ᠬᠤᠤᠯᠢᠩᠭᠤᠤᠯ ᠤᠨ ᠨᠢᠰᠬᠡᠯ ᠤᠨ ᠪᠠᠭᠤᠳᠠᠯ ᠪᠤᠭᠤᠲᠤ᠂ ᠰᠢ ᠠᠨ ᠤ ᠠᠭᠠᠷ ᠤᠨ ᠠᠶᠠᠯᠠᠯ ᠤᠨ ᠱᠤᠭᠤᠮ ᠢ ᠰᠢᠨ᠎ᠡ ᠪᠠᠷ ᠨᠡᠪᠲᠡᠷᠡᠭᠦᠯᠬᠦ ᠶᠢᠨ ᠬᠠᠮᠲᠤ ᠷᠦᠢ ᠯᠢ ᠠᠭᠠᠷ ᠠᠶᠠᠯᠠᠯ ᠤᠨ ᠺᠣᠮᠫᠠᠨᠢ ᠲᠠᠢ ᠬᠤᠯᠪᠤᠭᠠᠯᠠᠪᠠ
ᠨᠡᠶᠢᠲᠡᠯᠡᠭᠰᠡᠨ ᠴᠠᠭ᠄
2021/3/30
     3 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠷᠦᠢ ᠯᠢ ᠠᠭᠠᠷ ᠤᠨ ᠠᠶᠠᠯᠠᠯ ᠤᠨ ᠺᠣᠮᠫᠠᠨᠢ ᠶᠢᠨ B737-800 ᠬᠡᠯᠪᠡᠷᠢ ᠶᠢᠨ ᠠᠶᠠᠨᠴᠢᠨ ᠤ ᠨᠢᠰᠬᠡᠯ ᠬᠤᠤᠯᠢᠩᠭᠤᠤᠯ ᠤᠨ ᠨᠢᠰᠬᠡᠯ ᠤᠨ ᠪᠠᠭᠤᠳᠠᠯ ᠳᠤ ᠲᠣᠭᠲᠠᠭᠤᠨ ᠢᠶᠠᠷ ᠪᠠᠭᠤᠵᠠᠶ᠂ ᠡᠨᠡ ᠪᠣᠯ  ᠬᠤᠤᠯᠢᠩᠭᠤᠤᠯ ᠤᠨ ᠨᠢᠰᠬᠡᠯ ᠤᠨ ᠪᠠᠭᠤᠳᠠᠯ ᠠᠩᠬ᠎ᠠ ᠤᠳᠠᠭ᠎ᠠ ᠷᠦᠢ ᠯᠢ ᠠᠭᠠᠷ ᠤᠨ ᠠᠶᠠᠯᠠᠯ ᠤᠨ ᠺᠣᠮᠫᠠᠨᠢ ᠶᠢᠨ ᠡᠵᠡᠩᠨᠡᠯᠲᠡ ᠶᠢᠨ ᠠᠭᠠᠷ ᠤᠨ ᠠᠶᠠᠯᠠᠯ ᠤᠨ ᠱᠤᠭᠤᠮ ᠢ ᠣᠷᠣᠭᠤᠯᠵᠤ ᠪᠠᠶᠢᠭ᠎ᠠ ᠶᠠᠪᠤᠳᠠᠯ ᠪᠣᠯᠤᠨ᠎ᠠ᠃

     ᠠᠭᠠᠷ ᠤᠨ ᠠᠶᠠᠯᠠᠯ ᠤᠨ ᠱᠤᠭᠤᠮ ᠤᠨ ᠰᠦᠯᠵᠢᠶᠡᠨ ᠤ ᠬᠥᠭᠵᠢᠯᠲᠡ ᠶᠢᠨ ᠵᠠᠭᠪᠤᠷ ᠢ ᠢᠳᠡᠪᠬᠢᠲᠡᠶ ᠠᠶᠠᠯᠠᠯ ᠤᠨ

ᠴᠡᠭ ᠤᠨ ᠡᠭᠡᠯᠵᠢ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠤᠯᠢᠩᠭᠤᠤᠯ ᠬᠢᠭᠡᠳ

ᠤᠯᠤᠰ ᠤᠨ ᠳᠣᠲᠣᠭᠠᠳᠤ ᠶᠢᠨ ᠭᠤᠤᠯ ᠪᠣᠯᠬᠤ ᠬᠤᠲᠠ ᠶᠢᠨ ᠬᠤᠭᠤᠷᠣᠨᠳᠣᠬᠢ ᠨᠡᠪᠲᠡᠷᠡᠬᠦ ᠴᠢᠨᠠᠷ ᠪᠠ ᠳᠥᠭᠦᠮ

ᠳᠥᠲᠡ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ 3 ᠳ᠋ᠤᠭᠠᠷ ᠰᠠᠷ᠎ᠠ ᠶᠢᠨ 28 ᠤ ᠡᠳᠦᠷ ᠠᠴᠠ ᠡᠬᠢᠯᠡᠨ᠂

ᠬᠤᠤᠯᠢᠩᠭᠤᠤᠯ ᠤᠨ ᠨᠢᠰᠬᠡᠯ ᠤᠨ ᠪᠠᠭᠤᠳᠠᠯ ᠳᠤ ᠰᠢᠨ᠎ᠡ ᠪᠠᠷ ᠷᠦᠢ ᠯᠢ ᠠᠭᠠᠷ ᠤᠨ ᠠᠶᠠᠯᠠᠯ ᠤᠨ ᠺᠣᠮᠫᠠᠨᠢ ᠶᠢᠨ

ᠮᠦᠭᠳᠡᠨ — ᠬᠤᠤᠯᠢᠩᠭᠤᠤᠯ — ᠬᠥᠬᠡᠬᠤᠲᠠ ᠶᠢᠨ ᠢᠷᠡᠵᠦ ᠪᠤᠴᠠᠬᠤ ᠠᠭᠠᠷ ᠤᠨ ᠠᠶᠠᠯᠠᠯ ᠤᠨ ᠱᠤᠭᠤᠮ ᠢ

ᠣᠷᠣᠭᠤᠯᠤᠨ ᠠᠪᠴᠢᠷᠠᠬᠤ ᠶᠢᠨ ᠬᠠᠮᠲᠤ ᠰᠢ ᠠᠨ — ᠪᠤᠭᠤᠲᠤ — ᠲᠦᠩᠯᠢᠶᠣᠤ — ᠬᠤᠤᠯᠢᠩᠭᠤᠤᠯ ︵

G54193/G54194︶ ᠤᠨ ᠢᠷᠡᠵᠦ ᠪᠤᠴᠠᠬᠤ ᠠᠭᠠᠷ ᠤᠨ ᠠᠶᠠᠯᠠᠯ ᠤᠨ ᠱᠤᠭᠤᠮ ᠢ ᠰᠢᠨ᠎ᠡ ᠪᠠᠷ

ᠨᠡᠪᠲᠡᠷᠡᠭᠦᠯᠵᠦ᠂ ᠠᠭᠠᠷ ᠤᠨ ᠠᠶᠠᠯᠠᠯ ᠤᠨ ᠱᠤᠭᠤᠮ ᠤᠨ ᠲᠣᠤᠷ ᠰᠦᠯᠵᠢᠶ᠎ᠡ ᠶᠢ ᠲᠠᠰᠤᠷᠠᠯᠲᠠ ᠥᠬᠡᠶ

ᠰᠢᠯᠢᠳᠡᠭᠵᠢᠭᠦᠯᠦᠨ ᠬᠥᠭᠵᠢᠭᠦᠯᠦᠨ᠎ᠡ᠃

      ︽3 ᠰᠠᠷ᠎ᠠ ᠶᠢᠨ 28 ᠤ ᠡᠳᠦᠷ ᠠᠴᠠ ᠡᠬᠢᠯᠡᠨ᠂ ᠬᠤᠤᠯᠢᠩᠭᠤᠤᠯ ᠤᠨ ᠨᠢᠰᠬᠡᠯ ᠤᠨ ᠪᠠᠭᠤᠳᠠᠯ ᠳᠤ ᠵᠣᠨ

ᠨᠠᠮᠤᠷ ᠤᠨ ᠡᠭᠡᠯᠵᠢ ᠶᠢᠨ ᠨᠢᠰᠬᠡᠯ ᠢ ᠡᠬᠢᠯᠡᠵᠦ ᠬᠡᠷᠡᠭᠵᠢᠭᠦᠯᠦᠨ᠎ᠡ᠂ ᠱᠧᠨᠶᠠᠩ — ᠬᠤᠤᠯᠢᠩᠭᠤᠤᠯ —

ᠬᠥᠬᠡᠬᠤᠲᠠ ᠶᠢᠨ ᠨᠠᠰᠢ ᠴᠠᠰᠢ ᠶᠠᠪᠤᠬᠤ ᠠᠭᠠᠷ ᠤᠨ ᠠᠶᠠᠯᠠᠯ ᠤᠨ ᠱᠤᠭᠤᠮ ᠢ ᠷᠦᠢ ᠯᠢ ᠠᠭᠠᠷ ᠤᠨ ᠠᠶᠠᠯᠠᠯ ᠤᠨ

ᠺᠣᠮᠫᠠᠨᠢ ᠶᠢᠨ 737-700/800 ᠬᠡᠯᠪᠡᠷᠢ ᠶᠢᠨ ᠨᠢᠰᠬᠡᠯ ᠤᠨ ᠬᠡᠯᠪᠡᠷᠢ ᠪᠠᠷ ᠠᠵᠢᠯᠯᠠᠭᠤᠯᠬᠤ ᠪᠣᠯᠤᠨ᠎ᠠ᠂ ᠲᠣᠰ

ᠨᠢᠰᠬᠡᠯ ᠤᠨ ᠬᠡᠯᠪᠡᠷᠢ ᠳᠤ 175 ᠬᠥᠮᠦᠨ ᠰᠠᠭᠤᠵᠤ ᠪᠣᠯᠤᠨ᠎ᠠ᠃ ᠲᠡᠷᠡ ᠦᠶ᠎ᠡ ᠳᠤ ᠬᠤᠤᠯᠢᠩᠭᠤᠤᠯ ᠤᠨ ᠨᠢᠰᠬᠡᠯ ᠤᠨ

ᠪᠠᠭᠤᠳᠠᠯ ᠳᠤ ᠷᠦᠢ ᠯᠢ ᠠᠭᠠᠷ ᠤᠨ ᠠᠶᠠᠯᠠᠯ ᠤᠨ ᠺᠣᠮᠫᠠᠨᠢ᠂ ᠬᠤᠸᠠᠰᠢᠶᠠ ᠠᠭᠠᠷ ᠤᠨ ᠠᠶᠠᠯᠠᠯ ᠤᠨ ᠺᠣᠮᠫᠠᠨᠢ᠂

ᠰᠢᠨᠵᠢᠶᠠᠩ ᠤᠨ ᠠᠭᠠᠷ ᠤᠨ ᠠᠶᠠᠯᠠᠯ ᠤᠨ ᠺᠣᠮᠫᠠᠨᠢ ᠵᠡᠷᠭᠡ ᠣᠯᠠᠨ ᠠᠭᠠᠷ ᠤᠨ ᠠᠶᠠᠯᠠᠯ ᠤᠨ ᠵᠤᠷᠭᠠᠨ ᠣᠷᠣᠯᠴᠠᠵᠤ᠂

ᠰᠢᠭᠤᠳ ᠲᠦᠩᠯᠢᠶᠣᠤ᠂ ᠮᠦᠭᠳᠡᠨ᠂ ᠬᠥᠬᠡᠬᠤᠲᠠ᠂ ᠰᠢᠯᠢᠩᠬᠤᠲᠠ ᠵᠡᠷᠭᠡ ᠬᠤᠲᠠ ᠳᠤ ᠬᠦᠷᠴᠦ ᠪᠣᠯᠬᠤ ᠪᠥᠭᠡᠳ

ᠲᠣᠰ ᠡᠳᠦᠷ ᠲᠤ ᠪᠥᠬᠦ ᠤᠯᠤᠰ ᠤᠨ ᠡᠯ᠎ᠡ ᠭᠠᠵᠠᠷ ᠲᠤ ᠬᠦᠷᠴᠦ ᠪᠣᠯᠤᠨ᠎ᠠ︾ ᠭᠡᠵᠦ ᠬᠤᠤᠯᠢᠩᠭᠤᠤᠯ ᠤᠨ

ᠨᠢᠰᠬᠡᠯ ᠤᠨ ᠪᠠᠭᠤᠳᠠᠯ ᠤᠨ ᠭᠠᠵᠠᠷ ᠳᠡᠭᠡᠷᠡᠬᠢ  ᠦᠢᠯᠡᠴᠢᠯᠡᠬᠡᠨ ᠤ ᠬᠡᠯᠲᠡᠰ ᠤᠨ ᠦᠢᠯᠡᠴᠢᠯᠡᠬᠡᠨ ᠤ ᠲᠠᠰᠤᠭ ᠤᠨ

ᠡᠷᠬᠢᠯᠡᠭᠴᠢ ᠯᠢ ᠢᠦᠶ ᠰᠤᠷᠪᠤᠯᠵᠢᠯᠠᠭᠴᠢ ᠳᠤ ᠬᠡᠯᠡᠵᠡᠶ᠃

     ᠣᠶᠢᠯᠠᠭᠠᠭᠰᠠᠨ ᠢᠶᠠᠷ᠂ ᠰᠢᠨ᠎ᠡ ᠪᠠᠷ ᠨᠡᠪᠲᠡᠷᠡᠭᠰᠡᠨ ᠰᠢ ᠠᠨ — ᠪᠤᠭᠤᠲᠤ — ᠲᠦᠩᠯᠢᠶᠣᠤ —

ᠬᠤᠤᠯᠢᠩᠭᠤᠤᠯ ᠤᠨ ᠠᠭᠠᠷ ᠤᠨ ᠠᠶᠠᠯᠠᠯ ᠤᠨ ᠱᠤᠭᠤᠮ ᠢ ᠭᠠᠷᠠᠭ ᠪᠦᠷᠢ ᠨᠢᠭᠡ᠂ ᠭᠤᠷᠪᠠ᠂ ᠲᠠᠪᠤ᠂ ᠡᠳᠦᠷ ᠲᠤ

ᠬᠡᠷᠡᠭᠵᠢᠭᠦᠯᠦᠨ᠎ᠡ᠂ ᠬᠤᠤᠯᠢᠩᠭᠤᠤᠯ 19᠄ 35 ᠳᠤ ᠮᠣᠷᠳᠠᠵᠤ᠂ ᠳᠠᠷᠠᠭ᠎ᠠ ᠡᠳᠦᠷ ᠤᠨ ᠬᠢᠨᠢ 01᠄ 10 ᠳᠤ

ᠬᠦᠷᠴᠦ ᠢᠷᠡᠨ᠎ᠡ᠂ ᠬᠤᠤᠯᠢᠩᠭᠤᠤᠯ ᠬᠤᠲᠠ ᠨᠢᠭᠡᠨᠲᠡ ᠬᠥᠬᠡᠬᠤᠲᠠ᠂ ᠮᠦᠭᠳᠡᠨ᠂ ᠰᠢ ᠠᠨ᠂ ᠪᠤᠭᠤᠲᠤ᠂

ᠲᠦᠩᠯᠢᠶᠣᠤ ᠵᠡᠷᠭᠡ ᠬᠤᠲᠠ ᠳᠤ ᠨᠡᠪᠲᠡᠷᠡᠵᠦ᠂ ᠬᠤᠤᠯᠢᠩᠭᠤᠤᠯ ᠤᠨ ᠠᠶᠠᠨᠴᠢᠳ ᠤᠨ ᠠᠶᠠᠯᠠᠯ ᠤᠨ ᠬᠡᠷᠡᠭᠴᠡᠭᠡ ᠶᠢ

ᠨᠠᠩ ᠶᠡᠭᠡ ᠪᠠᠷ ᠬᠠᠩᠭᠠᠵᠤ ᠳᠡᠶᠢᠯᠬᠦ ᠪᠣᠯᠤᠭᠰᠠᠨ ᠪᠠᠶᠢᠨ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号