ᠰᠤᠷᠪᠤᠯᠵᠢᠯᠠᠭᠰᠠᠨ ᠴᠠᠭ᠄ 2021 — 03 — 3 | ᠰᠤᠷᠪᠤᠯᠵᠢᠯᠠᠭᠰᠠᠨ ᠵᠣᠴᠢᠨ᠄ ᠬᠤᠤᠯᠢᠩᠭᠤᠤᠯ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠷᠤᠭ᠎ᠠ | ᠵᠠᠨ ᠵᠢᠶᠦ᠋ᠨ ᠯᠢᠨ | | | | | ᠭᠤᠣᠯ ᠠᠭᠤᠯᠭ᠎ᠠ ᠨᠢ᠄ ᠲᠤᠰ ᠬᠤᠭᠤᠴᠠᠭᠠᠨ ᠤ ᠫᠷᠤᠭ᠍ᠷᠠᠮ ᠳᠤ ᠪᠢᠳᠡ ᠬᠤᠣᠯᠢᠨ ᠭᠤᠣᠯ ᠬᠤᠲᠠ ᠶᠢᠨ ᠬᠠᠤᠯᠢ | ᠴᠠᠭᠠᠵᠠ ᠶᠢᠨ ᠲᠣᠪᠴᠢᠶᠠᠨ ᠤ ᠳᠠᠷᠤᠭ᠎ᠠ ᠵᠠᠨ ᠵᠢᠶᠦ᠋ᠨ ᠯᠢᠨ ᠢ ᠤᠷᠢᠵᠤ ᠠᠪᠴᠢᠷᠠᠵᠠᠶ᠂ ᠪᠢᠳᠡ ︽ᠬᠠᠤᠯᠢ | ᠴᠠᠭᠠᠵᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠰᠢᠯᠢᠳᠡᠭᠵᠢᠭᠦᠯᠬᠦ︾ ᠭᠤᠣᠯ | ᠰᠡᠳᠦᠪ ᠤᠨ ᠲᠣᠭᠤᠷᠢᠨ ᠳᠤ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠨ᠎ᠠ᠃ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︖ | ᠵᠠᠰᠠᠭ ᠤᠨ ᠣᠷᠳᠣᠨ ᠤ ᠰᠦᠯᠵᠢᠶᠡᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠳᠤ | ᠢᠷᠡᠭᠰᠡᠨ ᠳᠤ ᠪᠠᠶᠠᠷᠯᠠᠨ ᠤᠭᠲᠤᠵᠤ ᠪᠠᠶᠢᠨ᠎ᠠ᠃ | ᠲᠣᠰ ᠬᠤᠭᠤᠴᠠᠭᠠᠨ ᠤ ᠫᠷᠤᠭ᠍ᠷᠠᠮ ᠳᠤ᠂ ᠪᠢᠳᠡ ᠬᠤᠤᠯᠢᠩᠭᠤᠤᠯ ᠬᠤᠲᠠ ᠶᠢᠨ ᠬᠠᠤᠯᠢ ᠴᠠᠭᠠᠵᠠ ᠶᠢᠨ | ᠲᠣᠪᠴᠢᠶ᠎ᠠ ᠶᠢᠨ ᠳᠠᠷᠤᠭ᠎ᠠ ᠵᠠᠨ ᠵᠢᠶᠦ᠋ᠨ ᠯᠢᠨ ᠢ ᠤᠷᠢᠨ ᠵᠠᠯᠠᠵᠠᠢ᠂ ᠪᠢᠳᠡ ︽ᠬᠠᠤᠯᠢ ᠴᠠᠭᠠᠵᠠ ᠶᠢᠨ | ᠦᠢᠯᠡᠴᠢᠯᠡᠬᠡᠨ ᠤ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠰᠢᠯᠢᠳᠡᠭᠵᠢᠭᠦᠯᠬᠦ︾ ᠡᠨᠡ ᠬᠦ ᠭᠤᠤᠯ ᠰᠡᠳᠦᠪ ᠤᠨ | ᠲᠣᠭᠤᠷᠢᠨ ᠳᠤ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠨ᠎ᠠ᠃ ︽ᠵᠠᠨ ᠲᠣᠪᠴᠢᠶᠠᠨ ᠳᠠᠷᠤᠭ᠎ᠠ ᠡ᠂ | ᠲᠠ ᠰᠠᠶᠢᠨ ᠤᠤ︕︾ | ︹ ᠵᠠᠨ ᠵᠢᠶᠦ᠋ᠨ ᠯᠢᠨ ᠲᠣᠪᠴᠢᠶᠠᠨ ᠳᠠᠷᠤᠭ᠎ᠠ᠄ ︺ ᠬᠥᠲᠥᠯᠥᠭᠴᠢ ᠰᠠᠶᠢᠨ᠂ ᠰᠦᠯᠵᠢᠶᠡᠨ ᠤ ᠠᠨᠳᠠ ᠨᠠᠷ | ᠰᠠᠶᠢᠨ ᠪᠠᠶᠢᠵᠠᠭᠠᠨ᠎ᠠ ᠤᠤ︖ | ︹ ᠬᠥᠲᠥᠯᠥᠭᠴᠢ ︺ ᠮᠠᠨ ᠤ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ | ᠠᠵᠢᠯ ᠤᠨ ᠡᠭᠦᠷᠭᠡ ᠬᠠᠷᠢᠭᠤᠴᠠᠯᠭ᠎ᠠ ᠳᠤ ᠶᠠᠭᠤ ᠶᠠᠭᠤ ᠪᠠᠶᠢᠬᠤ ᠶᠢ ᠲᠠ ᠪᠢᠳᠡᠨ ᠳᠤ ᠲᠠᠨᠢᠯᠴᠠᠭᠤᠯᠤᠭᠠᠳ ᠥᠭᠭᠦᠨ᠎ᠡ | ᠤᠤ︖ | ︹ ᠵᠠᠨ ᠵᠢᠶᠦ᠋ᠨ ᠯᠢᠨ ᠲᠣᠪᠴᠢᠶᠠᠨ ᠳᠠᠷᠤᠭ᠎ᠠ᠄ ︺ᠬᠤᠤᠯᠢᠩᠭᠤᠤᠯ ᠬᠤᠲᠠ ᠶᠢᠨ ᠬᠠᠤᠯᠢ ᠴᠠᠭᠠᠵᠠ ᠶᠢᠨ | ᠲᠤᠪᠴᠢᠶ᠎ᠠ ᠪᠣᠯ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠂ ᠥᠪᠡᠷᠲᠡᠭᠡᠨ ᠵᠠᠰᠠᠬᠤ ᠣᠷᠣᠨ᠂ | ᠲᠦᠩᠯᠢᠶᠣᠤ ᠬᠤᠲᠠ ᠪᠠ ᠬᠤᠲᠠ ᠶᠢᠨ ᠨᠠᠮ ᠤᠨ ᠬᠤᠷᠢᠶ᠎ᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄ | 1. ᠪᠦᠬᠦ ᠲᠠᠯ᠎ᠠ ᠪᠠᠷ ᠬᠠᠤᠯᠢ ᠶᠣᠰᠣᠭᠠᠷ ᠬᠤᠳᠠ ᠶᠢ ᠵᠠᠰᠠᠬᠤ ᠴᠢᠬᠤᠯᠠ ᠶᠡᠭᠡ ᠠᠰᠠᠭᠤᠳᠠᠯ ᠤᠨ ᠲᠤᠬᠠᠶ | ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠡᠭᠦᠷᠭᠡᠯᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠤᠨ | ᠪᠦᠬᠦ ᠲᠠᠯ᠎ᠠ ᠪᠠᠷ ᠬᠠᠤᠯᠢ ᠶᠣᠰᠣᠭᠠᠷ ᠬᠤᠳᠠ ᠶᠢ ᠵᠠᠰᠠᠬᠤ ᠤᠷᠲᠤᠪᠲᠤᠷ ᠪᠠ ᠤᠷᠳᠤ ᠬᠤᠭᠤᠴᠠᠭᠠᠨ ᠤ | ᠲᠥᠯᠥᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠴᠤ᠂ ᠬᠤᠯᠪᠣᠭᠳᠠᠯ ᠪᠦᠬᠦᠢ ᠰᠢᠶ᠋ᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠶᠢᠨ ᠰᠢᠪᠠᠳᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | 2. ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ | ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠠᠤᠯᠢ | ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ | ᠵᠢᠯᠣᠭᠤᠳᠤᠨ ᠪᠥᠬᠦ ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠶᠡᠷᠦᠩᠬᠡᠶᠢᠯᠡᠨ | ᠵᠣᠬᠢᠴᠠᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ | ᠥᠭᠡᠷᠡᠴᠢᠯᠡᠯᠲᠡ ᠶᠢ ᠳᠥᠯᠭᠢᠨ ᠠᠬᠢᠭᠤᠯᠬᠤ ᠬᠤᠯᠪᠣᠭᠳᠠᠯ ᠪᠥᠬᠦᠶ ᠠᠵᠢᠯ ᠢ ᠡᠭᠦᠷᠭᠡᠯᠡᠵᠦ᠂ ᠴᠢᠩᠭ᠎ᠠ ᠵᠢᠷᠤᠮᠵᠢᠭᠤᠨ | ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠳᠥᠯᠭᠢᠨ ᠠᠬᠢᠭᠤᠯᠤᠨ᠎ᠠ᠃ ᠪᠥᠬᠦ ᠬᠤᠲᠠ ᠶᠢᠨ ᠵᠠᠰᠠᠭ | ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠬᠢᠳᠠᠯ ᠰᠤᠷᠪᠤᠯᠵᠢᠯᠠᠭ᠎ᠠ ᠶᠢ ᠳᠠᠬᠢᠨ | ᠪᠠᠶᠢᠴᠠᠭᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠷᠭᠤ | ᠬᠦᠯᠢᠶᠡᠬᠦ ᠬᠡᠷᠡᠭ ᠪᠠ ᠵᠠᠬᠢᠳᠠᠯ ᠰᠤᠷᠪᠤᠯᠵᠢᠯᠠᠭ᠎ᠠ ᠶᠢ ᠳᠠᠬᠢᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ | ᠬᠤᠲᠠ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠳᠠᠩᠰᠠᠯᠠᠵᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | 3. ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠬᠠᠷᠢᠭᠤᠴᠠᠯᠭ᠎ᠠ ᠶᠢ | ᠡᠭᠦᠷᠭᠡᠯᠡᠨ᠎ᠡ᠃ ᠪᠥᠬᠦ ᠬᠤᠲᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠬᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠨ᠎ᠠ᠃ ᠠᠷᠠᠳ ᠲᠦᠮᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠣᠷᠣᠯᠴᠠᠬᠤ ᠪᠠ | ᠲᠡᠭᠦᠨ ᠢ ᠠᠬᠢᠭᠤᠯᠬᠤ ᠶᠢ ᠠᠬᠢᠭᠤᠯᠤᠨ᠎ᠠ᠃ ᠪᠥᠬᠦ ᠬᠤᠲᠠ ᠶᠢᠨ ᠬᠠᠤᠯᠢ ᠶᠣᠰᠣᠭᠠᠷ ᠵᠠᠰᠠᠬᠤ ᠪᠠ ᠬᠠᠤᠯᠢ ᠪᠠᠷ | ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠢᠨᠠᠯᠲᠠ | ᠲᠠᠯᠪᠢᠭᠴᠢ᠂ ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ | ᠵᠢᠯᠣᠭᠤᠳᠴᠤ᠂ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | 4. ᠪᠦᠬᠦ ᠬᠤᠲᠠ ᠶᠢᠨ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠠᠵᠢᠯ ᠢ ᠵᠢᠯᠣᠭᠤᠳᠤᠨ ᠬᠠᠮᠢᠶᠠᠷᠬᠤ | ᠠᠵᠢᠯ ᠢ ᠬᠠᠷᠢᠭᠤᠴᠠᠨ᠎ᠠ᠃ ᠪᠦᠬᠦ ᠬᠤᠳᠠ ᠶᠢᠨ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ | ᠬᠥᠮᠦᠰ ᠢ ᠲᠥᠪᠬᠢᠨᠡᠭᠦᠯᠦᠨ ᠬᠠᠪᠰᠤᠷᠤᠨ ᠰᠤᠷᠭᠠᠬᠤ ᠠᠵᠢᠯ ᠢ ᠵᠢᠯᠣᠭᠤᠳᠤᠨ᠎ᠠ᠃ | 5. ᠪᠥᠬᠦ ᠬᠤᠲᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ ᠵᠢᠯᠣᠭᠤᠳᠤᠨ | ᠬᠡᠷᠡᠭᠵᠢᠭᠦᠯᠵᠦ᠂ ᠬᠠᠤᠯᠢ ᠴᠠᠭᠠᠵᠠ ᠶᠢᠨ ᠦᠢᠯᠡᠴᠢᠯᠡᠬᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ | ᠪᠠᠶᠢᠷᠢᠯᠠᠭᠤᠯᠤᠨ᠎ᠠ᠃ ᠪᠥᠬᠦ ᠬᠤᠲᠠ ᠶᠢᠨ ᠬᠠᠤᠯᠢ ᠴᠠᠭᠠᠵᠠ ᠶᠢᠨ ᠵᠥᠪᠯᠡᠭᠴᠢ᠂ ᠬᠠᠤᠯᠢᠴᠢ᠂ ᠬᠠᠤᠯᠢ ᠴᠠᠭᠠᠵᠠ ᠶᠢᠨ | ᠲᠤᠰᠠᠯᠠᠮᠵᠢ᠂ ᠠᠯᠪᠠᠨ ᠭᠡᠷᠡᠴᠢᠯᠡᠭᠡ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠬᠡᠨ ᠤ | ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠤᠲᠠ ᠶᠢᠨ ᠬᠠᠤᠯᠢ ᠴᠠᠭᠠᠵᠠ ᠶᠢᠨ ᠲᠤᠰᠬᠠᠶ | ᠮᠡᠷᠭᠡᠵᠢᠯᠲᠡᠨ ᠤ ᠬᠥᠮᠥᠷᠭᠡ᠂ ᠬᠤᠲᠠ ᠶᠢᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ | ᠤᠷᠢᠬᠤ᠂ ᠵᠣᠬᠢᠶᠠᠨ ᠪᠠᠶᠢᠭᠤᠯᠬᠤ᠂ ᠬᠠᠮᠢᠶᠠᠷᠬᠤ ᠠᠵᠢᠯ ᠢ ᠡᠭᠦᠷᠭᠡᠯᠡᠨ᠎ᠡ᠃ | 6. ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠪᠠᠭᠠᠵᠢ | ᠬᠡᠷᠡᠭᠰᠡᠯ᠂ ᠴᠠᠭᠳᠠᠭᠠᠨ ᠤ ᠲᠡᠷᠭᠡ ᠬᠥᠰᠬᠡ᠂ ᠮᠡᠳᠡᠭᠡ ᠬᠤᠯᠪᠣᠭ᠎ᠠ ᠪᠣᠯᠤᠨ ᠡᠳ᠋ ᠪᠣᠳᠠᠰ ᠤᠨ ᠲᠣᠨᠣᠭᠯᠠᠯ ᠢ | ᠬᠠᠷᠢᠭᠤᠴᠠᠨ᠎ᠠ᠃ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ | ᠂ ᠲᠣᠨᠤᠭ ᠲᠥᠬᠦᠭᠡᠷᠦᠮᠵᠢ᠂ ᠪᠡᠯᠡᠳᠬᠡᠮᠵᠢ᠂ ᠲᠠᠯᠠᠪᠤᠷ ᠭᠠᠵᠠᠷ ᠵᠡᠷᠭᠡ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ | 7. ᠪᠦᠬᠦ ᠬᠤᠲᠠ ᠶᠢᠨ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ | ᠬᠤᠯᠪᠣᠭᠳᠠᠯ ᠪᠦᠬᠦᠢ ᠠᠵᠢᠯ ᠢ ᠲᠥᠯᠥᠪᠵᠢᠭᠦᠯᠵᠦ᠂ ᠵᠣᠬᠢᠴᠠᠭᠤᠯᠵᠤ᠂ ᠵᠢᠯᠣᠭᠤᠳᠴᠤ᠂ ᠪᠦᠬᠦ ᠬᠤᠲᠠ ᠶᠢᠨ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠪᠣᠯᠤᠨ ᠴᠠᠭᠳᠠᠭᠠᠨ ᠤ | ᠶᠠᠪᠤᠳᠠᠯ ᠤᠨ ᠰᠢᠪᠠᠳᠠᠨ ᠪᠠᠶᠢᠴᠠᠭᠠᠬᠤ᠃ | 8. ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡᠨ ᠤ | ᠪᠠᠶᠢᠭᠤᠯᠤᠯᠲᠠ᠂ ᠨᠠᠮ ᠤᠨ ᠪᠠᠶᠢᠭᠤᠯᠤᠯᠲᠠ᠂ ᠦᠵᠡᠯ ᠰᠠᠨᠠᠭ᠎ᠠ ᠣᠪᠣᠷ ᠰᠤᠷᠲᠠᠯ᠂ ᠠᠵᠢᠯ ᠤᠨ ᠰᠤᠷᠲᠠᠯ ᠤᠨ | ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠠ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | 9. ᠪᠦᠬᠦ ᠬᠤᠲᠠ ᠶᠢᠨ ᠬᠠᠤᠯᠢ ᠪᠠᠷᠢᠬᠤ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠠᠵᠢᠯ ᠢ | ᠲᠥᠯᠥᠪᠵᠢᠭᠦᠯᠦᠨ ᠬᠡᠷᠡᠭᠵᠢᠭᠦᠯᠪᠡ᠃ | 10᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ︹ ᠬᠥᠲᠥᠯᠥᠭᠴᠢ᠄ ︺ ᠣᠳᠣᠬᠠᠨ ᠳᠤ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠴᠡᠭᠴᠡᠯᠡᠯᠲᠡ ᠶᠢᠨ | ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠶᠠᠮᠠᠷ ᠪᠣᠢ︖ | [ ᠵᠠᠨ ᠵᠢᠶᠦ᠋ᠨ ᠯᠢᠨ ᠲᠣᠪᠴᠢᠶᠠᠨ ᠳᠠᠷᠤᠭ᠎ᠠ᠄ ] ᠮᠠᠨ ᠤ ᠲᠣᠪᠴᠢᠶ᠎ᠠ ᠰᠤᠷᠭᠠᠨ ᠬᠥᠮᠦᠵᠢᠭᠦᠯᠵᠦ | ᠴᠡᠭᠴᠡᠯᠡᠬᠦ ᠠᠵᠢᠯ ᠢ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠪᠠ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠳᠣᠣᠷ᠎ᠠ ᠨᠢ | 4 ᠲᠤᠰᠬᠠᠶ ᠠᠩᠭᠢ ︵ᠶᠡᠷᠦᠩᠬᠡᠶᠢᠯᠡᠨ ᠵᠣᠬᠢᠴᠠᠭᠤᠯᠬᠤ᠂ ᠠᠯᠪᠠᠨ ᠭᠡᠷᠡᠴᠢᠯᠡᠭᠡ ᠶᠢᠨ ᠬᠠᠤᠯᠢᠴᠢ ᠶᠢᠨ ᠠᠵᠢᠯ | ᠲᠦᠷᠦᠯ ᠢ ᠴᠡᠭᠴᠡᠯᠡᠨ ᠵᠠᠰᠠᠬᠤ ᠲᠤᠰᠬᠠᠶ ᠳᠤᠭᠤᠶᠢᠯᠠᠩ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ | ᠵᠢᠯᠣᠭᠤᠳᠬᠤ ᠳᠤᠭᠤᠶᠢᠯᠠᠩ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠤᠭᠤᠶᠢᠯᠠᠩ︶ | ᠭᠠᠷᠭᠠᠪᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠬᠥᠮᠦᠵᠢᠯ ᠴᠡᠭᠴᠡᠯᠡᠯᠲᠡ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠢ ᠴᠠᠭ ᠲᠤᠬᠠᠶ ᠳᠤᠨᠢ ᠬᠤᠷᠠᠯᠳᠤᠭᠤᠯᠪᠠ᠃ ᠲᠤᠰᠬᠠᠶ ᠰᠡᠳᠦᠪ ᠢᠶᠠᠷ ᠰᠤᠳᠤᠯᠤᠨ | ᠶᠠᠷᠢᠯᠴᠠᠵᠤ᠂ ᠤᠷᠢᠳ ᠬᠤᠵᠢᠳ ᠲᠠᠪᠤ ᠤᠳᠠᠭ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠡᠩᠨᠡᠭᠡᠨ ᠤ | ᠬᠥᠮᠦᠵᠢᠯ ᠴᠡᠭᠴᠡᠯᠡᠯᠲᠡ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃ ᠰᠠᠨᠠᠯ ᠬᠤᠷᠢᠶᠠᠬᠤ ᠶᠠᠷᠢᠯᠴᠠᠬᠤ ᠬᠤᠷᠠᠯ | ᠬᠤᠷᠠᠯᠳᠤᠭᠤᠯᠵᠤ᠂ ᠰᠠᠨᠠᠯ ᠰᠠᠨᠠᠭᠤᠯᠭ᠎ᠠ ᠳᠤ ᠴᠢᠭᠯᠡᠭᠦᠯᠦᠨ᠂ ᠬᠤᠯᠪᠣᠭᠳᠠᠯ ᠪᠦᠬᠦᠢ ᠰᠲ᠋ᠣᠺ ᠤᠨ ᠲᠠᠰᠤᠭ ᠤᠨ ᠬᠢᠨ | ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠲᠤᠰᠠᠯᠠᠮᠵᠢ | ᠦᠵᠡᠭᠦᠯᠬᠦ ᠶᠠᠪᠤᠴᠠ ᠶᠢ ᠳᠥᠭᠦᠮᠴᠢᠯᠡᠬᠦ᠂ ᠬᠠᠤᠯᠢᠴᠢ ᠶᠢᠨ ᠡᠩᠨᠡᠭᠡᠨ ᠤ ᠬᠠᠮᠢᠶᠠᠷᠤᠯᠲᠠ ᠪᠠ ᠠᠵᠤ ᠠᠬᠤᠶᠢᠯᠠᠯ ᠳᠤ | ᠣᠷᠣᠬᠤ ᠬᠠᠤᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠬᠤ ᠠᠵᠢᠯ ᠢ ᠥᠷᠨᠢᠭᠦᠯᠪᠡ᠃ ᠰᠦᠯᠵᠢᠶᠡᠨ ᠳᠡᠭᠡᠷᠡᠬᠢ | ᠪᠠ ᠰᠦᠯᠵᠢᠶᠡᠨ ᠠᠴᠠ ᠭᠠᠳᠠᠭᠤᠷᠬᠢ ᠤᠬᠠᠭᠤᠯᠭ᠎ᠠ ᠶᠢ ᠴᠢᠩᠭᠠᠳᠬᠠᠵᠤ᠂ ᠬᠤᠳᠠᠯᠳᠤᠭ᠎ᠠ ᠡᠷᠭᠢᠯᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠠᠵᠢᠯ ᠲᠠᠢ ᠤᠶᠠᠯᠳᠤᠭᠤᠯᠤᠨ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ᠂ ᠠᠵᠤ | ᠠᠬᠤᠶᠢᠯᠠᠯ ᠳᠤ ᠣᠷᠣᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃ ︽ᠨᠢᠭᠡᠳᠦᠭᠡᠷ ᠭᠠᠷ︾ ︽ᠡᠩᠨᠡᠭᠡᠨ ᠤ | ᠬᠥᠮᠦᠵᠢᠯ ᠴᠡᠭᠴᠡᠯᠡᠯᠲᠡ ᠶᠢ ᠭᠦᠨᠵᠡᠭᠡᠶ ᠥᠷᠨᠢᠭᠦᠯᠵᠦ ᠬᠠᠤᠯᠢ ᠪᠠᠷᠢᠬᠤ ᠵᠠᠰᠠᠭ ᠵᠠᠬᠢᠷᠭᠠᠨ ᠤ ᠲᠡᠮᠦᠷ ᠴᠡᠷᠢᠭ ᠢ | ᠴᠢᠷᠮᠠᠶᠢᠨ ᠳᠠᠪᠲᠠᠨ ᠪᠣᠯᠪᠠᠰᠤᠷᠠᠭᠤᠯᠤᠶ᠎ᠠ︾ ᠭᠡᠬᠦ ᠭᠤᠣᠯ ᠰᠡᠳᠦᠪ ᠢᠶᠠᠷ ᠲᠤᠰᠬᠠᠶ ᠰᠡᠳᠦᠪᠲᠦ ᠨᠠᠮ ᠤᠨ ᠬᠢᠴᠢᠶᠡᠯ | ᠬᠢᠪᠡ᠃ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠬᠤᠷᠠᠯᠳᠤᠭᠤᠯᠵᠤ᠂ ᠬᠠᠤᠯᠢ ᠶᠢ ᠵᠥᠷᠢᠴᠡᠵᠦ ᠰᠠᠬᠢᠯᠭ᠎ᠠ | ᠪᠠᠲᠤ ᠶᠢ ᠵᠥᠷᠢᠴᠡᠭᠰᠡᠨ ᠺᠠᠳ᠋ᠷ ᠴᠠᠭᠳᠠᠭ᠎ᠠ ᠶᠢᠨ ᠥᠪᠡᠷ ᠤᠨ ᠪᠡᠶ᠎ᠡ ᠶᠢᠨ ᠬᠡᠯᠡᠯᠭᠡ ᠪᠠᠷ ᠰᠡᠷᠡᠮᠵᠢᠯᠡᠭᠦᠯᠬᠦ ᠬᠥᠮᠦᠵᠢᠯ ᠤᠨ | ᠬᠠᠨᠳᠤᠯᠭᠠᠲᠤ ᠴᠢᠨᠠᠷ ᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ | ᠵᠢᠯᠣᠭᠤᠳᠴᠤ ᠪᠠᠶᠢᠭᠠᠳ ᠢᠯᠵᠠᠷᠠᠯ ᠢ ᠡᠰᠡᠷᠭᠦᠴᠡᠨ ᠬᠤᠪᠢᠷᠠᠭᠤᠯᠤᠯᠲᠠ ᠶᠢ ᠰᠡᠷᠭᠡᠶᠢᠯᠡᠬᠦ ᠦᠵᠡᠯ ᠰᠠᠨᠠᠭᠠᠨ ᠤ | ᠬᠠᠰᠢᠯᠭ᠎ᠠ ᠶᠢ ᠪᠠᠲᠤ ᠴᠣᠭᠴᠠᠯᠠᠭᠤᠯᠪᠠ᠃ ︽ᠪᠢ ᠤᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ | ᠠᠵᠢᠯᠯᠠᠭ᠎ᠠ ᠶᠢ ᠥᠷᠨᠢᠭᠦᠯᠪᠡ᠃ ᠤᠯᠠᠨ ᠲᠦᠮᠡᠨ ᠤ ᠰᠠᠨᠠᠭᠠᠰᠢᠷᠠᠵᠦ ᠪᠠᠶᠢᠭ᠎ᠠ ᠶᠠᠪᠤᠳᠠᠯ ᠢ ᠰᠢᠢᠳᠪᠦᠷᠢᠯᠡᠬᠦ ᠬᠡᠷᠡᠭᠲᠡᠶ᠃ | ﹇ᠬᠥᠲᠥᠯᠥᠭᠴᠢ﹈ ᠮᠠᠨ ᠤ ᠬᠤᠲᠠ ᠶᠢᠨ ᠨᠢᠭᠡᠳᠦᠭᠡᠷ ᠤᠯᠠᠷᠢᠯ ᠤᠨ ︽ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ︾ ᠤᠬᠠᠭᠤᠯᠭ᠎ᠠ ᠶᠢᠨ ᠠᠵᠢᠯ ᠢ ᠬᠡᠷᠬᠢᠨ ᠥᠷᠨᠢᠭᠦᠯᠦᠭᠰᠡᠨ ᠪᠤᠶ︖ | [ ᠵᠠᠨ ᠵᠢᠶᠦ᠋ᠨ ᠯᠢᠨ ᠲᠣᠪᠴᠢᠶᠠᠨ ᠳᠠᠷᠤᠭ᠎ᠠ᠄ ] ᠰᠦᠯᠵᠢᠶᠡᠨ ᠳᠡᠭᠡᠷ᠎ᠡ ᠬᠠᠤᠯᠢ ᠰᠤᠷᠤᠯᠴᠠᠬᠤ ᠵᠢᠴᠢ | ᠬᠠᠤᠯᠢ ᠲᠦᠭᠡᠮᠡᠯᠵᠢᠭᠦᠯᠬᠦ ᠰᠢᠯᠭᠠᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠪᠦᠬᠦ ᠬᠤᠳᠠ ᠳᠤ ᠨᠡᠶᠢᠳᠡ | 149 ᠨᠢᠭᠡᠴᠡ᠂ 4643 ᠬᠥᠮᠦᠨ ᠣᠷᠣᠯᠴᠠᠪᠠ᠃ ︽ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠪᠰᠤᠷᠤᠨ | ᠬᠠᠪᠰᠤᠷᠬᠤ ᠪᠦᠯᠬᠦᠮ︾ ᠢ ᠪᠠᠶᠢᠭᠤᠯᠵᠤ᠂ ᠤᠯᠠᠨ ᠠᠵᠤ ᠠᠬᠤᠶᠢᠯᠠᠯ ᠳᠤ ᠭᠦᠨᠵᠡᠭᠡᠶᠢᠷᠡᠨ ︽ᠠᠵᠤ ᠠᠬᠤᠶᠢᠯᠠᠯ ᠤᠨ | ᠬᠠᠤᠯᠢ ᠪᠠᠷ ᠵᠠᠰᠠᠬᠤ ᠬᠡᠷᠡᠭᠴᠡᠭᠡ ᠶᠢ ᠠᠩᠬᠠᠷᠴᠤ᠂ ᠠᠵᠤ ᠠᠬᠤᠶᠢᠯᠠᠯ ᠤᠨ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ︾ ᠪᠠᠷ ᠭᠤᠣᠯ ᠰᠡᠳᠦᠪ ᠪᠣᠯᠭᠠᠭᠰᠠᠨ᠂ ︽ᠬᠠᠤᠯᠢ ᠴᠠᠭᠠᠵᠠ ᠶᠢᠨ ᠦᠢᠯᠡᠴᠢᠯᠡᠭᠡ ᠪᠠ | ᠬᠠᠤᠯᠢ ᠴᠠᠭᠠᠵᠠ ᠶᠢᠨ ᠤᠬᠠᠭᠤᠯᠭ᠎ᠠ︾ ᠪᠠᠷ ᠠᠴᠢᠶᠠᠯᠠᠪᠤᠷᠢ ᠪᠣᠯᠭᠠᠭᠰᠠᠨ ︽ᠬᠠᠤᠯᠢ ᠪᠠᠷ ᠵᠠᠰᠠᠬᠤ ᠪᠡᠶ᠎ᠡ ᠶᠢᠨ | ᠪᠠᠶᠢᠴᠠᠭᠠᠯᠲᠠ︾ ᠶᠢᠨ ᠠᠵᠢᠯᠯᠠᠭ᠎ᠠ ᠶᠢ ᠥᠷᠨᠢᠭᠦᠯᠪᠡ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ︽ᠢᠷᠭᠡᠨ ᠤ | ᠬᠠᠤᠯᠢ ᠶᠢᠨ ᠪᠢᠴᠢᠭ︾᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠤᠬᠠᠭᠤᠯᠭ᠎ᠠ ᠶᠢᠨ ᠭᠠᠷ ᠳᠡᠪᠲᠡᠷ︾ | ᠂ ︽ᠬᠠᠤᠯᠢ ᠴᠠᠭᠠᠵᠠ ᠲᠠᠢ ᠵᠡᠷᠭᠡᠪᠡᠷ ᠤᠷᠤᠭᠰᠢᠯᠠᠨ᠎ᠠ — ᠠᠯᠪᠠᠨ ᠭᠡᠷᠡᠴᠢᠯᠡᠭᠡ︾᠂ ︽ᠦᠢᠯᠡᠴᠢᠯᠡᠬᠡᠨ ᠤ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠳᠠᠬᠢ ᠠᠯᠪᠠᠨ ᠭᠡᠷᠡᠴᠢᠯᠡᠭᠡ ᠶᠢᠨ ᠡᠭᠦᠷᠭᠡ | ᠴᠢᠳᠠᠪᠤᠷᠢ ᠶᠢᠨ ᠦᠢᠯᠡᠳᠦᠯ︾ ᠵᠡᠷᠭᠡ ᠤᠬᠠᠭᠤᠯᠭ᠎ᠠ ᠶᠢᠨ ᠳᠡᠪᠲᠡᠷ ᠢ 2000 ᠭᠠᠷᠤᠶ ᠬᠤᠪᠢ ᠲᠠᠷᠬᠠᠭᠠᠪᠠ᠃ ︽ | ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠪᠰᠤᠷᠤᠨ ᠬᠠᠪᠰᠤᠷᠬᠤ ᠪᠦᠯᠬᠦᠮ︾ ᠢ ᠵᠣᠬᠢᠶᠠᠨ ᠪᠠᠶᠢᠭᠤᠯᠵᠤ | ᠲᠠᠯᠠᠶᠢᠬᠤᠰᠢᠭᠤ ᠲᠣᠰᠬᠤᠨ᠂ ᠬᠤᠤ ᠯᠢᠨ ᠨᠡᠶᠢᠭᠡᠮ ᠲᠣᠭᠤᠷᠢᠭ᠂ ᠯᠢᠤ ᠱᠢ ᠳ᠋ᠦᠩ ᠨᠡᠶᠢᠭᠡᠮ ᠲᠣᠭᠤᠷᠢᠭ ᠲᠤ ᠬᠦᠷᠴᠦ | ᠂ ᠲᠣᠰᠬᠤᠨ ᠤ ᠨᠠᠮ ᠤᠨ ᠬᠤᠷᠢᠶᠠᠨ ᠤ ᠨᠡᠶᠢᠭᠡᠮ ᠲᠣᠭᠤᠷᠢᠭ ᠲᠤ ︽ᠢᠷᠭᠡᠨ ᠤ ᠬᠠᠤᠯᠢ ᠶᠢᠨ ᠪᠢᠴᠢᠭ︾᠂ ᠮᠣᠩᠭᠤᠯ | ᠬᠡᠯᠡᠨ ᠤ ︽ᠢᠷᠭᠡᠨ ᠤ ᠬᠠᠤᠯᠢ ᠶᠢᠨ ᠪᠢᠴᠢᠭ ᠤᠨ 50 ᠠᠰᠠᠭᠤᠯᠲᠠ︾ ᠪᠣᠯᠤᠨ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠤᠭᠤᠲᠠ ᠨᠡᠶᠢᠳᠡ 1500 ᠭᠠᠷᠤᠢ ᠬᠤᠪᠢ ᠬᠦᠷᠭᠡᠪᠡ᠃ | ﹇ᠬᠥᠲᠥᠯᠥᠭᠴᠢ﹈ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠳᠤ ᠴᠢᠭᠯᠡᠭᠦᠯᠦᠨ᠂ | ᠮᠠᠨ ᠤ ᠬᠤᠲᠠ ᠶᠠᠮᠠᠷ ᠶᠠᠮᠠᠷ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠤᠶ︖ | [ ᠵᠠᠨ ᠵᠢᠶᠦ᠋ᠨ ᠯᠢᠨ ᠲᠣᠪᠴᠢᠶᠠᠨ ᠳᠠᠷᠤᠭ᠎ᠠ᠄ ] ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ | ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠬᠠᠤᠯᠢᠴᠢ ᠪᠣᠯᠤᠨ ᠠᠯᠪᠠᠨ ᠭᠡᠷᠡᠴᠢᠯᠡᠭᠡ ᠶᠢᠨ ᠠᠵᠢᠯ ᠲᠦᠷᠦᠯ ᠤᠨ | ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠢ ᠥᠷᠨᠢᠭᠦᠯᠦᠨ᠎ᠡ᠃ ᠬᠠᠤᠯᠢᠴᠢ ᠶᠢᠨ ᠠᠵᠢᠯ ᠲᠦᠷᠦᠯ ᠤᠨ ᠬᠢᠨ | ᠨᠡᠶᠢᠳᠡ 131 ᠬᠡᠷᠡᠭ ᠢ ᠬᠦᠯᠢᠶᠡᠨ ᠠᠪᠴᠤ᠂ ᠡᠭᠦᠨ ᠤ ᠳᠣᠲᠣᠷ᠎ᠠ ᠢᠷᠭᠡᠨ ᠤ ᠬᠡᠷᠡᠭ 126 ᠬᠡᠷᠡᠭ᠂ ᠡᠷᠡᠭᠦᠦ ᠶᠢᠨ | ᠬᠡᠷᠡᠭ 5 ᠬᠡᠷᠡᠭ᠂ ᠵᠠᠷᠭᠤ ᠶᠢᠨ ᠪᠤᠰᠤ ᠬᠡᠷᠡᠭ 230 ᠬᠡᠷᠡᠭ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ | ᠰᠢᠢᠳᠪᠦᠷᠢᠯᠡᠭᠰᠡᠨ ᠨᠢ 29 ᠪᠠᠶᠢᠨ᠎ᠠ᠃ ᠠᠯᠪᠠᠨ ᠭᠡᠷᠡᠴᠢᠯᠡᠭᠡ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠬᠦᠢᠴᠡᠳ | ᠪᠠᠳᠠᠷᠠᠭᠤᠯᠵᠤ᠂ ᠡᠯ᠎ᠡ ᠲᠥᠷᠥᠯ ᠤᠨ ᠠᠯᠪᠠᠨ ᠭᠡᠷᠡᠴᠢᠯᠡᠭᠡ ᠶᠢᠨ ᠬᠡᠷᠡᠭ ᠢ 185 ᠬᠤᠪᠢ ᠰᠢᠢᠳᠪᠦᠷᠢᠯᠡᠵᠦ | ᠳᠠᠭᠤᠰᠬᠠᠨ᠂ ᠰᠤᠷᠪᠤᠯᠵᠢᠯᠠᠬᠤ ᠪᠠᠷ ᠢᠷᠡᠭᠰᠡᠳ ᠢ 500 ᠭᠠᠷᠤᠶ ᠬᠥᠮᠦᠨ ᠤᠳᠠᠭ᠎ᠠ ᠭᠥᠯᠢᠶᠡᠨ ᠠᠪᠴᠤ᠂ 11 | ᠬᠤᠪᠢ ᠰᠦᠢᠳᠬᠡᠯ ᠬᠤᠷᠢᠶᠠᠬᠤ ᠶᠢ ᠬᠠᠰᠤᠵᠤ ᠭᠡᠯᠳᠦᠷᠢᠭᠦᠯᠦᠨ᠂ ᠬᠡᠷ ᠲᠤᠨᠢ ᠬᠦᠷᠴᠦ ᠠᠯᠪᠠᠨ ᠭᠡᠷᠡᠴᠢᠯᠡᠭᠡ ᠶᠢᠨ | ᠦᠢᠯᠡᠴᠢᠯᠡᠭᠡ ᠶᠢ 20 ᠬᠤᠪᠢ ᠬᠠᠩᠭᠠᠭᠰᠠᠨ ᠪᠠᠶᠢᠨ᠎ᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠭᠤᠮᠣᠳᠠᠯ | ᠲᠣᠭᠠᠴᠢᠭᠰᠠᠨ ᠬᠡᠷᠡᠭ ᠢ ᠣᠷᠣᠯᠠᠨ ᠭᠦᠢᠴᠡᠳᠬᠡᠬᠦ ᠳᠤ ᠣᠷᠣᠯᠴᠠᠬᠤ ᠶᠢ ᠴᠢᠩᠭᠠᠳᠬᠠᠵᠤ᠂ ᠡᠯ᠎ᠡ ᠲᠦᠷᠦᠯ ᠤᠨ | ᠯᠠᠪᠯᠠᠯᠭ᠎ᠠ ᠶᠢ ᠨᠡᠶᠢᠳᠡ 400 ᠭᠠᠷᠤᠶ ᠬᠥᠮᠦᠨ ᠤᠳᠠᠭ᠎ᠠ ᠬᠦᠯᠢᠶᠡᠨ ᠠᠪᠴᠤ᠂ ᠬᠠᠤᠯᠢ ᠴᠠᠭᠠᠵᠠ ᠶᠢᠨ | ᠲᠤᠰᠠᠯᠠᠮᠵᠢ ᠶᠢᠨ ᠬᠡᠷᠡᠭ ᠢ 37 ᠬᠤᠪᠢ ᠬᠦᠯᠢᠶᠡᠨ ᠠᠪᠴᠤ᠂ ᠬᠠᠤᠯᠢ ᠴᠠᠭᠠᠵᠠ ᠶᠢᠨ ᠪᠢᠴᠢᠭ ᠬᠠᠷ᠎ᠠ ᠶᠢ 15 ᠬᠤᠪᠢ | ᠣᠷᠣᠯᠠᠨ ᠪᠢᠴᠢᠵᠦ᠂ ᠬᠠᠤᠯᠢ ᠴᠠᠭᠠᠵᠠ ᠶᠢᠨ ᠯᠠᠪᠯᠠᠯᠭ᠎ᠠ ᠳᠤ 120 ᠤᠳᠠᠭ᠎ᠠ ᠬᠠᠷᠢᠭᠤᠯᠲᠠ ᠥᠭᠪᠡ᠃ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠺᠠᠳ᠋ᠷ ᠴᠠᠭᠳᠠᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ ᠤ | ᠲᠠᠰᠤᠷᠠᠯᠲᠠ ᠦᠭᠡᠢ ᠴᠢᠷᠮᠠᠶᠢᠯᠭ᠎ᠠ ᠪᠠᠷ ᠳᠠᠮᠵᠢᠨ᠂ ᠮᠠᠨ ᠤ ᠬᠤᠲᠠ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠪᠠᠲᠤᠯᠠᠭ᠎ᠠ ᠶᠢᠨ ᠴᠢᠳᠠᠪᠤᠷᠢ ᠲᠠᠰᠤᠷᠠᠯᠲᠠ ᠦᠭᠡᠢ ᠴᠢᠩᠭᠠᠷᠠᠪᠠ᠃ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ | ᠵᠥᠪ ᠤᠳᠤᠷᠢᠳᠤᠯᠭ᠎ᠠ ᠶᠢᠨ ᠳᠣᠣᠷ᠎ᠠ ᠮᠠᠨ ᠤ ᠡᠯ᠎ᠡ ᠵᠦᠢᠯ ᠤᠨ ᠠᠵᠢᠯ ᠲᠡᠰᠦᠷᠡᠯᠳᠠ ᠤᠢᠭᠡᠢ ᠰᠢᠨ᠎ᠡ ᠲᠡᠪᠰᠢᠯᠳᠠ | ᠰᠢᠨ᠎ᠡ ᠬᠥᠭᠵᠢᠯᠲᠡ ᠲᠠᠢ ᠪᠣᠯᠬᠤ ᠶᠢ ᠢᠲᠡᠭᠡᠵᠦ ᠪᠠᠶᠢᠨ᠎ᠠ᠃ | ﹇ᠬᠥᠲᠥᠯᠥᠭᠴᠢ﹈ ᠶᠠᠭᠠᠷᠠᠤ ᠴᠠᠭ ᠲᠤ ᠲᠣᠪᠴᠢᠶᠠᠨ ᠳᠠᠷᠤᠭ᠎ᠠ ᠪᠢᠳᠡᠨ ᠤ ᠰᠤᠷᠪᠤᠯᠵᠢᠯᠠᠭ᠎ᠠ ᠶᠢ ᠬᠦᠯᠢᠶᠡᠨ | ᠠᠪᠤᠭᠰᠠᠨ ᠳᠤ ᠮᠠᠰᠢ ᠲᠠᠯᠠᠷᠬᠠᠵᠤ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ | ᠲᠡᠭᠦᠰᠦᠯ᠎ᠡ᠂ ᠪᠢᠳᠡ ᠳᠠᠷᠠᠭ᠎ᠠ ᠬᠤᠭᠤᠴᠠᠭᠠᠨ ᠳᠤ ᠳᠠᠬᠢᠨ ᠠᠭᠤᠯᠵᠠᠶ᠎ᠠ᠃ | | |