠪᠣᠳᠣᠯᠭ᠎ᠠ ᠪᠠ | ᠦᠨᠳᠦᠰᠦᠨ ᠡᠮ ᠤᠨ ᠵᠦᠶᠯ ᠤᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠢᠳᠡᠭᠡᠨ ᠤ ᠠᠮᠤᠷ | ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠵᠦ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ ( ᠵᠢᠷᠭᠤᠭ᠎ᠠ ) | ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠡᠷᠡᠭᠦᠯ | ᠬᠠᠮᠠᠭᠠᠯᠠᠯ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠤᠯᠠᠨ ᠨᠡᠶᠢᠲᠡ | ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠡᠷᠡᠭᠦᠯ ᠬᠠᠮᠠᠭᠠᠯᠠᠯ ᠵᠡᠷᠭᠡ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠵᠠᠰᠠᠬᠤ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ | ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠦᠨ᠎ᠡ᠃《 ᠨᠠᠪᠴᠢᠨ ᠲᠠᠮᠠᠬᠢ ᠶᠢ ᠬᠢᠵᠠᠭᠠᠷᠯᠠᠬᠤ | ᠪᠦᠳᠦᠭᠦᠪᠴᠢ ᠨᠡᠶᠢᠲᠡ ᠶᠢᠨ ᠭᠡᠷ᠎ᠡ 》 ᠶᠢ ᠬᠡᠷᠡᠭᠵᠢᠭᠦᠯᠬᠦ ᠠᠵᠢᠯ ᠢ ᠲᠦᠷᠦᠭᠦᠯᠡᠨ ᠬᠢᠨ᠎ᠠ᠃ ( ᠳᠣᠯᠤᠭ᠎ᠠ ) | ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠦᠢᠯᠡᠴᠢᠯᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ | ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮᠴᠢᠯᠡᠭᠡᠨ ᠤ | ᠦᠢᠯᠡᠴᠢᠯᠡᠭᠡᠨ ᠢ ᠦᠨᠡᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠰᠢᠰᠲ᠋ᠧᠮᠵᠢ ᠶᠢ ᠵᠣᠬᠢᠶᠠᠨ ᠪᠠᠶᠢᠭᠤᠯᠬᠤ ᠶᠢᠨ ᠬᠠᠮᠲᠤ | ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠷᠡᠭᠦᠯ ᠬᠠᠮᠠᠭᠠᠯᠠᠯ ᠡᠷᠡᠭᠦᠯ ᠮᠡᠨᠳᠦ | ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠬᠢᠷᠢ ᠬᠡᠮ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ | ᠬᠡᠷᠡᠭᠲᠡᠶ᠃ ᠡᠮᠴᠢᠯᠡᠭᠡ ᠶᠢᠨ ᠦᠢᠯᠡᠴᠢᠯᠡᠭᠡᠨ ᠤ ᠵᠢᠷᠤᠮᠵᠢᠯ᠂ ᠪᠠᠷᠢᠮᠵᠢᠶ᠎ᠠ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ | ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠡᠷᠬᠢᠯᠡᠬᠦ ᠳᠦᠷᠢᠮ᠂ ᠦᠢᠯᠡᠴᠢᠯᠡᠭᠡᠨ ᠤ ᠵᠢᠷᠤᠮᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ( ᠨᠠᠢᠮᠠ ) ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠣᠯᠤᠨ ᠦᠢᠯᠡᠴᠢᠯᠡᠭᠡᠨ | ᠤ ᠠᠵᠢᠯ ᠢ ᠬᠠᠷᠢᠭᠤᠴᠠᠵᠤ᠂ ᠬᠥᠮᠦᠨ ᠠᠮᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠥᠷᠨᠢᠭᠦᠯᠦᠨ᠂ ᠬᠥᠮᠦᠨ | ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ | ᠰᠤᠳᠤᠯᠤᠨ ᠳᠤᠷᠠᠳᠴᠤ᠂ ᠲᠥᠯᠥᠪᠯᠡᠭᠡᠲᠦ ᠦᠷᠡᠵᠢᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ( | ᠶᠢᠰᠦ ) ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠡᠩᠬᠡ ᠶᠢᠨ | ᠦᠶᠯᠡᠴᠢᠯᠡᠭᠡᠨ ᠤ ᠰᠢᠰᠲ᠋ᠧᠮᠵᠢ ᠪᠠ ᠶᠡᠷᠦᠩᠬᠡᠶ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ | ᠵᠢᠯᠣᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠬᠥᠭᠵᠢᠯᠲᠡ ᠶᠢ ᠠᠬᠢᠭᠤᠯᠤᠨ᠎ᠠ᠃ ( ᠠᠷᠪᠠ ) ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠡᠮᠴᠢᠯᠡᠭᠡ᠂ | ᠡᠷᠡᠭᠦᠯᠵᠢᠯ᠂ ᠰᠤᠷᠭᠠᠨ ᠬᠥᠮᠦᠵᠢᠯ᠂ ᠡᠷᠳᠡᠮ ᠰᠢᠨᠵᠢᠯᠡᠭᠡᠨ᠂ ᠰᠣᠶᠣᠯ ᠵᠢᠴᠢ ᠬᠠᠮᠢᠶ᠎ᠠ ᠪᠥᠬᠦᠶ ᠠᠵᠤ ᠦᠶᠯᠡᠰ ᠤᠨ | ᠥᠭᠡᠷᠡᠴᠢᠯᠡᠯᠲᠡ ᠬᠥᠭᠵᠢᠯᠲᠡ ᠬᠢᠭᠡᠳ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠪᠠᠲᠤᠯᠠᠬᠤ ᠪᠠ | ᠠᠬᠢᠭᠤᠯᠵᠤ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ | ᠪᠠ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ( ᠠᠷᠪᠠᠨ ᠨᠢᠭᠡ ) ᠪᠦᠬᠦ ᠬᠤᠲᠠ ᠶᠢᠨ ᠡᠷᠡᠭᠦᠯ ᠮᠡᠨᠳᠦ ᠶᠢ | ᠬᠠᠮᠠᠭᠠᠯᠠᠬᠤ ᠡᠲᠡᠭᠡᠳ ᠤᠨ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ ᠠᠵᠢᠯ ᠢ ᠬᠠᠷᠢᠭᠤᠴᠠᠵᠤ᠂ ᠴᠢᠬᠤᠯᠠ | ᠬᠤᠷᠠᠯᠳᠤᠭᠠᠨ ᠬᠢᠭᠡᠳ ᠴᠢᠬᠤᠯᠠ ᠶᠡᠭᠡ ᠠᠵᠢᠯᠯᠠᠭ᠎ᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ | ᠠᠵᠢᠯ ᠢ ᠬᠠᠷᠢᠭᠤᠴᠠᠨ᠎ᠠ᠃ ( ᠠᠷᠪᠠᠨ ᠬᠤᠶᠠᠷ ) ᠪᠦᠬᠦ ᠬᠤᠲᠠ ᠶᠢᠨ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠠᠵᠢᠯ ᠢ ᠬᠠᠷᠢᠭᠤᠴᠠᠨ᠎ᠠ᠃ ( ᠠᠷᠪᠠᠨ ᠭᠤᠷᠪᠠ ) ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠬᠥᠲᠥᠯᠥᠭᠴᠢ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠥᠷᠨᠢᠭᠦᠯᠦᠭᠰᠡᠨ ᠠᠴᠠ ᠨᠠᠭᠠᠰᠢ᠂ ᠮᠠᠨ ᠤ ᠬᠤᠲᠠ ᠶᠢᠨ ᠡᠮᠴᠢᠯᠡᠭᠡᠨ ᠤ | ᠰᠡᠷᠭᠡᠶᠢᠯᠡᠨ ᠡᠵᠡᠮᠳᠡᠬᠦ ᠳᠤᠭᠤᠶᠢᠯᠠᠩ ᠶᠠᠮᠠᠷ ᠶᠠᠮᠠᠷ ᠠᠷᠭᠠᠴᠠᠭᠠᠬᠤ ᠠᠷᠭ᠎ᠠ ᠬᠡᠮᠵᠢᠶ᠎ᠡ ᠠᠪᠤᠭᠰᠠᠨ ᠪᠣᠶ︖ | [ ᠯᠢ ᠴᠧᠩ ᠢ ᠡᠷᠬᠢᠯᠡᠭᠴᠢ᠄ ] ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠢ | ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠠ᠃ ᠨᠢᠭᠡ ᠳᠤ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠶ᠃ | ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠪᠣᠯᠤᠨ ᠮᠠᠨ ᠤ ᠬᠤᠲᠠ ᠶᠢᠨ ᠨᠠᠮᠤᠷ ᠡᠪᠦᠯ ᠤᠨ | ᠤᠯᠠᠷᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠬᠤᠶᠠᠷ | ᠲᠤ᠂ ᠡᠯ᠎ᠡ ᠵᠦᠶᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠳᠡᠭᠡᠳᠦ | ᠬᠡᠮᠵᠢᠶ᠎ᠡ ᠪᠠᠷ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃《 ᠬᠤᠤᠯᠢᠩᠭᠤᠤᠯ ᠬᠤᠲᠠ | ᠶᠢᠨ ᠨᠠᠮᠤᠷ ᠡᠪᠦᠯ ᠤᠨ ᠤᠯᠠᠷᠢᠯ ᠤᠨ ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠴᠢᠩᠭᠠᠳᠬᠠᠬᠤ ᠲᠥᠰᠦᠯ 》᠂《 ᠨᠠᠮᠤᠷ ᠡᠪᠦᠯ ᠤᠨ ᠤᠯᠠᠷᠢᠯ ᠤᠨ ᠰᠢᠨ᠎ᠡ ᠲᠢᠲᠢᠮᠯᠢᠭ ᠸᠢᠷᠦ᠋ᠰ | ᠤᠨ ᠪᠥᠭᠡᠮ ᠬᠦᠴᠢᠯ ᠢ ᠰᠢᠯᠭᠠᠨ ᠪᠠᠶᠢᠴᠠᠭᠠᠵᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠠᠵᠢᠯ ᠤᠨ | ᠲᠥᠰᠦᠯ 》ᠵᠡᠷᠭᠡ 《 18 ᠨᠡᠮᠡᠬᠦ N ᠨᠡᠮᠡᠬᠦ 》ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠳᠠᠷᠤᠮᠠᠯᠯᠠᠨ | ᠲᠠᠷᠬᠠᠭᠠᠪᠠ᠃ ᠭᠤᠷᠪᠠ ᠳᠤ ᠡᠯ᠎ᠡ ᠵᠦᠢᠯ ᠤᠨ ᠤᠷᠢᠳᠴᠢᠯᠠᠨ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠬᠤ | ᠲᠤᠰᠬᠠᠢ ᠡᠩᠨᠡᠭᠡ ᠶᠢ ᠪᠠᠶᠢᠭᠤᠯᠤᠨ᠎ᠠ᠃ ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ᠂ ᠲᠠᠬᠤᠯ ᠡᠪᠡᠳᠴᠢᠨ ᠤ | ᠰᠤᠳᠤᠯᠤᠯ ᠤᠨ ᠪᠠᠶᠢᠴᠠᠭᠠᠯᠲᠠ᠂ ᠲᠤᠰᠬᠠᠶ ᠠᠷᠢᠭᠤᠳᠬᠠᠬᠤ᠂ ᠲᠤᠷᠰᠢᠯᠲᠠ ᠶᠢᠨ ᠲᠠᠰᠤᠭ ᠤᠨ ᠪᠠᠶᠢᠴᠠᠭᠠᠨ ᠬᠡᠮᠵᠢᠯᠲᠡ | ᠂ ᠡᠮᠴᠢᠯᠡᠭᠡᠨ ᠤ ᠠᠪᠤᠷᠠᠨ ᠵᠠᠰᠠᠯᠲᠠ᠂ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ᠂ ᠡᠮᠴᠢᠯᠡᠭᠡᠨ ᠤ ᠠᠪᠤᠷᠠᠨ | ᠵᠠᠰᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯᠲᠡᠨ ᠤ ᠳᠤᠭᠤᠶᠢᠯᠠᠩ᠂ ᠰᠡᠳᠬᠢᠴᠡ ᠶᠢᠨ ᠬᠠᠮᠢᠶᠠᠷᠤᠯᠲᠠ ᠵᠡᠷᠭᠡ ᠲᠤᠰᠬᠠᠶ | ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠭᠠᠬᠤ᠂ ᠠᠪᠤᠷᠠᠨ ᠵᠠᠰᠠᠬᠤ ᠡᠩᠨᠡᠭᠡ ᠶᠢ ᠱᠠᠲᠤ ᠬᠤᠪᠢᠶᠠᠨ ᠵᠣᠬᠢᠶᠠᠨ | ᠪᠠᠶᠢᠭᠤᠯᠤᠨ᠎ᠠ᠃ ᠶᠡᠭᠡ ᠪᠣᠯᠪᠠᠰᠤᠷᠠᠯ ᠵᠢᠴᠢ ᠬᠤᠯᠤᠭᠠᠨ᠎ᠠ ᠶᠢᠨ ᠬᠢᠵᠢᠭ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ | ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ 400 ᠭᠠᠷᠤᠶ ᠤᠳᠠᠭ᠎ᠠ ᠥᠷᠨᠢᠭᠦᠯᠵᠦ᠂ 1 . 6 ᠲᠦᠮᠡ | ᠭᠠᠷᠤᠶ ᠬᠥᠮᠦᠨ ᠤᠳᠠᠭ᠎ᠠ ᠳᠤ ᠬᠤᠯᠪᠣᠭᠳᠠᠪᠠ᠃ ᠲᠦᠷᠪᠡ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠢᠨᠵᠧᠨᠧᠷᠢᠩ ᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ | ᠪᠠᠶᠢᠭᠤᠯᠤᠯᠲᠠ ᠶᠢ ᠴᠢᠩᠭᠠᠳᠬᠠᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠠᠷᠠᠳ ᠤᠨ ᠡᠮᠨᠡᠯᠭᠡ | ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠵᠡᠷᠭᠡ 3 PCR ᠲᠤᠷᠰᠢᠯᠲᠠ ᠶᠢᠨ ᠲᠠᠰᠤᠭ ᠢ | ᠪᠠᠶᠢᠭᠤᠯᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠥᠬᠦ ᠬᠤᠲᠠ ᠶᠢᠨ | ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠡᠮᠴᠢᠯᠡᠭᠡᠨ ᠤ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠤᠨ ᠪᠠᠶᠢᠭᠤᠯᠤᠯᠲᠠ᠂ ᠡᠮᠴᠢᠯᠡᠭᠡᠨ ᠤ | ᠠᠪᠤᠷᠠᠨ ᠵᠠᠰᠠᠬᠤ ᠲᠥᠬᠦᠭᠡᠷᠦᠮᠵᠢ ᠵᠢᠴᠢ ᠡᠮᠴᠢᠯᠡᠭᠡᠨ ᠤ ᠠᠪᠤᠷᠠᠨ ᠵᠠᠰᠠᠬᠤ ᠡᠮ ᠤᠨ ᠵᠦᠶᠯᠡᠰ ᠢ ᠪᠦᠬᠦᠨ ᠢ | ᠨᠠᠶᠢᠳᠠᠪᠤᠷᠢᠵᠢᠭᠤᠯᠪᠠ᠃ 25 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠤᠨ ᠵᠢᠭᠡᠯᠡᠯᠭᠡ ᠲᠠᠯᠪᠢᠵᠤ᠂ ᠮᠠᠨ ᠤ | ᠬᠤᠲᠠ ᠶᠢᠨ ᠭᠤᠤᠯ ᠪᠣᠯᠬᠤ ᠡᠮᠴᠢᠯᠡᠭᠡᠨ ᠤ ᠪᠠᠶᠢᠭᠤᠯᠤᠮᠵᠢ ᠳᠤ ᠰᠡᠷᠭᠡᠶᠢᠯᠡᠨ ᠡᠵᠡᠮᠳᠡᠬᠦ ᠵᠢᠴᠢ ᠠᠪᠤᠷᠠᠨ ᠵᠠᠰᠠᠬᠤ | ᠬᠠᠮᠢᠶ᠎ᠠ ᠪᠦᠬᠦᠢ ᠡᠮᠴᠢᠯᠡᠭᠡᠨ ᠤ ᠲᠥᠬᠦᠭᠡᠷᠦᠮᠵᠢ ᠬᠤᠳᠠᠯᠳᠤᠨ ᠠᠪᠴᠤ ᠥᠭᠪᠡ᠃ ᠲᠠᠪᠤ ᠳᠤ᠂ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠴᠢᠩᠭᠠᠳᠬᠠᠨ᠎ᠠ᠃ 9 ᠳ᠋ᠦ᠋ᠭᠡᠷ ᠰᠠᠷ᠎ᠠ ᠶᠢᠨ ᠰᠡᠭᠦᠯᠴᠢ ᠪᠠᠷ᠂ ᠨᠠᠮᠤᠷ | ᠤᠨ ᠤᠯᠠᠷᠢᠯ ᠳᠤ ᠬᠤᠯᠤᠭᠠᠨ᠎ᠠ ᠤᠰᠠᠳᠬᠠᠬᠤ ᠠᠴᠠ ᠡᠮᠦᠨᠡᠬᠢ ᠨᠢᠭᠲᠠᠴᠠ ᠶᠢ ᠨᠢᠭᠡᠳᠦᠯᠲᠡᠶ ᠬᠢᠨᠠᠨ ᠬᠡᠮᠵᠢᠬᠦ ᠠᠵᠢᠯ ᠢ | ᠥᠷᠨᠢᠭᠦᠯᠦᠨ᠎ᠡ᠃ 10 ᠰᠠᠷ᠎ᠠ ᠶᠢᠨ ᠰᠡᠭᠦᠯᠴᠢ ᠪᠠᠷ᠂ ᠨᠠᠮᠤᠷ ᠤᠨ ᠤᠯᠠᠷᠢᠯ ᠳᠤ ᠬᠤᠯᠤᠭᠠᠨ᠎ᠠ ᠪᠠ ᠨᠣᠭᠠᠶ ᠶᠢᠨ | ᠪᠥᠭᠡᠰᠦ ᠶᠢ ᠨᠢᠭᠡᠳᠦᠯᠲᠡᠶ ᠤᠰᠠᠳᠬᠠᠬᠤ ᠠᠵᠢᠯᠯᠠᠭ᠎ᠠ ᠶᠢ ᠥᠷᠨᠢᠭᠦᠯᠵᠦ᠂ ᠨᠡᠶᠢᠲᠡ 9669 ᠺᠢᠯᠣᠭ᠍ᠷᠠᠮ ᠬᠤᠯᠤᠭᠠᠨ᠎ᠠ | ᠤᠰᠠᠳᠬᠠᠬᠤ ᠡᠮ᠂ 4950 ᠬᠤᠤᠷᠲᠤ ᠥᠭᠶᠥᠭᠡ ᠶᠢᠨ ᠥᠷᠲᠡᠭᠡ᠂ 8770 ᠰᠢᠷᠬᠡᠭ ᠨᠠᠩᠭᠢ ᠬᠤᠯᠤᠭᠠᠨ᠎ᠠ ᠶᠢᠨ | ᠬᠠᠪᠲᠠᠰᠤ᠂ 500 ᠺᠢᠯᠣᠭ᠍ᠷᠠᠮ ᠨᠣᠭᠠᠶ ᠶᠢᠨ ᠪᠥᠭᠡᠰᠦ ᠶᠢ ᠤᠰᠠᠳᠬᠠᠬᠤ ᠡᠮ ᠲᠠᠷᠬᠠᠭᠠᠵᠠᠶ᠃ ᠵᠢᠷᠭᠤᠭ᠎ᠠ ᠳᠤ᠂ | ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠵᠤ ᠪᠦᠷᠢᠳᠬᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠳᠣᠯᠤᠭ᠎ᠠ ᠳᠤ᠂ ᠬᠠᠯᠠᠭᠤᠷᠠᠯ ᠤᠨ ᠡᠭᠦᠳᠡᠨ ᠡᠮᠨᠡᠯᠭᠡ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ ᠪᠠ | ᠰᠡᠳᠬᠢᠴᠡ ᠶᠢᠨ ᠵᠢᠯᠣᠭᠤᠳᠤᠮᠵᠢ ᠶᠢᠨ ᠦᠶᠯᠡᠴᠢᠯᠡᠭᠡᠨ ᠤ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠨ᠎ᠠ᠃ | ᠬᠥᠲᠥᠯᠥᠭᠴᠢ᠄ ᠡᠷᠡᠭᠦᠯ ᠰᠠᠷᠠᠭᠤᠯ ᠬᠤᠤᠯᠢᠩᠭᠤᠤᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ | ᠶᠠᠮᠠᠷ ᠶᠠᠮᠠᠷ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠣᠯᠤᠭᠰᠠᠨ ᠪᠣᠶ᠃ | [ ᠯᠢ ᠴᠧᠩ ᠢ ᠡᠷᠬᠢᠯᠡᠭᠴᠢ᠄ ] ᠨᠢᠭᠡ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ | ᠶᠢᠨ ᠠᠵᠢᠯ ᠢ ᠲᠠᠰᠤᠷᠠᠯᠲᠠ ᠥᠬᠡᠶ ᠠᠬᠢᠭᠤᠯᠵᠤ᠂ ᠦᠨᠦ ᠵᠢᠯ ᠤᠷᠢᠳ ᠬᠤᠵᠢᠳ ᠡᠮᠴᠢᠯᠡᠭᠡᠨ ᠤ ᠬᠤᠯᠪᠣᠭᠠᠲᠤ | ᠴᠣᠭᠴᠠ ᠶᠢᠨ ᠲᠤᠰᠬᠠᠶ ᠮᠡᠷᠭᠡᠵᠢᠯᠲᠡᠨ ᠤ ᠪᠦᠯᠬᠦᠮ ᠢ 25 ᠪᠦᠯᠦᠭ ᠤᠳᠠᠭ᠎ᠠ ᠤᠷᠢᠵᠤ ᠨᠡᠶᠢᠲᠡ 54 ᠬᠥᠮᠦᠨ ᠮᠠᠨ | ᠤ ᠬᠤᠲᠠ ᠳᠤ ᠣᠨᠣᠰᠢᠯᠠᠨ ᠡᠮᠨᠡᠬᠦ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠵᠦ᠂ ᠭᠤᠷᠪᠠᠳᠤᠭᠠᠷ᠂ | ᠳᠥᠷᠪᠡᠳᠦᠭᠡᠷ ᠳᠡᠰ ᠤᠨ ᠳᠠᠭᠠᠭᠤᠯᠤᠨ ᠵᠢᠭᠠᠬᠤ ᠮᠡᠰᠡ ᠵᠠᠰᠠᠯ 58 ᠵᠢᠱᠢᠶ᠎ᠡ᠂ ᠵᠢᠭᠠᠨ ᠰᠤᠷᠭᠠᠯᠲᠠ ᠶᠢᠨ | ᠡᠪᠡᠳᠴᠢᠲᠡᠨ ᠤ ᠥᠷᠥᠭᠡ ᠪᠠᠶᠢᠴᠠᠭᠠᠬᠤ 86 ᠵᠢᠱᠢᠶ᠎ᠡ᠂ ᠲᠤᠰᠬᠠᠶ ᠰᠡᠳᠦᠪᠲᠦ ᠲᠠᠶᠢᠯᠤᠮᠵᠢ 15 ᠲᠠᠯᠠᠪᠠᠶ᠂ ᠬᠦᠴᠢᠷ | ᠲᠦᠪᠡᠭᠲᠡᠶ ᠡᠪᠡᠳᠴᠢᠲᠡᠨ ᠤ ᠶᠠᠷᠢᠯᠴᠠᠭ᠎ᠠ 63 ᠵᠢᠱᠢᠶ᠎ᠡ᠂ ᠪᠣᠯᠪᠠᠰᠤᠷᠠᠭᠤᠯᠤᠯ ᠳᠤ 1000 ᠭᠠᠷᠤᠶ ᠬᠥᠮᠦᠨ | ᠤᠳᠠᠭ᠎ᠠ᠂ ᠠᠯᠤᠰ ᠡᠵᠡᠮᠰᠢᠯ ᠢᠶᠠᠷ ᠬᠠᠮᠲᠤᠷᠠᠨ ᠣᠨᠣᠰᠢᠯᠠᠬᠤ ᠳᠤ 15 ᠬᠥᠮᠦᠨ ᠤᠳᠠᠭ᠎ᠠ᠂ ᠶᠡᠷᠦᠩᠬᠡᠶ ᠣᠨᠣᠰᠢᠯᠠᠨ | ᠡᠮᠨᠡᠬᠦ ᠳᠤ 1100 ᠭᠠᠷᠤᠶ ᠬᠥᠮᠦᠨ ᠤᠳᠠᠭ᠎ᠠ ᠬᠦᠷᠴᠦ᠂ ᠵᠠᠷᠤᠳᠠᠯ ᠢ 160 ᠭᠠᠷᠤᠶ ᠲᠦᠮᠡᠨ ᠲᠥᠭᠦᠷᠢᠭ | ᠠᠷᠪᠢᠯᠠᠪᠠ᠃ ᠱᠠᠲᠤ ᠬᠤᠪᠢᠶᠠᠨ ᠣᠨᠣᠰᠢᠯᠠᠨ ᠡᠮᠨᠡᠬᠦ ᠪᠠᠶᠢᠭᠤᠯᠤᠯᠲᠠ ᠰᠢᠨ᠎ᠡ ᠳᠡᠭᠲᠡᠷ ᠲᠤ ᠭᠠᠷᠴᠤ᠂ ᠬᠤᠲᠠ ᠶᠢᠨ 2 | ᠡᠮᠨᠡᠯᠭᠡ ᠶᠢᠨ ᠬᠤᠷᠢᠶ᠎ᠠ ᠲᠣᠰ ᠲᠣᠰ ᠬᠠᠷᠢᠶ᠎ᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ | ᠥᠷᠲᠡᠭᠡ᠂ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ᠂ ᠬᠤᠶᠠᠷ ᠠᠷᠠᠳ ᠤᠨ ᠡᠵᠡᠩᠨᠡᠭᠰᠡᠨ ᠡᠮᠨᠡᠯᠭᠡ ᠶᠢᠨ | ᠬᠤᠷᠢᠶ᠎ᠠ ᠲᠠᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ | ᠪᠠᠶᠠᠨᠬᠤᠸᠠ᠂ ᠤᠯᠠᠭᠠᠶ ᠬᠠᠮᠢᠶᠠᠷᠤᠯᠲᠠ ᠶᠢᠨ ᠣᠷᠣᠨ ᠤ ᠡᠮᠨᠡᠯᠭᠡ ᠶᠢᠨ ᠬᠤᠷᠢᠶ᠎ᠠ ᠲᠠᠢ ᠡᠮᠴᠢᠯᠡᠭᠡᠨ ᠤ ᠬᠠᠮᠲᠤ ᠶᠢᠨ | ᠴᠣᠭᠴᠠ ᠶᠢᠨ ᠬᠤᠯᠪᠣᠭ᠎ᠠ ᠪᠠᠶᠢᠭᠤᠯᠵᠤ᠂ ᠡᠪᠡᠳᠴᠢᠲᠡᠨ ᠤ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠰᠠᠭᠠᠳ | ᠥᠬᠡᠶ ᠨᠡᠪᠲᠡᠷᠡᠬᠦ ᠵᠠᠮ ᠢ ᠪᠠᠶᠢᠭᠤᠯᠤᠨ ᠲᠡᠭᠦᠯᠳᠡᠷᠵᠢᠭᠦᠯᠪᠡ᠃ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ | ᠦᠶᠯᠡᠴᠢᠯᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠡᠷ ᠪᠦᠯᠢ ᠶᠢᠨ ᠡᠮᠴᠢ ᠶᠢᠨ ᠭᠡᠷ᠎ᠡ | ᠲᠣᠭᠲᠠᠬᠤ ᠦᠶᠯᠡᠴᠢᠯᠡᠭᠡᠨ ᠤ ᠪᠦᠯᠬᠦᠮ ᠢ 37 ᠪᠠᠶᠢᠭᠤᠯᠵᠤ᠂ 4 . 9 ᠲᠦᠮᠡ ᠭᠠᠷᠤᠶ ᠬᠥᠮᠦᠨ ᠲᠠᠢ ᠭᠡᠷ᠎ᠡ | ᠲᠣᠭᠲᠠᠵᠤ᠂ ᠭᠡᠷ᠎ᠡ ᠲᠣᠭᠲᠠᠭᠰᠠᠨ ᠨᠣᠷᠮ᠎ᠠ 47 . 17 % ᠳᠤ ᠬᠦᠷᠴᠦ᠂ ᠭᠤᠤᠯᠳᠠᠯᠭ᠎ᠠ ᠲᠠᠢ ᠬᠥᠮᠦᠰ ᠤᠨ | ᠭᠡᠷ᠎ᠡ ᠲᠣᠭᠲᠠᠭᠰᠠᠨ ᠨᠣᠷᠮ᠎ᠠ 84 . 67 % ᠳᠤ ᠬᠦᠷᠴᠦ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ | ᠬᠥᠮᠦᠨ ᠠᠮᠠ ᠶᠢᠨ ᠭᠡᠷ᠎ᠡ ᠲᠣᠭᠲᠠᠭᠰᠠᠨ ᠨᠣᠷᠮ᠎ᠠ 100 % ᠳᠤ ᠬᠥᠷᠪᠡ᠃ ᠬᠤᠶᠠᠷ ᠲᠤ᠂ ᠡᠷᠡᠭᠦᠯ ᠰᠠᠷᠠᠭᠤᠯ | ᠬᠤᠤᠯᠢᠩᠭᠤᠤᠯ ᠤᠨ ᠠᠵᠢᠯᠯᠠᠭ᠎ᠠ ᠶᠢ ᠲᠦᠷᠭᠡᠳᠬᠡᠨ ᠠᠬᠢᠭᠤᠯᠤᠨ᠎ᠠ᠃ ᠡᠷᠡᠭᠦᠯ ᠡᠩᠬᠡ ᠪᠠᠷ ᠬᠤᠰᠢᠭᠤ ᠰᠢᠶᠠᠨ ᠢ | ᠪᠦᠳᠦᠬᠡᠨ ᠪᠠᠶᠢᠭᠤᠯᠬᠤ ᠶᠢ ᠠᠬᠢᠭᠤᠯᠵᠤ᠂《 ᠲᠦᠩᠯᠢᠶᠣᠤ ᠬᠤᠲᠠ ᠶᠢᠨ ᠡᠷᠡᠭᠦᠯ ᠡᠩᠬᠡ ᠪᠠᠷ ᠬᠤᠰᠢᠭᠤ ᠰᠢᠶᠠᠨ ᠤ | ᠲᠤᠷᠰᠢᠯᠭ᠎ᠠ ᠰᠣᠯᠢᠯᠴᠠᠬᠤ ᠬᠤᠷᠠᠯ 》 ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠷᠡᠭᠦᠯ ᠡᠩᠬᠡ ᠶᠢᠨ ᠮᠡᠳᠡᠯᠭᠡ | ᠶᠢᠨ《 ᠲᠠᠪᠤ ᠶᠢ ᠠᠬᠢᠭᠤᠯᠵᠤ ᠨᠡᠮᠡᠭᠳᠡᠭᠦᠯᠬᠦ 》ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠷᠡᠭᠦᠯ ᠡᠩᠬᠡ ᠶᠢᠨ | ᠲᠣᠭᠤᠷᠢᠨ ᠲᠠᠶᠢᠯᠤᠮᠵᠢ ᠶᠢ 125 ᠲᠠᠯᠠᠪᠤᠷ᠂ ᠠᠯᠪᠠᠨ ᠵᠢᠷᠤᠮ ᠤᠨ ᠡᠮᠴᠢᠯᠡᠭᠡ ᠪᠠ ᠭᠡᠷ ᠤᠨ ᠭᠠᠳᠠᠨᠠᠬᠢ | ᠤᠬᠠᠭᠤᠯᠭ᠎ᠠ ᠶᠢᠨ ᠠᠵᠢᠯᠯᠠᠭ᠎ᠠ ᠶᠢ 15 ᠲᠠᠯᠠᠪᠤᠷ ᠥᠷᠨᠢᠭᠦᠯᠵᠦ᠂ 4 . 3 ᠲᠦᠮᠡᠨ ᠬᠥᠮᠦᠨ ᠤᠳᠠᠭ᠎ᠠ ᠶᠢ | ᠬᠠᠮᠤᠷᠴᠤ᠂ ᠨᠡᠶᠢᠲᠡ 4 . 5 ᠲᠦᠮᠡᠨ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ ᠡᠷᠡᠭᠦᠯ ᠮᠡᠨᠳᠦ ᠶᠢᠨ | ᠬᠥᠮᠦᠵᠢᠯ ᠤᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠴᠣᠭᠴᠠᠯᠠᠵᠤ | ᠂ ᠡᠷᠡᠭᠦᠯ ᠮᠡᠨᠳᠦ ᠶᠢᠨ ᠭᠤᠣᠯ ᠰᠡᠳᠦᠪᠲᠦ ᠴᠡᠴᠡᠷᠯᠢᠭ 1᠂ ᠡᠷᠡᠭᠦᠯ ᠮᠡᠨᠳᠦ ᠶᠢᠨ ᠶᠠᠪᠠᠭᠠᠨ ᠵᠠᠮ 6 ᠺᠢᠯᠤᠮᠧᠲ᠋ᠧᠷ᠂ | ᠵᠡᠭᠡᠯᠢ 1 ᠶᠢ ᠪᠠᠶᠢᠭᠤᠯᠤᠨ᠎ᠠ᠃ ᠡᠷᠡᠭᠦᠯ ᠮᠡᠨᠳᠦ ᠶᠢ ᠠᠬᠢᠭᠤᠯᠬᠤ 22 ᠨᠡᠶᠢᠭᠡᠮ ᠲᠣᠭᠤᠷᠢᠭ᠂ 37 ᠠᠯᠪᠠᠨ | ᠪᠠᠶᠢᠭᠤᠯᠭ᠎ᠠ ᠶᠢ ᠡᠭᠦᠳᠦᠨ ᠪᠠᠶᠢᠭᠤᠯᠵᠤ᠂ 11 ᠰᠤᠷᠭᠠᠭᠤᠯᠢ ᠶᠢ ᠠᠬᠢᠭᠤᠯᠤᠨ᠂ 13 ᠠᠵᠤ ᠠᠬᠤᠶᠢᠯᠠᠯ ᠢ | ᠠᠬᠢᠭᠤᠯᠪᠠ᠃ ᠲᠠᠮᠠᠬᠢ ᠲᠠᠲᠠᠬᠤ ᠶᠢ ᠬᠢᠵᠠᠭᠠᠷᠯᠠᠬᠤ ᠭᠡᠷ᠎ᠡ ᠪᠠᠨ ᠭᠦᠶᠴᠡᠳᠬᠡᠬᠦ ᠡᠷᠴᠢᠮ ᠢ ᠲᠠᠰᠤᠷᠠᠯᠲᠠ ᠥᠬᠡᠶ | ᠴᠢᠩᠭᠠᠳᠬᠠᠵᠤ᠂ ᠲᠠᠮᠠᠬᠢ ᠲᠠᠲᠠᠬᠤ ᠶᠢ ᠬᠢᠵᠠᠭᠠᠷᠯᠠᠬᠤ ᠬᠡᠷ ᠤᠨ ᠭᠠᠳᠠᠨᠠᠬᠢ ᠤᠬᠠᠭᠤᠯᠭ᠎ᠠ ᠶᠢᠨ ᠠᠵᠢᠯᠯᠠᠭ᠎ᠠ ᠶᠢ 26 | ᠤᠳᠠᠭ᠎ᠠ ᠥᠷᠨᠢᠭᠦᠯᠪᠡ᠃ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ | ᠠᠵᠢᠯᠯᠠᠭ᠎ᠠ ᠶᠢ 9 ᠤᠳᠠᠭ᠎ᠠ ᠥᠷᠨᠢᠭᠦᠯᠵᠦ᠂ 40 ᠭᠠᠷᠤᠢ ᠭᠠᠵᠠᠷ ᠲᠤ ᠳᠤᠷ᠎ᠠ ᠪᠠᠷ ᠣᠪᠣᠭᠠᠯᠠᠵᠤ ᠬᠠᠶᠠᠭᠰᠠᠨ ᠬᠤᠭ | ᠨᠣᠪᠰᠢ ᠶᠢ ᠴᠡᠪᠡᠷᠯᠡᠨ ᠠᠷᠢᠯᠭᠠᠵᠤ᠂ ᠪᠦᠬᠦ ᠬᠤᠲᠠ ᠶᠢᠨ 119 ᠪᠠᠶᠢᠭᠤᠯᠭ᠎ᠠ ᠤᠷᠢᠳ ᠬᠤᠵᠢᠳ ᠣᠷᠣᠯᠴᠠᠵᠤ᠂ | ᠨᠡᠶᠢᠲᠡ 2 . 1 ᠲᠦᠮᠡ ᠭᠠᠷᠤᠢ ᠺᠠᠳ᠋ᠷ ᠠᠵᠢᠯᠲᠠᠨ ᠢ ᠬᠥᠳᠡᠯᠭᠡᠪᠡ᠃ ᠭᠤᠷᠪᠠ ᠳᠤ᠂ ᠡᠷᠡᠭᠦᠯ ᠮᠡᠨᠳᠦ ᠪᠠᠷ ᠶᠠᠳᠠᠭᠤ | ᠶᠢ ᠲᠡᠳᠬᠦᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠥᠬᠦ ᠲᠠᠯ᠎ᠠ ᠪᠠᠷ ᠣᠯᠤᠨ᠎ᠠ᠃ ᠲᠥᠷᠥ ᠶᠢᠨ | ᠪᠣᠳᠣᠯᠭ᠎ᠠ ᠶᠢᠨ ᠪᠠᠲᠤᠯᠠᠭ᠎ᠠ ᠶᠢᠨ ᠳᠦᠷᠢᠮ ᠢ ᠴᠢᠩᠭᠠᠷᠠᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠲᠥᠷᠥ ᠶᠢᠨ ᠪᠣᠳᠣᠯᠭ᠎ᠠ ᠶᠢᠨ ᠬᠡᠯᠪᠡᠶᠢᠯᠲᠡ ᠶᠢ ᠨᠠᠶᠢᠳᠠᠪᠤᠷᠢᠵᠢᠭᠤᠯᠤᠨ᠂ ᠤᠷᠢᠳᠠᠪᠠᠷ ᠣᠨᠣᠰᠢᠯᠠᠨ ᠡᠮᠨᠡᠬᠦ᠂ ᠳᠠᠷᠠᠭ᠎ᠠ | ᠨᠢ ᠰᠦᠶᠳᠬᠡᠯ ᠲᠤᠰᠢᠶᠠᠬᠤ ᠪᠠ《 ᠨᠢᠭᠡ ᠥᠷᠲᠡᠭᠡ ᠮᠠᠶ᠋ᠢᠭ 》 ᠤᠨ ᠳ᠋ᠦᠩᠨᠡᠨ ᠪᠤᠳᠤᠬᠤ ᠦᠶᠯᠡᠴᠢᠯᠡᠭᠡᠨ ᠢ | ᠪᠡᠶᠡᠯᠡᠭᠦᠯᠦᠨ᠎ᠡ᠃ 2020 ᠣᠨ ᠳᠤ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢ 534 | ᠬᠥᠮᠦᠨ ᠤᠳᠠᠭ᠎ᠠ ᠠᠪᠤᠷᠠᠨ ᠵᠠᠰᠠᠵᠤ᠂ ᠡᠮᠴᠢᠯᠡᠭᠡᠨ ᠤ ᠶᠡᠷᠦᠩᠬᠡᠶ ᠵᠠᠷᠤᠳᠠᠯ ᠨᠢ 44 . 75 ᠲᠦᠮᠡᠨ ᠲᠥᠭᠦᠷᠢᠭ᠂ | ᠦᠨᠳᠦᠰᠦᠨ ᠡᠮᠴᠢᠯᠡᠭᠡᠨ ᠤ ᠳᠠᠭᠠᠳᠬᠠᠯ ᠳᠤ 26 . 26 ᠲᠦᠮᠡᠨ ᠲᠥᠭᠦᠷᠢᠭ ᠵᠠᠷᠤᠴᠠᠭᠤᠯᠪᠠ᠃ ᠪᠠᠶᠢᠳᠠᠯ ᠢ | ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠶᠢ ᠫᠠᠶᠢᠰᠠ | ᠡᠯᠭᠦᠨ ᠳᠠᠶᠢᠯᠠᠯᠳᠤᠭᠠᠨ ᠢ ᠱᠠᠯᠠᠪᠳᠠᠭᠤᠯᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂《 ᠡᠮ ᠡᠮᠨᠡᠯᠭᠡ ᠶᠢᠨ | ᠦᠶᠯᠡᠴᠢᠯᠡᠭᠡ ᠬᠦᠷᠭᠡᠬᠦ 》ᠦᠶᠯᠡᠴᠢᠯᠡᠭᠡ ᠶᠢ ᠪᠥᠬᠦ ᠲᠠᠯ᠎ᠠ ᠪᠠᠷ ᠠᠬᠢᠭᠤᠯᠵᠤ᠂ ᠬᠡᠷ ᠪᠦᠯᠢ ᠶᠢᠨ ᠡᠪᠡᠳᠴᠢᠲᠡᠨ ᠤ | ᠣᠷᠣ ᠶᠢᠨ ᠦᠶᠯᠡᠴᠢᠯᠡᠭᠡ ᠶᠢ ᠯᠠᠪᠳᠠᠭᠤᠨ ᠪᠠᠲᠤᠲᠠᠶ ᠥᠷᠨᠢᠭᠦᠯᠵᠦ᠂ ᠣᠳᠣᠬᠠᠨ ᠳᠤ ᠬᠡᠷ ᠪᠦᠯᠢ ᠶᠢᠨ ᠡᠪᠡᠳᠴᠢᠲᠡᠨ | ᠤ ᠣᠷᠣ ᠶᠢ ᠨᠡᠶᠢᠲᠡ 8 ᠪᠠᠶᠢᠭᠤᠯᠪᠠ᠃ ᠳᠥᠷᠪᠡ ᠳᠤ᠂ ᠬᠦᠨᠳᠦ ᠶᠡᠭᠡ ᠡᠪᠡᠳᠴᠢᠨ ᠡᠮᠭᠡᠭ ᠢ ᠬᠢᠵᠠᠭᠠᠷᠯᠠᠬᠤ ᠪᠠ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯ ᠢ ᠴᠢᠩᠭᠠᠳᠬᠠᠨ᠎ᠠ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ | ᠢ ᠠᠷᠭᠠᠴᠠᠭᠠᠬᠤ ᠠᠵᠢᠯ ᠢ ᠴᠢᠩᠭᠠᠳᠬᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ | ᠬᠢᠵᠢᠭ ᠵᠡᠷᠭᠡ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠳᠤ ᠵᠠᠰᠠᠪᠤᠷᠢ ᠣᠷᠣᠭᠤᠯᠵᠤ᠂ | ᠠᠶᠢᠽ ᠡᠪᠡᠳᠴᠢᠨ᠂ ᠰᠦᠷᠢᠶ᠎ᠡ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ᠡᠭᠡᠯᠢᠯᠡᠭᠡ ᠶᠢᠨ ᠲᠥᠯᠥᠪᠵᠢᠭᠦᠯᠭᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠣᠷᠣᠨ ᠨᠤᠲᠤᠭ ᠤᠨ | ᠡᠪᠡᠳᠴᠢᠨ ᠤ ᠬᠤᠶᠠᠷ ᠵᠢᠯ ᠤᠨ ᠲᠤᠰᠬᠠᠶ ᠲᠥᠷᠥᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠠᠬᠢᠭᠤᠯᠤᠨ᠎ᠠ᠃ | ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠤᠨ ᠬᠥᠮᠦᠨ ᠬᠡᠷᠡᠭᠯᠡᠬᠦ ᠨᠢᠭᠡᠴᠢ ᠶᠢᠨ ᠪᠠᠶᠢᠳᠠᠯ ᠢ | ᠣᠶᠢᠯᠠᠭᠠᠬᠤ ᠪᠠᠶᠢᠴᠠᠭᠠᠯᠲᠠ ᠶᠢ ᠥᠷᠨᠢᠭᠦᠯᠦᠨ᠎ᠡ᠃ ᠲᠤᠰᠬᠠᠶ ᠵᠦᠶᠯ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ | 8 ᠤᠳᠠᠭ᠎ᠠ ᠬᠢᠵᠦ᠂ ᠲᠥᠪᠯᠡᠷᠡᠩᠭᠦᠶ ᠮᠠᠶ᠋ᠢᠭ ᠤᠨ ᠤᠰᠤ ᠬᠠᠩᠭᠠᠬᠤ ᠨᠢᠭᠡᠴᠡ ᠶᠢᠨ ᠤᠤᠭᠤᠬᠤ ᠤᠰᠤᠨ ᠤ ᠠᠷᠢᠭᠤᠨ | ᠴᠡᠪᠡᠷ ᠤᠨ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠬᠡᠷᠡᠭᠯᠡᠬᠦ ᠤᠰᠤᠨ ᠤ ᠠᠮᠤᠷ ᠲᠦᠪᠰᠢᠨ ᠢ | ᠪᠠᠲᠤᠯᠠᠪᠠ᠃ ᠲᠠᠪᠤ ᠳᠤ᠂ ᠬᠢᠲᠠᠳ ᠮᠣᠩᠭᠤᠯ ᠡᠮᠨᠡᠯᠭᠡ ᠶᠢᠨ ᠦᠶᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠎ᠡ᠃ | ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢ | ᠪᠦᠬᠦᠯᠢ ᠴᠣᠭᠴᠠ ᠪᠠᠷ ᠨᠢ ᠨᠡᠭᠦᠯᠭᠡᠬᠦ ᠶᠢ ᠪᠡᠶᠡᠯᠡᠭᠦᠯᠵᠦ᠂ PCR ᠲᠤᠷᠰᠢᠯᠲᠠ ᠶᠢᠨ ᠲᠠᠰᠤᠭ ᠢ ᠪᠠᠶᠢᠭᠤᠯᠤᠨ | ᠪᠦᠲᠦᠭᠡᠵᠦ᠂ ᠬᠠᠯᠠᠭᠤᠷᠠᠯ ᠤᠨ ᠡᠭᠦᠳᠡᠨ ᠡᠮᠨᠡᠯᠭᠡ ᠪᠠ 120 ᠲᠦᠷᠭᠡᠨ ᠠᠪᠤᠷᠠᠬᠤ ᠥᠷᠲᠡᠭᠡ ᠶᠢᠨ ᠪᠦᠲᠦᠭᠡᠨ | ᠪᠠᠶᠢᠭᠤᠯᠤᠯᠲᠠ ᠶᠢ ᠥᠭᠡᠷᠡᠴᠢᠯᠡᠨ ᠪᠠᠶᠢᠭᠤᠯᠤᠨ᠎ᠠ᠃ ᠬᠢᠲᠠᠳ ᠮᠣᠩᠭᠤᠯ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠢ | ᠪᠥᠬᠦ ᠲᠠᠯ᠎ᠠ ᠪᠠᠷ ᠳᠡᠯᠭᠡᠷᠡᠭᠦᠯᠵᠦ᠂ ᠢᠯᠡᠳᠲᠡ ᠦᠷ᠎ᠡ ᠪᠦᠲᠦᠮᠵᠢ ᠤᠯᠪᠠ᠃ ᠵᠢᠷᠭᠤᠭ᠎ᠠ ᠳᠤ᠂ ᠲᠥᠯᠥᠪᠯᠡᠭᠡᠲᠦ | ᠦᠷᠡᠵᠢᠯ᠂ ᠡᠬᠡ ᠨᠢᠯᠬᠠᠰ ᠤᠨ ᠦᠢᠯᠡᠴᠢᠯᠡᠭᠡ ᠶᠢ ᠦᠨᠡᠨᠬᠦ ᠪᠠᠲᠤᠯᠠᠨ᠎ᠠ᠃ ᠡᠬᠡ ᠨᠢᠯᠬᠠᠰ ᠤᠨ ᠡᠷᠡᠭᠦᠯ ᠮᠡᠨᠳᠦ ᠶᠢᠨ | ᠠᠵᠢᠯ ᠢ ᠠᠬᠢᠭᠤᠯᠵᠤ᠂ ᠵᠢᠷᠮᠦᠰᠦᠨ ᠪᠠ ᠬᠥᠩᠭᠡᠵᠢᠭᠰᠡᠨ ᠡᠮᠡᠭᠲᠡᠶ ᠶᠢᠨ ᠰᠢᠰᠲ᠋ᠧᠮ ᠤᠨ ᠬᠠᠮᠢᠶᠠᠷᠤᠯᠲᠠ ᠶᠢᠨ ᠨᠣᠷᠮ᠎ᠠ | 91 . 34 % ᠳᠤ ᠬᠦᠷᠴᠦ᠂ ᠠᠶᠤᠯ ᠶᠡᠬᠡᠲᠡᠶ ᠵᠢᠷᠮᠦᠰᠦᠨ ᠡᠮᠡᠭᠲᠡᠶ ᠶᠢᠨ ᠡᠮᠨᠡᠯᠭᠡ ᠳᠤ ᠰᠠᠭᠤᠵᠤ ᠬᠥᠩᠭᠡᠵᠢᠬᠦ | ᠨᠣᠷᠮ᠎ᠠ 100 % ᠳᠤ ᠬᠦᠷᠴᠦ᠂ ᠬᠡᠪᠡᠯᠢ ᠬᠠᠭᠠᠯᠵᠤ ᠬᠥᠩᠭᠡᠵᠢᠬᠦ ᠨᠣᠷᠮ᠎ᠠ ᠲᠦᠷᠦᠭᠦᠦ ᠵᠢᠯ ᠤᠨ 58 . 96 | % ᠪᠠᠶᠢᠭᠰᠠᠨ ᠠᠴᠠ ᠪᠠᠨ ᠪᠠᠭᠤᠷᠠᠭᠠᠳ 56 . 49 % ᠳᠤ ᠬᠥᠷᠪᠡ᠃ 0 - 7 ᠨᠠᠰᠤᠨ ᠤ ᠬᠡᠦᠬᠡᠳ ᠤᠨ | ᠬᠠᠮᠢᠶᠠᠷᠤᠯᠲᠠ ᠶᠢᠨ ᠨᠤᠷᠮ᠎ᠠ 92 . 82 %᠂ 5 ᠨᠠᠰᠤᠨ ᠠᠴᠠ ᠳᠣᠷᠣᠭᠰᠢᠬᠢ ᠬᠡᠦᠬᠡᠳ ᠤᠨ ᠦᠬᠦᠯᠲᠡ ᠶᠢᠨ | ᠨᠤᠷᠮ᠎ᠠ 3 . 42 %᠂ ᠨᠢᠯᠬ᠎ᠠ ᠬᠡᠦᠬᠡᠳ ᠤᠨ ᠦᠬᠦᠯᠲᠡ ᠶᠢᠨ ᠨᠤᠷᠮ᠎ᠠ 2 . 28 % ᠪᠠᠶᠢᠪᠠ᠃ ᠵᠢᠷᠮᠦᠰᠦᠯᠡᠬᠦ | ᠠᠴᠠ ᠡᠮᠦᠨᠡᠬᠢ ᠴᠢᠭᠢᠷᠠᠭ ᠲᠦᠷᠦᠭᠦ ᠡᠷᠡᠭᠦᠯ ᠮᠡᠨᠳᠦ ᠶᠢᠨ ᠪᠠᠶᠢᠴᠠᠭᠠᠯᠲᠠ ᠶᠢ ᠪᠡᠶᠡᠯᠡᠭᠦᠯᠦᠭᠰᠡᠨ ᠨᠣᠷᠮ᠎ᠠ 102 % | ᠲᠤ ᠬᠦᠷᠴᠡᠶ᠃ ᠵᠢᠷᠮᠦᠰᠦᠨ ᠡᠮᠡᠭᠲᠡᠶ ᠶᠢᠨ ᠨᠠᠪᠴᠢᠨ ᠬᠦᠴᠢᠯ ᠢ ᠬᠡᠷᠡᠭᠯᠡᠬᠦ ᠨᠣᠷᠮ᠎ᠠ 92 . 59 %᠃ ᠣᠷᠤᠭ ᠤᠨ | ᠪᠠᠶᠢᠴᠠᠭᠠᠯᠲᠠ ᠶᠢᠨ ᠨᠣᠷᠮ᠎ᠠ ᠨᠢ 83 . 06 %᠃ ᠨᠢᠷᠠᠶ ᠬᠡᠦᠬᠡᠳ ᠤᠨ ᠡᠪᠡᠳᠴᠢᠨ ᠢ ᠰᠢᠭᠰᠢᠨ ᠪᠠᠶᠢᠴᠠᠭᠠᠭᠰᠠᠨ | ᠨᠣᠷᠮ᠎ᠠ 90 . 73᠃ | ᠬᠥᠲᠥᠯᠥᠭᠴᠢ᠄ ᠲᠠᠷᠠᠭᠠᠴᠢ ᠶᠢᠨ ᠠᠯᠬᠤᠮ ᠳᠤ᠂ ᠠᠷᠠᠳ ᠲᠦᠮᠡᠨ ᠤ ᠡᠷᠡᠭᠦᠯ ᠮᠡᠨᠳᠦ ᠶᠢᠨ ᠠᠵᠢᠯ ᠢ ᠰᠠᠶᠢᠲᠤᠷ | ᠬᠢᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖ | [ ᠯᠢ ᠴᠧᠩ ᠢ ᠡᠷᠬᠢᠯᠡᠭᠴᠢ᠄ ] ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ | ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠪᠠᠷ ᠭᠤᠤᠯ ᠰᠡᠳᠦᠪ ᠪᠣᠯᠭᠠᠵᠤ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ᠂ ᠬᠤᠯᠤᠭᠠᠨ᠎ᠠ ᠶᠢᠨ ᠬᠢᠵᠢᠭ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ | ᠰᠠᠶᠢᠲᠤᠷ ᠬᠢᠬᠦ ᠶᠢᠨ ᠬᠠᠮᠲᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠯ᠎ᠡ ᠵᠦᠶᠯ ᠤᠨ ᠠᠵᠢᠯ ᠢ ᠴᠢᠩᠭ᠎ᠠ | ᠠᠳᠬᠤᠵᠤ᠂ ᠬᠤᠤᠯᠢᠩᠭᠤᠤᠯ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶᠯᠡᠴᠢᠯᠡᠭᠡᠨ ᠤ ᠲᠦᠪᠰᠢᠨ ᠢ | ᠢᠳᠡᠪᠬᠢᠲᠡᠶ ᠠᠬᠢᠭᠤᠯᠤᠨ᠎ᠠ᠃ ᠡᠷᠡᠭᠦᠯ ᠡᠩᠬᠡ ᠬᠤᠤᠯᠢᠩᠭᠤᠤᠯ ᠤᠨ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠡᠮᠴᠢᠯᠡᠭᠡᠨ ᠤ | ᠬᠤᠯᠪᠣᠭᠠᠲᠤ ᠴᠣᠭᠴᠠ ᠶᠢᠨ ᠲᠥᠷᠥᠯ ᠵᠦᠶᠯ ᠢ ᠭᠦᠨᠵᠡᠭᠡᠶᠢᠷᠡᠭᠦᠯᠵᠦ᠂ ᠡᠮᠴᠢᠯᠡᠭᠡᠨ ᠤ ᠦᠶᠯᠡᠴᠢᠯᠡᠭᠡ ᠶᠢᠨ ᠲᠦᠷᠢᠮ ᠢ | ᠲᠡᠭᠦᠯᠳᠡᠷᠵᠢᠭᠦᠯᠵᠦ᠂ ᠮᠠᠨ ᠤ ᠬᠤᠲᠠ ᠶᠢᠨ ᠡᠮᠴᠢᠯᠡᠭᠡᠨ ᠤ ᠡᠬᠢ ᠪᠠᠶᠠᠯᠢᠭ ᠤᠨ ᠪᠦᠲᠦᠴᠡ ᠶᠢᠨ ᠪᠠᠶᠢᠷᠢᠰᠢᠭᠤᠯᠤᠯᠲᠠ | ᠶᠢ ᠰᠢᠯᠢᠳᠡᠭᠵᠢᠭᠦᠯᠵᠦ᠂ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠃ ᠬᠦᠨᠳᠦ ᠶᠡᠭᠡ ᠡᠪᠡᠳᠴᠢᠨ ᠡᠮᠭᠡᠭ ᠢ ᠬᠢᠵᠠᠭᠠᠷᠯᠠᠬᠤ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯ ᠢ | ᠴᠢᠩᠭᠠᠳᠬᠠᠵᠤ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠪᠠ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠭᠦᠳᠬᠦ ᠳᠤᠮᠳᠠ ᠴᠢᠨᠠᠷ ᠰᠠᠶᠢᠲᠠᠶ ᠬᠥᠭᠵᠢᠬᠦ ᠶᠢ ᠠᠬᠢᠭᠤᠯᠤᠨ᠎ᠠ᠃《 ᠨᠢᠭᠡ ᠨᠠᠰᠤᠲᠠᠨ | ᠨᠢᠭᠡ ᠬᠡᠦᠬᠡᠳ 》 ᠢ ᠬᠠᠷᠠᠭᠠᠯᠵᠠᠨ ᠠᠰᠠᠷᠠᠬᠤ ᠦᠢᠯᠡᠴᠢᠯᠡᠭᠡ ᠪᠠ ᠡᠬᠡ ᠨᠢᠯᠬᠠᠰ ᠤᠨ ᠡᠷᠡᠭᠦᠯ ᠮᠡᠨᠳᠦ ᠶᠢᠨ | ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠪᠥᠬᠦ ᠬᠥᠮᠦᠨ ᠠᠮᠠ ᠶᠢᠨ ᠲᠤᠭ᠎ᠠ ᠪᠠᠷᠢᠮᠲᠠ | ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠣᠶᠤᠨᠴᠢ ᠡᠮᠴᠢᠯᠡᠭᠡᠨ ᠤ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠠᠬᠢᠭᠤᠯᠤᠨ᠎ᠠ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠮᠠᠨ ᠤ | ᠬᠤᠲᠠ ᠶᠢᠨ ᠠᠷᠠᠳ ᠲᠦᠮᠡᠨ ᠤ ᠡᠷᠡᠭᠦᠯ ᠮᠡᠨᠳᠦ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ | ᠬᠥᠲᠥᠯᠥᠭᠴᠢ᠄ ᠪᠣᠯᠤᠨ᠎ᠠ᠂ ᠯᠢ ᠡᠷᠬᠢᠯᠡᠭᠴᠢ ᠶᠠᠭᠠᠷᠠᠯᠲᠠᠶ ᠠᠵᠢᠯ ᠤᠨ ᠳᠤᠮᠳᠠ ᠪᠠᠨ ᠪᠢᠳᠡᠨ ᠤ ᠰᠤᠷᠪᠤᠯᠵᠢᠯᠠᠭ᠎ᠠ | ᠶᠢ ᠭᠥᠯᠢᠶᠡᠨ ᠠᠪᠤᠭᠰᠠᠨ ᠳᠤ ᠮᠠᠰᠢ ᠲᠠᠯᠠᠷᠬᠠᠵᠤ ᠪᠠᠶᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ | ᠬᠦᠷᠦᠭᠡᠳ ᠲᠡᠭᠦᠰᠦᠯ᠎ᠡ᠂ ᠪᠢᠳᠡ ᠲᠠᠷᠠᠭᠠᠴᠢ ᠶᠢᠨ ᠬᠤᠭᠤᠴᠠᠭᠠᠨ ᠳᠤ ᠳᠠᠬᠢᠨ ᠠᠭᠤᠯᠵᠠᠶ᠎ᠠ᠃ |